ᠥᠪᠡᠷᠲᠡᠭᠡᠨ ᠵᠠᠰᠠᠬᠤ ᠣᠷᠤᠨ ᠤ᠋ ᠦᠨᠳᠦᠰᠦᠲᠡᠨ ᠦ᠌ ᠵᠥᠪᠯᠡᠯ ᠮᠣᠩᠭᠤᠯ ᠬᠡᠯᠡ ᠦᠰᠦᠭ ᠪᠢᠴᠢᠭ ᠦ᠋ᠨ  ᠮᠡᠳᠡᠭᠡ ᠵᠠᠩᠭᠢ ᠱᠢᠢᠳᠪᠦᠷᠢᠯᠡᠯᠲᠡ ᠶ᠋ᠢᠨ ᠪᠠᠷᠢᠮᠵᠢᠶᠠᠵᠢᠭᠤᠯᠤᠯᠲᠠ ᠶ᠋ᠢᠨ ᠠᠵᠢᠯ ᠤ᠋ᠨ ᠲᠤᠬᠠᠢ ᠶᠠᠷᠢᠯᠴᠠᠬᠤ ᠬᠤᠷᠠᠯ ᠢ᠋ ᠵᠣᠬᠢᠶᠠᠨ ᠪᠠᠢᠭᠤᠯᠤᠨ ᠬᠤᠷᠠᠯᠳᠤᠭᠤᠯᠪᠠ
ᠢᠷᠡᠯᠲᠡ᠄ ᠮᠣᠩᠭᠤᠯ ᠬᠡᠯᠡ ᠪᠢᠴᠢᠭ ᠦ᠋ᠨ ᠮᠡᠳᠡᠭᠡ ᠵᠠᠩᠭᠢᠵᠢᠯᠲᠠ ᠶ᠋ᠢᠨ ᠭᠠᠵᠠᠷ
2019.01.18

 

ᠮᠣᠩᠭᠤᠯ ᠬᠡᠯᠡ ᠦᠰᠦᠭ ᠪᠢᠴᠢᠭ ᠦ᠋ᠨ ᠮᠡᠳᠡᠭᠡ ᠵᠠᠩᠭᠢ ᠱᠢᠢᠳᠪᠦᠷᠢᠯᠡᠯᠲᠡ ᠶ᠋ᠢᠨ ᠪᠠᠷᠢᠮᠵᠢᠶᠠᠵᠢᠭᠤᠯᠤᠯᠲᠠ ᠶ᠋ᠢᠨ ᠠᠵᠢᠯ ᠤ᠋ᠨ ᠠᠬᠢᠴᠠ ᠶ᠋ᠢ ᠲᠦᠷᠭᠡᠳᠬᠡᠬᠦ ᠶ᠋ᠢᠨ ᠲᠥᠯᠦᠭᠡ 1 ᠳ᠋ᠦ᠍ᠭᠡᠷ ᠰᠠᠷ᠎ᠠ ᠶ᠋ᠢᠨ 17 ᠳ᠋ᠤ᠌ ᠥᠪᠡᠷᠲᠡᠭᠡᠨ ᠵᠠᠰᠠᠬᠤ ᠣᠷᠤᠨ ᠤ᠋ ᠦᠨᠳᠦᠰᠦᠲᠡᠨ ᠦ᠌ ᠵᠥᠪᠯᠡᠯ ᠮᠣᠩᠭᠤᠯ ᠬᠡᠯᠡ ᠦᠰᠦᠭ ᠪᠢᠴᠢᠭ ᠦ᠋ᠨ ᠮᠡᠳᠡᠭᠡ ᠵᠠᠩᠭᠢ ᠱᠢᠢᠳᠪᠦᠷᠢᠯᠡᠯᠲᠡ ᠶ᠋ᠢᠨ ᠪᠠᠷᠢᠮᠵᠢᠶᠠᠵᠢᠭᠤᠯᠤᠯᠲᠠ ᠶ᠋ᠢᠨ ᠠᠵᠢᠯ ᠤ᠋ᠨ ᠲᠤᠬᠠᠢ ᠶᠠᠷᠢᠯᠴᠠᠬᠤ ᠬᠤᠷᠠᠯ ᠢ᠋ ᠵᠣᠬᠢᠶᠠᠨ ᠪᠠᠢᠭᠤᠯᠤᠨ ᠬᠤᠷᠠᠯᠳᠤᠭᠤᠯᠪᠠ᠃ ᠬᠣᠯᠪᠤᠭᠳᠠᠯ ᠪᠦᠬᠦᠢ ᠰᠠᠯᠠᠭ᠎ᠠ ᠮᠥᠴᠢᠷ᠂ ᠡᠯ᠎ᠡ ᠶᠡᠬᠡ ᠳᠡᠭᠡᠳᠦ ᠰᠤᠷᠭᠠᠭᠤᠯᠢ᠂ ᠡᠷᠳᠡᠮ ᠱᠢᠨᠵᠢᠯᠡᠭᠡᠨ ᠦ᠌ ᠪᠠᠢᠭᠤᠯᠤᠮᠵᠢ ᠂ ᠠᠵᠤ ᠠᠬᠤᠢᠯᠠᠯ ᠠᠵᠢᠯ ᠦᠢᠯᠡᠰ ᠦ᠋ᠨ ᠨᠢᠭᠡᠴᠢ ᠡᠴᠡ ᠬᠦᠷᠦᠯᠴᠡᠨ ᠢᠷᠡᠭᠰᠡᠨ ᠲᠤᠰᠭᠠᠢ ᠮᠡᠷᠭᠡᠵᠢᠯᠲᠡᠨ᠂ ᠡᠷᠳᠡᠮᠲᠡᠨ ᠪᠠ ᠬᠣᠯᠪᠤᠭᠳᠠᠯ ᠪᠦᠬᠦᠢ ᠬᠠᠷᠢᠭᠤᠴᠠᠯᠭᠠᠲᠠᠨ ᠬᠤᠷᠠᠯ ᠳ᠋ᠤ᠌ ᠣᠷᠤᠯᠴᠠᠵᠠᠢ᠃ ᠥᠪᠡᠷᠲᠡᠭᠡᠨ ᠵᠠᠰᠠᠬᠤ ᠣᠷᠤᠨ ᠤ᠋ ᠦᠨᠳᠦᠰᠦᠲᠡᠨ ᠦ᠌ ᠵᠥᠪᠯᠡᠯ ᠦ᠋ᠨ ᠳᠡᠳ᠋ ᠡᠷᠬᠢᠯᠡᠭᠴᠢ ᠰᠠᠴᠤᠷᠠᠯᠲᠤ ᠬᠤᠷᠠᠯ ᠳᠡᠭᠡᠷ᠎ᠡ ᠶᠠᠷᠢᠶ᠎ᠠ ᠲᠠᠯᠪᠢᠵᠤ᠂ ᠮᠣᠩᠭᠤᠯ ᠬᠡᠯᠡ ᠦᠰᠦᠭ ᠪᠢᠴᠢᠭ ᠦ᠋ᠨ ᠮᠡᠳᠡᠭᠡ ᠵᠠᠩᠭᠢ ᠱᠢᠢᠳᠪᠦᠷᠢᠯᠡᠯᠲᠡ ᠶ᠋ᠢᠨ ᠪᠠᠷᠢᠮᠵᠢᠶᠠᠵᠢᠭᠤᠯᠤᠯᠲᠠ ᠶ᠋ᠢᠨ ᠠᠵᠢᠯ ᠤ᠋ᠨ ᠴᠢᠬᠤᠯᠠ ᠱᠢᠨᠵᠢ ᠪᠠ ᠲᠤᠯᠭᠠᠮ ᠱᠢᠨᠵᠢ ᠶ᠋ᠢ ᠴᠢᠬᠤᠯᠠᠴᠢᠯᠠᠵᠤ᠂ ᠮᠥᠨ ᠬᠤᠷᠠᠯ ᠳ᠋ᠤ᠌ ᠣᠷᠤᠯᠴᠠᠭᠰᠠᠳ ᠲᠤ᠌ ᠠᠵᠢᠯ ᠤ᠋ᠨ ᠰᠡᠳᠬᠢᠮᠵᠢ ᠪᠡᠨ ᠲᠠᠨᠢᠯᠴᠠᠭᠤᠯᠵᠠᠢ᠃ ᠬᠤᠷᠠᠯ ᠳᠡᠭᠡᠷ᠎ᠡ ᠪᠠᠰᠠ ᠣᠢᠷ᠎ᠠ ᠶ᠋ᠢᠨ ᠵᠢᠯ ᠦ᠋ᠨ ᠮᠣᠩᠭᠤᠯ ᠬᠡᠯᠡ ᠦᠰᠦᠭ ᠪᠢᠴᠢᠭ ᠦ᠋ᠨ ᠮᠡᠳᠡᠭᠡ ᠵᠠᠩᠭᠢ ᠱᠢᠢᠳᠪᠦᠷᠢᠯᠡᠯᠲᠡ ᠶ᠋ᠢᠨ ᠪᠠᠷᠢᠮᠵᠢᠶᠠᠵᠢᠭᠤᠯᠤᠯᠲᠠ ᠶ᠋ᠢᠨ ᠠᠵᠢᠯ ᠤ᠋ᠨ ᠪᠠᠢᠳᠠᠯ ᠢ᠋ ᠲᠠᠨᠢᠯᠴᠠᠭᠤᠯᠵᠠᠢ᠃ ᠬᠤᠷᠠᠯ ᠳ᠋ᠤ᠌ ᠣᠷᠤᠯᠴᠠᠭᠰᠠᠳ ᠮᠣᠩᠭᠤᠯ ᠬᠡᠯᠡ ᠦᠰᠦᠭ ᠪᠢᠴᠢᠭ ᠦ᠋ᠨ ᠮᠡᠳᠡᠭᠡ ᠵᠠᠩᠭᠢ ᠱᠢᠢᠳᠪᠦᠷᠢᠯᠡᠯᠲᠡ ᠶ᠋ᠢᠨ ᠪᠠᠷᠢᠮᠵᠢᠶᠠᠵᠢᠭᠤᠯᠤᠯᠲᠠ ᠶ᠋ᠢᠨ ᠠᠵᠢᠯ ᠤ᠋ᠨ ᠶᠠᠪᠤᠴᠠ ᠳ᠋ᠠᠬᠢ ᠲᠤᠷᠱᠢᠯᠭ᠎ᠠ᠂ ᠠᠷᠭ᠎ᠠ ᠬᠢᠳᠡᠯ ᠪᠠ ᠣᠷᠤᠱᠢᠵᠤ ᠪᠠᠢᠭ᠎ᠠ ᠠᠰᠠᠭᠤᠳᠠᠯ ᠤ᠋ᠨ ᠲᠠᠯ᠎ᠠ ᠪᠠᠷ ᠰᠠᠨᠠᠯ ᠰᠠᠨᠠᠭᠤᠯᠭ᠎ᠠ ᠳᠤᠷᠠᠳᠴᠤ᠂ ᠮᠣᠩᠭᠤᠯ ᠬᠡᠯᠡ ᠦᠰᠦᠭ ᠪᠢᠴᠢᠭ ᠦ᠋ᠨ ᠮᠡᠳᠡᠭᠡ ᠵᠠᠩᠭᠢ ᠱᠢᠢᠳᠪᠦᠷᠢᠯᠡᠯᠲᠡ ᠶ᠋ᠢᠨ ᠪᠠᠷᠢᠮᠵᠢᠶᠠᠵᠢᠭᠤᠯᠤᠯᠲᠠ ᠶ᠋ᠢᠨ ᠠᠵᠢᠯ ᠤ᠋ᠨ ᠪᠠᠴᠢᠮ ᠱᠢᠢᠳᠪᠦᠷᠢᠯᠡᠬᠦ ᠴᠢᠬᠤᠯᠠᠲᠠᠢ ᠠᠰᠠᠭᠤᠳᠠᠯ᠂ ᠱᠢᠨ᠎ᠡ ᠴᠠᠭ ᠦᠶ᠎ᠡ ᠶ᠋ᠢᠨ ᠮᠣᠩᠭᠤᠯ ᠬᠡᠯᠡ ᠦᠰᠦᠭ ᠪᠢᠴᠢᠭ ᠦ᠋ᠨ ᠮᠡᠳᠡᠭᠡ ᠵᠠᠩᠭᠢ ᠱᠢᠢᠳᠪᠦᠷᠢᠯᠡᠯᠲᠡ ᠶ᠋ᠢᠨ ᠪᠠᠷᠢᠮᠵᠢᠶᠠᠵᠢᠭᠤᠯᠤᠯᠲᠠ ᠶ᠋ᠢᠨ ᠪᠠᠢᠭᠤᠯᠤᠯᠲᠠ ᠶ᠋ᠢᠨ ᠰᠡᠳᠬᠢᠮᠵᠢ᠂ ᠠᠷᠭ᠎ᠠ ᠠᠪᠴᠠᠯ ᠵᠡᠷᠭᠡ ᠲᠠᠯ᠎ᠠ ᠪᠠᠷ ᠰᠠᠨᠠᠯ ᠢ᠋ᠶ᠋ᠠᠨ ᠲᠤᠭᠤᠱᠢᠲᠠᠢ ᠰᠣᠯᠢᠯᠴᠠᠵᠤ᠂ ᠬᠣᠯᠪᠤᠭᠳᠠᠯ ᠪᠦᠬᠦᠢ ᠪᠣᠳᠠᠲᠠᠢ ᠠᠰᠠᠭᠤᠳᠠᠯ ᠤ᠋ᠨ ᠲᠣᠭᠤᠷᠢᠨ ᠳ᠋ᠤ᠌ ᠰᠠᠨᠠᠯ ᠨᠢᠭᠡᠳᠴᠡᠢ᠃

 

 

ᠣᠷᠴᠢᠭᠤᠯᠤᠭᠴᠢ᠄ ᠯᠢᠶᠠᠩ ᠬᠠᠢ ᠢᠦᠢ

ᠬᠢᠨᠠᠭᠴᠢ᠄ ᠪᠤᠶᠠᠨ᠌ᠥ᠌ᠯᠵᠡᠢ

ᠬᠠᠷᠢᠭᠤᠴᠠᠭᠰᠠᠨ ᠨᠠᠢᠷᠠᠭᠤᠯᠤᠭᠴᠢ᠄ ᠯᠢᠶᠠᠩ ᠬᠠᠢ ᠢᠦᠢ

 

ᠸᠢᠴᠠᠲ ᠲᠤ ᠪᠠᠨ ᠬᠤᠪᠢᠶᠠᠯᠴᠠᠬᠤ