2018 ᠤᠨ ᠤ ᠮᠣᠩᠭᠤᠯ ᠬᠡᠯᠡᠨ ᠤ᠋ ᠰᠢᠨ᠎ᠡ ᠦᠭᠡ ᠨᠡᠷ᠎ᠡ ᠲᠤᠮᠢᠶᠠᠨ ᠤ ᠤᠷᠴᠢᠭᠤᠯᠭ᠎ᠠ  ᠶ᠋ᠢᠨ ᠲᠤᠰᠭᠠᠢ ᠮᠡᠷᠭᠡᠵᠢᠯᠲᠡᠨ ᠤ᠋ ᠬᠢᠨᠠᠨ ᠲᠤᠬᠳᠠᠭᠠᠬᠤ ᠬᠤᠷᠠᠯ  ᠢ᠋ ᠪᠠᠷᠠᠭᠤᠨ ᠬᠣᠢᠲᠤ  ᠶ᠋ᠢᠨ ᠦᠨᠳᠦᠰᠦᠲᠡᠨ ᠤ᠋ ᠶᠡᠬᠡ ᠰᠤᠷᠭᠠᠭᠤᠯᠢ ᠳᠤ ᠬᠤᠷᠠᠯᠳᠤᠭᠤᠯᠪᠠ
ᠢᠷᠡᠯᠲᠡ᠄ ᠮᠣᠩᠭᠤᠯ ᠬᠡᠯᠡ ᠪᠢᠴᠢᠭ ᠤ᠋ᠨ ᠡᠷᠳᠡᠮ ᠰᠢᠨᠵᠢᠯᠡᠭᠡᠨ ᠤ᠋ ᠬᠠᠮᠢᠶᠠᠷᠤᠯᠲᠠ ᠶ᠋ᠢᠨ ᠭᠠᠵᠠᠷ
2018.09.30

 

ᠲᠥᠪ ᠤ᠋ᠨ ᠦᠨᠳᠦᠰᠦᠲᠡᠨ ᠤ᠋ ᠠᠵᠢᠯ ᠤ᠋ᠨ ᠬᠤᠷᠠᠯ ᠤ᠋ᠨ ᠵᠣᠷᠢᠭ ᠰᠠᠨᠠᠭ᠎ᠠ ᠪᠠ 《ᠦᠨᠳᠦᠰᠦᠲᠡᠨ ᠤ᠋ ᠬᠡᠯᠡᠨ ᠤ᠋ ᠣᠷᠴᠢᠭᠤᠯᠭ᠎ᠠ ᠶ᠋ᠢᠨ ᠠᠵᠢᠯ ᠢ᠋  ᠤᠯᠠᠮ ᠰᠠᠢᠲᠤᠷ ᠬᠢᠬᠦ ᠲᠤᠬᠠᠢ ᠤᠯᠤᠰ ᠤ᠋ᠨ ᠦᠨᠳᠦᠰᠦᠲᠡᠨ ᠤ᠋ ᠵᠥᠪᠯᠡᠯ ᠤ᠋ᠨ ᠵᠢᠯᠤᠭᠤᠳᠬᠤ ᠰᠠᠨᠠᠯ》 ᠪᠢᠴᠢᠭ ᠮᠠᠲ᠋ᠧᠷᠢᠶᠠᠯ ᠤ᠋ᠨ ᠵᠣᠷᠢᠭ ᠰᠠᠨᠠᠭ᠎ᠠ ᠶ᠋ᠢ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠦᠨᠳᠦᠰᠦᠲᠡᠨ ᠤ᠋ ᠬᠡᠯᠡᠨ ᠤ᠋ ᠰᠢᠨ᠎ᠡ ᠦᠭᠡ ᠨᠡᠷ᠎ᠡ ᠲᠣᠮᠢᠶᠠᠨ ᠤ᠋ ᠳᠦᠷᠢᠮᠵᠢᠭᠦᠯᠦᠯᠲᠡ᠂ ᠪᠠᠷᠢᠮᠵᠢᠶᠠᠵᠢᠭᠤᠯᠤᠯᠲᠠ ᠶ᠋ᠢᠨ ᠠᠵᠢᠯ ᠢ᠋ ᠤᠯᠠᠮ ᠰᠠᠢᠲᠤᠷ ᠬᠢᠬᠦ ᠶ᠋ᠢᠨ ᠲᠥᠯᠦᠭᠡ ᠲᠤᠮᠳᠠᠳᠤ ᠤᠯᠤᠰ ᠤᠨ ᠦᠨᠳᠦᠰᠦᠳᠡᠨ ᠤ ᠬᠡᠯᠡᠨ ᠤ ᠤᠷᠴᠢᠭᠤᠯᠭ᠎ᠠ ᠶᠢᠨ ᠲᠤᠪᠴᠢᠶ᠎ᠠ ᠭᠤᠤᠯᠯᠠᠨ ᠡᠷᠬᠢᠯᠡᠵᠤ᠂ ᠪᠠᠷᠠᠭᠤᠨ ᠬᠣᠢᠲᠤ ᠶᠢᠨ ᠦᠨᠳᠦᠰᠦᠳᠡᠨ ᠤ ᠶᠡᠭᠡ ᠰᠤᠷᠭᠠᠭᠤᠯᠢ  ᠳᠠᠭᠠᠭᠠᠴᠢᠯᠠᠨ ᠡᠷᠬᠢᠯᠡᠭᠰᠡᠨ 2018 ᠤᠨ ᠤ ᠮᠣᠩᠭᠤᠯ ᠬᠡᠯᠡᠨ ᠤ᠋ ᠰᠢᠨ᠎ᠡ ᠦᠭᠡ ᠨᠡᠷ᠎ᠡ ᠲᠤᠮᠢᠶᠠᠨ ᠤ ᠤᠷᠴᠢᠭᠤᠯᠭ᠎ᠠ ᠶ᠋ᠢᠨ ᠲᠤᠰᠭᠠᠢ ᠮᠡᠷᠭᠡᠵᠢᠯᠲᠡᠨ ᠤ᠋ ᠬᠢᠨᠠᠨ ᠲᠤᠬᠳᠠᠭᠠᠬᠤ ᠬᠤᠷᠠᠯ  ᠢ᠋ 9 ᠰᠠᠷ᠎ᠠ ᠶᠢᠨ 13 ᠠᠴᠠ 14 ᠪᠤᠯᠳᠠᠯ᠎ᠠ ᠪᠠᠷᠠᠭᠤᠨ ᠬᠣᠢᠲᠤ ᠶ᠋ᠢᠨ ᠦᠨᠳᠦᠰᠦᠲᠡᠨ ᠤ᠋ ᠶᠡᠬᠡ ᠰᠤᠷᠭᠠᠭᠤᠯᠢ ᠳᠤ ᠬᠤᠷᠠᠯᠳᠤᠭᠤᠯᠪᠠ᠃ ᠤᠯᠤᠰ ᠤ᠋ᠨ ᠦᠨᠳᠦᠰᠦᠲᠡᠨ ᠤ᠋ ᠵᠥᠪᠯᠡᠯ ᠤ᠋ᠨ ᠰᠤᠷᠭᠠᠨ ᠬᠥᠮᠦᠵᠢᠯ ᠲᠧᠭᠨᠢᠭ ᠮᠡᠷᠭᠡᠵᠢᠯ ᠤ᠋ᠨ ᠵᠤᠷᠭᠠᠨ ᠤ᠋ ᠳᠠᠷᠤᠭ᠎ᠠ ᠲᠢᠶᠠᠨ ᠯᠢᠶᠠᠨ ᠭᠠᠩ᠂ ᠳᠤᠮᠳᠠᠳᠤ ᠤᠯᠤᠰ ᠤ᠋ᠨ ᠦᠨᠳᠦᠰᠦᠲᠡᠨ ᠤ᠋ ᠬᠡᠯᠡᠨ ᠤ᠋ ᠣᠷᠴᠢᠭᠤᠯᠭ᠎ᠠ ᠶ᠋ᠢᠨ ᠲᠣᠪᠴᠢᠶᠠᠨ ᠤ᠋ ᠨᠠᠮ ᠤ᠋ᠨ ᠬᠣᠷᠢᠶᠠᠨ ᠤ᠋ ᠱᠦᠵᠢ ᠯᠠᠨ ᡁᠢ ᠴᠢ᠂ ᠪᠠᠷᠠᠭᠤᠨ ᠬᠣᠢᠲᠤ ᠶ᠋ᠢᠨ ᠦᠨᠳᠦᠰᠦᠲᠡᠨ ᠤ᠋ ᠶᠡᠬᠡ ᠰᠤᠷᠭᠠᠭᠤᠯᠢ ᠶ᠋ᠢᠨ ᠨᠠᠮ ᠤ᠋ᠨ ᠬᠣᠷᠢᠶᠠᠨ ᠤ᠋ ᠱᠦᠵᠢ ᠳ᠋ᠧᠩ ᠭᠤᠸᠠᠩ ᠢᠤᠢ᠂ ᠰᠤᠷᠭᠠᠭᠤᠯᠢ ᠶ᠋ᠢᠨ ᠵᠠᠬᠢᠷᠤᠯ ᠵᠤᠤ ᠳᠧ ᠠᠨ᠂ ᠨᠠᠮ ᠤ᠋ᠨ ᠬᠣᠷᠢᠶᠠᠨ ᠤ᠋ ᠳᠡᠳ᠋ ᠱᠦᠵᠢ ᠸᠠᠩ ᠷᠠᠰᠢ᠂ ᠰᠤᠷᠭᠠᠭᠤᠯᠢ ᠶ᠋ᠢᠨ ᠳᠡᠳ᠋ ᠵᠠᠬᠢᠷᠤᠯ ᠾᠧ ᠶᠧ ᠪᠠ ᠸᠠᠩ ᠶᠠᠨ ᠪᠢᠨ ᠨᠠᠷ ᠬᠤᠷᠠᠯ ᠳ᠋ᠤ᠌ ᠰᠠᠭᠠᠲᠠᠵᠤ᠂ ᠳᠤᠮᠳᠠᠳᠤ ᠤᠯᠤᠰ ᠤ᠋ᠨ ᠦᠨᠳᠦᠰᠦᠲᠡᠨ ᠤ᠋ ᠬᠡᠯᠡᠨ ᠤ᠋ ᠣᠷᠴᠢᠭᠤᠯᠭ᠎ᠠ ᠶ᠋ᠢᠨ ᠲᠣᠪᠴᠢᠶᠠᠨ  ᠤ ᠳᠡᠳ᠋ ᠳᠠᠷᠤᠭ᠎ᠠ ᠯᠢ ᠸᠠᠨ ᠶᠢᠩ ᠬᠤᠷᠠᠯ ᠡᠬᠢᠯᠡᠬᠦ ᠶᠣᠰᠣᠯᠠᠯ ᠢ᠋ ᠡᠷᠬᠢᠯᠡᠪᠡ᠃

ᠬᠤᠷᠠᠯ ᠳᠡᠭᠡᠷ᠎ᠡ ᠪᠡᠭᠡᠵᠢᠩ᠂ ᠦᠪᠦᠷ ᠮᠤᠩᠭᠤᠯ᠂ ᠬᠦᠬᠡᠨᠠᠭᠤᠷ᠂ ᠭᠠᠨᠰᠦ᠂ ᠭᠢᠷᠢᠨ᠂ ᠯᠢᠶᠤᠤᠨᠢᠩ ᠵᠡᠷᠭᠡ ᠭᠠᠵᠠᠷ ᠣᠷᠤᠨ ᠡᠴᠡ ᠢᠷᠡᠭᠰᠡᠨ 30 ᠭᠠᠷᠤᠢ ᠮᠤᠩᠭᠤᠯ ᠬᠡᠯᠡᠨ ᠤ᠋ ᠤᠷᠴᠢᠭᠤᠯᠭ᠎ᠠ ᠶᠢᠨ ᠡᠷᠳᠡᠮᠳᠡᠨ ᠪᠠ ᠨᠡᠷ᠎ᠡ ᠲᠣᠮᠢᠶᠠᠨ ᠤ᠋  ᠬᠣᠯᠪᠤᠭᠳᠠᠯ ᠪᠦᠬᠦᠢ ᠠᠵᠢᠯ ᠤ᠋ᠨ ᠬᠠᠷᠢᠭᠤᠴᠠᠯᠭᠠᠲᠠᠨ ᠦᠨᠳᠦᠰᠦᠲᠡᠨ ᠤ᠋ ᠬᠡᠯᠡᠨ ᠤ᠋ ᠣᠷᠴᠢᠭᠤᠯᠭ᠎ᠠ ᠶ᠋ᠢᠨ ᠠᠵᠢᠯ  ᠪᠠ ᠰᠢᠨ᠎ᠡ ᠦᠭᠡ ᠨᠡᠷ᠎ᠡ ᠲᠣᠮᠢᠶ᠎ᠠ ᠶ᠋ᠢ ᠬᠡᠷᠬᠢᠨ ᠨᠢᠭᠡᠳᠭᠡᠵᠤ ᠳᠦᠷᠢᠮᠵᠢᠭᠦᠯᠬᠦ ᠠᠵᠢᠯ ᠢ᠋ ᠬᠡᠷᠬᠢᠨ ᠠᠬᠢᠭᠤᠯᠬᠤ ᠲᠤᠬᠠᠢ ᠠᠰᠠᠭᠤᠳᠠᠯ  ᠢ᠋ ᠭᠦᠨᠵᠡᠭᠡᠢ ᠰᠤᠳᠤᠯᠤᠨ ᠶᠠᠷᠢᠯᠴᠠᠵᠤ᠂ ᠰᠠᠨᠠᠯ ᠢᠶᠠᠨ ᠰᠣᠯᠢᠯᠴᠠᠭᠰᠠᠨ ᠪᠥᠭᠡᠳ 2017 ᠤᠨ ᠠᠴᠠ ᠨᠠᠭᠠᠰᠢᠬᠢ ᠮᠣᠩᠭᠤᠯ ᠤᠷᠴᠢᠭᠤᠯᠭ᠎ᠠ  ᠳᠤ ᠢᠯᠡᠷᠡᠭᠰᠡᠨ ᠤᠯᠤᠰ ᠲᠦᠷᠦ᠂ ᠠᠵᠤ ᠠᠬᠤᠢ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠵᠡᠷᠭᠡ ᠤᠯᠠᠨ ᠴᠠᠷᠠᠭ᠎ᠠ ᠬᠦᠷᠢᠶᠡᠨ ᠳᠤ ᠬᠤᠯᠪᠤᠬᠳᠠᠬᠤ 300 ᠭᠠᠷᠤᠢ ᠰᠢᠨ᠎ᠡ ᠦᠭᠡ ᠨᠡᠷ᠎ᠡ ᠲᠤᠮᠢᠶ᠎ᠠ ᠶᠢ ᠬᠢᠨᠠᠨ ᠲᠤᠬᠳᠠᠭᠠᠪᠠ᠃    

ᠬᠤᠷᠠᠯ ᠲᠡᠭᠡᠷ᠎ᠡ ᠪᠠᠰᠠ ᠬᠢᠳᠠᠳ ᠮᠤᠩᠭᠤᠯ ᠤᠷᠴᠢᠭᠤᠯᠭ᠎ᠠ ᠶᠢᠨ ᠡᠷᠳᠡᠮ ᠰᠢᠨᠵᠢᠯᠡᠭᠡᠨ ᠤ᠋ ᠲᠠᠪᠴᠠᠩ ᠢ ᠡᠷᠬᠢᠯᠡᠵᠤ᠂ ᠲᠥᠪ ᠤ᠋ᠨ ᠦᠨᠳᠦᠰᠦᠲᠡᠨ ᠤ᠋ ᠣᠷᠴᠢᠭᠤᠯᠭ᠎ᠠ ᠶ᠋ᠢᠨ ᠲᠣᠪᠴᠢᠶ᠎ᠠ᠂ ᠪᠠᠷᠠᠭᠤᠨ ᠬᠣᠢᠲᠤ ᠶ᠋ᠢᠨ ᠦᠨᠳᠦᠰᠦᠲᠡᠨ ᠤ᠋ ᠶᠡᠬᠡ ᠰᠤᠷᠭᠠᠭᠤᠯᠢ᠂ ᠥᠪᠦᠷ ᠮᠣᠩᠭᠤᠯ ᠤ᠋ᠨ ᠡᠳᠦᠷ ᠤ᠋ᠨ ᠰᠣᠨᠢᠨ ᠤ᠋ ᠬᠣᠷᠢᠶ᠎ᠠ ᠵᠡᠷᠭᠡ 4 ᠪᠠᠢᠭᠤᠯᠭ᠎ᠠ ᠶ᠋ᠢᠨ ᠲᠤᠰᠭᠠᠢ ᠮᠡᠷᠭᠡᠵᠢᠯᠲᠡᠳ  ᠬᠢᠳᠠᠳ ᠮᠤᠩᠭᠤᠯ ᠤᠷᠴᠢᠭᠤᠯᠭ᠎ᠠ ᠶᠢᠨ ᠤᠨᠤᠯ ᠪᠠ ᠦᠢᠯᠡᠳᠤᠯᠭᠡ ᠶᠢᠨ ᠲᠤᠬᠠᠢ ᠰᠠᠨᠠᠯ ᠢᠶᠠᠨ ᠰᠣᠯᠢᠯᠴᠠᠪᠠ᠃ ᠲᠤᠮᠳᠠᠳᠤ ᠤᠯᠤᠰ  ᠤᠨ ᠦᠨᠳᠦᠰᠦᠳᠡᠨ ᠤ ᠬᠡᠯᠡᠨ ᠤ ᠤᠷᠴᠢᠭᠤᠯᠭ᠎ᠠ ᠶᠢᠨ ᠲᠤᠪᠴᠢᠶ᠎ᠠ ᠠᠴᠠ ᠪᠠᠷᠠᠭᠤᠨ ᠬᠣᠢᠲᠤ ᠦᠨᠳᠦᠰᠦᠳᠡᠨ  ᠤ ᠶᠡᠭᠡ ᠰᠤᠷᠭᠠᠭᠤᠯᠢ  ᠳᠤ ᠲᠤᠰ ᠲᠤᠪᠴᠢᠶ᠎ᠠ ᠶᠢᠨ ᠤᠷᠴᠢᠭᠤᠯᠤᠬᠰᠠᠨ 《ᠬᠦᠷᠦᠩᠭᠡ ᠶᠢᠨ ᠲᠤᠬᠠᠢ》(ᠭᠤᠷᠪᠠᠨ ᠪᠣᠳᠢ)᠂ 《ᠰᠢ ᠶᠢᠨ ᠫᠢᠩ  ᠤ᠋ᠨ ᠲᠦᠷᠦ ᠶᠢ ᠵᠠᠰᠠᠬᠤ ᠲᠤᠬᠠᠢ》᠂ 《ᠬᠢᠳᠠᠳ ᠮᠤᠩᠭᠤᠯ ᠰᠢᠨ᠎ᠡ ᠦᠭᠡᠰ ᠤᠨ ᠲᠤᠯᠢ》ᠵᠡᠷᠭᠡ ᠨᠤᠮ ᠢᠶᠠᠨ ᠪᠡᠯᠡᠭᠯᠡᠪᠡ᠃

ᠥᠪᠡᠷᠲᠡᠭᠡᠨ ᠵᠠᠰᠠᠬᠤ ᠣᠷᠤᠨ ᠤ᠋ ᠦᠨᠳᠦᠰᠦᠲᠡᠨ ᠤ᠋ ᠵᠥᠪᠯᠡᠯ ᠬᠣᠯᠪᠤᠭᠳᠠᠯ ᠪᠦᠬᠦᠢ  ᠭᠠᠵᠠᠷ ᠤ᠋ᠨ ᠬᠠᠷᠢᠭᠤᠴᠠᠯᠭᠠᠲᠠᠨ ᠢ᠋ ᠲᠣᠮᠢᠯᠠᠵᠤ ᠬᠤᠷᠠᠯ ᠳ᠋ᠤ᠌ ᠣᠷᠤᠯᠴᠠᠭᠤᠯᠵᠠᠢ᠃

 

 

ᠣᠷᠴᠢᠭᠤᠯᠤᠭᠴᠢ᠄ ᠡᠷᠳᠡᠨᠢᠴᠡᠴᠡᠭ

ᠬᠢᠨᠠᠭᠴᠢ᠄ ᠪᠤᠶᠠᠨ᠌ᠥ᠌ᠯᠵᠡᠢ

ᠬᠠᠷᠢᠭᠤᠴᠠᠭᠰᠠᠨ ᠨᠠᠢᠷᠠᠭᠤᠯᠤᠭᠴᠢ᠄ ᠡᠷᠳᠡᠨᠢᠴᠡᠴᠡᠭ

ᠸᠢᠴᠠᠲ ᠲᠤ ᠪᠠᠨ ᠬᠤᠪᠢᠶᠠᠯᠴᠠᠬᠤ