《ᠥᠪᠦᠷ ᠮᠣᠩᠭᠤᠯ ᠤ᠋ᠨ ᠥᠪᠡᠷᠲᠡᠭᠡᠨ ᠵᠠᠰᠠᠬᠤ ᠣᠷᠤᠨ ᠤ <ᠭᠡᠰᠡᠷ> ᠢ ᠠᠪᠤᠷᠠᠵᠤ ᠬᠠᠮᠠᠭᠠᠯᠠᠬᠤ ᠠᠵᠢᠯ》 ᠤᠨ ᠲᠠᠪᠤᠨ ᠵᠢᠯ  ᠤ᠋ᠨ ᠢᠨᠵᠧᠨᠧᠷᠢᠩ ᠤ᠋ᠨ ᠰᠢᠯᠭᠠᠨ ᠬᠤᠷᠢᠶᠠᠬᠤ  ᠬᠤᠷᠠᠯ ᠬᠥᠬᠡᠬᠣᠲᠠ ᠳ᠋ᠤ᠌ ᠬᠤᠷᠠᠯᠳᠤᠪᠠ
ᠢᠷᠡᠯᠲᠡ᠄ ᠴᠥᠭᠡᠨ ᠲᠣᠭᠠᠲᠤ ᠦᠨᠳᠦᠰᠦᠲᠡᠨ ᠦ᠌ ᠰᠤᠳᠤᠷ ᠪᠢᠴᠢᠭ ᠪᠣᠯᠤᠨ 《ᠭᠡᠰᠡᠷ》 ᠢ ᠴᠤᠭᠯᠠᠭᠤᠯᠤᠨ ᠡᠮᠬᠢᠳᠭᠡᠵᠦ ᠰᠤᠳᠤᠯᠬᠤ ᠭᠠᠵᠠᠷ
2018.04.20

 

2018 ᠣᠨ ᠤ 4 ᠰᠠᠷ᠎ᠠ ᠶᠢᠨ 13 ᠤ ᠡᠳᠦᠷ 《ᠥᠪᠦᠷ ᠮᠣᠩᠭᠤᠯ ᠤ᠋ᠨ ᠥᠪᠡᠷᠲᠡᠭᠡᠨ ᠵᠠᠰᠠᠬᠤ ᠣᠷᠤᠨ ᠤ <ᠭᠡᠰᠡᠷ> ᠢ ᠠᠪᠤᠷᠠᠵᠤ ᠬᠠᠮᠠᠭᠠᠯᠠᠬᠤ ᠠᠵᠢᠯ》  ᠤᠨ ᠲᠠᠪᠤᠨ ᠵᠢᠯ ᠦ᠋ᠨ ᠢᠨᠵᠧᠨᠧᠷᠢᠩ ᠨᠢ ᠰᠡᠳᠦᠪ ᠦ᠋ᠨ ᠠᠭᠤᠯᠭ᠎ᠠ ᠪᠠᠶᠠᠯᠢᠭ᠂ ᠬᠠᠷᠢᠶᠠᠯᠠᠬᠤ ᠬᠦᠷᠢᠶ᠎ᠡ ᠬᠡᠪᠴᠢᠶ᠎ᠡ ᠥᠷᠭᠡᠨ ᠪᠠᠢᠵᠤ᠂ ᠥᠪᠦᠷ ᠮᠣᠩᠭᠤᠯ᠂ ᠪᠡᠭᠡᠵᠢᠩ᠂ ᠰᠢᠨᠵᠢᠶᠠᠩ᠂ ᠬᠥᠬᠡᠨᠠᠭᠤᠷ᠂ ᠭᠠᠨᠰᠦ ᠵᠡᠷᠭᠡ ᠮᠤᠵᠢ ᠣᠷᠤᠨ ᠪᠣᠯᠤᠨ ᠮᠣᠩᠭᠤᠯ ᠤᠯᠤᠰ ᠤᠨ ᠡᠷᠳᠡᠮᠲᠡᠨ ᠨᠠᠷ ᠰᠡᠳᠦᠪ ᠲᠦ᠍ ᠣᠷᠤᠯᠴᠠᠵᠤ᠂ ᠦᠨᠳᠦᠰᠦᠨ ᠴᠢᠨᠠᠷ ᠲᠠᠢ ᠮᠠᠲ᠋ᠧᠷᠢᠶᠠᠯ ᠴᠤᠭᠯᠠᠭᠤᠯᠬᠤ᠂ ᠲᠣᠮᠤ ᠬᠡᠯᠪᠡᠷᠢ ᠶᠢᠨ 《ᠭᠡᠰᠡᠷ》 ᠤᠨ ᠴᠤᠪᠤᠷᠠᠯ ᠨᠣᠮ ᠢ ᠨᠠᠢᠷᠠᠭᠤᠯᠤᠨ ᠬᠡᠪᠯᠡᠭᠦᠯᠬᠦ᠂ 《ᠭᠡᠰᠡᠷ》 ᠤᠨ ᠳ᠋ᠠᠢᠲ᠋ᠠ ᠬᠥᠮᠦᠷᠭᠡ ᠪᠣᠯᠤᠨ ᠰᠦᠯᠵᠢᠶ᠎ᠡ ᠶᠢ ᠪᠠᠢᠭᠤᠯᠬᠤ᠂ ᠪᠠᠷᠢᠮᠲᠠᠲᠤ ᠺᠢᠨᠣ᠋ ᠪᠣᠯᠤᠨ ᠷᠠᠳᠢᠣ᠋ ᠵᠦᠴᠦᠭᠡ ᠦᠢᠯᠡᠳᠬᠦ᠂ 《ᠭᠡᠰᠡᠷ》 ᠤᠨ ᠰᠣᠶᠤᠯ ᠢ᠋ ᠬᠠᠮᠠᠭᠠᠯᠠᠨ ᠰᠤᠳᠤᠯᠬᠤ ᠰᠠᠭᠤᠷᠢᠨ ᠭᠠᠵᠠᠷ ᠢ ᠪᠠᠢᠭᠤᠯᠬᠤ ᠵᠡᠷᠭᠡ 38 ᠲᠥᠷᠦᠯ ᠦ᠋ᠨ ᠰᠡᠳᠦᠪ ᠢ ᠠᠮᠵᠢᠯᠲᠠ ᠲᠠᠢ ᠪᠡᠶᠡᠯᠡᠭᠦᠯᠵᠡᠢ᠃ ᠲᠤᠰ ᠢᠨᠵᠧᠨᠧᠷᠢᠩ ᠨᠢ 《ᠥᠪᠦᠷ ᠮᠣᠩᠭᠤᠯ ᠤ᠋ᠨ ᠥᠪᠡᠷᠲᠡᠭᠡᠨ ᠵᠠᠰᠠᠬᠤ ᠣᠷᠤᠨ ᠤ ᠠᠷᠠᠳ ᠤᠨ ᠵᠠᠰᠠᠭ ᠤᠨ ᠣᠷᠳᠤᠨ ᠤ ᠠᠯᠪᠠᠨ ᠭᠡᠷ ᠡᠴᠡ ᠳᠠᠷᠤᠮᠠᠯᠯᠠᠨ ᠲᠠᠷᠬᠠᠭᠠᠭᠰᠠᠨ ᠥᠪᠡᠷᠲᠡᠭᠡᠨ ᠵᠠᠰᠠᠬᠤ ᠣᠷᠤᠨ ᠤ <ᠭᠡᠰᠡᠷ> ᠢ ᠠᠪᠤᠷᠠᠵᠤ ᠬᠠᠮᠠᠭᠠᠯᠠᠬᠤ ᠠᠵᠢᠯ ᠤᠨ ᠬᠡᠷᠡᠭᠵᠢᠭᠦᠯᠬᠦ ᠲᠥᠰᠦᠯ ᠦ᠋ᠨ ᠲᠤᠬᠠᠢ ᠮᠡᠳᠡᠭᠳᠡᠯ》 ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠬᠡᠷᠡᠭᠵᠢᠭᠦᠯᠵᠦ᠂ ᠰᠡᠳᠦᠪ ᠳᠤᠷᠠᠳᠬᠤ᠂ ᠳᠠᠭᠠᠭᠠᠴᠢᠯᠠᠯᠲᠠ ᠵᠠᠷᠯᠠᠬᠤ᠂ ᠰᠡᠳᠦᠪ ᠲᠣᠭᠲᠠᠭᠠᠬᠤ᠂ ᠰᠡᠳᠦᠪ ᠦ᠋ᠨ ᠳᠤᠮᠳᠠᠬᠢ ᠪᠠᠢᠴᠠᠭᠠᠯᠲᠠ ᠪᠣᠯᠤᠨ ᠲᠥᠰᠦᠯ ᠰᠢᠯᠭᠠᠨ ᠬᠤᠷᠢᠶᠠᠬᠤ ᠵᠡᠷᠭᠡ ᠠᠵᠢᠯ ᠨᠢ ᠪᠦᠷ ᠡᠮᠬᠢ ᠵᠢᠷᠤᠮ ᠲᠠᠢ᠂ ᠲᠣᠭᠲᠠᠭᠠᠯ ᠶᠣᠰᠤ ᠪᠡᠷ ᠶᠠᠪᠤᠭᠳᠠᠵᠠᠢ᠃

ᠡᠨᠡ ᠤᠳᠠᠭᠠᠨ ᠤ ᠬᠤᠷᠠᠯ ᠳᠤ 《ᠭᠡᠰᠡᠷ》 ᠢ ᠠᠪᠤᠷᠠᠨ ᠬᠠᠮᠠᠭᠠᠯᠠᠬᠤ ᠠᠵᠢᠯ ᠤᠨ ᠮᠡᠷᠭᠡᠵᠢᠯᠲᠡᠨ ᠦ᠌ ᠳᠤᠭᠤᠢᠯᠠᠩ  ᠤᠨ ᠳᠠᠷᠤᠭ᠎ᠠ ᠥᠪᠦᠷ ᠮᠣᠩᠭᠤᠯ ᠤ᠋ᠨ ᠶᠡᠬᠡ ᠰᠤᠷᠭᠠᠭᠤᠯᠢ ᠶᠢᠨ ᠫᠷᠣᠹᠧᠰᠰᠣᠷ ᠴᠢᠮᠡᠳᠳᠣᠷᠵᠢ ᠵᠡᠷᠭᠡ ᠠᠷᠪᠠᠨ ᠲᠤᠰᠭᠠᠢ ᠮᠡᠷᠭᠡᠵᠢᠯᠲᠡᠨ ᠵᠢᠴᠢ ᠬᠠᠮᠢᠶ᠎ᠠ ᠪᠦᠬᠦᠢ ᠬᠣᠷᠢᠭᠠᠳ ᠬᠥᠮᠦᠰ ᠤᠷᠢᠭᠳᠠᠨ ᠣᠷᠤᠯᠴᠠᠵᠤ᠂ ᠥᠪᠦᠷ ᠮᠣᠩᠭᠤᠯ ᠤ᠋ᠨ ᠴᠥᠭᠡᠨ ᠲᠣᠭᠠᠲᠤ ᠦᠨᠳᠦᠰᠦᠲᠡᠨ ᠦ᠌ ᠰᠤᠳᠤᠷ ᠪᠢᠴᠢᠭ ᠪᠣᠯᠤᠨ 《ᠭᠡᠰᠡᠷ》 ᠢ ᠴᠤᠭᠯᠠᠭᠤᠯᠤᠨ ᠡᠮᠬᠢᠳᠭᠡᠵᠦ ᠰᠤᠳᠤᠯᠬᠤ ᠭᠠᠵᠠᠷ ᠤᠨ ᠡᠷᠬᠢᠯᠡᠭᠴᠢ ᠰᠣᠶᠤᠯᠲᠤ ᠲᠥᠰᠦᠯ ᠰᠢᠯᠭᠠᠨ ᠬᠤᠷᠢᠶᠠᠬᠤ ᠮᠡᠳᠡᠭᠦᠯᠦᠯᠲᠡ ᠬᠢᠵᠦ᠂ ᠥᠩᠭᠡᠷᠡᠭᠰᠡᠨ ᠦ᠌ ᠲᠠᠪᠤᠨ ᠵᠢᠯ ᠳ᠋ᠦ᠍ ᠤᠯᠤᠭᠰᠠᠨ ᠠᠮᠵᠢᠯᠲᠠ ᠪᠠᠨ ᠳ᠋ᠦᠩᠨᠡᠵᠡᠢ᠃ ᠬᠤᠷᠠᠯ ᠳᠤ ᠣᠷᠤᠯᠴᠠᠭᠰᠠᠨ ᠲᠤᠰᠭᠠᠢ ᠮᠡᠷᠭᠡᠵᠢᠯᠲᠡᠳ ᠲᠤᠰ ᠢᠨᠵᠧᠨᠧᠷᠢᠩ  ᠤᠨ ᠤᠯᠤᠭᠰᠠᠨ ᠠᠮᠵᠢᠯᠲᠠ ᠳᠤ ᠥᠨᠳᠦᠷ ᠦᠨᠡᠯᠡᠯᠲᠡ ᠥᠭᠴᠦ᠂ ᠲᠡᠭᠦᠨ ᠦ᠌ ᠠᠯᠤᠰ ᠬᠡᠳᠦ ᠶᠢᠨ ᠠᠴᠢ ᠬᠣᠯᠪᠤᠭᠳᠠᠯ ᠪᠣᠯᠤᠨ ᠨᠥᠯᠦᠭᠡ ᠲᠤᠰᠭᠠᠯ ᠢ᠋ ᠵᠢᠭᠠᠨ ᠭᠠᠷᠭᠠᠬᠤ ᠶᠢᠨ ᠬᠠᠮᠲᠤ᠂ ᠬᠣᠢᠰᠢᠳᠠ ᠶ᠋ᠢᠨ ᠠᠵᠢᠯ ᠳᠤ ᠡᠷᠬᠢᠮ ᠨᠠᠨᠳᠢᠨ ᠰᠠᠨᠠᠯ ᠵᠥᠪᠯᠡᠯᠭᠡ ᠪᠡᠨ ᠳᠡᠪᠰᠢᠭᠦᠯᠪᠡ᠃

 

ᠨᠠᠢᠷᠠᠭᠤᠯᠤᠭᠴᠢ᠄ ᠵᠤᠯᠠᠨ᠎ᠠ

ᠬᠢᠨᠠᠭᠴᠢ᠄ ᠠᠯᠲᠠᠨ᠌ᠣ᠋ᠳᠤ

ᠬᠠᠷᠢᠭᠤᠴᠠᠭᠰᠠᠨ ᠨᠠᠢᠷᠠᠭᠤᠯᠤᠭᠴᠢ᠄ ᠡᠷᠳᠡᠨᠢᠴᠡᠴᠡᠭ

  

 

 

ᠸᠢᠴᠠᠲ ᠲᠤ ᠪᠠᠨ ᠬᠤᠪᠢᠶᠠᠯᠴᠠᠬᠤ

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )