ᠶᠠᠰᠤᠨ ᠪᠢᠴᠢᠭ 《ᠳᠡᠯᠡᠬᠡᠢ ᠶᠢᠨ ᠳᠤᠷᠠᠰᠤᠮᠵᠢ ᠶᠢᠨ ᠨᠡᠷᠡᠰ》 ᠲᠤ᠌ ᠪᠦᠷᠢᠳᠭᠡᠭᠦᠯᠦᠭᠰᠡᠨ ᠢ᠋ ᠨᠡᠢᠲᠡᠯᠡᠬᠦ ᠬᠤᠷᠠᠯ ᠶᠠᠪᠤᠭᠳᠠᠭᠰᠠᠨ
ᠢᠷᠡᠯᠲᠡ᠄ ᠳᠤᠮᠳᠠᠲᠤ ᠤᠯᠤᠰ ᠤᠨ ᠰᠤᠷᠭᠠᠨ ᠬᠥᠮᠦᠵᠢᠯ ᠤᠨ ᠰᠣᠨᠢᠨ
2017.12.29

12 ᠰᠠᠷ᠎ᠠ ᠶᠢᠨ 26 ᠤ ᠡᠳᠦᠷ᠂ ᠶᠠᠰᠤᠨ ᠪᠢᠴᠢᠭ 《ᠳᠡᠯᠡᠬᠡᠢ ᠶᠢᠨ ᠳᠤᠷᠠᠰᠤᠮᠵᠢ ᠶᠢᠨ ᠨᠡᠷᠡᠰ》 ᠲᠤ᠌ ᠪᠦᠷᠢᠳᠭᠡᠭᠦᠯᠦᠭᠰᠡᠨ ᠢ᠋  ᠨᠡᠢᠲᠡᠯᠡᠬᠦ ᠬᠤᠷᠠᠯ  ᠬᠠᠭᠠᠨ ᠤ᠋ ᠣᠷᠳᠤᠨ ᠤ᠋ ᠮᠦᠽᠧᠢ ᠳ᠋ᠦ᠍ ᠶᠠᠪᠤᠭᠳᠠᠪᠠ᠃  ᠨᠡᠢᠲᠡᠯᠡᠬᠦ ᠬᠤᠷᠠᠯ ᠢ᠋ ᠰᠤᠷᠭᠠᠨ ᠬᠥᠮᠦᠵᠢᠯ ᠦ᠋ᠨ ᠶᠠᠮᠤᠨ᠂ ᠤᠯᠤᠰ ᠤᠨ ᠦᠭᠡ ᠬᠡᠯᠡ ᠦᠰᠦᠭ ᠪᠢᠴᠢᠭ ᠦ᠋ᠨ ᠠᠵᠢᠯ ᠤᠨ ᠵᠥᠪᠯᠡᠯ᠂ ᠤᠯᠤᠰ ᠤᠨ ᠲᠡᠦᠬᠡᠨ ᠳᠤᠷᠠᠰᠭᠠᠯᠲᠤ  ᠵᠦᠢᠯᠡᠰ ᠦ᠋ᠨ ᠲᠣᠪᠴᠢᠶ᠎ᠠ᠂ ᠤᠯᠤᠰ ᠤᠨ ᠳᠠᠩᠰᠠ ᠡᠪᠬᠡᠮᠡᠯ ᠦ᠋ᠨ ᠲᠣᠪᠴᠢᠶ᠎ᠠ᠂ ᠬᠠᠭᠠᠨ ᠤ ᠣᠷᠳᠤᠨ ᠤ᠋ ᠮᠦᠽᠧᠢ᠂ ᠤᠯᠠᠨ ᠤᠯᠤᠰ ᠤᠨ ᠬᠣᠯᠪᠤᠭᠠᠲᠤ ᠪᠠᠢᠭᠤᠯᠭ᠎ᠠ ᠶᠢᠨ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠰᠣᠶᠤᠯ ᠤ᠋ᠨ ᠵᠣᠬᠢᠶᠠᠨ  ᠪᠠᠢᠭᠤᠯᠤᠯᠲᠠ ᠶᠢᠨ ᠳᠤᠮᠳᠠᠳᠤ ᠤᠯᠤᠰ ᠤᠨ ᠪᠦᠬᠦ ᠭᠡᠰᠢᠭᠦᠳ ᠦ᠋ᠨ ᠬᠤᠷᠠᠯ ᠠ᠋ᠴᠠ ᠬᠠᠮᠲᠤᠷᠠᠨ ᠵᠣᠬᠢᠶᠠᠨ  ᠪᠠᠢᠭᠤᠯᠵᠠᠢ᠃  ᠤᠯᠠᠨ ᠤᠯᠤᠰ ᠤᠨ ᠬᠣᠯᠪᠤᠭᠠᠲᠤ   ᠪᠠᠢᠭᠤᠯᠭ᠎ᠠ ᠶᠢᠨ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠰᠣᠶᠤᠯ ᠤ᠋ᠨ ᠵᠣᠬᠢᠶᠠᠨ  ᠪᠠᠢᠭᠤᠯᠤᠯᠲᠠ ᠶᠢᠨ ᠨᠡᠢᠲᠡᠯᠡᠭᠰᠡᠨ ᠢ᠋ᠶ᠋ᠡᠷ ᠂ ᠮᠠᠨ ᠤ ᠤᠯᠤᠰ ᠤᠨ ᠡᠷᠡᠮᠡᠯᠵᠡᠯᠡᠨ ᠳᠡᠪᠰᠢᠭᠦᠯᠦᠭᠰᠡᠨ ᠶᠠᠰᠤᠨ ᠪᠢᠴᠢᠭ ᠦ᠋ᠨ ᠲᠥᠰᠦᠯ ᠨᠢ ᠡᠨᠡ ᠵᠢᠯ ᠦ᠋ᠨ 10 ᠰᠠᠷ᠎ᠠ ᠶᠢᠨ 30 ᠤ᠋ ᠡᠳᠦᠷ᠂ ᠤᠯᠠᠨ ᠤᠯᠤᠰ ᠤᠨ ᠬᠣᠯᠪᠤᠭᠠᠲᠤ ᠪᠠᠢᠭᠤᠯᠭ᠎ᠠ ᠶᠢᠨ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠰᠣᠶᠤᠯ ᠤ᠋ᠨ ᠵᠣᠬᠢᠶᠠᠨ ᠪᠠᠢᠭᠤᠯᠤᠯᠲᠠ ᠶᠢᠨ ᠳᠡᠯᠡᠬᠡᠢ ᠶᠢᠨ ᠳᠤᠷᠠᠰᠤᠮᠵᠢ ᠲᠥᠰᠦᠯ ᠦ᠋ᠨ ᠤᠯᠠᠨ ᠤᠯᠤᠰ ᠤᠨ ᠠᠰᠠᠭᠤᠨ ᠯᠠᠪᠯᠠᠬᠤ ᠺᠣᠮᠢᠰ ᠤ᠋ᠨ ᠦᠨᠡᠯᠡᠯᠲᠡ ᠶ᠋ᠢ ᠳᠠᠮᠵᠢᠨ ᠠᠮᠵᠢᠯᠲᠠ ᠲᠠᠢ ᠪᠡᠷ 《ᠳᠡᠯᠡᠬᠡᠢ ᠶᠢᠨ ᠳᠤᠷᠠᠰᠤᠮᠵᠢ ᠶᠢᠨ ᠨᠡᠷᠡᠰ》 ᠲᠤ᠌ ᠪᠦᠷᠢᠳᠭᠡᠭᠦᠯᠵᠡᠢ᠃  ᠡᠨᠡ ᠤᠳᠠᠭᠠᠨ ᠤ᠋ ᠨᠡᠢᠲᠡᠯᠡᠬᠦ ᠬᠤᠷᠠᠯ ᠨᠢ ᠮᠠᠨ ᠤ᠋ ᠤᠯᠤᠰ ᠤᠨ ᠬᠠᠮᠢᠶ᠎ᠠ ᠪᠦᠬᠦᠢ  ᠭᠣᠣᠯᠯᠠᠨ ᠬᠠᠮᠢᠶᠠᠷᠬᠤ ᠰᠠᠯᠠᠭ᠎ᠠ  ᠮᠥᠴᠢᠷ ᠡᠴᠡ ᠵᠢᠩᠬᠢᠨᠢ ᠪᠡᠷ ᠨᠡᠢᠭᠡᠮ ᠨᠡᠢᠲᠡ ᠳ᠋ᠦ᠍ ᠨᠡᠢᠲᠡᠯᠡᠵᠦ ᠪᠠᠢᠨ᠎ᠠ ᠶᠤᠮ᠃

ᠬᠠᠭᠠᠨ ᠤ᠋ ᠣᠷᠳᠤᠨ ᠤ᠋ ᠮᠦᠽᠧᠢ ᠶᠢᠨ ᠳᠠᠷᠤᠭ᠎ᠠ ᠱᠠᠨ ᠵᠢᠢ ᠰᠢᠶᠠᠩ ᠤ᠋ᠨ ᠲᠠᠨᠢᠯᠴᠠᠭᠤᠯᠬᠤ ᠪᠠᠷ᠂ ᠬᠠᠭᠠᠨ ᠤ᠋ ᠣᠷᠳᠤᠨ ᠤ᠋ ᠮᠦᠽᠧᠢ ᠡᠨᠡ ᠤᠳᠠᠭᠠᠨ ᠤ᠋ 《ᠳᠡᠯᠡᠬᠡᠢ ᠶᠢᠨ ᠳᠤᠷᠠᠰᠤᠮᠵᠢ ᠶᠢᠨ ᠨᠡᠷᠡᠰ》 ᠲᠤ᠌  ᠡᠷᠡᠮᠡᠯᠵᠡᠯᠡᠨ ᠳᠡᠪᠰᠢᠭᠦᠯᠦᠭᠰᠡᠨ11 ᠶᠠᠰᠤᠨ ᠪᠢᠴᠢᠭ  ᠬᠠᠳᠠᠭᠠᠯᠠᠵᠤ ᠪᠠᠢᠭ᠎ᠠ ᠪᠠᠢᠭᠤᠯᠭ᠎ᠠ ᠶᠢᠨ ᠨᠢᠭᠡ ᠪᠠᠢᠵᠤ᠂ ᠬᠠᠳᠠᠭᠠᠯᠠᠵᠤ ᠪᠠᠢᠭ᠎ᠠ ᠶᠠᠰᠤᠨ ᠪᠢᠴᠢᠭ ᠪᠠᠷᠤᠭ 23000 ᠬᠡᠰᠡᠭ  ᠪᠠᠢᠵᠤ᠂ ᠬᠠᠳᠠᠭᠠᠯᠠᠯᠲᠠ ᠶᠢᠨ ᠬᠡᠮᠵᠢᠶ᠎ᠡ ᠪᠡᠷ ᠳᠡᠯᠡᠬᠡᠢ ᠳ᠋ᠦ᠍ ᠭᠤᠷᠪᠠᠳᠤᠭᠠᠷ ᠲᠤ᠌ ᠣᠷᠤᠵᠤ ᠪᠠᠢᠨ᠎ᠠ ᠭᠡᠵᠡᠢ᠃

ᠶᠠᠰᠤᠨ ᠪᠢᠴᠢᠭ 《ᠳᠡᠯᠡᠬᠡᠢ ᠶᠢᠨ ᠳᠤᠷᠠᠰᠤᠮᠵᠢ ᠶᠢᠨ ᠨᠡᠷᠡᠰ》 ᠲᠤ᠌ ᠪᠦᠷᠢᠳᠭᠡᠭᠦᠯᠦᠭᠰᠡᠨ ᠪᠠᠶᠠᠷ ᠢ ᠲᠡᠮᠳᠡᠭᠯᠡᠬᠦ ᠶ᠋ᠢᠨ ᠲᠥᠯᠦᠭᠡ ᠂ ᠰᠤᠷᠭᠠᠨ ᠬᠥᠮᠦᠵᠢᠯ ᠦ᠋ᠨ ᠶᠠᠮᠤᠨ᠂ ᠤᠯᠤᠰ ᠤᠨ ᠦᠭᠡ ᠬᠡᠯᠡ ᠦᠰᠦᠭ ᠪᠢᠴᠢᠭ ᠦ᠋ᠨ ᠠᠵᠢᠯ ᠤᠨ ᠵᠥᠪᠯᠡᠯ ᠨᠢ ᠳᠤᠮᠳᠠᠳᠤ ᠤᠯᠤᠰ ᠤᠨ ᠰᠢᠤᠳᠠᠨ ᠲᠡᠮᠳᠡᠭ ᠦ᠋ᠨ ᠶᠡᠷᠦᠩᠬᠡᠢ ᠺᠣᠮᠫᠠᠨᠢ ᠳ᠋ᠤ᠌ ᠨᠠᠢᠳᠠᠵᠤ ᠳᠤᠷᠠᠰᠭᠠᠯ ᠤ᠋ᠨ ᠳᠤᠭᠲᠤᠢ ᠦᠢᠯᠡᠳᠦᠨ ᠲᠠᠷᠬᠠᠭᠠᠭᠰᠠᠨ ᠪᠠᠢᠨ᠎ᠠ᠃

 

 

ᠣᠷᠴᠢᠭᠤᠯᠤᠭᠴᠢ᠄ ᠬᠠᠰᠲᠤᠶᠠᠭ᠎ᠠ

ᠬᠢᠨᠠᠭᠴᠢ᠄ ᠠᠯᠲᠠᠨ᠌ᠣ᠋ᠳᠣ

ᠬᠠᠷᠢᠭᠤᠴᠠᠭᠰᠠᠨ ᠨᠠᠢᠷᠠᠭᠤᠯᠤᠭᠴᠢ᠄ ᠬᠠᠰᠲᠤᠶᠠᠭ᠎ᠠ

 

 

ᠸᠢᠴᠠᠲ ᠲᠤ ᠪᠠᠨ ᠬᠤᠪᠢᠶᠠᠯᠴᠠᠬᠤ