2018 ᠣᠨ ᠤ᠋ ᠪᠦᠬᠦ ᠤᠯᠤᠰ ᠤᠨ ᠦᠭᠡ ᠬᠡᠯᠡ ᠦᠰᠦᠭ ᠪᠢᠴᠢᠭ ᠦ᠋ᠨ ᠠᠵᠢᠯ ᠤᠨ ᠬᠤᠷᠠᠯ ᠬᠤᠷᠠᠯᠳᠤᠭᠰᠠᠨ
ᠢᠷᠡᠯᠲᠡ᠄ ᠤᠯᠤᠰ  ᠤᠨ ᠦᠭᠡ ᠬᠡᠯᠡ ᠦᠰᠦᠭ ᠪᠢᠴᠢᠭ ᠤᠨ ᠰᠦᠯᠵᠢᠶ᠎ᠡ
2018.01.10

 

1ᠰᠠᠷ᠎ᠠ ᠶᠢᠨ9 ᠡᠴᠡ10 ᠪᠣᠯᠲᠠᠯ᠎ᠠ᠂ 2018 ᠣᠨ ᠤ ᠪᠦᠬᠦ ᠤᠯᠤᠰ ᠤᠨ ᠦᠭᠡ ᠬᠡᠯᠡ ᠦᠰᠦᠭ ᠪᠢᠴᠢᠭ ᠦ᠋ᠨ ᠠᠵᠢᠯ ᠤᠨ ᠬᠤᠷᠠᠯ ᠵᠢᠶᠠᠩᠰᠦ ᠮᠤᠵᠢ ᠶᠢᠨ ᠨᠠᠨᠵᠢᠩ ᠳ᠋ᠤ᠌ ᠬᠤᠷᠠᠯᠳᠤᠵᠠᠢ᠃ ᠬᠤᠷᠠᠯ ᠨᠢ ᠨᠠᠮ ᠤᠨ ᠠᠷᠪᠠ  ᠶᠢᠰᠦᠳᠦᠭᠡᠷ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠢᠳᠠᠪᠤᠷᠢᠵᠢᠭᠤᠯᠬᠤ ᠲᠣᠭᠤᠷᠢᠨ ᠳ᠋ᠤ᠌᠂ ᠨᠠᠮ ᠤᠨ ᠠᠷᠪᠠᠨ ᠨᠠᠢ᠍ᠮᠠᠳᠤᠭᠠᠷ ᠶᠡᠬᠡ ᠬᠤᠷᠠᠯ ᠠ᠋ᠴᠠ  ᠨᠠᠭᠠᠰᠢᠬᠢ ᠦᠭᠡ ᠬᠡᠯᠡ ᠦᠰᠦᠭ ᠪᠢᠴᠢᠭ ᠦ᠋ᠨ ᠠᠵᠢᠯ ᠦᠢᠯᠡᠰ ᠦ᠋ᠨ  ᠭᠢᠯᠠᠯᠵᠠᠮ᠎ᠠ ᠠᠮᠵᠢᠯᠲᠠ ᠶᠢ ᠪᠦᠬᠦ ᠲᠠᠯ᠎ᠠ ᠪᠠᠷ ᠳ᠋ᠦᠩᠨᠡᠵᠦ᠂  ᠰᠢᠨ᠎ᠡ ᠴᠠᠭ ᠦᠶ᠎ᠡ ᠳ᠋ᠦ᠍ ᠦᠭᠡ ᠬᠡᠯᠡ ᠦᠰᠦᠭ ᠪᠢᠴᠢᠭ ᠦ᠋ᠨ ᠠᠵᠢᠯ ᠳ᠋ᠤ᠌ ᠲᠤᠯᠭᠠᠷᠠᠵᠤ ᠪᠠᠢᠭ᠎ᠠ ᠰᠢᠨ᠎ᠡ ᠪᠠᠢᠳᠠᠯ᠂ ᠰᠢᠨ᠎ᠡ ᠡᠭᠦᠷᠭᠡ᠂ ᠰᠢᠨ᠎ᠡ ᠱᠠᠭᠠᠷᠳᠠᠯᠭ᠎ᠠ ᠶᠢ ᠭᠦᠨᠵᠡᠭᠡᠢ ᠵᠠᠳᠠᠯᠤᠨ᠂ 2018 ᠣᠨ ᠪᠣᠯᠤᠨ ᠬᠣᠢᠰᠢᠳᠠ ᠶᠢᠨ ᠨᠢᠭᠡᠨ ᠬᠤᠭᠤᠴᠠᠭᠠᠨ ᠤ᠋ ᠦᠭᠡ ᠬᠡᠯᠡ ᠦᠰᠦᠭ ᠪᠢᠴᠢᠭ ᠦ᠋ᠨ  ᠭᠣᠣᠯᠳᠠᠯᠭ᠎ᠠ ᠲᠠᠢ ᠠᠵᠢᠯ ᠢ᠋  ᠪᠠᠢᠷᠢᠯᠠᠭᠤᠯᠵᠠᠢ᠃ ᠰᠤᠷᠭᠠᠨ ᠬᠥᠮᠦᠵᠢᠯ ᠦ᠋ᠨ ᠶᠠᠮᠤᠨ ᠤ᠋ ᠳᠡᠳ᠋ ᠳᠠᠷᠤᠭ᠎ᠠ᠂ ᠤᠯᠤᠰ ᠤᠨ ᠦᠭᠡ ᠬᠡᠯᠡ ᠦᠰᠦᠭ ᠪᠢᠴᠢᠭ ᠦ᠋ᠨ ᠵᠥᠪᠯᠡᠯ ᠦ᠋ᠨ ᠡᠷᠬᠢᠯᠡᠭᠴᠢ ᠳ᠋ᠦ ᠵᠠᠨ  ᠶᠤᠸᠠᠨ᠂ ᠵᠢᠶᠠᠩᠰᠦ ᠮᠤᠵᠢ ᠶᠢᠨ ᠳᠡᠳ᠋ ᠳᠠᠷᠤᠭ᠎ᠠ ᠸᠠᠩ ᠵᠢᠶᠠᠩ ᠬᠤᠷᠠᠯ ᠳ᠋ᠤ᠌  ᠣᠷᠤᠯᠴᠠᠵᠤ ᠶᠠᠷᠢᠶ᠎ᠠ ᠲᠠᠯᠪᠢᠵᠠᠢ᠃

ᠳ᠋ᠦ ᠵᠠᠨ ᠶᠤᠸᠠᠨ ᠵᠢᠭᠠᠬᠤ ᠳ᠋ᠠᠭᠠᠨ᠂ ᠦᠭᠡ ᠬᠡᠯᠡ ᠦᠰᠦᠭ ᠪᠢᠴᠢᠭ ᠦ᠋ᠨ ᠹᠷᠣᠨᠲ᠋ ᠡᠴᠡ ᠨᠠᠮ ᠤᠨ  ᠠᠷᠪᠠ ᠶᠢᠰᠦᠳᠦᠭᠡᠷ ᠶᠡᠬᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠰᠢ ᠵᠢᠨ ᠫᠢᠩ ᠦ᠋ᠨ ᠰᠢᠨ᠎ᠡ ᠴᠠᠭ ᠦᠶ᠎ᠡ ᠶ᠋ᠢᠨ ᠳᠤᠮᠳᠠᠳᠤ ᠤᠯᠤᠰ ᠤᠨ ᠣᠨᠴᠠᠯᠢᠭ ᠲᠠᠢ ᠨᠡᠢᠭᠡᠮ ᠵᠢᠷᠤᠮ ᠤ᠋ᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠪᠦᠬᠦ ᠲᠠᠯ᠎ᠠ ᠪᠠᠷ 《 ᠤᠯᠤᠰ ᠤᠨ ᠦᠭᠡ ᠬᠡᠯᠡ ᠦᠰᠦᠭ ᠪᠢᠴᠢᠭ ᠦ᠋ᠨ ᠠᠵᠢᠯ ᠦᠢᠯᠡᠰ ᠦ᠋ᠨ  < ᠠᠷᠪᠠᠨ ᠭᠤᠷᠪᠠᠳᠤᠭᠠᠷ ᠲᠠᠪᠤᠨ ᠵᠢᠯ > ᠤᠨ ᠬᠥᠭᠵᠢᠭᠦᠯᠦᠯᠲᠡ ᠶᠢᠨ   ᠲᠥᠯᠦᠪᠵᠢᠭᠦᠯᠭᠡ》  ᠶᠢ ᠲᠤᠭᠤᠰᠢᠯᠠᠭᠤᠯᠵᠤ᠂ ᠲᠣᠭᠲᠠᠭᠤᠨ  ᠤ᠋ ᠳᠤᠮᠳᠠ ᠤᠷᠤᠭᠰᠢᠯᠠᠬᠤ ᠶᠡᠷᠦᠩᠬᠡᠢ ᠭᠦᠭ ᠠᠶᠠᠰ ᠢ᠋ ᠪᠠᠷᠢᠮᠲᠠᠯᠠᠨ᠂ ᠲᠦᠭᠡᠮᠡᠯᠵᠢᠭᠦᠯᠬᠦ ᠳ᠋ᠦ᠍ ᠳᠤᠲᠠᠭᠳᠠᠯ ᠲᠠᠢ ᠲᠠᠯ᠎ᠠ ᠶ᠋ᠢ ᠠᠳᠭᠤᠨ᠂ ᠦᠢᠯᠡᠴᠢᠯᠡᠭᠡ  ᠳᠤᠮᠳᠠ ᠴᠢᠳᠠᠪᠤᠷᠢ ᠶ᠋ᠢ ᠠᠳᠭᠤᠨ᠂ ᠵᠠᠰᠠᠨ ᠴᠡᠭᠴᠡᠯᠡᠬᠦ ᠳ᠋ᠦ᠍ ᠵᠣᠬᠢᠴᠠᠮᠵᠢ ᠶᠢ ᠠᠳᠭᠤᠨ᠂ ᠪᠠᠲᠤᠯᠠᠭ᠎ᠠ ᠳ᠋ᠤ᠌ ᠨᠠᠮ ᠤᠨ ᠪᠠᠢᠭᠤᠯᠤᠯᠲᠠ ᠶᠢ ᠠᠳᠭᠤᠬᠤ ᠶᠢ ᠪᠠᠷᠢᠮᠲᠠᠯᠠᠨ᠂ ᠡᠭᠦᠷᠭᠡ ᠬᠠᠷᠢᠭᠤᠴᠠᠯᠭᠠᠲᠤ ᠤᠬᠠᠮᠰᠠᠷ ᠪᠣᠯᠤᠨ ᠰᠢᠨᠡᠴᠢᠯᠡᠬᠦ  ᠤᠬᠠᠮᠰᠠᠷ ᠢ᠋ᠶ᠋ᠠᠨ  ᠴᠢᠩᠭᠠᠳᠭᠠᠬᠤ ᠬᠡᠷᠡᠭᠲᠡᠢ᠃ 2018 ᠣᠨ ᠤ᠋ ᠭᠣᠣᠯᠳᠠᠭ᠎ᠠ ᠲᠠᠢ ᠨᠠᠢᠳᠠᠪᠤᠷᠢᠵᠢᠭᠤᠯᠬᠤ ᠠᠵᠢᠯ ᠢ᠋ 《 ᠨᠢᠭᠡ᠂ ᠬᠤᠶᠠᠷ ᠭᠤᠷᠪᠠ᠂ ᠳᠥᠷᠪᠡ》 ᠭᠡᠵᠦ  ᠬᠤᠷᠢᠶᠠᠩᠭᠤᠢᠯᠠᠵᠤ ᠪᠣᠯᠤᠨ᠎ᠠ᠃ ᠨᠢᠭᠡ ᠨᠢ 《ᠨᠢᠭᠡ ᠲᠥᠯᠦᠪᠵᠢᠭᠦᠯᠭᠡ 》 ᠶᠢ ᠪᠦᠬᠦ ᠲᠠᠯ᠎ᠠ ᠪᠠᠷ ᠬᠡᠷᠡᠭᠵᠢᠭᠦᠯᠦᠨ᠎ᠡ᠂ ᠳᠠᠷᠤᠢ ᠪᠠᠷᠢᠮᠵᠢᠶ᠎ᠠ ᠠᠪᠢᠶ᠎ᠠ ᠶᠢ ᠲᠦᠭᠡᠮᠡᠯᠵᠢᠭᠦᠯᠵᠦ ᠶᠠᠳᠠᠭᠤ ᠠ᠋ᠴᠠ ᠠᠩᠭᠢᠵᠢᠷᠠᠭᠤᠯᠬᠤ ᠲᠥᠯᠦᠪᠵᠢᠭᠦᠯᠭᠡ ᠶᠢ ᠬᠡᠷᠡᠭᠵᠢᠭᠦᠯᠦᠨ᠎ᠡ᠃ ᠬᠤᠶᠠᠷ ᠨᠢ 《 ᠬᠤᠶᠠᠷ ᠰᠢᠯᠭᠠᠨ ᠪᠠᠢᠴᠠᠭᠠᠯᠲᠠ 》 ᠶᠢ ᠨᠠᠢᠳᠠᠪᠤᠷᠢᠵᠢᠭᠤᠯᠤᠨ᠎ᠠ᠃ ᠳᠠᠷᠤᠢ ᠰᠢᠶᠠᠨ ᠤ᠋ ᠳᠡᠰ ᠦ᠋ᠨ ᠲᠦᠭᠡᠮᠡᠯᠵᠢᠯᠲᠡ ᠪᠠᠷᠢᠮᠵᠢᠶᠠᠨ ᠳ᠋ᠤ᠌ ᠬᠦᠷᠦᠭᠰᠡᠨ ᠢ᠋ ᠰᠢᠯᠭᠠᠨ ᠪᠠᠢᠴᠠᠭᠠᠬᠤ ᠪᠣᠯᠤᠨ ᠰᠤᠷᠭᠠᠭᠤᠯᠢ ᠶᠢᠨ ᠦᠭᠡ ᠬᠡᠯᠡ ᠦᠰᠦᠭ ᠪᠢᠴᠢᠭ ᠤᠨ ᠳᠦᠷᠢᠮᠵᠢᠯ ᠤᠨ ᠪᠠᠢᠭᠤᠯᠤᠯᠲᠠ ᠪᠠᠷᠢᠮᠵᠢᠶᠠᠨ ᠳ᠋ᠤ᠌ ᠬᠦᠷᠦᠭᠰᠡᠨ ᠢ᠋ ᠰᠢᠯᠭᠠᠨ ᠪᠠᠢᠴᠠᠭᠠᠨ᠎ᠠ᠃ ᠭᠤᠷᠪᠠ ᠨᠢ 《 ᠭᠤᠷᠪᠠᠨ ᠶᠡᠬᠡ ᠢᠨᠵᠧᠨᠧᠷᠢᠩ》 ᠶᠢ ᠲᠥᠯᠭᠡᠨ ᠠᠬᠢᠭᠤᠯᠤᠨ᠎ᠠ᠂ ᠳᠠᠷᠤᠢ ᠳᠤᠮᠳᠠᠳᠤ ᠶ᠋ᠢᠨ ᠰᠣᠩᠭᠤᠳᠠᠭ ᠵᠣᠬᠢᠶᠠᠯ ᠢ᠋ ᠤᠩᠰᠢᠬᠤ ᠢᠨᠵᠧᠨᠧᠷᠢᠩ᠂ ᠲᠤᠮᠳᠠᠳᠤ ᠶ᠋ᠢᠨ ᠦᠭᠡ  ᠬᠡᠯᠡᠨ ᠦ᠌ ᠰᠤᠷᠪᠤᠯᠵᠢ ᠶᠢ ᠬᠠᠮᠠᠭᠠᠯᠠᠬᠤ ᠢᠨᠵᠧᠨᠧᠷᠢᠩ ᠪᠣᠯᠤᠨ ᠨᠡᠢᠭᠡᠮ ᠦ᠋ᠨ ᠦᠭᠡ ᠬᠡᠯᠡᠨ ᠦ᠌ ᠦᠢᠯᠡᠴᠢᠯᠡᠭᠡᠨ ᠦ᠌ ᠢᠨᠵᠧᠨᠧᠷᠢᠩ ᠢ᠋ ᠲᠦᠯᠬᠢᠨ ᠠᠬᠢᠭᠤᠯᠤᠨ᠎ᠠ᠃ ᠳᠥᠷᠪᠡ ᠪᠣᠯ 《ᠳᠥᠷᠪᠡᠨ ᠭᠠᠷᠤᠭ᠎ᠠ》᠂ ᠳᠠᠷᠤᠢ ᠪᠠᠷᠢᠮᠵᠢᠶ᠎ᠠ ᠠᠪᠢᠶ᠎ᠠ ᠶᠢ ᠲᠦᠭᠡᠮᠡᠯᠵᠢᠭᠦᠯᠵᠦ ᠶᠠᠳᠠᠭᠤ ᠠ᠋ᠴᠠ ᠠᠩᠭᠢᠵᠢᠷᠠᠭᠤᠯᠬᠤ᠂  ᠲᠦᠭᠡᠮᠡᠯᠵᠢᠭᠦᠯᠬᠦ ᠬᠡᠯᠪᠡᠷᠢ ᠪᠣᠯᠤᠨ ᠰᠤᠳᠤᠯᠭᠠᠨ ᠤ᠋ ᠬᠡᠯᠪᠡᠷᠢ ᠶᠢᠨ ᠰᠠᠭᠤᠷᠢᠨ ᠢ᠋ ᠪᠠᠢᠭᠤᠯᠬᠤ᠂ ᠰᠣᠩᠭᠤᠳᠠᠭ ᠪᠦᠲᠦᠭᠡᠯ ᠢ᠋ ᠰᠤᠷᠭᠠᠭᠤᠯᠢ ᠳ᠋ᠤ᠌ ᠣᠷᠤᠭᠤᠯᠬᠤ᠂ ᠪᠦᠬᠦ ᠲᠠᠯ᠎ᠠ ᠪᠠᠷ  ᠬᠢᠨᠠᠨ ᠵᠢᠯᠤᠭᠤᠳᠴᠤ  ᠦᠨᠡᠯᠡᠯᠲᠡ ᠬᠢᠬᠦ  ᠶᠠᠪᠤᠳᠠᠯ ᠪᠣᠯᠤᠨ᠎ᠠ  ᠭᠡᠵᠡᠢ᠃

ᠪᠡᠭᠡᠵᠢᠩ᠂  ᠡᠾᠸᠪᠸᠢ᠂ ᠱᠠᠩᠬᠠᠢ᠂ ᠵᠢᠶᠠᠩᠰᠦ᠂ ᠭᠤᠸᠠᠩᠳᠦ᠋ᠩ᠂ ᠭᠤᠸᠠᠩᠰᠢ᠂ ᠶᠦᠨᠨᠠᠨ᠂ ᠭᠠᠨᠰᠦ  ᠶᠢᠨ ᠰᠤᠷᠭᠠᠨ ᠬᠥᠮᠦᠵᠢᠯ ᠦ᠋ᠨ ᠲᠢᠩᠬᠢᠮ (ᠰᠤᠷᠭᠠᠨ ᠬᠥᠮᠦᠵᠢᠯ ᠦ᠋ᠨ ᠵᠥᠪᠯᠡᠯ) ᠪᠣᠯᠤᠨ ᠵᠢᠶᠠᠩᠰᠦ  ᠮᠤᠵᠢ ᠶᠢᠨ ᠵᠢᠩ ᠵᠢᠶᠠᠩ  ᠬᠣᠲᠠ  ᠶᠢᠨ ᠬᠢᠨ ᠬᠤᠷᠠᠯ ᠳ᠋ᠤ᠌  ᠰᠣᠯᠢᠯᠴᠠᠭ᠎ᠠ ᠬᠢᠵᠡᠢ᠃ ᠬᠤᠷᠠᠯ ᠳ᠋ᠤ᠌  ᠡᠯ᠎ᠡ ᠮᠤᠵᠢ ᠶᠢᠨ ᠳᠡᠰ ᠦ᠋ᠨ ᠰᠤᠷᠭᠠᠨ ᠬᠥᠮᠦᠵᠢᠯ ᠦ᠋ᠨ ᠵᠠᠰᠠᠭ ᠵᠠᠬᠢᠷᠭᠠᠨ ᠤ᠋  ᠰᠠᠯᠠᠭ᠎ᠠ ᠮᠥᠴᠢᠷ᠂ ᠦᠭᠡ ᠬᠡᠯᠡ ᠦᠰᠦᠭ ᠪᠢᠴᠢᠭ ᠦ᠋ᠨ  ᠰᠠᠯᠠᠭ᠎ᠠ ᠮᠥᠴᠢᠷ᠂  ᠦᠨᠳᠦᠰᠦᠲᠡᠨ ᠦ᠌ ᠦᠭᠡ ᠬᠡᠯᠡ ᠦᠰᠦᠭ ᠪᠢᠴᠢᠭ ᠦ᠋ᠨ ᠰᠠᠯᠠᠭ᠎ᠠ ᠮᠥᠴᠢᠷ ᠪᠣᠯᠤᠨ ᠰᠤᠷᠭᠠᠨ ᠬᠥᠮᠦᠵᠢᠯ ᠦ᠋ᠨ ᠶᠠᠮᠤᠨ ᠤ᠋ ᠬᠠᠮᠢᠶ᠎ᠠ ᠪᠦᠬᠦᠢ ᠵᠤᠷᠭᠠᠨ ᠤ ᠲᠣᠪᠴᠢᠶ᠎ᠠ᠂ ᠠᠵᠢᠯ ᠦᠢᠯᠡᠰ ᠦ᠋ᠨ ᠨᠢᠭᠡᠴᠢ ᠶᠢᠨ ᠬᠠᠷᠢᠭᠤᠴᠠᠯᠭᠠᠲᠠᠨ᠂ ᠵᠢᠶᠠᠩᠰᠦ ᠮᠤᠵᠢ ᠶᠢᠨ ᠡᠯ᠎ᠡ ᠭᠠᠵᠠᠷ ᠤᠨ ᠳᠡᠰ ᠦ᠋ᠨ ᠰᠤᠷᠭᠠᠨ ᠬᠥᠮᠦᠵᠢᠯ ᠦ᠋ᠨ ᠲᠣᠪᠴᠢᠶ᠎ᠠ᠂ ᠬᠡᠯᠡ  ᠪᠢᠴᠢᠭ ᠦ᠋ᠨ ᠵᠥᠪᠯᠡᠯ ᠪᠣᠯᠤᠨ ᠬᠡᠰᠡᠭ ᠮᠡᠷᠭᠡᠵᠢᠯᠲᠡᠨ᠂ ᠳᠡᠭᠡᠳᠦ ᠰᠤᠷᠭᠠᠭᠤᠯᠢ  ᠶᠢᠨ ᠦᠭᠡ ᠬᠡᠯᠡ ᠦᠰᠦᠭ ᠪᠢᠴᠢᠭ ᠦ᠋ᠨ ᠠᠵᠢᠯ ᠤᠨ ᠬᠠᠷᠢᠭᠤᠴᠠᠯᠭᠠᠲᠠᠨ ᠬᠤᠷᠠᠯ ᠳ᠋ᠤ᠌ ᠣᠷᠤᠯᠴᠠᠭᠰᠠᠨ ᠪᠠᠢᠨ᠎ᠠ᠃

 

 

ᠣᠷᠴᠢᠭᠤᠯᠤᠭᠴᠢ᠄ ᠬᠠᠰᠲᠤᠶᠠᠭ᠎ᠠ

ᠬᠢᠨᠠᠭᠴᠢ᠄ ᠠᠯᠲᠠᠨ᠌ᠣ᠋ᠳᠣ

ᠬᠠᠷᠢᠭᠤᠴᠠᠨᠰᠠᠨ ᠨᠠᠢᠷᠠᠭᠤᠯᠤᠭᠴᠢ᠄ ᠬᠠᠰᠲᠤᠶᠠᠭ᠎ᠠ

 

 

ᠸᠢᠴᠠᠲ ᠲᠤ ᠪᠠᠨ ᠬᠤᠪᠢᠶᠠᠯᠴᠠᠬᠤ