ᠨᠠᠢ᠍ᠮᠠᠳᠤᠭᠠᠷ ᠬᠤᠭᠤᠴᠠᠭᠠᠨ ᠤ 《ᠭᠡᠰᠡᠷ》ᠰᠤᠳᠤᠯᠤᠯ ᠤᠨ ᠤᠯᠠᠨ ᠤᠯᠤᠰ ᠤᠨ ᠡᠷᠳᠡᠮ ᠰᠢᠨᠵᠢᠯᠡᠭᠡᠨ ᠦ ᠰᠤᠳᠤᠯᠤᠨ ᠶᠠᠷᠢᠯᠴᠠᠬᠤ ᠬᠤᠷᠠᠯ ᠬᠥᠬᠡᠬᠣᠲᠠ ᠳᠤ ᠬᠤᠷᠠᠯᠳᠤᠪᠠ
ᠢᠷᠡᠯᠲᠡ᠄ ᠴᠥᠭᠡᠨ ᠲᠣᠭᠠᠲᠤ ᠦᠨᠳᠦᠰᠦᠲᠡᠨ ᠦ᠌ ᠰᠤᠳᠤᠷ ᠪᠢᠴᠢᠭ ᠪᠣᠯᠤᠨ 《ᠭᠡᠰᠡᠷ》 ᠢ ᠴᠤᠭᠯᠠᠭᠤᠯᠤᠨ ᠡᠮᠬᠢᠳᠭᠡᠵᠦ ᠰᠤᠳᠤᠯᠬᠤ ᠭᠠᠵᠠᠷ
2016.08.13

 

ᠪᠦᠬᠦ ᠤᠯᠤᠰ ᠤᠨ 《ᠭᠡᠰᠡᠷ》 ᠢ ᠠᠪᠤᠷᠠᠵᠤ ᠬᠠᠮᠠᠭᠠᠯᠠᠭᠰᠠᠨ ᠠᠵᠢᠯ ᠤᠨ ᠦᠷ᠎ᠡ ᠪᠦᠲᠦᠭᠡᠯ ᠢ ᠳᠡᠯᠭᠡᠨ ᠦᠵᠡᠭᠦᠯᠵᠡᠢ ᠃ 

《ᠠᠷᠪᠠᠨ ᠵᠦᠭ ᠦᠨ ᠡᠵᠡᠨ ᠭᠡᠰᠡᠷ ᠬᠠᠭᠠᠨ ᠤ ᠲᠤᠭᠤᠵᠢ ᠣᠷᠤᠰᠢᠪᠠᠢ》 ᠬᠡᠮᠡᠬᠦ ᠲᠤᠭᠤᠵᠢ ᠶᠢᠨ ᠪᠡᠭᠡᠵᠢᠩ ᠳᠦ ᠮᠣᠳᠤᠨ ᠪᠠᠷ ᠢᠶᠠᠷ ᠬᠡᠪᠯᠡᠭᠳᠡᠭᠰᠡᠨ  300 ᠵᠢᠯ ᠦ᠋ᠨ ᠤᠢ ᠳᠤ ᠵᠣᠷᠢᠭᠤᠯᠤᠭᠰᠠᠨ ᠨᠠᠢ᠍ᠮᠠᠳᠤᠭᠠᠷ ᠬᠤᠭᠤᠴᠠᠭᠠᠨ ᠤ 《ᠭᠡᠰᠡᠷ》ᠰᠤᠳᠤᠯᠤᠯ  ᠤᠨ ᠤᠯᠠᠨ ᠤᠯᠤᠰ  ᠤᠨ  ᠡᠷᠳᠡᠮ ᠰᠢᠨᠵᠢᠯᠡᠭᠡᠨ ᠦ ᠰᠤᠳᠤᠯᠤᠨ ᠶᠠᠷᠢᠯᠴᠠᠬᠤ ᠬᠤᠷᠠᠯ ᠵᠢᠴᠢ ᠪᠦᠬᠦ ᠤᠯᠤᠰ ᠤᠨ 《ᠭᠡᠰᠡᠷ》 ᠢ ᠠᠪᠤᠷᠠᠵᠤ ᠬᠠᠮᠠᠭᠠᠯᠠᠭᠰᠠᠨ ᠠᠵᠢᠯ ‍ᠣᠨ‌ ᠦᠷ᠎ᠡ ᠪᠦᠲᠦᠭᠡᠯ ᠦᠨ ᠳᠡᠯᠭᠡᠨ ᠦᠵᠡᠭᠦᠯᠦᠯᠭᠡ 8 ᠰᠠᠷ᠎ᠠ ᠶᠢᠨ 11 ᠤ ᠡᠳᠦᠷ ᠬᠥᠬᠡᠬᠣᠲᠠ ᠳᠤ ᠡᠬᠢᠯᠡᠪᠡ᠃  ᠲᠤᠰ ᠠᠵᠢᠯᠯᠠᠭ᠎ᠠ ᠶᠢ ᠥᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠤᠨ ᠤ ᠦᠨᠳᠦᠰᠦᠲᠡᠨ ᠦ ᠬᠡᠷᠡᠭ ᠡᠷᠬᠢᠯᠡᠬᠦ ᠵᠥᠪᠯᠡᠯ᠂ ᠪᠦᠬᠦ ᠤᠯᠤᠰ ᠤᠨ 《ᠭᠡᠰᠡᠷ》 ᠤᠨ ᠠᠵᠢᠯ ᠤᠨ ᠤᠳᠤᠷᠢᠳᠬᠤ ᠳᠤᠭᠤᠢᠯᠠᠩ᠂ ᠥᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠤᠨ ᠤ 《ᠭᠡᠰᠡᠷ》 ᠤᠨ ᠠᠵᠢᠯ  ᠤᠨ ᠤᠳᠤᠷᠢᠳᠬᠤ ᠳᠤᠭᠤᠢᠯᠠᠩ ᠠᠴᠠ ᠬᠠᠮᠲᠤᠷᠠᠵᠤ ᠭᠣᠣᠯᠯᠠᠨ ᠡᠷᠬᠢᠯᠡᠵᠦ᠂ ᠥᠪᠦᠷ ᠮᠣᠩᠭᠤᠯ ᠤᠨ ᠥᠪᠡᠷᠲᠡᠭᠡᠨ ᠵᠠᠰᠠᠬᠤ  ᠣᠷᠤᠨ  ᠤ 《ᠭᠡᠰᠡᠷ》 ᠤᠨ ᠠᠵᠢᠯ ᠤᠨ ᠤᠳᠤᠷᠢᠳᠬᠤ ᠳᠤᠭᠤᠢᠯᠠᠩ᠂ ᠪᠦᠬᠦ ᠤᠯᠤᠰ  ᠤᠨ 《ᠭᠡᠰᠡᠷ》 ᠤᠨ ᠠᠵᠢᠯ  ᠤᠨ ᠤᠳᠤᠷᠢᠳᠬᠤ ᠳᠤᠭᠤᠢᠯᠠᠩ᠂ ᠥᠪᠦᠷ ᠮᠣᠩᠭᠤᠯ ᠤᠨ ᠶᠡᠬᠡ ᠰᠤᠷᠭᠠᠭᠤᠯᠢ ᠶᠢᠨ ᠮᠣᠩᠭᠤᠯ ᠰᠤᠳᠤᠯᠤᠯ ᠤᠨ ᠲᠥᠪ᠂ ᠥᠪᠦᠷ ᠮᠣᠩᠭᠤᠯ ᠤᠨ ᠨᠡᠢᠭᠡᠮ ᠦᠨ ᠰᠢᠨᠵᠢᠯᠡᠬᠦ ᠤᠬᠠᠭᠠᠨ ᠤ ᠬᠦᠷᠢᠶᠡᠯᠡᠩ ᠦᠨ ᠤᠳᠭ᠎ᠠ ᠵᠣᠬᠢᠶᠠᠯ ᠰᠤᠳᠤᠯᠬᠤ ᠭᠠᠵᠠᠷ  ᠠᠴᠠ ᠳᠠᠭᠠᠭᠠᠴᠢᠯᠠᠨ ᠡᠷᠬᠢᠯᠡᠭᠰᠡᠨ ᠶᠤᠮ᠃  

ᠡᠬᠢᠯᠡᠯᠲᠡ ᠶᠢᠨ ᠬᠤᠷᠠᠯ ᠳᠤ ᠥᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠤᠨ ᠤ ᠠᠷᠠᠳ ᠤᠨ ᠵᠠᠰᠠᠭ ᠤᠨ ᠣᠷᠳᠤᠨ ᠤ ᠳᠡᠳ᠋ ᠲᠡᠷᠢᠭᠦᠯᠡᠭᠴᠢ ᠯᠢᠦ ᠰᠢᠨ ᠯᠧ᠂ ᠥᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠤᠨ ᠤ ᠦᠨᠳᠦᠰᠦᠲᠡᠨ ᠦ ᠬᠡᠷᠡᠭ ᠡᠷᠬᠢᠯᠡᠬᠦ  ᠵᠥᠪᠯᠡᠯ ᠦᠨ ᠡᠷᠬᠢᠯᠡᠭᠴᠢ ᠲᠡᠭᠦᠰ᠂ ᠳᠤᠮᠳᠠᠳᠤ ᠤᠯᠤᠰ ᠤᠨ ᠨᠡᠢᠭᠡᠮ ᠦᠨ ᠰᠢᠨᠵᠢᠯᠡᠬᠦ ᠤᠬᠠᠭᠠᠨ ᠤ ᠠᠺᠠᠳᠧᠮᠢ ᠶᠢᠨ ᠡᠷᠳᠡᠮ  ᠰᠢᠨᠵᠢᠯᠡᠭᠡᠨ ᠦ ᠬᠡᠯᠲᠡᠰ ᠦ᠋ᠨ ᠭᠡᠰᠢᠭᠦᠨ᠂ ᠦᠨᠳᠦᠰᠦᠲᠡᠨ ᠦ ᠤᠳᠭ᠎ᠠ ᠵᠣᠬᠢᠶᠠᠯ ᠰᠤᠳᠤᠯᠬᠤ ᠭᠠᠵᠠᠷ ᠤᠨ ᠳᠠᠷᠤᠭ᠎ᠠ᠂ ᠪᠦᠬᠦ ᠤᠯᠤᠰ  ᠤᠨ 《ᠭᠡᠰᠡᠷ》 ᠤᠨ ᠠᠵᠢᠯ ᠤᠨ ᠤᠳᠤᠷᠢᠳᠬᠤ ᠳᠤᠭᠤᠢᠯᠠᠩ ᠤᠨ ᠪᠠᠢᠩᠭᠤ ᠶᠢᠨ ᠳᠡᠳ᠋ ᠳᠠᠷᠤᠭ᠎ᠠ ᠴᠤᠭᠵᠢᠨ ᠵᠡᠷᠭᠡ ᠳᠠᠷᠤᠭ᠎ᠠ ᠤᠳᠤᠷᠢᠳᠤᠯᠭ᠎ᠠ ᠨᠠᠷ ᠣᠷᠤᠯᠴᠠᠭᠰᠠᠨ ᠪᠠᠢᠨ᠎ᠠ᠃ ᠡᠨᠡ ᠬᠤᠷᠠᠯ ᠳᠤ ᠣᠷᠤᠰ ᠤ᠋ᠨ ᠬᠣᠯᠪᠤᠭᠠᠨ ᠤ ᠪᠤᠷᠢᠶᠠᠳ᠂ ᠠᠯᠲᠠᠢ᠂ ᠲᠤᠸᠠ᠂  ᠶᠠᠺᠦ᠋ᠲ ᠵᠢᠴᠢ ᠬᠠᠩᠭᠠᠷᠢ᠂ ᠮᠣᠩᠭᠤᠯ ᠤᠯᠤᠰ᠂ ᠲᠦᠷᠺ᠂ ᠶᠠᠫᠤᠨ ᠵᠡᠷᠭᠡ ᠭᠠᠳᠠᠭᠠᠳᠤ ᠶᠢᠨ ᠤᠯᠤᠰ ᠣᠷᠤᠨ ᠵᠢᠴᠢ ᠪᠡᠭᠡᠵᠢᠩ᠂  ᠲᠥᠪᠡᠳ᠂ ᠬᠥᠬᠡᠨᠠᠭᠤᠷ᠂ ᠥᠪᠦᠷ ᠮᠣᠩᠭᠤᠯ᠂ ᠰᠧᠴᠤᠸᠠᠨ᠂ ᠰᠢᠨᠵᠢᠶᠠᠩ᠂ ᠭᠠᠨᠰᠦ᠂ ᠯᠢᠶᠣᠣᠨᠢᠩ ᠵᠡᠷᠭᠡ ᠮᠤᠵᠢ᠂ ᠬᠤᠳᠠ᠂  ᠥᠪᠡᠷᠲᠡᠭᠡᠨ ᠵᠠᠰᠠᠬᠤ ᠣᠷᠤᠨ ᠠᠴᠠ 100 ᠭᠠᠷᠤᠢ ᠡᠷᠳᠡᠮᠲᠡᠨ ᠰᠤᠳᠤᠯᠭᠠᠲᠠᠨ ᠪᠠ ᠭᠡᠰᠡᠷᠴᠢ ᠬᠦᠷᠦᠯᠴᠡᠨ ᠢᠷᠡᠵᠦ᠂ 《ᠭᠡᠰᠡᠷ》 ᠢ ᠠᠪᠤᠷᠠᠵᠤ ᠬᠠᠮᠠᠭᠠᠯᠠᠬᠤ ᠪᠠ ᠬᠥᠭᠵᠢᠭᠦᠯᠬᠦ᠂ 《ᠭᠡᠰᠡᠷ》ᠰᠤᠳᠤᠯᠤᠯ ᠢ ᠭᠦᠨᠵᠡᠭᠡᠢᠷᠡᠭᠦᠯᠬᠦ ᠪᠠ ᠬᠢᠷᠢ ᠲᠦᠪᠰᠢᠨ ᠢ ᠨᠢ  ᠳᠡᠭᠡᠭᠰᠢᠯᠡᠭᠦᠯᠬᠦ ᠵᠡᠷᠭᠡ ᠲᠠᠯ᠎ᠠ ᠪᠠᠷ ᠰᠤᠳᠤᠯᠤᠨ ᠶᠠᠷᠢᠯᠴᠠᠭᠠᠵᠤ ᠪᠠᠢᠨ᠎ᠠ᠃

ᠣᠢᠷ᠎ᠠ ᠶᠢᠨ ᠵᠢᠯ ᠳ᠋ᠦ᠍ 《ᠭᠡᠰᠡᠷ》ᠰᠤᠳᠤᠯᠤᠯ ᠶᠠᠪᠤᠬᠤ ᠲᠤᠲᠤᠮ ᠬᠥᠭᠵᠢᠨ ᠭᠦᠨᠵᠡᠭᠡᠢᠷᠡᠵᠦ᠂ 《ᠭᠡᠰᠡᠷ》 ᠢ ᠠᠪᠤᠷᠠᠵᠤ ᠬᠠᠮᠠᠭᠠᠯᠠᠬᠤ ᠠᠵᠢᠯ  ᠴᠤ ᠠᠯᠢ ᠤᠯᠠᠨ ᠪᠠᠶᠠᠷᠯᠠᠭᠤᠰᠢᠲᠠᠢ ᠠᠮᠵᠢᠯᠲᠠ ᠣᠯᠤᠭᠰᠠᠨ ᠶᠤᠮ᠃ ᠣᠨᠴᠠᠭᠠᠢᠯᠠᠨ 《ᠭᠡᠰᠡᠷ》 ᠤᠨ ᠰᠠᠭᠤᠷᠢ ᠮᠠᠲ᠋ᠧᠷᠢᠶᠠᠯ ᠢ ᠴᠤᠭᠯᠠᠭᠤᠯᠬᠤ᠂ ᠭᠡᠰᠡᠷᠴᠢ ᠪᠠ 《ᠭᠡᠰᠡᠷ》 ᠤᠨ ᠰᠣᠶᠤᠯ ᠤᠨ ᠠᠮᠢ ᠠᠬᠤᠢ ᠶᠢ ᠬᠠᠮᠠᠭᠠᠯᠠᠬᠤ᠂ 《ᠭᠡᠰᠡᠷ》 ᠤᠨ ᠴᠤᠪᠤᠷᠠᠯ ᠪᠢᠴᠢᠭ ᠢ᠋ ᠬᠡᠪᠯᠡᠭᠦᠯᠬᠦ᠂ 《ᠭᠡᠰᠡᠷ》 ᠤᠨ ᠳ᠋ᠠᠢᠲ᠋ᠠ ᠬᠥᠮᠦᠷᠭᠡ ᠪᠠ 《ᠭᠡᠰᠡᠷ》 ᠢ ᠠᠪᠤᠷᠠᠵᠤ ᠬᠠᠮᠠᠭᠠᠯᠠᠬᠤ ᠰᠠᠭᠤᠷᠢᠨ ᠢ ᠪᠠᠢᠭᠤᠯᠬᠤ ᠵᠡᠷᠭᠡ ᠲᠠᠯ᠎ᠠ ᠪᠠᠷ ᠨᠡᠩ ᠲᠣᠪᠤᠢᠮ᠎ᠠ ᠪᠠᠢᠨ᠎ᠠ᠃ ᠡᠳᠡᠭᠡᠷ ᠠᠵᠢᠯ ᠤᠨ ᠦᠷ᠎ᠡ ᠪᠦᠲᠦᠭᠡᠯ ᠢ ᠥᠴᠦᠭᠡᠳᠦᠷ ᠡᠴᠡ ᠡᠬᠢᠯᠡᠵᠦ ᠨᠡᠢᠭᠡᠮ ᠨᠡᠢᠲᠡ ᠳᠦ ᠳᠡᠯᠭᠡᠨ ᠦᠵᠡᠭᠦᠯᠵᠦ ᠪᠠᠢᠭ᠎ᠠ ᠶᠤᠮ᠃

ᠰᠤᠳᠤᠯᠤᠨ ᠶᠠᠷᠢᠯᠴᠠᠬᠤ ᠬᠤᠷᠠᠯ ᠨᠢ 8 ᠰᠠᠷ᠎ᠠ ᠶᠢᠨ 13  ᠤ ᠡᠳᠦᠷ  ᠪᠣᠯᠲᠠᠯ᠎ᠠ ᠶᠠᠪᠤᠭᠳᠠᠨ᠎ᠠ᠃

 

 

ᠣᠷᠴᠢᠭᠤᠯᠤᠭᠴᠢ᠄ ᠵᠤᠯᠠᠨ᠎ᠠ

ᠬᠢᠨᠠᠭᠴᠢ᠄  ᠠᠯᠲᠠᠨ᠌ᠣ᠋ᠳᠣ

ᠬᠠᠷᠢᠭᠤᠴᠠᠭᠰᠠᠨ ᠨᠠᠢᠷᠠᠭᠤᠯᠤᠭᠴᠢ᠄ ᠡᠷᠳᠡᠨᠢᠴᠡᠴᠡᠭ

ᠸᠢᠴᠠᠲ ᠲᠤ ᠪᠠᠨ ᠬᠤᠪᠢᠶᠠᠯᠴᠠᠬᠤ

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )