ᠠᠵᠢᠯ ᠤᠨ ᠪᠠᠢᠭᠤᠯᠤᠮᠵᠢ

 

ᠮᠣᠩᠭᠤᠯ ᠬᠡᠯᠡ ᠪᠢᠴᠢᠭ ᠤᠨ ᠡᠷᠳᠡᠮ ᠰᠢᠨᠵᠢᠯᠡᠭᠡᠨ ᠤ ᠬᠠᠮᠢᠶᠠᠷᠤᠯᠳᠠ ᠶᠢᠨ ᠭᠠᠵᠠᠷ

 

ᠮᠣᠩᠭᠤᠯ ᠬᠡᠯᠡ ᠪᠢᠴᠢᠭ ᠤᠨ ᠰᠤᠳᠤᠯᠭ᠎ᠠ ᠰᠢᠨᠵᠢᠯᠡᠭᠡ ᠶᠢ ᠵᠤᠬᠢᠶᠠᠨ ᠪᠠᠢᠭᠤᠯᠵᠤ ᠵᠣᠬᠢᠴᠠᠭᠤᠯᠬᠤ ᠠᠵᠢᠯ ᠪᠠ ᠬᠠᠮᠢᠶᠠᠷᠬᠤ ᠠᠵᠢᠯ ᠢ ᠬᠠᠷᠢᠭᠤᠴᠠᠨ᠎ᠠ;ᠮᠣᠩᠭᠤᠯ ᠬᠡᠯᠡ ᠪᠢᠴᠢᠭ ᠤᠨ ᠮᠡᠳᠡᠭᠡ ᠵᠠᠩᠭᠢᠵᠢᠭᠤᠯᠤᠯᠲᠠ᠂ ᠳᠦᠷᠢᠮᠵᠢᠭᠦᠯᠦᠯᠲᠡ᠂ ᠪᠠᠷᠢᠮᠵᠢᠶᠠᠵᠢᠭᠤᠯᠤᠯᠲᠠ ᠶᠢᠨ ᠠᠵᠢᠯ ᠢ ᠬᠠᠷᠢᠭᠤᠴᠠᠨ ᠵᠣᠬᠢᠶᠠᠨ ᠪᠠᠢᠭᠤᠯᠤᠨ᠎ᠠ; ᠮᠣᠩᠭᠤᠯ ᠬᠡᠯᠡ ᠪᠢᠴᠢᠭ ᠤᠨ ᠰᠤᠳᠤᠯᠭ᠎ᠠ ᠰᠢᠨᠵᠢᠯᠡᠭᠡᠨ ᠤ ᠠᠵᠢᠯ ᠤᠨ ᠪᠠᠢᠳᠠᠯ ᠢ ᠶᠡᠷᠦᠩᠬᠡᠢ ᠳᠤ ᠨᠢ ᠡᠵᠡᠮᠰᠢᠵᠦ᠂ ᠪᠤᠳᠠᠳᠠᠢ ᠠᠵᠢᠯ ᠤᠨ ᠰᠠᠨᠠᠭᠤᠯᠭ᠎ᠠ ᠳᠤᠷᠠᠳᠴᠤ᠂ ᠮᠣᠩᠭᠤᠯ ᠬᠡᠯᠡ ᠪᠢᠴᠢᠭ ᠤᠨ ᠰᠤᠳᠤᠯᠭ᠎ᠠ ᠰᠢᠨᠵᠢᠯᠡᠭᠡ ᠬᠡᠷᠡᠭᠯᠡᠭᠡᠨ ᠢ᠋ ᠳᠡᠯᠭᠡᠷᠡᠭᠦᠯᠬᠦ ᠠᠵᠢᠯ ᠢ ᠬᠠᠷᠢᠭᠤᠴᠠᠨ᠎ᠠ; ᠤᠯᠤᠰ ᠤᠨ ᠬᠡᠯᠡ ᠪᠢᠴᠢᠭ ᠤᠨ ᠵᠦᠪᠯᠡᠯ ᠤᠨ ᠨᠠᠢᠳᠠᠵᠤ ᠳᠠᠭᠠᠭᠠᠯᠭᠠᠭᠰᠠᠨ ᠪᠤᠰᠤᠳ ᠠᠵᠢᠯ ᠢ ᠬᠠᠷᠢᠭᠤᠴᠠᠨ ᠪᠡᠶᠡᠯᠡᠭᠦᠯᠦᠨ᠎ᠡ᠃

         ᠤᠳᠠᠰᠤ᠄ 0471 ---6945429

 

ᠦᠨᠳᠦᠰᠦᠳᠡᠨ ᠤ ᠬᠡᠯᠡ ᠪᠢᠴᠢᠭ ᠤᠨ ᠭᠠᠵᠠᠷ

 

ᠤᠯᠤᠰ ᠪᠠ ᠦᠪᠡᠷᠳᠡᠭᠡᠨ ᠵᠠᠰᠠᠬᠤ ᠣᠷᠣᠨ ᠤ ᠴᠦᠬᠡᠨ ᠲᠤᠭᠠᠳᠤ ᠦᠨᠳᠦᠰᠦᠳᠡᠨ ᠤ ᠬᠡᠯᠡ ᠪᠢᠴᠢᠭ ᠤᠨ ᠠᠵᠢᠯ ᠤ᠋ᠨ ᠲᠤᠬᠠᠢ ᠲᠦᠷᠦ ᠶᠢᠨ ᠪᠣᠳᠣᠯᠭ᠎ᠠ᠂ ᠬᠠᠤᠯᠢ ᠳᠦᠷᠢᠮ ᠢ ᠲᠤᠭᠤᠰᠢᠯᠠᠭᠤᠯᠤᠨ ᠨᠠᠢᠳᠠᠪᠤᠷᠢᠵᠢᠭᠤᠯᠤᠨ᠎ᠠ;ᠦᠪᠡᠷᠳᠡᠭᠡᠨ ᠵᠠᠰᠠᠬᠤ ᠣᠷᠣᠨ ᠤ ᠮᠣᠩᠭᠤᠯ ᠬᠡᠯᠡ ᠪᠢᠴᠢᠭ  ᠢ᠋ ᠰᠤᠷᠬᠤ᠂ ᠬᠡᠷᠡᠭᠯᠡᠬᠦ᠂ ᠰᠤᠳᠤᠯᠬᠤ ᠪᠠ ᠬᠥᠭᠵᠢᠭᠦᠯᠬᠦ ᠠᠵᠢᠯ ᠢ ᠵᠢᠯᠤᠭᠤᠳᠤᠨ᠎ᠠ; ᠦᠪᠡᠷᠳᠡᠭᠡᠨ ᠵᠠᠰᠠᠬᠤ ᠣᠷᠣᠨ ᠤ ᠦᠨᠳᠦᠰᠦᠳᠡᠨ ᠤ ᠬᠡᠯᠡ ᠪᠢᠴᠢᠭ ᠤᠨ ᠠᠵᠢᠯ ᠤᠨ ᠲᠦᠯᠦᠪᠵᠢᠭᠦᠯᠭᠡ ᠪᠠ ᠠᠷᠭ᠎ᠠ ᠠᠪᠴᠠᠯ ᠢ᠋ ᠲᠤᠭᠳᠠᠭᠠᠬᠤ ᠪᠠ ᠬᠡᠷᠡᠭᠵᠢᠬᠦᠯᠬᠦ ᠶᠢ ᠬᠠᠷᠢᠭᠤᠴᠠᠨ ᠵᠣᠬᠢᠶᠠᠨ ᠪᠠᠢᠭᠤᠯᠤᠨ᠎ᠠ; ᠴᠦᠬᠡᠨ ᠲᠣᠭᠠᠳᠤ ᠦᠨᠳᠦᠰᠦᠳᠡᠨ ᠤ ᠬᠡᠯᠡ ᠪᠢᠴᠢᠭ ᠤᠨ ᠲᠦᠷᠦ ᠶᠢᠨ ᠪᠣᠳᠣᠯᠭ᠎ᠠ᠂ ᠬᠠᠤᠯᠢ ᠳᠦᠷᠢᠮ ᠤᠨ ᠲᠤᠬᠠᠢ  ᠰᠤᠳᠤᠯᠭ᠎ᠠ ᠰᠢᠨᠵᠢᠯᠡᠭᠡ ᠶᠢ ᠵᠤᠬᠢᠶᠠᠨ ᠪᠠᠢᠭᠤᠯᠤᠨ ᠥᠷᠨᠢᠭᠦᠯᠵᠦ᠂ ᠲᠦᠷᠦ ᠶᠢᠨ  ᠪᠣᠳᠤᠯᠭᠠᠴᠢ ᠰᠠᠨᠠᠯ ᠲᠤᠷᠠᠳᠤᠨ᠎ᠠ ; ᠬᠣᠯᠪᠤᠭᠳᠠᠯ ᠪᠦᠬᠦᠢ ᠰᠠᠯᠠᠭ᠎ᠠ ᠮᠦᠴᠢᠷ ᠲᠠᠢ ᠬᠠᠮᠵᠢᠯᠴᠠᠵᠤ ᠦᠨᠳᠦᠰᠦᠳᠡᠨ ᠤ ᠬᠡᠯᠡ ᠪᠢᠴᠢᠭ ᠤᠨ ᠲᠦᠷᠦ ᠶᠢᠨ ᠪᠣᠳᠣᠯᠭ᠎ᠠ ᠶᠢ ᠲᠤᠭᠤᠰᠢᠯᠠᠭᠤᠯᠤᠨ ᠨᠠᠢᠳᠠᠪᠤᠷᠢᠵᠢᠭᠤᠯᠵᠤ ᠪᠠᠢᠭ᠎ᠠ ᠪᠠᠢᠳᠠᠯ ᠢ ᠬᠢᠨᠠᠯᠲᠠ ᠲᠠᠯᠪᠢᠬᠤ ᠂ ᠪᠠᠢᠴᠠᠭᠠᠬᠤ ᠠᠵᠢᠯ ᠢ ᠰᠠᠢᠲᠤᠷ ᠬᠢᠨ᠎ᠡ ; ᠮᠣᠩᠭᠤᠯ ᠬᠡᠯᠡ ᠪᠢᠴᠢᠭ ᠤᠨ ᠠᠵᠢᠯ ᠤᠨ ᠱᠠᠩᠨᠠᠯ ᠬᠦᠬᠢᠭᠦᠯᠦᠯ ᠤᠨ ᠠᠵᠢᠯᠯᠠᠭ᠎ᠠ ᠶᠢ ᠬᠠᠷᠢᠭᠤᠴᠠᠨ ᠪᠡᠶᠡᠯᠡᠭᠦᠯᠦᠨ᠎ᠡ᠃

       ᠤᠳᠠᠰᠤ᠄ 0471---6946290

 

ᠮᠣᠩᠭᠤᠯ ᠬᠡᠯᠡ ᠪᠢᠴᠢᠭ ᠤᠨ ᠮᠡᠳᠡᠭᠡ ᠵᠠᠩᠭᠢᠵᠢᠯᠲᠠ ᠶᠢᠨ ᠬᠠᠮᠢᠶᠠᠷᠤᠯᠳᠠ ᠶᠢᠨ ᠭᠠᠵᠠᠷ

 

ᠭᠤᠣᠯ ᠡᠭᠦᠷᠭᠡ᠄ ᠪᠦᠬᠦ ᠣᠷᠣᠨ ᠤ ᠮᠣᠩᠭᠤᠯ ᠬᠡᠯᠡ ᠪᠢᠴᠢᠭ ᠤᠨ ᠮᠡᠳᠡᠭᠡ ᠵᠠᠩᠭᠢᠵᠢᠯᠲᠠ  ᠶ᠋ᠢ ᠳᠡᠯᠭᠡᠷᠡᠭᠦᠯᠬᠦ ᠠᠵᠢᠯ ᠢ  ᠬᠠᠷᠢᠭᠤᠴᠠᠨ ᠵᠢᠯᠤᠭᠤᠳᠴᠤ᠂ ᠮᠣᠩᠭᠤᠯ ᠬᠡᠯᠡ ᠪᠢᠴᠢᠭ ᠤᠨ ᠮᠡᠳᠡᠭᠡ ᠵᠠᠩᠭᠢᠵᠢᠯᠲᠠ ᠶ᠋ᠢ  ᠬᠥᠭᠵᠢᠭᠦᠯᠬᠦ ᠲᠦᠷᠦ ᠶᠢᠨ ᠪᠣᠳᠣᠯᠭ᠎ᠠ᠂ ᠲᠦᠯᠦᠪᠵᠢᠭᠦᠯᠭᠡ ᠪᠣᠯᠣᠨ ᠠᠷᠭ᠎ᠠ ᠠᠪᠴᠠᠯ ᠢ᠋ ᠰᠣᠳᠣᠯᠣᠨ ᠳᠤᠷᠠᠳᠬᠤ ᠪᠥᠭᠡᠳ ᠵᠤᠬᠢᠶᠠᠨ ᠪᠠᠢᠭᠤᠯᠵᠤ ᠬᠡᠷᠡᠭᠵᠢᠭᠦᠯᠦᠨ᠎ᠡ ; ᠮᠣᠩᠭᠤᠯ ᠬᠡᠯᠡ ᠪᠢᠴᠢᠭ ᠤᠨ ᠮᠡᠳᠡᠭᠡ ᠵᠠᠩᠭᠢᠵᠢᠯᠲᠠ ᠶᠢᠨ ᠪᠠᠢᠭᠤᠯᠤᠯᠲᠠ  ᠳ᠋ᠠᠬᠢ  ᠭᠤᠣᠯ ᠴᠢᠬᠤᠯᠠ ᠠᠰᠠᠭᠤᠳᠠᠯ ᠤᠳ ᠢ ᠵᠣᠬᠢᠴᠠᠭᠤᠯᠤᠨ᠎ᠠ ; ᠮᠣᠩᠭᠤᠯ ᠬᠡᠯᠡ ᠪᠢᠴᠢᠭ ᠤᠨ ᠮᠡᠳᠡᠭᠡ  ᠵᠠᠩᠭᠢ ᠶᠢᠨ ᠡᠬᠢ  ᠪᠠᠶᠠᠯᠢᠭ ᠢ᠋ ᠨᠡᠭᠡᠭᠡᠬᠦ ᠂ ᠠᠰᠢᠭᠯᠠᠬᠤ  ᠪᠠ ᠬᠠᠮᠳᠤ ᠪᠠᠷ ᠡᠳ᠋ᠯᠡᠬᠦ ᠠᠵᠢᠯ ᠢ  ᠵᠣᠬᠢᠶᠠᠨ ᠪᠠᠢᠭᠤᠯᠤᠨ ᠠᠬᠢᠭᠤᠯᠵᠤ᠂ ᠮᠣᠩᠭᠤᠯ ᠬᠡᠯᠡ ᠪᠢᠴᠢᠭ ᠤᠨ ᠮᠡᠳᠡᠭᠡ ᠵᠠᠩᠭᠢ ᠶᠢᠨ ᠮᠡᠷᠭᠡᠵᠢᠯ ᠤᠨ  ᠰᠤᠳᠤᠯᠭᠠᠨ ᠪᠠ  ᠲᠦᠭᠡᠮᠡᠯᠵᠢᠯᠲᠡ  ᠬᠡᠷᠡᠭᠯᠡᠭᠡᠨ ᠢ᠋  ᠵᠢᠯᠤᠭᠤᠳᠤᠨ ᠠᠬᠢᠭᠤᠯᠤᠨ᠎ᠠ ; ᠮᠣᠩᠭᠤᠯ ᠬᠡᠯᠡ ᠪᠢᠴᠢᠭ ᠤᠨ ᠮᠡᠳᠡᠭᠡ  ᠵᠠᠩᠭᠢ ᠶᠢᠨ ᠮᠡᠷᠭᠡᠵᠢᠯ ᠢ ᠰᠣᠳᠣᠯᠣᠨ ᠨᠡᠭᠡᠭᠡᠬᠦ ᠰᠠᠭᠤᠷᠢᠨ ᠭᠠᠵᠠᠷ ᠤᠨ ᠪᠠᠢᠭᠤᠯᠤᠯᠲᠠ ᠪᠠ ᠠᠵᠤ  ᠦᠢᠯᠡᠰᠵᠢᠭᠦᠯᠬᠦ ᠬᠦᠭᠵᠢᠯᠲᠡ ᠶᠢ ᠠᠬᠢᠭᠤᠯᠤᠨ᠎ᠠ; ᠦᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠬᠡᠯᠡ ᠪᠢᠴᠢᠭ ᠤᠨ ᠮᠡᠳᠡᠭᠡ ᠵᠠᠩᠭᠢᠵᠢᠯᠲᠠ ᠶᠢᠨ ᠤᠳᠤᠷᠢᠳᠬᠤ ᠳᠤᠭᠤᠢᠯᠠᠩ ᠤᠨ ᠠᠯᠪᠠᠨ ᠭᠡᠷ ᠤᠨ ᠡᠳᠦᠷ ᠲᠤᠳᠤᠮ ᠤᠨ ᠠᠵᠢᠯ ᠢ  ᠳᠠᠭᠠᠭᠠᠴᠢᠯᠠᠨ ᠬᠢᠨ᠎ᠡ᠃

     ᠤᠳᠠᠰᠤ᠄ 0471---6946319

 

ᠨᠠᠢ᠍ᠮᠠᠨ ᠮᠤᠵᠢ ᠣᠷᠣᠨ ᠤ ᠮᠣᠩᠭᠤᠯ ᠬᠡᠯᠡ ᠪᠢᠴᠢᠭ ᠤᠨ ᠠᠵᠢᠯ ᠤᠨ ᠬᠠᠮᠵᠢᠯᠴᠠᠬᠤ ᠭᠠᠵᠠᠷ

 

ᠨᠠᠢ᠍ᠮᠠᠨ ᠮᠤᠵᠢ ᠣᠷᠣᠨ ᠤ ᠮᠣᠩᠭᠤᠯ ᠬᠡᠯᠡ ᠪᠢᠴᠢᠭ ᠤᠨ ᠠᠵᠢᠯ ᠤᠨ ᠬᠠᠮᠵᠢᠯᠴᠠᠬᠤ ᠳᠤᠭᠤᠢᠯᠠᠩ ᠤᠨ ᠠᠯᠪᠠᠨ ᠭᠡᠷ ᠤᠨ ᠡᠳᠦᠷ ᠲᠤᠲᠤᠮ ᠤᠨ ᠠᠵᠢᠯ ᠢ ᠳᠠᠭᠠᠭᠠᠴᠢᠯᠠᠨ᠎ᠠ; ᠨᠠᠢ᠍ᠮᠠᠨ ᠮᠤᠵᠢ ᠣᠷᠣᠨ ᠤ ᠦᠨᠳᠦᠰᠦᠳᠡᠨ ᠤ ᠰᠤᠷᠭᠠᠨ ᠬᠦᠮᠦᠵᠢᠯ᠂ ᠦᠨᠳᠦᠰᠦᠳᠡᠨ ᠤ ᠰᠤᠶᠤᠯ ᠤᠷᠠᠯᠢᠭ᠂ ᠮᠣᠩᠭᠤᠯ ᠰᠣᠨᠢᠨ ᠮᠡᠳᠡᠭᠡ ᠬᠡᠪᠯᠡᠯ᠂ ᠷᠠᠳᠢᠣ᠋ ᠺᠢᠨᠣ᠋ ᠲᠧᠯᠸᠢᠰ᠂ ᠦᠨᠳᠦᠰᠦᠳᠡᠨ ᠤ ᠡᠷᠲᠡᠨ ᠤ᠋ ᠨᠣᠮ ᠪᠢᠴᠢᠭ᠂ ᠮᠣᠩᠭᠤᠯ ᠡᠮ ᠡᠮᠨᠡᠯᠭᠡ᠂ ᠡᠷᠳᠡᠮ ᠰᠢᠨᠵᠢᠯᠡᠭᠡᠨ ᠵᠡᠷᠭᠡ ᠮᠣᠩᠭᠤᠯ ᠬᠡᠯᠡ ᠪᠢᠴᠢᠭ ᠤᠨ ᠬᠠᠮᠵᠢᠯᠴᠠᠬᠤ ᠠᠵᠢᠯ ᠢ ᠬᠠᠷᠢᠭᠤᠴᠠᠨ᠎ᠠ ; ᠨᠠᠢ᠍ᠮᠠᠨ ᠮᠤᠵᠢ ᠣᠷᠣᠨ ᠤ ᠮᠣᠩᠭᠤᠯ ᠬᠡᠯᠡ ᠪᠢᠴᠢᠭ ᠤᠨ ᠠᠵᠢᠯ ᠤᠨ ᠬᠠᠮᠵᠢᠯᠴᠠᠬᠤ ᠳᠤᠭᠤᠢᠯᠠᠩ ᠤᠨ ᠲᠤᠰᠬᠠᠢ ᠲᠥᠷᠦᠯ ᠤ᠋ᠨ ᠵᠠᠷᠤᠳᠠᠯ ᠢ ᠬᠠᠮᠢᠶᠠᠷᠤᠨ᠎ᠠ ; ᠬᠣᠯᠪᠤᠭᠳᠠᠬᠤ ᠭᠠᠵᠠᠷ ᠲᠠᠰᠤᠭ ᠲᠤ᠌ ᠬᠠᠪᠰᠤᠷᠤᠨ ᠨᠠᠢ᠍ᠮᠠᠨ ᠮᠤᠵᠢ ᠣᠷᠣᠨ ᠤ ᠬᠠᠮᠵᠢᠯᠴᠠᠬᠤ ᠳᠤᠭᠤᠢᠯᠠᠩ  ᠤ᠋ᠨ ᠦᠢᠯᠡᠴᠢᠯᠡᠭᠡᠨ ᠤ ᠲᠦᠪ ᠢ ᠬᠠᠮᠢᠶᠠᠷᠤᠨ᠎ᠠ᠃

     ᠤᠳᠠᠰᠤ᠄ 0471---6945718

 

ᠴᠦᠬᠡᠨ ᠲᠤᠭᠠᠳᠤ ᠦᠨᠳᠦᠰᠦᠳᠡᠨ ᠤ ᠰᠣᠳᠣᠷ  ᠪᠢᠴᠢᠭ ᠪᠤᠯᠤᠨ 《 ᠭᠡᠰᠡᠷ 》 ᠢ ᠴᠤᠭᠯᠠᠭᠤᠯᠤᠨ ᠡᠮᠬᠢᠳᠭᠡᠵᠦ ᠰᠤᠳᠤᠯᠬᠤ ᠭᠠᠵᠠᠷ

 

ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠴᠦᠭᠡᠨ ᠲᠤᠭᠠᠳᠤ ᠦᠨᠳᠦᠰᠦᠳᠡᠨ ᠤ ᠰᠤᠳᠤᠷ ᠪᠢᠴᠢᠭ ᠪᠤᠯᠤᠨ 《 ᠭᠡᠰᠡᠷ 》 ᠢ ᠴᠤᠭᠯᠠᠭᠤᠯᠤᠨ ᠡᠮᠬᠢᠳᠭᠡᠵᠦ ᠰᠤᠳᠤᠯᠬᠤ ᠭᠠᠵᠠᠷ ᠪᠣᠯ  ᠥᠪᠡᠷᠲᠡᠭᠡᠨ ᠵᠠᠰᠠᠬᠤ ᠣᠷᠤᠨ ᠤ᠋ ᠦᠨᠳᠦᠰᠦᠳᠡᠨ ᠤ ᠬᠡᠷᠡᠭ ᠡᠷᠬᠢᠯᠡᠬᠦ ᠵᠦᠪᠯᠡᠯ ᠤᠨ ᠬᠠᠷᠢᠶᠠᠨ ᠤ᠋ ᠠᠯᠪᠠᠳᠠᠨ ᠤ ᠬᠠᠤᠯᠢ  ᠪᠡᠷ ᠬᠠᠮᠢᠶᠠᠷᠬᠤ ᠭᠠᠵᠠᠷ ᠤᠨ ᠲᠡᠰ ᠤᠨ ᠠᠵᠢᠯ ᠦᠢᠯᠡᠰ ᠤᠨ ᠨᠢᠭᠡᠴᠢ  ᠮᠥᠨ᠃

ᠭᠤᠣᠯ ᠡᠭᠦᠷᠭᠡ ᠪᠣᠯ᠄ ᠪᠦᠬᠦ ᠣᠷᠣᠨ  ᠪᠠ ᠨᠠᠢ᠍ᠮᠠᠨ ᠮᠤᠵᠢ ᠣᠷᠣᠨ ᠤ ᠮᠣᠩᠭᠤᠯ᠂ ᠳᠠᠭᠤᠷ᠂ ᠡᠸᠡᠩᠬᠢ᠂ ᠣᠷᠴᠣᠨ ᠵᠡᠷᠭᠡ ᠦᠨᠳᠦᠰᠦᠳᠡᠨ ᠤ ᠰᠣᠳᠣᠷ ᠪᠢᠴᠢᠭ ᠪᠣᠯᠣᠨ 《 ᠭᠡᠰᠡᠷ 》 ᠢ ᠠᠪᠤᠷᠠᠬᠤ᠂ ᠡᠮᠬᠢᠳᠭᠡᠬᠦ᠂ ᠬᠠᠮᠠᠭᠠᠯᠠᠬᠤ ᠠᠵᠢᠯ ᠢ ᠨᠢᠬᠡᠳᠦᠯᠳᠡᠢ ᠲᠦᠯᠦᠪᠯᠡᠵᠦ ᠬᠠᠷᠢᠭᠤᠴᠠᠨ᠎ᠠ; ᠪᠦᠬᠦ ᠣᠷᠣᠨ ᠤ  ᠴᠦᠬᠡᠨ ᠲᠣᠭᠠᠳᠤ ᠦᠨᠳᠦᠰᠦᠳᠡᠨ ᠤ ᠰᠣᠳᠣᠷ ᠪᠢᠴᠢᠭ ᠪᠣᠯᠣᠨ 《 ᠭᠡᠰᠡᠷ 》 ᠢ ᠠᠪᠤᠷᠠᠬᠤ᠂ ᠬᠠᠮᠠᠭᠠᠯᠠᠬᠤ᠂ ᠡᠮᠬᠢᠳᠭᠡᠬᠦ᠂ ᠣᠷᠴᠢᠭᠤᠯᠬᠤ᠂ ᠰᠣᠳᠣᠯᠬᠤ᠂ ᠬᠡᠪᠯᠡᠬᠦᠯᠬᠦ ᠠᠵᠢᠯ ᠢ ᠵᠤᠬᠢᠶᠠᠨ ᠪᠠᠢᠭᠤᠯᠵᠤ᠂ ᠬᠠᠷᠢᠯᠴᠠᠵᠤ᠂ ᠵᠣᠬᠢᠴᠠᠭᠤᠯᠬᠤ ᠠᠵᠢᠯ ᠢ ᠬᠢᠨ᠎ᠡ; ᠤᠯᠤᠰ ᠤ᠋ᠨ ᠪᠠ ᠦᠪᠡᠷᠳᠡᠭᠡᠨ ᠵᠠᠰᠠᠬᠤ ᠣᠷᠣᠨ ᠤ ᠪᠠᠢᠷᠢᠯᠠᠭᠤᠯᠤᠭᠰᠠᠨ ᠴᠦᠬᠡᠨ ᠲᠣᠭᠠᠳᠤ ᠦᠨᠳᠦᠰᠦᠳᠡᠨ ᠤ ᠰᠣᠳᠣᠷ ᠪᠢᠴᠢᠭ ᠪᠣᠯᠣᠨ 《 ᠭᠡᠰᠡᠷ 》 ᠤᠨ ᠭᠣᠣᠯᠳᠠᠯᠭ᠎ᠠ  ᠲᠠᠢ ᠲᠦᠷᠦᠯ ᠵᠦᠢᠯ ᠢ ᠭᠦᠢᠴᠡᠳᠭᠡᠨ᠎ᠡ᠃

      ᠤᠳᠠᠰᠤ᠄ 0471---6946076

 

《ᠮᠣᠩᠭᠤᠯ ᠬᠡᠯᠡ ᠪᠢᠴᠢᠭ 》 ᠰᠡᠳᠭᠦᠯ ᠤᠨ ᠬᠤᠷᠢᠶ᠎ᠠ

 

《ᠮᠣᠩᠭᠤᠯ ᠬᠡᠯᠡ ᠪᠢᠴᠢᠭ 》 ᠰᠡᠳᠭᠦᠯ ᠢ ᠨᠠᠢᠷᠠᠭᠤᠯᠤᠨ ᠬᠡᠪᠯᠡᠭᠦᠯᠬᠦ ᠪᠠᠷ ᠳᠠᠮᠵᠢᠭᠤᠯᠤᠨ ᠨᠠᠮ ᠪᠠ ᠤᠯᠤᠰ ᠤᠨ ᠦᠨᠳᠦᠰᠦᠳᠡᠨ ᠤ ᠲᠤᠬᠠᠢ ᠲᠦᠷᠦ ᠶᠢᠨ ᠪᠣᠳᠣᠯᠭ᠎ᠠ᠂ ᠦᠨᠳᠦᠰᠦᠳᠡᠨ ᠤ ᠬᠡᠯᠡ ᠪᠢᠴᠢᠭ ᠤᠨ ᠲᠤᠬᠠᠢ ᠲᠦᠷᠦ ᠶᠢᠨ ᠪᠣᠳᠣᠯᠭ᠎ᠠ ᠪᠣᠯᠣᠨ ᠬᠠᠤᠯᠢ ᠳᠦᠷᠢᠮ ᠢ ᠤᠬᠠᠭᠤᠯᠤᠨ ᠲᠤᠭᠤᠰᠢᠯᠠᠭᠤᠯᠤᠨ᠎ᠠ ; ᠮᠣᠩᠭᠤᠯ ᠬᠡᠯᠡ ᠪᠢᠴᠢᠭ ᠤᠨ ᠬᠠᠤᠯᠢᠵᠢᠭᠤᠯᠤᠯᠲᠠ  ᠪᠠ ᠵᠠᠩᠭᠢᠵᠢᠭᠤᠯᠤᠯᠲᠠ ᠶᠢᠨ ᠠᠬᠢᠴᠠ ᠶᠢ ᠲᠦᠷᠭᠡᠳᠭᠡᠨ᠎ᠡ; ᠮᠣᠩᠭᠤᠯ ᠬᠡᠯᠡ ᠪᠢᠴᠢᠭ ᠤᠨ ᠡᠷᠳᠡᠮ ᠰᠢᠨᠵᠢᠯᠡᠭᠡᠨ ᠤ ᠣᠨᠣᠯ ᠪᠠ ᠦᠷᠭᠦᠯᠵᠢᠯᠡᠬᠦᠢ ᠬᠥᠭᠵᠢᠯᠲᠡ ᠶ᠋ᠢᠨ ᠠᠰᠠᠭᠤᠳᠠᠯ ᠢ ᠰᠣᠳᠣᠯᠣᠨ᠎ᠠ; ᠤᠯᠤᠰ ᠤᠨ ᠲᠣᠳᠤᠭᠠᠳᠤ ᠭᠠᠳᠠᠭᠠᠳᠤ ᠶᠢᠨ ᠮᠣᠩᠭᠤᠯ ᠬᠡᠯᠡ ᠪᠢᠴᠢᠭ ᠤᠨ ᠬᠦᠭᠵᠢᠯᠳᠡ ᠶᠢᠨ ᠪᠠᠢᠳᠠᠯ ᠪᠠ ᠡᠷᠳᠡᠮ ᠰᠢᠨᠵᠢᠯᠡᠭᠡᠨ ᠤ  ᠦᠷ᠎ᠡ ᠪᠦᠲᠦᠭᠡᠯ ᠢ᠋ ᠲᠠᠨᠢᠯᠴᠠᠭᠤᠯᠤᠨ᠎ᠠ; ᠮᠣᠩᠭᠤᠯ ᠬᠡᠯᠡ ᠪᠢᠴᠢᠭ  ᠢ᠋ ᠰᠤᠷᠴᠤ ᠬᠡᠷᠡᠭᠯᠡᠬᠦ ᠪᠠ ᠴᠡᠴᠡᠭᠯᠡᠨ  ᠬᠥᠭᠵᠢᠭᠦᠯᠬᠦ ᠳᠤ ᠦᠢᠯᠡᠴᠢᠯᠡᠨ᠎ᠡ᠃

      ᠤᠳᠠᠰᠤ᠄ 0471---6945489

     

ᠥᠪᠦᠷ ᠮᠣᠩᠭᠤᠯ ᠤ᠋ᠨ ᠥᠪᠡᠷᠲᠡᠭᠡᠨ ᠵᠠᠰᠠᠬᠤ ᠣᠷᠤᠨ ᠤ᠋ ᠮᠣᠩᠭᠤᠯ ᠬᠡᠯᠡ ᠪᠢᠴᠢᠭ ᠤᠨ ᠰᠣᠳᠣᠯᠭ᠎ᠠ ᠬᠡᠷᠡᠭᠯᠡᠭᠡᠨ ᠤ ᠲᠦᠪ

 

ᠮᠣᠩᠭᠤᠯ ᠬᠡᠯᠡ ᠪᠢᠴᠢᠭ ᠤᠨ ᠮᠡᠳᠡᠭᠡ  ᠵᠠᠩᠭᠢ ᠶᠢᠨ ᠡᠬᠢ  ᠪᠠᠶᠠᠯᠢᠭ ᠢ᠋ ᠰᠣᠳᠣᠯᠵᠣ ᠨᠡᠬᠡᠬᠡᠨ ᠬᠥᠭᠵᠢᠭᠦᠯᠦᠨ᠎ᠡ᠂ ᠮᠣᠩᠭᠤᠯ ᠬᠡᠯᠡ ᠪᠢᠴᠢᠭ  ᠢ᠋ ᠰᠤᠷᠴᠤ ᠬᠡᠷᠡᠭᠯᠡᠬᠦ ᠮᠡᠳᠡᠭᠡ ᠵᠠᠩᠭᠢᠵᠢᠯᠳᠠ ᠶᠢᠨ ᠰᠦᠯᠵᠢᠶᠡᠨ ᠲᠠᠪᠴᠠᠩ ᠢ ᠪᠠᠢᠭᠤᠯᠤᠨ᠎ᠠ᠂ ᠮᠣᠩᠭᠤᠯ ᠦᠭᠡ ᠬᠡᠯᠡ ᠦᠰᠦᠭ ᠪᠢᠴᠢᠭ ᠤᠨ ᠮᠡᠳᠡᠭᠡ ᠵᠠᠩᠭᠢᠵᠢᠯᠳᠠ ᠶᠢᠨ ᠮᠡᠷᠭᠡᠵᠢᠯ ᠢ ᠲᠦᠭᠡᠮᠡᠯᠵᠢᠬᠦᠯᠦᠨ ᠬᠡᠷᠡᠭᠯᠡᠯᠳᠡ ᠳᠤ ᠣᠷᠤᠭᠤᠯᠤᠨ᠎ᠠ᠃

       ᠤᠳᠠᠰᠤ᠄ 0471---6946710