《ᠭᠡᠰᠡᠷ》ᠤ᠋ᠨ ᠠᠭᠤᠯᠭ᠎ᠠ  ᠶ᠋ᠢᠨ ᠡᠬᠢ ᠰᠤᠷᠪᠤᠯᠵᠢ  ᠶ᠋ᠢᠨ ᠮᠡᠷᠭᠡᠵᠢᠯ ᠦ᠋ᠨ ᠠᠴᠢᠶᠠᠯᠠᠭᠴᠢ ᠲᠠᠪᠴᠠᠩ ᠤ᠋ᠨ ᠲᠥᠰᠦᠯ ᠠᠮᠵᠢᠯᠲᠠ ᠲᠠᠢ ᠪᠠᠷ ᠰᠢᠯᠭᠠᠨ ᠬᠤᠷᠢᠶᠠᠭᠳᠠᠪᠠ
ᠢᠷᠡᠯᠲᠡ᠄ ᠴᠥᠭᠡᠨ ᠲᠣᠭᠠᠲᠤ ᠦᠨᠳᠦᠰᠦᠲᠡᠨ ᠦ᠌ ᠰᠤᠳᠤᠷ ᠪᠢᠴᠢᠭ ᠪᠣᠯᠤᠨ 《ᠭᠡᠰᠡᠷ》 ᠢ ᠴᠤᠭᠯᠠᠭᠤᠯᠤᠨ ᠡᠮᠬᠢᠳᠭᠡᠵᠦ ᠰᠤᠳᠤᠯᠬᠤ ᠭᠠᠵᠠᠷ
2018.01.25

 

2018 ᠣᠨ ᠤ᠋ 1 ᠰᠠᠷ᠎ᠠ ᠶ᠋ᠢᠨ 23 ᠤ᠋ ᠡᠳᠦᠷ᠂  ᠴᠥᠭᠡᠨ ᠲᠣᠭᠠᠲᠤ ᠦᠨᠳᠦᠰᠦᠲᠡᠨ ᠦ᠌ ᠰᠤᠳᠤᠷ ᠪᠢᠴᠢᠭ ᠪᠣᠯᠤᠨ 《ᠭᠡᠰᠡᠷ》 ᠢ ᠴᠤᠭᠯᠠᠭᠤᠯᠤᠨ ᠡᠮᠬᠢᠳᠭᠡᠵᠦ ᠰᠤᠳᠤᠯᠬᠤ ᠭᠠᠵᠠᠷ ᠡᠴᠡ ᠲᠤᠰᠭᠠᠢ ᠮᠡᠷᠭᠡᠵᠢᠯᠲᠡᠨ ᠤᠷᠢᠵᠤ᠂ ᠥᠪᠦᠷ ᠮᠣᠩᠭᠤᠯ ᠤ᠋ᠨ ᠦᠢᠯᠡᠰ ᠮᠡᠳᠡᠭᠡ ᠵᠠᠩᠭᠢ ᠶ᠋ᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠠ᠋ᠴᠠ ᠳᠠᠭᠠᠭᠠᠴᠢᠯᠠᠭᠰᠠᠨ 《ᠭᠡᠰᠡᠷ》 ᠤ᠋ᠨ ᠠᠭᠤᠯᠭ᠎ᠠ ᠶ᠋ᠢᠨ ᠡᠬᠢ ᠰᠤᠷᠪᠤᠯᠵᠢ  ᠶ᠋ᠢᠨ ᠮᠡᠷᠭᠡᠵᠢᠯ ᠦ᠋ᠨ ᠠᠴᠢᠶᠠᠯᠠᠭᠴᠢ ᠲᠠᠪᠴᠠᠩ ᠤ᠋ᠨ ᠲᠥᠰᠦᠯ(ᠨᠣᠮᠧᠷ᠄ CT-ZB00605-2013.CT-ZB01024-2014) ᠳ᠋ᠤ᠌  ᠰᠢᠯᠭᠠᠨ ᠬᠤᠷᠢᠶᠠᠯᠲᠠ ᠬᠢᠪᠡ᠃ ᠲᠤᠰᠭᠠᠢ ᠮᠡᠷᠭᠡᠵᠢᠯᠲᠡᠨ ᠦ᠌ ᠳᠤᠭᠤᠢᠯᠠᠩ ᠠ᠋ᠴᠠ ᠲᠥᠰᠦᠯ ᠦ᠋ᠨ ᠪᠦᠲᠦᠭᠡᠨ ᠪᠠᠢᠭᠤᠯᠤᠯᠲᠠ ᠶ᠋ᠢᠨ ᠮᠡᠳᠡᠭᠦᠯᠦᠯᠲᠡ᠂ ᠲᠥᠰᠦᠯ ᠦ᠋ᠨ ᠦᠷ᠎ᠡ  ᠪᠦᠲᠦᠮᠵᠢ ᠶ᠋ᠢᠨ ᠦᠵᠡᠭᠦᠯᠭᠡ ᠵᠡᠷᠭᠡ ᠪᠠᠢᠳᠠᠯ ᠢ᠋ ᠦᠵᠡᠵᠦ ᠬᠠᠮᠢᠶ᠎ᠠ ᠪᠦᠬᠦᠢ ᠠᠰᠠᠭᠤᠯᠲᠠ ᠪᠠ ᠶᠠᠷᠢᠯᠴᠠᠭ᠎ᠠ ᠥᠷᠨᠢᠭᠦᠯᠵᠡᠢ᠃

ᠭᠡᠰᠡᠷ ᠦ᠋ᠨ ᠠᠭᠤᠯᠭ᠎ᠠ ᠶ᠋ᠢᠨ ᠡᠬᠢ ᠰᠤᠷᠪᠤᠯᠵᠢ ᠶ᠋ᠢᠨ ᠮᠡᠷᠭᠡᠵᠢᠯ ᠦ᠋ᠨ ᠠᠴᠢᠶᠠᠯᠠᠭᠴᠢ ᠲᠠᠪᠴᠠᠩ ᠨᠢ ᠭᠤᠷᠪᠠᠨ ᠬᠤᠭᠤᠴᠠᠭᠠᠨ ᠤ᠋ ᠪᠦᠲᠦᠭᠡᠨ ᠪᠠᠢᠭᠤᠯᠤᠯᠲᠠ  ᠪᠡᠷ ᠳᠠᠮᠵᠢᠨ᠂ ᠰᠢᠰᠲ᠋ᠧᠮ ᠦ᠋ᠨ ᠦᠷ᠎ᠡ ᠪᠦᠲᠦᠮᠵᠢ ᠨᠢ ᠨᠢᠭᠡᠨᠲᠡ ᠠᠰᠢᠭᠯᠠᠯᠲᠠ ᠳ᠋ᠤ᠌ ᠣᠷᠤᠵᠤ᠂ ᠤᠷᠢᠳᠴᠢᠯᠠᠭᠰᠠᠨ ᠬᠠᠷᠠᠯᠲᠠ ᠳ᠋ᠤ᠌ ᠬᠦᠷᠪᠡ᠃ ᠥᠷᠭᠡᠨ ᠣᠯᠠᠨ ᠲᠦᠮᠡᠨ ᠳ᠋ᠦ᠍ ᠵᠣᠷᠢᠭᠤᠯᠤᠭᠰᠠᠨ ᠭᠡᠰᠡᠷ ᠰᠦᠯᠵᠢᠶ᠎ᠡ ᠨᠢ ᠲᠥᠯᠦᠪᠦᠷᠢ ᠦᠭᠡᠢ ᠪᠠᠷ ᠨᠡᠢᠭᠡᠮ ᠨᠡᠢᠲᠡ ᠳ᠋ᠦ᠍ ᠭᠡᠰᠡᠷ ᠦ᠋ᠨ ᠬᠠᠮᠢᠶ᠎ᠠ ᠪᠦᠬᠦᠢ ᠠᠭᠤᠯᠭ᠎ᠠ  ᠶ᠋ᠢᠨ ᠡᠬᠢ ᠰᠤᠷᠪᠤᠯᠵᠢ ᠶ᠋ᠢ ᠬᠠᠩᠭᠠᠨ᠂ ᠲᠣᠣᠷ ᠰᠦᠯᠵᠢᠶ᠎ᠡ ᠶ᠋ᠢᠨ ᠲᠠᠷᠬᠠᠯᠲᠠ ᠶ᠋ᠢᠨ ᠳᠠᠪᠠᠭᠤᠯᠢᠭ ᠲᠠᠯ᠎ᠠ ᠶ᠋ᠢ ᠠᠰᠢᠭᠯᠠᠵᠤ᠂ ᠰᠣᠶᠤᠯ ᠤ᠋ᠨ ᠲᠠᠷᠬᠠᠭᠠᠯᠲᠠ ᠳ᠋ᠤ᠌ ᠮᠠᠰᠢ  ᠴᠢᠬᠤᠯᠠ ᠦᠨ᠎ᠡ  ᠥᠷᠲᠡᠭ  ᠦᠵᠡᠭᠦᠯᠦᠨ᠎ᠡ᠃

ᠲᠤᠰᠭᠠᠢ ᠮᠡᠷᠭᠡᠵᠢᠯᠲᠡᠨ ᠦ᠌ ᠳᠤᠭᠤᠢᠯᠠᠩ ᠠ᠋ᠴᠠ ᠨᠠᠷᠢᠨ ᠬᠢᠨᠠᠮᠠᠭᠠᠢ ᠶᠠᠷᠢᠯᠴᠠᠵᠤ᠂ ᠲᠤᠰ ᠲᠥᠰᠦᠯ ᠨᠢ ᠤᠷᠢᠳᠴᠢᠯᠠᠭᠰᠠᠨ ᠡᠭᠦᠷᠭᠡ ᠬᠠᠷᠠᠯᠲᠠ ᠳ᠋ᠤ᠌ ᠬᠦᠷᠴᠦ᠂  ᠰᠢᠯᠭᠠᠨ ᠬᠤᠷᠢᠶᠠᠯᠲᠠ ᠶ᠋ᠢ ᠥᠩᠭᠡᠷᠡᠭᠦᠯᠬᠦ  ᠬᠡᠮᠵᠢᠶᠡᠨ ᠳ᠋ᠦ᠍ ᠬᠦᠷᠴᠡᠢ ᠭᠡᠵᠦ ᠦᠵᠡᠵᠡᠭᠡᠪᠡ᠃

 

 

ᠣᠷᠴᠢᠭᠤᠯᠤᠭᠴᠢ᠄ ᠵᠤᠯᠠᠨ᠎ᠠ

ᠬᠢᠨᠠᠭᠴᠢ᠄  ᠠᠯᠲᠠᠨ᠌ᠣ᠋ᠳᠣ

ᠬᠠᠷᠢᠭᠤᠴᠠᠭᠰᠠᠨ ᠨᠠᠢᠷᠠᠭᠤᠯᠤᠭᠴᠢ᠄ ᠡᠷᠳᠡᠨᠢᠴᠡᠴᠡᠭ

ᠸᠢᠴᠠᠲ ᠲᠤ ᠪᠠᠨ ᠬᠤᠪᠢᠶᠠᠯᠴᠠᠬᠤ

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )