ᠥᠪᠡᠷᠲᠡᠭᠡᠨ ᠵᠠᠰᠠᠬᠤ ᠣᠷᠤᠨ ᠤ᠋ ᠮᠣᠩᠭᠤᠯ ᠬᠡᠯᠡ ᠦᠰᠦᠭ ᠪᠢᠴᠢᠭ ᠢ᠋ ᠳᠦᠷᠢᠮᠵᠢᠭᠦᠨ ᠬᠡᠷᠡᠭᠯᠡᠵᠦ ᠪᠠᠢᠭ᠎ᠠ ᠪᠠᠢᠳᠠᠯ ᠪᠠ 《 ᠮᠣᠩᠭᠤᠯ ᠵᠥᠪ ᠪᠢᠴᠢᠯᠭᠡ ᠶ᠋ᠢᠨ ᠲᠣᠯᠢ》 ᠳ᠋ᠤ᠌ ᠵᠠᠰᠠᠪᠤᠷᠢ ᠣᠷᠤᠭᠤᠯᠬᠤ ᠶ᠋ᠢ ᠪᠠᠢᠴᠠᠭᠠᠨ ᠰᠤᠳᠤᠯᠬᠤ ᠳᠤᠭᠤᠢᠯᠠᠩ ᠤᠯᠠᠭᠠᠨᠬᠠᠳᠠ ᠬᠣᠲᠠ ᠪᠠ ᠱᠢᠯᠢ ᠶ᠋ᠢᠨ ᠭᠣᠣᠯ ᠠᠢᠮᠠᠭ ᠲᠤ᠌ ᠬᠦᠷᠴᠦ ᠪᠠᠢᠴᠠᠭᠠᠯᠲᠠ ᠬᠢᠵᠡᠢ
ᠢᠷᠡᠯᠲᠡ᠄ ᠤᠯᠠᠭᠠᠨᠬᠠᠳᠠ ᠬᠣᠲᠠ᠂ ᠱᠢᠯᠢ ᠶ᠋ᠢᠨ ᠭᠣᠣᠯ ᠠᠢᠮᠠᠭ ᠤ᠋ᠨ ᠦᠨᠳᠦᠰᠦᠲᠡᠨ ᠦ᠌ ᠵᠥᠪᠯᠡᠯ
2018.12.25

 

ᠮᠣᠩᠭᠤᠯ ᠬᠡᠯᠡ ᠦᠰᠦᠭ ᠪᠢᠴᠢᠭ ᠦ᠋ᠨ ᠪᠠᠷᠢᠮᠵᠢᠶᠠᠵᠢᠭᠤᠯᠤᠯᠲᠠ᠂ ᠳᠦᠷᠢᠮᠵᠢᠭᠦᠯᠦᠯᠲᠡ᠂ ᠮᠡᠳᠡᠭᠡ ᠵᠠᠩᠭᠢᠵᠢᠯᠲᠠ ᠶ᠋ᠢᠨ ᠪᠠᠢᠭᠤᠯᠤᠯᠲᠠ ᠶ᠋ᠢ ᠴᠢᠩᠭᠠᠳᠭᠠᠵᠤ᠂ 《ᠮᠣᠩᠭᠤᠯ ᠵᠥᠪ ᠪᠢᠴᠢᠯᠭᠡ ᠶ᠋ᠢᠨ ᠲᠣᠯᠢ》 ᠳ᠋ᠤ᠌ ᠵᠠᠰᠠᠪᠤᠷᠢ ᠣᠷᠤᠭᠤᠯᠬᠤ ᠠᠵᠢᠯ ᠢ᠋ ᠨᠠᠢᠳᠠᠪᠤᠷᠢᠲᠠᠢ ᠬᠢᠬᠦ ᠶ᠋ᠢᠨ ᠲᠥᠯᠦᠭᠡ ᠥᠪᠡᠷᠲᠡᠭᠡᠨ ᠵᠠᠰᠠᠬᠤ ᠣᠷᠤᠨ ᠤ᠋ ᠮᠣᠩᠭᠤᠯ ᠬᠡᠯᠡ ᠦᠰᠦᠭ ᠪᠢᠴᠢᠭ ᠢ᠋ ᠳᠦᠷᠢᠮᠵᠢᠭᠦᠨ ᠬᠡᠷᠡᠭᠯᠡᠵᠦ ᠪᠠᠢᠭ᠎ᠠ ᠪᠠᠢᠳᠠᠯ ᠪᠠ 《ᠮᠣᠩᠭᠤᠯ ᠵᠥᠪ ᠪᠢᠴᠢᠯᠭᠡ ᠶ᠋ᠢᠨ ᠲᠣᠯᠢ》 ᠳ᠋ᠤ᠌ ᠵᠠᠰᠠᠪᠤᠷᠢ ᠣᠷᠤᠭᠤᠯᠬᠤ ᠶ᠋ᠢ ᠪᠠᠢᠴᠠᠭᠠᠨ ᠰᠤᠳᠤᠯᠬᠤ ᠳᠤᠭᠤᠢᠯᠠᠩ ᠣᠷᠴᠢᠮ ᠤᠯᠠᠭᠠᠨᠬᠠᠳᠠ ᠬᠣᠲᠠ ᠪᠠ ᠱᠢᠯᠢ ᠶ᠋ᠢᠨ ᠭᠣᠣᠯ ᠠᠢᠮᠠᠭ ᠲᠤ᠌ ᠬᠦᠷᠴᠦ ᠪᠠᠢᠴᠠᠭᠠᠯᠲᠠ ᠬᠢᠵᠡᠢ᠃ ᠪᠠᠢᠴᠠᠭᠠᠨ ᠰᠤᠳᠤᠯᠬᠤ ᠳᠤᠭᠤᠢᠯᠠᠩ ᠲᠤᠬᠠᠢ ᠶ᠋ᠢᠨ ᠭᠠᠵᠠᠷ ᠲᠤ᠌ ᠨᠢ ᠪᠠᠢᠴᠠᠭᠠᠯᠲᠠ ᠬᠢᠬᠦ᠂ ᠶᠠᠷᠢᠯᠴᠠᠬᠤ ᠬᠤᠷᠠᠯ ᠬᠢᠬᠦ ᠬᠡᠯᠪᠡᠷᠢ ᠪᠡᠷ ᠮᠣᠩᠭᠤᠯ ᠬᠡᠯᠡᠨ ᠦ᠌ ᠱᠢᠨ᠎ᠡ ᠦᠭᠡ ᠨᠡᠷ᠎ᠡ ᠲᠣᠮᠢᠶ᠎ᠠ᠂ ᠮᠣᠩᠭᠤᠯ ᠬᠡᠯᠡᠨ ᠦ᠌ ᠪᠠᠷᠢᠮᠵᠢᠶ᠎ᠠ ᠠᠪᠢᠶ᠎ᠠ᠂ ᠮᠣᠩᠭᠤᠯ ᠵᠥᠪ ᠪᠢᠴᠢᠯᠭᠡ ᠶ᠋ᠢ ᠳᠦᠷᠢᠮᠵᠢᠭᠦᠨ ᠬᠡᠷᠡᠭᠯᠡᠵᠦ ᠪᠠᠢᠭ᠎ᠠ ᠪᠠᠢᠳᠠᠯ ᠢ᠋ ᠪᠠᠢᠴᠠᠭᠠᠵᠤ᠂ ᠲᠤᠬᠠᠢ ᠶ᠋ᠢᠨ ᠭᠠᠵᠠᠷ ᠤ᠋ᠨ ᠮᠣᠩᠭᠤᠯ ᠬᠡᠯᠡᠨ ᠦ᠌ ᠪᠠᠭᠱᠢ᠂ ᠮᠣᠩᠭᠤᠯ ᠬᠡᠯᠡ ᠦᠰᠦᠭ ᠪᠢᠴᠢᠭ ᠢ᠋ ᠰᠤᠳᠤᠯᠤᠭᠴᠢ᠂ ᠮᠠᠯᠴᠢᠳ ᠲᠠᠢ ᠶᠠᠷᠢᠯᠴᠠᠨ ᠰᠠᠨᠠᠯ ᠢ᠋ᠶ᠋ᠠᠨ ᠰᠣᠯᠢᠯᠴᠠᠵᠤ᠂ 《ᠮᠣᠩᠭᠤᠯ ᠵᠥᠪ ᠪᠢᠴᠢᠯᠭᠡ ᠶ᠋ᠢᠨ ᠲᠣᠯᠢ》 ᠳ᠋ᠤ᠌ ᠵᠠᠰᠠᠪᠤᠷᠢ ᠣᠷᠤᠭᠤᠯᠬᠤ ᠡᠵᠢᠯ ᠦ᠋ᠨ ᠲᠤᠬᠠᠢ ᠬᠠᠨᠳᠤᠯᠭᠠᠲᠤ ᠱᠢᠨᠵᠢ ᠪᠠ ᠪᠦᠲᠦᠭᠡᠯᠴᠢ ᠱᠢᠨᠵᠢ ᠪᠦᠬᠦᠢ ᠰᠠᠨᠠᠭᠤᠯᠭ᠎ᠠ᠂ ᠰᠠᠨᠠᠯ ᠤ᠋ᠳ ᠢ᠋ ᠬᠤᠷᠢᠶᠠᠵᠠᠢ᠃

 

 

ᠣᠷᠴᠢᠭᠤᠯᠤᠭᠴᠢ᠄ ᠯᠢᠶᠠᠩ ᠬᠠᠢ ᠢᠦᠢ

ᠬᠢᠨᠠᠭᠴᠢ᠄ ᠪᠤᠶᠠᠨ᠌ᠦ᠌ᠯᠵᠡᠢ

ᠬᠠᠷᠢᠭᠤᠴᠠᠭᠰᠠᠨ ᠨᠠᠢᠷᠠᠭᠤᠯᠤᠭᠴᠢ᠄ ᠯᠢᠶᠠᠩ ᠬᠠᠢ ᠢᠦᠢ

ᠸᠢᠴᠠᠲ ᠲᠤ ᠪᠠᠨ ᠬᠤᠪᠢᠶᠠᠯᠴᠠᠬᠤ