ᠴᠥᠭᠡᠨ ᠲᠣᠭᠠᠲᠤ ᠦᠨᠳᠦᠰᠦᠲᠡᠨ ᠦ᠌ ᠰᠤᠳᠤᠷ ᠪᠢᠴᠢᠭ ᠪᠣᠯᠤᠨ 《ᠭᠡᠰᠡᠷ》 ᠢ ᠴᠤᠭᠯᠠᠭᠤᠯᠤᠨ ᠡᠮᠬᠢᠳᠭᠡᠵᠦ ᠰᠤᠳᠤᠯᠬᠤ ᠭᠠᠵᠠᠷ ᠤ᠋ᠨ ᠨᠠᠮ ᠤ᠋ᠨ ᠡᠭᠦᠷ ᠠᠩᠬᠠᠳᠤᠭᠠᠷ ᠤᠳᠠᠭᠠᠨ ᠤ᠋ ᠤᠯᠤᠰ ᠲᠥᠷᠦ ᠶ᠋ᠢᠨ ᠡᠭᠡᠯᠵᠢᠲᠦ ᠬᠤᠷᠠᠯ ᠬᠢᠪᠠ
ᠢᠷᠡᠯᠲᠡ᠄ ᠴᠥᠭᠡᠨ ᠲᠣᠭᠠᠲᠤ ᠦᠨᠳᠦᠰᠦᠲᠡᠨ ᠦ᠌ ᠰᠤᠳᠤᠷ ᠪᠢᠴᠢᠭ ᠪᠣᠯᠤᠨ 《ᠭᠡᠰᠡᠷ》 ᠢ ᠴᠤᠭᠯᠠᠭᠤᠯᠤᠨ ᠡᠮᠬᠢᠳᠭᠡᠵᠦ ᠰᠤᠳᠤᠯᠬᠤ ᠭᠠᠵᠠᠷ 
2018.06.29

6 ᠰᠠᠷ᠎ᠠ ᠶ᠋ᠢᠨ 26 ᠤ᠋ ᠡᠳᠦᠷ ᠦ᠋ᠨ ᠦᠳᠡ ᠶ᠋ᠢᠨ ᠬᠣᠢᠨ᠎ᠠ᠂ ᠴᠥᠭᠡᠨ ᠲᠣᠭᠠᠲᠤ ᠦᠨᠳᠦᠰᠦᠲᠡᠨ ᠦ᠌ ᠰᠤᠳᠤᠷ ᠪᠢᠴᠢᠭ ᠪᠣᠯᠤᠨ 《ᠭᠡᠰᠡᠷ》ᠢ᠋ ᠴᠤᠭᠯᠠᠭᠤᠯᠤᠨ ᠡᠮᠬᠢᠳᠭᠡᠵᠦ ᠰᠤᠳᠤᠯᠬᠤ ᠭᠠᠵᠠᠷ ᠤ᠋ᠨ ᠨᠠᠮ ᠤ᠋ᠨ ᠡᠭᠦᠷ ᠠᠩᠬᠠᠳᠤᠭᠠᠷ ᠤᠳᠠᠭᠠᠨ ᠤ᠋  ᠤᠯᠤᠰ ᠲᠥᠷᠦ ᠶ᠋ᠢᠨ ᠡᠭᠡᠯᠵᠢᠲᠦ ᠬᠤᠷᠠᠯ ᠬᠢᠪᠠ᠃

ᠬᠤᠷᠠᠯ ᠳᠡᠭᠡᠷ᠎ᠡ᠂ ᠨᠠᠮ ᠤ᠋ᠨ ᠡᠭᠦᠷ ᠦ᠋ᠨ ᠱᠦᠵᠢ ᠰᠣᠶᠤᠯᠲᠤ ᠨᠥᠬᠦᠷ ᠨᠠᠮ ᠤ᠋ᠨ ᠡᠳᠦᠷ ᠲᠤᠲᠤᠮ ᠤ᠋ᠨ ᠬᠠᠮᠢᠶᠠᠷᠤᠯᠲᠠ ᠲᠠᠢ ᠤᠶᠠᠯᠳᠤᠭᠤᠯᠵᠤ᠂ ᠤᠯᠤᠰ ᠲᠥᠷᠦ ᠶ᠋ᠢᠨ ᠡᠭᠡᠯᠵᠢᠲᠦ ᠬᠤᠷᠠᠯ  ᠢ᠋ ᠬᠡᠷᠬᠢᠨ ᠰᠠᠢᠨ ᠬᠢᠬᠦ ᠲᠤᠬᠠᠢ ᠵᠣᠷᠢᠭ ᠢ᠋ᠶ᠋ᠠᠨ ᠢᠯᠡᠳᠭᠡᠵᠦ᠂ ᠬᠤᠷᠠᠯ ᠤ᠋ᠨ ᠭᠣᠣᠯ ᠵᠣᠷᠢᠯᠲᠠ ᠪᠠ ᠴᠢᠬᠤᠯᠠ ᠴᠢᠨᠠᠷ ᠢ᠋ ᠥᠭᠦᠯᠡᠨ᠂ ᠪᠦᠬᠦ ᠨᠠᠮ ᠤ᠋ᠨ ᠭᠡᠰᠢᠭᠦᠨ ᠳ᠋ᠦ᠍ ᠨᠢᠭᠡᠨ ᠤᠳᠠᠭᠠᠨ ᠤ᠋ ᠲᠥᠪ ᠬᠢᠴᠢᠶᠡᠩᠭᠦᠢ ᠤᠯᠤᠰ ᠲᠥᠷᠦ ᠰᠤᠷᠭᠠᠨ ᠬᠥᠮᠦᠵᠢᠯ ᠦ᠋ᠨ ᠬᠢᠴᠢᠶᠡᠯ ᠣᠷᠤᠵᠠᠢ᠃ ᠤᠯᠤᠰ ᠲᠥᠷᠦ ᠶ᠋ᠢᠨ ᠡᠭᠡᠯᠵᠢᠲᠦ ᠬᠤᠷᠠᠯ ᠤ᠋ᠨ ᠬᠡᠯᠪᠡᠷᠢ ᠪᠠᠷ ᠳᠠᠮᠵᠢᠨ ᠨᠠᠮ ᠤ᠋ᠨ ᠭᠡᠰᠢᠭᠦᠨ ᠳ᠋ᠦ᠍ ᠪᠠᠢᠩᠭᠤ ᠶ᠋ᠢᠨ ᠴᠢᠨᠠᠷᠲᠠᠢ ᠨᠠᠮ ᠤ᠋ᠨ ᠰᠤᠷᠭᠠᠨ ᠬᠥᠮᠦᠵᠢᠯ  ᠬᠢᠵᠦ᠂ ᠰᠢ ᠵᠢᠨ ᠫᠢᠩ ᠦ᠋ᠨ ᠰᠢᠨ᠎ᠡ  ᠴᠠᠭ ᠦᠶ᠎ᠡ ᠶ᠋ᠢᠨ  ᠳᠤᠮᠳᠠᠳᠤ ᠤᠯᠤᠰ ᠤ᠋ᠨ ᠣᠨᠴᠠᠯᠢᠭ ᠪᠦᠬᠦᠢ ᠨᠡᠢᠭᠡᠮ ᠵᠢᠷᠤᠮ ᠤ᠋ᠨ ᠦᠵᠡᠯ  ᠰᠠᠨᠠᠭ᠎ᠠ ᠪᠠᠷ ᠲᠠᠷᠢᠬᠢ ᠲᠣᠯᠤᠭᠠᠢ ᠪᠠᠨ ᠵᠡᠪᠰᠡᠭᠯᠡᠵᠦ᠂ ᠨᠠᠮ ᠤ᠋ᠨ ᠺᠠᠲᠷ ᠤ᠋ᠨ 《ᠳᠥᠷᠪᠡᠨ ᠤᠬᠠᠮᠰᠠᠷ》 ᠢ᠋ ᠪᠦᠷᠢᠯᠳᠦᠭᠦᠯᠦᠨ᠂ ᠦᠢᠯᠡᠳᠦᠯᠭᠡ ᠪᠡᠷ ᠵᠢᠯᠤᠭᠤᠳᠤᠭᠤᠯᠤᠨ᠂ ᠠᠵᠢᠯ  ᠢ᠋ᠶ᠋ᠡᠨ ᠤᠷᠤᠭᠰᠢᠲᠠᠢ ᠲᠦᠯᠬᠢᠨ ᠠᠬᠢᠭᠤᠯᠬᠤ ᠬᠡᠷᠡᠭᠲᠡᠢ ᠭᠡᠵᠦ ᠵᠢᠭᠠᠨ ᠭᠠᠷᠭᠠᠵᠠᠢ᠃ ᠥᠪᠡᠷᠲᠡᠭᠡᠨ ᠵᠠᠰᠠᠬᠤ ᠣᠷᠤᠨ ᠤ᠋ ᠰᠢᠭᠤᠳ ᠬᠠᠷᠢᠶ᠎ᠠ ᠪᠠᠢᠭᠤᠯᠭ᠎ᠠ  ᠶ᠋ᠢᠨ ᠨᠠᠮ ᠤ᠋ᠨ ᠬᠣᠷᠢᠶ᠎ᠠ  ᠪᠠ ᠵᠥᠪᠯᠡᠯ ᠤ᠋ᠨ ᠨᠠᠮ ᠤ᠋ᠨ ᠳᠤᠭᠤᠢᠯᠠᠩ ᠤ᠋ᠨ ᠱᠠᠭᠠᠷᠳᠠᠯᠭ᠎ᠠ ᠶ᠋ᠢ ᠦᠨᠳᠦᠰᠦᠯᠡᠨ᠂ ᠡᠭᠦᠨ ᠡᠴᠡ ᠬᠣᠢᠰᠢ ᠴᠥᠭᠡᠨ ᠲᠣᠭᠠᠲᠤ ᠦᠨᠳᠦᠰᠦᠲᠡᠨ ᠦ᠌ ᠰᠤᠳᠤᠷ ᠪᠢᠴᠢᠭ ᠪᠣᠯᠤᠨ 《ᠭᠡᠰᠡᠷ》 ᠢ᠋ ᠴᠤᠭᠯᠠᠭᠤᠯᠤᠨ ᠡᠮᠬᠢᠳᠭᠡᠵᠦ ᠰᠤᠳᠤᠯᠬᠤ ᠭᠠᠵᠠᠷ ᠤ᠋ᠨ ᠨᠠᠮ ᠤ᠋ᠨ ᠡᠭᠦᠷ ᠰᠠᠷ᠎ᠠ ᠪᠣᠯᠭᠠᠨ ᠤ᠋ ᠡᠬᠢᠨ ᠳ᠋ᠦ᠍ ᠤᠯᠤᠰ ᠲᠥᠷᠦ ᠶ᠋ᠢᠨ ᠡᠭᠡᠯᠵᠢᠲᠦ ᠬᠤᠷᠠᠯ ᠬᠢᠵᠦ᠂  ᠭᠣᠣᠯᠳᠠᠭᠤ ᠲᠥᠪ ᠬᠣᠷᠢᠶᠠᠨ ᠤ᠋ ᠂ ᠣᠨᠴᠠᠭᠠᠢᠯᠠᠨ ᠰᠢ ᠵᠢᠨ ᠫᠢᠩ  ᠶᠡᠷᠦᠩᠬᠡᠢ ᠱᠦᠵᠢ ᠶ᠋ᠢᠨ ᠪᠦᠬᠦ ᠲᠠᠯ᠎ᠠ ᠶ᠋ᠢᠨ ᠠᠵᠢᠯ  ᠤ᠋ᠨ ᠰᠢᠢᠳᠪᠦᠷᠢᠲᠦ ᠲᠣᠬᠢᠷᠠᠭᠤᠯᠤᠯᠲᠠ ᠪᠠ ᠵᠢᠭᠠᠪᠤᠷᠢ ᠶ᠋ᠢᠨ ᠵᠣᠷᠢᠭ ᠰᠠᠨᠠᠭ᠎ᠠ ᠶ᠋ᠢ ᠰᠤᠷᠤᠯᠴᠠᠨ᠂ ᠨᠠᠮ ᠤ᠋ᠨ ᠭᠡᠰᠢᠭᠦᠳ ᠦ᠋ᠨ ᠨᠠᠮ ᠤ᠋ᠨ ᠤᠯᠤᠰ ᠲᠥᠷᠦ ᠶ᠋ᠢᠨ ᠰᠤᠷᠭᠠᠨ ᠬᠥᠮᠦᠵᠢᠯ ᠢ᠋ ᠴᠢᠩᠭᠠᠳᠭᠠᠨ᠎ᠠ᠃ ᠪᠣᠳᠠᠲᠠᠢ ᠪᠠᠢᠳᠠᠯ ᠢ᠋ ᠦᠨᠳᠦᠰᠦᠯᠡᠨ ᠠᠵᠢᠯ  ᠤ᠋ᠨ ᠠᠬᠢᠴᠠ ᠳ᠋ᠤ᠌ ᠰᠣᠯᠢᠯᠴᠠᠭ᠎ᠠ ᠰᠤᠳᠤᠯᠭ᠎ᠠ ᠬᠢᠬᠦ ᠶ᠋ᠢ ᠠᠬᠢᠭᠤᠯᠵᠦ᠂ ᠨᠠᠮ ᠤ᠋ᠨ ᠭᠡᠰᠢᠭᠦᠳ ᠦ᠋ᠨ ᠰᠠᠬᠢᠯᠭ᠎ᠠ ᠪᠠᠲᠤ ᠵᠡᠷᠭᠡ ᠠᠭᠤᠯᠭ᠎ᠠ ᠪᠣᠯᠤᠨ ᠨᠠᠮ ᠤ᠋ᠨ ᠭᠡᠰᠢᠭᠦᠨ ᠤ᠋ ᠬᠢᠨᠠᠯᠲᠠ ᠬᠠᠮᠢᠶᠠᠷᠤᠯᠲᠠ  ᠪᠠᠨ ᠴᠢᠩᠭᠠᠳᠭᠠᠨ᠎ᠠ᠃ ᠡᠭᠦᠷ ᠤ᠋ᠨ ᠵᠥᠪᠯᠡᠯ ᠤ᠋ᠨ ᠭᠡᠰᠢᠭᠦᠨ ᠡᠭᠡᠯᠵᠢᠯᠡᠨ ᠵᠣᠬᠢᠶᠠᠨ ᠪᠠᠢᠭᠤᠯᠵᠤ᠂ ᠦᠨᠳᠦᠰᠦᠨ ᠱᠠᠲᠤᠨ ᠤ᠋ ᠨᠠᠮ ᠤ᠋ᠨ ᠡᠭᠦᠷ ᠦ᠋ᠨ ᠦᠢᠯᠡᠳᠦᠯ ᠢ᠋ ᠭᠦᠢᠴᠡᠳ ᠪᠠᠳᠠᠷᠠᠭᠤᠯᠤᠨ᠂ ᠤᠯᠤᠰ ᠲᠥᠷᠦ ᠶ᠋ᠢᠨ ᠪᠣᠭᠤᠮᠲᠠ ᠶ᠋ᠢ ᠴᠢᠩᠭ᠎ᠠ ᠰᠠᠬᠢᠬᠤ ᠬᠡᠷᠡᠭᠲᠡᠢ ᠭᠡᠵᠦ ᠱᠠᠭᠠᠷᠳᠠᠵᠠᠢ᠃

ᠬᠤᠷᠠᠯ ᠳᠡᠭᠡᠷ᠎ᠡ᠂ ᠤᠬᠠᠭᠤᠯᠬᠤ ᠭᠡᠰᠢᠭᠦᠨ ᠡᠴᠡ ᠰᠢ ᠵᠢᠨ ᠫᠢᠩ ᠶᠡᠷᠦᠩᠬᠡᠢ ᠱᠦᠵᠢ ᠶ᠋ᠢᠨ ᠲᠥᠪ ᠬᠣᠷᠢᠶᠠᠨ ᠤ᠋ ᠭᠠᠳᠠᠭᠠᠳᠤ ᠶᠠᠪᠤᠳᠠᠯ ᠤ᠋ᠨ ᠬᠤᠷᠠᠯ ᠳ᠋ᠠᠬᠢ ᠴᠢᠬᠤᠯᠠ ᠶᠠᠷᠢᠶ᠎ᠠ ᠶ᠋ᠢ ᠳᠠᠮᠵᠢᠭᠤᠯᠪᠠ᠃

 

ᠣᠷᠴᠢᠭᠤᠯᠤᠭᠴᠢ᠄ ᠡᠷᠳᠡᠨᠢᠴᠡᠴᠡᠭ

ᠬᠢᠨᠠᠭᠴᠢ᠄ ᠠᠯᠲᠠᠨ᠌ᠣ᠋ᠳᠤ

ᠬᠠᠷᠢᠭᠤᠴᠠᠭᠰᠠᠨ ᠨᠠᠢᠷᠠᠭᠤᠯᠤᠭᠴᠢ᠄ ᠡᠷᠳᠡᠨᠢᠴᠡᠴᠡᠭ

ᠸᠢᠴᠠᠲ ᠲᠤ ᠪᠠᠨ ᠬᠤᠪᠢᠶᠠᠯᠴᠠᠬᠤ

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )