ᠳᠦᠷᠪᠡᠳᠦᠭᠡᠷ ᠤᠳᠠᠭᠠᠨ ᠤ ᠪᠦᠬᠦ ᠤᠷᠤᠨ ᠤ ᠴᠥᠬᠡᠨ ᠲᠣᠭᠠᠲᠤ ᠦᠨᠳᠦᠰᠦᠲᠡᠨ ᠤ ᠰᠤᠳᠤᠷ ᠪᠢᠴᠢᠭ ᠤᠨ ᠠᠵᠢᠯ ᠤᠨ ᠬᠤᠷᠠᠯ ᠬᠦᠬᠡᠬᠤᠲᠡ ᠳᠤ ᠬᠤᠷᠠᠯᠳᠤᠪᠠ
ᠢᠷᠡᠯᠲᠡ᠄ ᠴᠥᠬᠡᠨ ᠲᠣᠭᠠᠲᠤ ᠦᠨᠳᠦᠰᠦᠲᠡᠨ ᠤ ᠰᠤᠳᠤᠷ ᠪᠢᠴᠢᠭ ᠪᠤᠯᠤᠨ 《ᠭᠡᠰᠡᠷ》 ᠢ ᠴᠣᠭᠯᠠᠭᠤᠯᠤᠨ ᠡᠮᠬᠢᠳᠭᠡᠵᠤ ᠰᠤᠳᠤᠯᠬᠤ ᠭᠠᠵᠠᠷ
2018.05.04

 

4 ᠰᠠᠷ᠎ᠠ ᠶᠢᠨ 27 ᠤ ᠡᠳᠦᠷ ᠳᠦᠷᠪᠡᠳᠦᠭᠡᠷ ᠤᠳᠠᠭᠠᠨ ᠤ᠋ ᠪᠦᠬᠦ ᠤᠷᠤᠨ ᠤ ᠴᠥᠬᠡᠨ ᠲᠣᠭᠠᠲᠤ ᠦᠨᠳᠦᠰᠦᠲᠡᠨ ᠤ ᠰᠤᠳᠤᠷ ᠪᠢᠴᠢᠭ ᠤᠨ ᠠᠵᠢᠯ ᠤᠨ ᠬᠤᠷᠠᠯᠳᠤᠭᠠᠨ ᠬᠦᠬᠡᠬᠤᠲᠠ ᠳᠤ ᠬᠤᠷᠠᠯᠳᠤᠪᠠ᠃ ᠥᠪᠡᠷᠲᠡᠭᠡᠨ ᠵᠠᠰᠠᠬᠤ ᠤᠷᠤᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠳᠡᠳ᠋ ᠡᠷᠬᠢᠯᠡᠭᠴᠢ ᠰᠠᠴᠤᠷᠠᠯᠲᠤ ᠬᠤᠷᠠᠯ ᠳᠤ ᠤᠷᠤᠯᠴᠠᠨ ᠶᠠᠷᠢᠶ᠎ᠠ ᠲᠠᠯᠪᠢᠵᠠᠢ᠃ ᠥᠪᠥᠷ ᠮᠤᠩᠭᠤᠯ ᠤᠨ ᠴᠥᠬᠡᠨ ᠲᠣᠭᠠᠲᠤ ᠦᠨᠳᠦᠰᠦᠲᠡᠨ ᠤ ᠰᠤᠳᠤᠷ ᠪᠢᠴᠢᠭ ᠪᠤᠯᠤᠨ 《ᠭᠡᠰᠡᠷ》 ᠢ᠋ ᠴᠣᠭᠯᠠᠭᠤᠯᠤᠨ ᠡᠮᠬᠢᠳᠭᠡᠵᠤ ᠰᠤᠳᠤᠯᠬᠤ ᠭᠠᠵᠠᠷ ᠤᠨ ᠡᠷᠬᠢᠯᠡᠭᠴᠢ ᠰᠤᠶᠤᠯᠲᠤ ᠠᠵᠢᠯ ᠤᠨ ᠢᠯᠡᠳᠬᠡᠯ ᠬᠢᠵᠦ᠂ ᠳᠡᠳ᠋ ᠡᠷᠬᠢᠯᠡᠭᠴᠢ ᠤᠷᠲᠤᠨᠠᠰᠤᠲᠤ ᠪᠦᠬᠦ ᠤᠯᠤᠰ ᠤᠨ ᠳᠦᠷᠪᠡᠳᠦᠭᠡᠷ ᠤᠳᠠᠭᠠᠨ ᠤ ᠴᠥᠬᠡᠨ ᠲᠣᠭᠠᠲᠤ ᠦᠨᠳᠦᠰᠦᠲᠡᠨ ᠤ ᠰᠤᠳᠤᠷ ᠪᠢᠴᠢᠭ ᠤᠨ ᠬᠤᠷᠠᠯ ᠤᠨ ᠵᠣᠷᠢᠭ ᠰᠠᠨᠠᠭ᠎ᠠ ᠪᠤᠯᠤᠨ ᠪᠦᠬᠦ ᠤᠯᠤᠰ ᠤᠨ ᠴᠥᠬᠡᠨ ᠲᠣᠭᠠᠲᠤ ᠦᠨᠳᠦᠰᠦᠲᠡᠨ ᠤ ᠰᠤᠳᠤᠷ ᠪᠢᠴᠢᠭ ᠤᠨ ᠠᠵᠢᠯ ᠤᠨ 《ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠥᠪᠵᠢᠭᠦᠯᠭᠡ》 ᠶ᠋ᠢᠨ ᠵᠢᠯᠤᠭᠤᠳᠬᠤ ᠦᠵᠡᠯ ᠰᠠᠨᠠᠭ᠎ᠠ ᠪᠠ ᠭᠤᠣᠯ ᠡᠭᠦᠷᠭᠡ ᠶᠢ ᠤᠯᠠᠮᠵᠢᠯᠠᠵᠤ᠂ ᠣᠷᠳᠣᠰ᠂ ᠤᠯᠠᠭᠠᠨᠬᠠᠳᠠ᠂ ᠬᠥᠯᠥᠨ ᠪᠥᠢᠷ ᠵᠡᠷᠭᠡ ᠭᠤᠷᠪᠠᠨ ᠬᠤᠲᠠ ᠶᠢᠨ ᠦᠨᠳᠦᠰᠦᠲᠡᠨ ᠤ ᠬᠡᠷᠡᠭ  ᠡᠷᠬᠢᠯᠡᠬᠦ ᠵᠥᠪᠯᠡᠯ ᠠᠴᠠ ᠶᠠᠷᠢᠶ᠎ᠠ ᠲᠠᠯᠪᠢᠪᠠ᠃

ᠰᠠᠴᠤᠷᠠᠯᠲᠤ ᠶᠠᠷᠢᠶᠠᠨ ᠳᠠᠭᠠᠨ᠂ ᠳᠦᠷᠪᠡᠳᠦᠭᠡᠷ ᠤᠳᠠᠭᠠᠨ ᠤ ᠪᠦᠬᠦ ᠣᠷᠤᠨ ᠤ ᠬᠤᠷᠠᠯ ᠤᠨ ᠭᠤᠣᠯ ᠡᠭᠦᠷᠭᠡ ᠪᠣᠯ ᠨᠠᠮ ᠤᠨ ᠠᠷᠪᠠ ᠶᠢᠰᠦᠳᠦᠭᠡᠷ ᠤᠳᠠᠭᠠᠨ ᠤ ᠬᠤᠷᠠᠯ ᠤᠨ ᠵᠣᠷᠢᠭ ᠰᠠᠨᠠᠭ᠎ᠠ ᠪᠤᠯᠤᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠢᠭᠡᠮ ᠵᠢᠷᠦᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠵᠤ᠂ ᠪᠦᠬᠦ ᠤᠯᠤᠰ ᠤᠨ ᠳᠦᠷᠪᠡᠳᠦᠭᠡᠷ ᠤᠳᠠᠭᠠᠨ ᠤ ᠴᠥᠬᠡᠨ ᠲᠣᠭᠠᠲᠤ ᠦᠨᠳᠦᠰᠦᠲᠡᠨ ᠤ ᠰᠤᠳᠤᠷ ᠪᠢᠴᠢᠭ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠪᠦᠬᠦ ᠤᠯᠤᠰ ᠤᠨ ᠴᠥᠬᠡᠨ ᠲᠣᠭᠠᠲᠤ ᠦᠨᠳᠦᠰᠦᠲᠡᠨ ᠤ ᠰᠤᠳᠤᠷ ᠪᠢᠴᠢᠭ ᠢ ᠬᠠᠮᠠᠭᠠᠯᠠᠬᠤ ᠠᠵᠢᠯ ᠤᠨ 《ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠥᠪᠵᠢᠭᠦᠯᠭᠡ》 ᠶ᠋ᠢ ᠨᠠᠢᠳᠠᠪᠤᠷᠢᠵᠢᠭᠤᠯᠤᠨ᠂ ᠠᠵᠢᠯ ᠤᠨ ᠰᠢᠨ᠎ᠡ ᠬᠠᠷᠠᠯᠲᠠ ᠪᠠ ᠡᠭᠦᠷᠭᠡ ᠪᠠᠨ ᠶᠠᠷᠢᠯᠴᠠᠨ ᠲᠣᠭᠲᠠᠭᠠᠬᠤ ᠶᠠᠪᠤᠳᠠᠯ ᠪᠤᠯᠤᠨ᠎ᠠ ᠭᠡᠵᠤ ᠵᠢᠭᠠᠨ ᠭᠠᠷᠭᠠᠵᠠᠢ᠃

ᠰᠠᠴᠤᠷᠠᠯᠳᠤ ᠴᠢᠬᠤᠯᠠᠴᠢᠯᠠᠬᠤ ᠳ᠋ᠠᠭᠠᠨ᠂ ᠳᠤᠤᠷᠠᠬᠢ ᠬᠡᠳᠦᠨ ᠲᠠᠯ᠎ᠠ ᠶᠢᠨ ᠠᠵᠢᠯ ᠢ ᠰᠠᠢᠳᠤᠷ ᠬᠢᠬᠦ ᠬᠡᠷᠡᠭᠲᠡᠢ ᠭᠡᠵᠡᠢ᠃ ᠨᠢᠭᠡ  ᠳ᠋ᠤ᠌᠂ 《ᠮᠣᠩᠭᠤᠯ ᠦᠰᠦᠭ ᠤ᠋ᠨ ᠰᠤᠷᠪᠤᠯᠵᠢ ᠪᠢᠴᠢᠭ  ᠤ᠋ᠨ ᠴᠤᠪᠤᠷᠠᠯ》ᠢ᠋ ᠨᠠᠢᠷᠠᠭᠤᠯᠤᠨ ᠬᠡᠪᠯᠡᠭᠦᠯᠬᠦ ᠠᠵᠢᠯ ᠢ ᠦᠷᠭᠦᠯᠵᠢᠯᠡᠨ ᠰᠠᠢᠲᠤᠷ ᠬᠢᠬᠦ ᠬᠡᠷᠡᠭᠲᠡᠢ᠃ ᠬᠤᠶᠠᠷ ᠲᠦ᠍᠂ ᠮᠣᠩᠭᠤᠯ ᠲᠡᠦᠬᠡ ᠶᠢᠨ ᠳᠠᠩᠰᠠ ᠡᠪᠬᠡᠮᠡᠯ ᠢ ᠡᠮᠬᠢᠳᠭᠡᠵᠦ ᠬᠡᠪᠯᠡᠭᠦᠯᠬᠦ ᠠᠵᠢᠯ ᠢ ᠦᠷᠭᠦᠯᠵᠢᠯᠡᠨ ᠰᠠᠢᠳᠤᠷ ᠬᠢᠬᠦ ᠬᠡᠷᠡᠭᠲᠡᠢ᠃ ᠭᠤᠷᠪᠠ ᠳ᠋ᠦ᠍᠂ ᠤᠯᠤᠰ ᠤᠨ ᠳᠣᠲᠤᠨ᠎ᠠ ᠭᠠᠳᠠᠨᠠᠬᠢ ᠮᠣᠩᠭᠤᠯ ᠰᠤᠳᠤᠷ ᠪᠢᠴᠢᠭ ᠴᠤᠭᠯᠠᠭᠤᠯᠵᠤ ᠡᠮᠬᠢᠳᠭᠡᠬᠦ ᠠᠵᠢᠯ ᠢ ᠰᠠᠢᠳᠤᠷ ᠬᠢᠬᠦ ᠬᠡᠷᠡᠭᠲᠡᠢ᠃ ᠳᠥᠷᠪᠡ  ᠳ᠋ᠦ᠍᠂ 《ᠭᠡᠰᠡᠷ》 ᠢ᠋ ᠬᠠᠮᠠᠭᠠᠯᠠᠨ ᠤᠯᠠᠮᠵᠢᠯᠠᠬᠤ ᠠᠵᠢᠯ ᠢ ᠰᠠᠢᠲᠤᠷ ᠬᠢᠬᠦ ᠬᠡᠷᠡᠭᠲᠡᠢ᠃ ᠲᠠᠪᠤ  ᠳ᠋ᠦ᠍᠂ ᠮᠤᠩᠭᠤᠯ ᠰᠤᠳᠤᠷ ᠪᠢᠴᠢᠭ ᠤᠨ ᠲᠣᠭᠠᠵᠢᠭᠤᠯᠤᠨ ᠬᠠᠮᠠᠭᠠᠯᠠᠬᠤ ᠠᠵᠢᠯ ᠢ ᠰᠠᠢᠳᠤᠷ ᠬᠢᠬᠦ ᠬᠡᠷᠡᠭᠲᠡᠢ᠃

ᠬᠤᠷᠠᠯ ᠳᠤ ᠣᠷᠤᠯᠴᠠᠭᠰᠠᠨ ᠲᠥᠯᠦᠭᠡᠯᠡᠭᠴᠢᠳ 《ᠥᠪᠥᠷ ᠮᠣᠩᠭᠤᠯ ᠤᠨ ᠴᠥᠬᠡᠨ ᠲᠣᠭᠠᠲᠤ ᠦᠨᠳᠦᠰᠦᠲᠡᠨ ᠤ ᠰᠤᠳᠤᠷ ᠪᠢᠴᠢᠭ ᠤᠨ ᠠᠵᠢᠯ ᠤᠨ ᠭᠤᠷᠪᠠᠨ ᠵᠢᠯ(2018 — 2020) ᠤᠨ ᠲᠥᠯᠥᠪᠵᠢᠭᠦᠯᠭᠡ》 ᠶᠠᠷᠢᠯᠴᠠᠬᠤ ᠨᠣᠣᠷᠠᠭ) ᠤ᠋ᠨ ᠲᠣᠭᠤᠷᠢᠨ ᠳᠤ ᠶᠠᠷᠢᠯᠴᠠᠭ᠎ᠠ ᠥᠷᠨᠢᠭᠦᠯᠵᠦ᠂ ᠣᠯᠠᠨ ᠪᠦᠲᠦᠭᠡᠯᠴᠢ ᠴᠢᠨᠠᠷᠲᠠᠢ ᠰᠠᠨᠠᠯ ᠵᠥᠪᠯᠡᠯᠭᠡ ᠬᠠᠩᠭᠠᠵᠠᠢ᠃

ᠪᠦᠬᠦ ᠣᠷᠤᠨ ᠤ ᠴᠥᠬᠡᠨ ᠲᠣᠭᠠᠲᠤ ᠦᠨᠳᠦᠰᠦᠲᠡᠨ ᠤ ᠰᠤᠳᠤᠷ ᠪᠢᠴᠢᠭ ᠤᠨ ᠠᠵᠢᠯᠲᠠᠨ ᠲᠤᠰ ᠤᠳᠠᠭᠠᠨ ᠤ᠋ ᠬᠤᠷᠠᠯ ᠤ᠋ᠨ ᠵᠣᠷᠢᠭ ᠰᠠᠨᠠᠭ᠎ᠠ ᠪᠡᠷ ᠤᠳᠤᠷᠢᠳᠤᠮᠵᠢ ᠪᠣᠯᠭᠠᠵᠤ᠂ ᠰᠠᠴᠤᠷᠠᠯᠲᠤ ᠳᠡᠳ᠋ ᠡᠷᠬᠢᠯᠡᠭᠴᠢ ᠶᠢᠨ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠠᠵᠢᠯ ᠤ᠋ᠨ ᠰᠡᠳᠭᠢᠴᠡ ᠪᠠᠨ ᠭᠦᠨᠵᠡᠭᠡᠢᠷᠡᠭᠦᠯᠵᠦ᠂ ᠠᠵᠢᠯ ᠤ᠋ᠨ ᠠᠷᠭ᠎ᠠ ᠠᠪᠴᠢᠯ ᠢ᠋ᠶ᠋ᠡᠨ ᠰᠢᠨᠡᠳᠭᠡᠵᠦ᠂ ᠪᠦᠬᠦ ᠣᠷᠤᠨ ᠤ ᠴᠥᠬᠡᠨ ᠲᠣᠭᠠᠲᠤ ᠦᠨᠳᠦᠰᠦᠲᠡᠨ ᠤ ᠰᠤᠳᠤᠷ ᠪᠢᠴᠢᠭ ᠤᠨ ᠠᠵᠢᠯ ᠢ ᠦᠨᠡᠨ ᠬᠦ ᠰᠠᠢᠲᠤᠷ ᠬᠢᠶ᠎ᠡ ᠭᠡᠵᠦ ᠵᠣᠷᠢᠭ ᠢᠶᠠᠨ ᠢᠯᠡᠳᠭᠡᠪᠡ᠃

 

ᠣᠷᠴᠢᠭᠤᠯᠤᠭᠴᠢ᠄ ᠵᠤᠯᠠᠨ᠎ᠠ

ᠬᠢᠨᠠᠭᠴᠢ᠄ ᠠᠯᠲᠠᠨ᠌ᠣ᠋ᠳᠤ

ᠬᠠᠷᠢᠭᠤᠴᠠᠭᠰᠠᠨ ᠨᠠᠢᠷᠠᠭᠤᠯᠤᠭᠴᠢ᠄ ᠡᠷᠳᠡᠨᠢᠴᠡᠴᠡᠭ

  

 

ᠸᠢᠴᠠᠲ ᠲᠤ ᠪᠠᠨ ᠬᠤᠪᠢᠶᠠᠯᠴᠠᠬᠤ

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )