2018.03.14
ᠰᠤᠷᠪᠤᠯᠵᠢᠯᠠᠭᠴᠢ ᠥᠨᠥᠳᠦᠷ ᠰᠤᠷᠭᠠᠨ ᠬᠥᠮᠦᠵᠢᠯ ᠦ᠋ᠨ ᠶᠠᠮᠤᠨ ᠠ᠋ᠴᠠ ᠣᠢᠯᠠᠭᠠᠭᠰᠠᠨ ᠵᠢᠡᠷ᠂ ᠰᠤᠷᠭᠠᠨ ᠬᠥᠮᠦᠵᠢᠯ ᠦ᠋ᠨ ᠶᠠᠮᠤᠨ᠂ ᠲᠥᠷᠦ ᠵᠢᠨ ᠶᠠᠪᠤᠳᠠᠯ ᠤ᠋ᠨ ᠬᠣᠷᠢᠶᠠᠨ ᠤ᠋ ᠶᠠᠳᠠᠭᠤ ᠵᠢ ᠲᠡᠳᠭᠦᠬᠦ ᠠᠯᠪᠠᠨ ᠭᠡᠷ᠂ ᠤᠯᠤᠰ ᠤ᠋ᠨ ᠬᠡᠯᠡ ᠪᠢᠴᠢᠭ ᠦ᠋ᠨ ᠵᠥᠪᠯᠡᠯ 《 ᠨᠡᠢᠲᠡᠯᠢᠭ ᠬᠡᠯᠡ ᠵᠢ ᠲᠦᠭᠡᠮᠡᠯᠵᠢᠭᠦᠯᠵᠦ ᠶᠠᠳᠠᠭᠤ ᠠ᠋ᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯᠯᠠᠭᠠᠨ ᠤ᠋ ᠲᠥᠯᠦᠪᠯᠡᠭᠡ (2018-2020 ᠣᠨ)》 ᠢ᠋ ᠳᠠᠷᠤᠮᠠᠯᠯᠠᠨ ᠲᠠᠷᠬᠠᠭᠠᠪᠠ᠃ 《ᠲᠥᠯᠦᠪᠯᠡᠭᠡ》 ᠳ᠋ᠦ᠍ ᠨᠡᠢᠲᠡᠯᠢᠭ ᠬᠡᠯᠡ ᠵᠢ ᠲᠦᠭᠡᠮᠡᠯᠵᠢᠭᠦᠯᠬᠦ ᠨᠤᠷᠮ᠎ᠠ ᠵᠢ ᠳᠡᠭᠡᠭᠰᠢᠯᠡᠭᠦᠯᠬᠦ ᠶᠠᠪᠤᠳᠠᠯ ᠢ᠋ ᠭᠠᠵᠠᠷ ᠣᠷᠤᠨ ᠤ᠋ ᠶᠠᠳᠠᠭᠤ ᠵᠢ ᠲᠡᠳᠭᠦᠬᠦ ᠰᠠᠯᠠᠭ᠎ᠠ ᠮᠥᠴᠢᠷ᠂ ᠰᠤᠷᠭᠠᠨ ᠬᠥᠮᠦᠵᠢᠯ ᠦ᠋ᠨ ᠰᠠᠯᠠᠭ᠎ᠠ ᠮᠥᠴᠢᠷ ᠤ᠋ᠨ ᠶᠠᠳᠠᠭᠤ ᠵᠢ ᠲᠡᠳᠭᠦᠬᠦ ᠠᠵᠢᠯ ᠤ᠋ᠨ ᠦᠷ᠎ᠡ ᠪᠦᠲᠦᠮᠵᠢ ᠵᠢᠨ ᠬᠢᠨᠠᠯᠲᠠ ᠳ᠋ᠤ᠌ ᠣᠷᠤᠭᠤᠯᠵᠤ ᠂ ᠡᠯ᠎ᠡ ᠳᠡᠰ ᠦ᠋ᠨ ᠡᠯ᠎ᠡ ᠲᠥᠷᠦᠯ ᠦ᠋ᠨ ᠰᠤᠷᠭᠠᠭᠤᠯᠢ ᠵᠢᠨ ᠰᠢᠨ᠎ᠡ ᠪᠡᠷ ᠡᠯᠰᠡᠭᠰᠡᠨ ᠪᠠᠭᠰᠢ ᠵᠢᠨ ᠨᠡᠢᠲᠡᠯᠢᠭ ᠬᠡᠯᠡᠨ ᠦ᠌ ᠬᠢᠷᠢ ᠬᠡᠮ ᠨᠢ ᠵᠠᠪᠠᠯ ᠤᠯᠤᠰ ᠤ᠋ᠨ ᠲᠣᠭᠲᠠᠭᠰᠠᠨ ᠳᠡᠰ ᠦ᠋ᠨ ᠪᠠᠷᠢᠮᠵᠢᠶ᠎ᠠ ᠳ᠋ᠤ᠌ ᠬᠦᠷᠦᠭᠰᠡᠨ ᠪᠠᠢᠬᠤ ᠬᠡᠷᠡᠭᠲᠡᠢ ᠭᠡᠵᠦ ᠴᠢᠬᠤᠯᠠᠴᠢᠯᠠᠵᠠᠢ᠃
ᠶᠠᠳᠠᠭᠤ ᠵᠢ ᠲᠡᠳᠭᠦᠬᠦ ᠳ᠋ᠦ᠍ ᠤᠷᠢᠳ ᠢ᠋ᠶ᠋ᠠᠷ ᠣᠶᠤᠨ ᠢ᠋ ᠲᠡᠳᠭᠦᠨ᠎ᠡ᠂ ᠣᠶᠤᠨ ᠢ᠋ ᠲᠡᠳᠭᠦᠬᠦ ᠳ᠋ᠦ᠍ ᠤᠷᠢᠳ ᠢ᠋ᠶ᠋ᠠᠷ ᠬᠡᠯᠡ ᠵᠢ ᠨᠡᠪᠲᠡᠷᠡᠭᠦᠯᠬᠦ ᠬᠡᠷᠡᠭᠲᠡᠢ᠃ 《ᠲᠥᠯᠦᠪᠯᠡᠭᠡ》 ᠳ᠋ᠦ᠍᠂ 2020 ᠣᠨ ᠪᠣᠯᠲᠠᠯ᠎ᠠ ᠶᠠᠳᠠᠭᠤ ᠬᠦᠴᠢᠷᠳᠡᠯᠲᠡᠢ ᠡᠷᠦᠬᠡ ᠵᠢᠨ ᠰᠢᠨ᠎ᠡ ᠪᠡᠷ ᠨᠡᠮᠡᠭᠳᠡᠬᠦ ᠬᠥᠳᠡᠯᠮᠦᠷᠢ ᠬᠦᠴᠦᠨ ᠵᠠᠪᠠᠯ ᠪᠦᠭᠦᠳᠡᠭᠡᠷ ᠤᠯᠤᠰ ᠤ᠋ᠨ ᠨᠡᠢᠳᠡᠮ ᠬᠡᠷᠡᠭᠯᠡᠬᠦ ᠬᠡᠯᠡ ᠦᠰᠦᠭ ᠪᠢᠴᠢᠭ ᠵᠢᠡᠷ ᠨᠡᠪᠲᠡᠷᠡᠯᠴᠡᠬᠦ ᠪᠠ ᠬᠡᠷᠡᠭᠯᠡᠬᠦ ᠴᠢᠳᠠᠪᠤᠷᠢ ᠲᠠᠢ ᠪᠠᠢᠬᠤ ᠬᠡᠷᠡᠭᠲᠡᠢ᠂ ᠣᠳᠣ ᠪᠠᠢᠭ᠎ᠠ ᠶᠠᠳᠠᠭᠤ ᠬᠦᠴᠢᠷᠳᠡᠯᠲᠡᠢ ᠭᠠᠵᠠᠷ ᠣᠷᠤᠨ ᠤ᠋ ᠵᠠᠯᠠᠭᠤ ᠢᠳᠡᠷ ᠬᠥᠳᠡᠯᠮᠦᠷᠢ ᠬᠦᠴᠦᠨ ᠨᠡᠢᠲᠡᠯᠢᠭ ᠬᠡᠯᠡ ᠪᠡᠷ ᠬᠠᠷᠢᠯᠴᠠᠵᠤ ᠳᠡᠢᠯᠬᠦ ᠬᠠᠮᠤᠭ ᠦᠨᠳᠦᠰᠦᠨ ᠴᠢᠳᠠᠪᠤᠷᠢ ᠲᠠᠢ ᠪᠠᠢᠬᠤ ᠬᠡᠷᠡᠭᠲᠡᠢ᠂ ᠲᠤᠬᠠᠢ ᠵᠢᠨ ᠭᠠᠵᠠᠷ ᠤ᠋ᠨ ᠨᠡᠢᠲᠡᠯᠢᠭ ᠬᠡᠯᠡᠨ ᠦ᠌ ᠲᠦᠭᠡᠮᠡᠯᠵᠢᠭᠦᠯᠦᠯᠲᠡ ᠵᠢᠨ ᠨᠣᠷᠮ᠎ᠠ ᠵᠢ ᠮᠡᠳᠡᠭᠳᠡᠮ᠎ᠡ ᠳᠡᠭᠡᠭᠰᠢᠯᠡᠭᠦᠯᠵᠦ᠂ ᠨᠡᠢᠲᠡᠯᠢᠭ ᠬᠡᠯᠡ ᠪᠡᠷ ᠠᠩᠬ᠎ᠠ ᠠᠯᠬᠤᠮ ᠨᠡᠪᠲᠡᠷᠡᠯᠴᠡᠬᠦ ᠬᠡᠯᠡᠨ ᠦ᠌ ᠣᠷᠴᠢᠨ ᠢ᠋ ᠪᠣᠢ ᠪᠣᠯᠭᠠᠵᠤ᠂ 《ᠴᠢᠰᠤ ᠪᠦᠷᠢᠯᠳᠦᠭᠦᠯᠬᠦ》 ᠴᠢᠳᠠᠪᠤᠷᠢ ᠵᠢ ᠳᠡᠭᠡᠭᠰᠢᠯᠡᠭᠦᠯᠬᠦ ᠳ᠋ᠦ᠍ ᠬᠡᠯᠡᠨ ᠦ᠌ ᠰᠠᠭᠤᠷᠢ ᠵᠢ ᠲᠠᠯᠪᠢᠬᠤ ᠬᠡᠷᠡᠭᠲᠡᠢ ᠭᠡᠵᠦ ᠳᠤᠷᠠᠳᠴᠠᠢ᠃
《ᠲᠥᠯᠦᠪᠯᠡᠭᠡ》 ᠳ᠋ᠦ᠍ ᠲᠣᠳᠤᠷᠬᠠᠢᠯᠠᠭᠰᠠᠨ ᠨᠢ᠂ ᠨᠡᠢᠲᠡᠯᠢᠭ ᠬᠡᠯᠡᠨ ᠦ᠌ ᠲᠦᠭᠡᠮᠡᠯᠵᠢᠯᠲᠡ ᠵᠢᠨ ᠨᠣᠷᠮ᠎ᠠ ᠶᠢ ᠳᠡᠭᠡᠭᠰᠢᠯᠡᠭᠦᠯᠬᠦ ᠵᠢ ᠭᠠᠵᠠᠷ ᠣᠷᠤᠨ ᠤ᠋ ᠶᠠᠳᠠᠭᠤ ᠵᠢ ᠲᠡᠳᠭᠦᠬᠦ ᠰᠠᠯᠠᠭ᠎ᠠ ᠮᠥᠴᠢᠷ᠂ ᠰᠤᠷᠭᠠᠨ ᠬᠥᠮᠦᠵᠢᠯ ᠦ᠋ᠨ ᠰᠠᠯᠠᠭ᠎ᠠ ᠮᠥᠴᠢᠷ ᠦ᠋ᠨ ᠶᠠᠳᠠᠭᠤ ᠶᠢ ᠲᠡᠳᠭᠦᠬᠦ ᠠᠵᠢᠯ ᠤ᠋ᠨ ᠦᠷ᠎ᠡ ᠪᠦᠲᠦᠮᠵᠢ ᠵᠢᠨ ᠬᠢᠨᠠᠯᠲᠠ ᠳ᠋ᠤ᠌ ᠣᠷᠤᠭᠤᠯᠵᠤ᠂ ᠲᠣᠰᠭᠤᠨ ᠳ᠋ᠤ᠌ ᠰᠠᠭᠤᠭ᠎ᠠ ᠺᠠᠳ᠋ᠷ ᠪᠣᠯᠤᠨ ᠲᠣᠰᠭᠤᠨ ᠳ᠋ᠤ᠌ ᠰᠠᠭᠤᠭ᠎ᠠ ᠨᠢᠭᠡᠳᠦᠭᠡᠷ ᠱᠦᠵᠢ ᠵᠢᠨ ᠭᠣᠣᠯ ᠪᠣᠯᠬᠤ ᠠᠵᠢᠯ ᠤ᠋ᠨ ᠡᠭᠦᠷᠭᠡ ᠪᠣᠯᠭᠠᠵᠤ᠂ ᠦᠷ᠎ᠡ ᠪᠦᠲᠦᠮᠵᠢ ᠭᠠᠷᠭᠠᠬᠤ ᠪᠠᠷ ᠴᠢᠷᠮᠠᠢᠬᠤ ᠬᠡᠷᠡᠭᠲᠡᠢ᠃ ᠬᠥᠮᠦᠨ ᠠᠮᠠ᠂ ᠠᠵᠤ ᠠᠬᠤᠢ᠂ ᠰᠤᠷᠭᠠᠨ ᠬᠥᠮᠦᠵᠢᠯ᠂ ᠬᠡᠯᠡ ᠵᠡᠷᠭᠡ ᠦᠨᠳᠦᠰᠦᠨ ᠰᠢᠯᠲᠠᠭᠠᠨ ᠪᠠ ᠨᠥᠬᠦᠴᠡᠯ ᠦ᠋ᠨ ᠪᠠᠲᠤᠯᠠᠭ᠎ᠠ ᠵᠢ ᠶᠡᠷᠦᠩᠬᠡᠢᠯᠡᠵᠦ᠂ ᠨᠡᠢᠲᠡᠯᠢᠭ ᠬᠡᠯᠡᠨ ᠦ᠌ ᠲᠦᠭᠡᠮᠡᠯᠵᠢᠯᠲᠡ ᠶᠢᠨ ᠨᠤᠷᠮ᠎ᠠ ᠳᠣᠣᠷ᠎ᠠ ᠪᠠᠢᠭ᠎ᠠ ᠭᠠᠵᠠᠷ ᠣᠷᠤᠨ ᠪᠠ ᠵᠠᠯᠠᠭᠤ ᠢᠳᠡᠷ ᠨᠠᠰᠤᠨ ᠤ᠋ ᠬᠥᠳᠡᠯᠮᠦᠷᠢ ᠬᠦᠴᠦᠨ ᠦ᠌ ᠬᠥᠮᠦᠨ ᠠᠮᠠᠨ ᠳ᠋ᠤ᠌ ᠬᠠᠨᠳᠤᠭᠤᠯᠵᠤ᠂ ᠨᠡᠢᠲᠡᠯᠢᠭ ᠬᠡᠯᠡ ᠵᠢ ᠰᠤᠷᠴᠤ ᠡᠵᠡᠮᠰᠢᠭᠰᠡᠨ ᠪᠠᠢᠳᠠᠯ ᠢ᠋ ᠶᠠᠳᠠᠭᠤ ᠬᠦᠴᠢᠷᠳᠡᠯᠲᠡᠢ ᠬᠥᠮᠦᠨ ᠠᠮᠠ ᠵᠢᠨ ᠳᠠᠩᠰᠠᠨ ᠤ᠋ ᠺᠠᠷᠲ ᠲᠤ᠌ ᠲᠡᠮᠳᠡᠭᠯᠡᠨ ᠣᠷᠤᠭᠤᠯᠵᠤ᠂ ᠬᠡᠯᠡ ᠨᠡᠪᠲᠡᠷᠡᠯᠴᠡᠬᠦ ᠦᠭᠡᠢ ᠪᠣᠯᠵᠤ ᠶᠠᠳᠠᠭᠤ ᠠ᠋ᠴᠠ ᠠᠩᠭᠢᠵᠢᠷᠠᠭᠤᠯᠵᠤ ᠳᠡᠢᠯᠬᠦ ᠦᠭᠡᠢ ᠪᠠᠢᠳᠠᠯ ᠡᠭᠦᠰᠬᠦ ᠵᠢ ᠦᠭᠡᠢᠰᠭᠡᠬᠦ ᠬᠡᠷᠡᠭᠲᠡᠢ᠃
ᠪᠣᠳᠠᠲᠠᠢ ᠪᠠᠷ ᠬᠡᠯᠡᠪᠡᠯ᠂ 《ᠲᠥᠯᠦᠪᠯᠡᠭᠡ》 ᠳ᠋ᠦ᠍ ᠱᠠᠭᠠᠷᠳᠠᠭᠰᠠᠨ ᠨᠢ᠂ ᠵᠠᠯᠠᠭᠤ ᠢᠳᠡᠷ ᠲᠠᠷᠢᠶᠠᠴᠢᠨ ᠮᠠᠯᠴᠢᠨ ᠳ᠋ᠤ᠌ ᠨᠡᠢᠲᠡᠯᠢᠭ ᠬᠡᠯᠡᠨ ᠦ᠌ ᠪᠣᠯᠪᠠᠰᠤᠷᠠᠯ ᠢ᠋ ᠵᠣᠬᠢᠶᠠᠨ ᠪᠠᠢᠭᠤᠯᠤᠨ ᠥᠷᠨᠢᠭᠦᠯᠬᠦ᠂ ᠢᠯᠠᠩᠭᠤᠶ᠎ᠠ ᠨᠡᠢᠲᠡᠯᠢᠭ ᠬᠡᠯᠡ ᠪᠡᠷ ᠨᠡᠪᠲᠡᠷᠡᠯᠴᠡᠬᠦ ᠴᠢᠳᠠᠪᠤᠷᠢ ᠮᠡᠬᠦᠰ ᠵᠠᠯᠠᠭᠤ ᠢᠳᠡᠷ ᠲᠠᠷᠢᠶᠠᠴᠢᠨ ᠮᠠᠯᠴᠢᠳ ᠲᠤ᠌ ᠲᠤᠰᠭᠠᠢ ᠪᠣᠯᠪᠠᠰᠤᠷᠠᠯ ᠬᠦᠷᠲᠡᠭᠡᠵᠦ᠂ ᠨᠡᠢᠲᠡᠯᠢᠭ ᠬᠡᠯᠡ ᠪᠡᠷ ᠦᠨᠳᠦᠰᠦᠨ ᠳ᠋ᠡᠭᠡᠨ ᠨᠡᠪᠲᠡᠷᠡᠯᠴᠡᠵᠦ ᠳᠡᠢᠯᠬᠦ ᠴᠢᠳᠠᠪᠤᠷᠢ ᠲᠠᠢ ᠪᠣᠯᠭᠠᠨ᠎ᠠ᠃ ᠵᠠᠰᠠᠭ ᠵᠠᠬᠢᠷᠭᠠᠨ ᠤ᠋ ᠲᠣᠰᠭᠤᠨ ᠪᠣᠯᠭᠠᠨ 《ᠬᠥᠮᠦᠨ ᠪᠦᠷᠢ ᠨᠡᠪᠲᠡᠷᠡᠯᠴᠡᠬᠦ》 ᠨᠡᠢᠲᠡᠯᠢᠭ ᠬᠡᠯᠡ ᠵᠢ ᠲᠦᠭᠡᠮᠡᠯᠵᠢᠭᠦᠯᠬᠦ ᠶᠠᠳᠠᠭᠤ ᠠ᠋ᠴᠠ ᠠᠩᠭᠢᠵᠢᠷᠠᠭᠤᠯᠬᠤ ᠪᠣᠯᠪᠠᠰᠤᠷᠠᠯ ᠤ᠋ᠨ ᠠᠩᠭᠢ ᠡᠷᠬᠢᠯᠡᠵᠦ᠂ ᠲᠣᠰᠭᠤᠨ ᠤ᠋ ᠠᠷᠠᠳ ᠢ᠋ ᠮᠡᠳᠡᠭᠡ ᠵᠠᠩᠬᠢᠵᠢᠭᠰᠠᠨ ᠰᠤᠷᠤᠯᠴᠠᠬᠤ ᠪᠠᠭᠠᠵᠢ ᠪᠠ ᠡᠬᠢ ᠪᠠᠶᠠᠯᠢᠭ ᠢ᠋ ᠠᠰᠢᠭᠯᠠᠨ ᠨᠡᠢᠲᠡᠯᠢᠭ ᠬᠡᠯᠡ ᠵᠢ ᠥᠪᠡᠷᠲᠡᠭᠡᠨ ᠰᠤᠷᠬᠤ ᠵᠢ ᠵᠣᠷᠢᠭᠵᠢᠭᠤᠯᠬᠤ ᠬᠡᠷᠡᠭᠲᠡᠢ᠃ ᠲᠤᠬᠠᠢ ᠵᠢᠨ ᠭᠠᠵᠠᠷ ᠤ᠋ᠨ ᠰᠢᠶᠠᠨ ᠤ᠋ ᠱᠠᠲᠤᠨ ᠤ᠋ ᠰᠤᠷᠭᠠᠨ ᠬᠥᠮᠦᠵᠢᠯ (ᠬᠡᠯᠡ ᠪᠢᠴᠢᠭ ᠦ᠋ᠨ ᠠᠵᠢᠯ) ᠤ᠋ᠨ ᠰᠠᠯᠠᠭ᠎ᠠ ᠮᠥᠴᠢᠷ ᠬᠠᠮᠵᠢᠯᠴᠠᠨ ᠪᠠᠭᠰᠢ ᠨᠠᠷ ᠢ᠋ ᠵᠣᠬᠢᠶᠠᠨ ᠪᠠᠢᠭᠤᠯᠵᠤ ᠲᠣᠭᠲᠠᠭᠰᠠᠨ ᠬᠤᠭᠤᠴᠠᠭ᠎ᠠ ᠲᠠᠢ ᠪᠣᠯᠪᠠᠰᠤᠷᠠᠯ ᠳ᠋ᠦ᠍ ᠬᠢᠴᠢᠶᠡᠯ ᠬᠢᠯᠭᠡᠨ᠎ᠡ᠃ ᠪᠣᠯᠪᠠᠰᠤᠷᠠᠯ ᠰᠢᠯᠭᠠᠯᠲᠠ ᠪᠠᠷ ᠳᠠᠮᠵᠢᠭᠠᠳ ᠬᠢᠷᠢ ᠲᠡᠩᠴᠡᠭᠰᠡᠨ ᠰᠤᠷᠤᠭᠴᠢᠳ ᠲᠤ᠌ ᠬᠠᠮᠢᠶ᠎ᠠ ᠪᠦᠬᠦᠢ ᠬᠠᠪᠰᠤᠷᠤᠯᠭ᠎ᠠ ᠵᠢᠨ ᠲᠥᠷᠦ ᠵᠢᠨ ᠪᠣᠳᠤᠯᠭ᠎ᠠ ᠵᠢ ᠨᠠᠢᠳᠠᠪᠤᠷᠢᠵᠢᠭᠤᠯᠬᠤ ᠪᠠ ᠶᠠᠳᠠᠭᠤ ᠵᠢ ᠲᠡᠳᠭᠦᠬᠦ ᠰᠠᠯᠠᠭ᠎ᠠ ᠮᠥᠴᠢᠷ ᠡᠴᠡ ᠤᠷᠢᠳ ᠢ᠋ᠶ᠋ᠠᠷ ᠠᠵᠢᠯ ᠣᠯᠭᠤᠬᠤ᠂ ᠰᠤᠷᠤᠯᠴᠠᠬᠤ ᠲᠣᠬᠢᠶᠠᠯ ᠬᠠᠩᠭᠠᠨ᠎ᠠ᠃
ᠡᠭᠦᠨ ᠡᠴᠡ ᠭᠠᠳᠠᠨ᠎ᠠ 《ᠲᠥᠯᠦᠪᠯᠡᠭᠡ》 ᠳ᠋ᠦ᠍ ᠤᠯᠤᠰ ᠤ᠋ᠨ ᠠᠯᠪᠠᠲᠠᠨ᠂ ᠪᠠᠭᠰᠢ ᠨᠠᠷ ᠤᠨ ᠨᠡᠢᠲᠡᠯᠢᠭ ᠬᠡᠯᠡ ᠵᠢ ᠲᠦᠭᠡᠮᠡᠯᠵᠢᠭᠦᠯᠬᠦ ᠳᠤᠮᠳᠠᠬᠢ ᠴᠢᠬᠤᠯᠠ ᠦᠢᠯᠡᠳᠦᠯ ᠢ᠋ ᠴᠢᠩᠭᠠᠳᠭᠠᠵᠠᠢ᠃ ᠡᠭᠦᠨ ᠳ᠋ᠦ᠍ ᠤᠯᠤᠰ ᠤ᠋ᠨ ᠠᠯᠪᠠᠲᠠᠨ ᠳ᠋ᠤ᠌ 《ᠲᠥᠯᠦᠪᠯᠡᠭᠡ》 ᠳ᠋ᠦ᠍ ᠡᠯ᠎ᠡ ᠱᠠᠲᠤᠨ ᠤ᠋ ᠰᠢᠨ᠎ᠡ ᠪᠡᠷ ᠡᠯᠰᠡᠭᠰᠡᠨ ᠤᠯᠤᠰ ᠤ᠋ᠨ ᠠᠯᠪᠠᠲᠠᠨ ᠵᠠᠪᠠᠯ ᠬᠠᠷᠠᠭᠠᠯᠵᠠᠭᠰᠠᠨ ᠨᠡᠢᠲᠡᠯᠢᠭ ᠬᠡᠯᠡᠨ ᠦ᠌ ᠬᠢᠷᠢ ᠲᠦᠪᠰᠢᠨ ᠲᠠᠢ ᠪᠠᠢᠬᠤ ᠬᠡᠷᠡᠭᠲᠡᠢ ᠪᠥᠭᠡᠳ ᠬᠠᠮᠲᠤ ᠳ᠋ᠤᠨᠢ ᠦᠨᠳᠦᠰᠦᠨ ᠱᠠᠲᠤᠨ ᠤ᠋ ᠺᠠᠲᠠᠷᠴᠦᠳ ᠤᠯᠤᠰ ᠤ᠋ᠨ ᠨᠡᠢᠳᠡᠮ ᠬᠡᠷᠡᠭᠯᠡᠬᠦ ᠬᠡᠯᠡ ᠪᠢᠴᠢᠭ ᠦ᠋ᠨ ᠲᠠᠨᠢᠯᠲᠠ ᠶᠢ ᠪᠣᠢ ᠪᠣᠯᠭᠠᠬᠤ ᠪᠠ ᠬᠡᠷᠡᠭᠯᠡᠬᠦ ᠴᠢᠳᠠᠪᠤᠷᠢ ᠶ᠋ᠢᠨ ᠪᠣᠯᠪᠠᠰᠤᠷᠠᠯ ᠢ᠋ᠶ᠋ᠠᠨ ᠴᠢᠩᠭᠠᠳᠭᠠᠬᠤ ᠬᠡᠷᠡᠭᠲᠡᠢ᠃ ᠲᠥᠪᠯᠡᠷᠡᠭᠦᠯᠦᠨ ᠰᠤᠷᠤᠯᠴᠠᠬᠤ᠂ 《ᠨᠢᠭᠡ ᠳ᠋ᠦ᠍ ᠨᠢᠭᠡ 》 ᠬᠠᠷᠢᠯᠴᠠᠨ ᠬᠠᠪᠰᠤᠷᠤᠯᠴᠠᠨ ᠬᠠᠷᠢᠯᠴᠠᠨ ᠰᠤᠷᠤᠯᠴᠠᠬᠤ ᠵᠡᠷᠭᠡ ᠪᠦᠲᠦᠮᠵᠢᠲᠡᠢ ᠠᠷᠭ᠎ᠠ ᠪᠠᠷᠢᠯ ᠵᠢᠡᠷ ᠳᠠᠮᠵᠢᠭᠤᠯᠤᠨ ᠤᠯᠤᠰ ᠤ᠋ᠨ ᠨᠡᠢᠳᠡᠮ ᠬᠡᠷᠡᠭᠯᠡᠬᠦ ᠬᠡᠯᠡ ᠪᠢᠴᠢᠭ ᠵᠢᠡᠷ ᠨᠡᠪᠲᠡᠷᠡᠯᠴᠡᠬᠦ ᠴᠢᠳᠠᠪᠤᠷᠢ ᠦᠭᠡᠢ ᠰᠢᠶᠠᠨ ᠤ᠋ ᠱᠠᠲᠤᠨ ᠠ᠋ᠴᠠ ᠳᠣᠭᠤᠭᠰᠢᠬᠢ ᠦᠨᠳᠦᠰᠦᠨ ᠱᠠᠲᠤᠨ ᠤ᠋ ᠺᠠᠲᠠᠷᠴᠤᠳ ᠲᠤ᠌ ᠲᠤᠰᠭᠠᠢ ᠪᠣᠯᠪᠠᠰᠤᠷᠠᠯ ᠬᠢᠬᠦ ᠬᠡᠷᠡᠭᠲᠡᠢ ᠭᠡᠵᠦ ᠳᠤᠷᠠᠳᠴᠠᠢ᠃ ᠪᠠᠭᠰᠢ ᠨᠠᠷ ᠲᠤ᠌ ᠰᠢᠨ᠎ᠡ ᠪᠡᠷ ᠡᠯᠰᠡᠭᠰᠡᠨ ᠡᠯ᠎ᠡ ᠳᠡᠰ ᠦ᠋ᠨ ᠡᠯ᠎ᠡ ᠲᠥᠷᠦᠯ ᠦ᠋ᠨ ᠰᠤᠷᠭᠠᠭᠤᠯᠢ ᠵᠢᠨ ᠪᠠᠭᠰᠢ ᠨᠠᠷ ᠤ᠋ᠨ ᠨᠡᠢᠲᠡᠯᠢᠭ ᠬᠡᠯᠡᠨ ᠦ᠌ ᠬᠢᠷᠢ ᠲᠦᠪᠰᠢᠨ ᠨᠢ ᠵᠠᠪᠠᠯ ᠤᠯᠤᠰ ᠤ᠋ᠨ ᠲᠣᠭᠲᠠᠭᠠᠭᠰᠠᠨ ᠳᠡᠰ ᠪᠠᠷᠢᠮᠵᠢᠶᠠᠨ ᠳ᠋ᠤ᠌ ᠬᠦᠷᠦᠭᠰᠡᠨ ᠪᠠᠢᠬᠤ ᠬᠡᠷᠡᠭᠲᠡᠢ᠂ ᠠᠵᠢᠯ ᠤ᠋ᠨ ᠪᠠᠢᠷᠢ ᠠ᠋ᠴᠠ ᠰᠠᠯᠵᠤ ᠪᠣᠯᠪᠠᠰᠤᠷᠠᠬᠤ᠂ ᠠᠯᠤᠰ ᠡᠵᠡᠮᠰᠢᠯ ᠵᠢᠡᠷ ᠥᠪᠡᠰᠦᠪᠡᠨ ᠰᠤᠷᠤᠯᠴᠠᠬᠤ᠂ ᠰᠤᠷᠭᠠᠭᠤᠯᠢ ᠳ᠋ᠠᠭᠠᠨ ᠰᠤᠳᠤᠯᠤᠨ ᠪᠣᠯᠪᠠᠰᠤᠷᠠᠬᠤ᠂ ᠶᠠᠳᠠᠭᠤ ᠵᠢ ᠲᠡᠳᠭᠦᠬᠦ ᠲᠠᠢ ᠬᠠᠷᠠᠭᠠᠯᠵᠠᠭᠤᠯᠬᠤ ᠵᠡᠷᠭᠡ ᠠᠷᠭ᠎ᠠ ᠪᠠᠷᠢᠯ ᠵᠢᠡᠷ ᠳᠠᠮᠵᠢᠭᠤᠯᠤᠨ ᠪᠠᠭᠰᠢ ᠨᠠᠷ ᠤ᠋ᠨ ᠤᠯᠤᠰ ᠤ᠋ᠨ ᠨᠡᠢᠳᠡᠮ ᠬᠡᠷᠡᠭᠯᠡᠬᠦ ᠬᠡᠯᠡ ᠪᠢᠴᠢᠭ ᠦ᠋ᠨ ᠬᠡᠷᠡᠭᠯᠡᠭᠡᠨ ᠦ᠌ ᠴᠢᠳᠠᠪᠤᠷᠢ ᠵᠢ ᠳᠡᠭᠡᠭᠰᠢᠯᠡᠭᠦᠯᠬᠦ ᠬᠡᠷᠡᠭᠲᠡᠢ ᠭᠡᠬᠦ ᠮᠡᠲᠦ ᠪᠡᠷ ᠱᠠᠭᠠᠷᠳᠠᠵᠠᠢ᠃
《ᠲᠥᠯᠦᠪᠯᠡᠭᠡ》 ᠳ᠋ᠦ᠍ ᠪᠠᠰᠠ ᠬᠠᠷᠠᠭᠠᠯᠵᠠᠭᠰᠠᠨ ᠭᠠᠵᠠᠷ ᠣᠷᠤᠨ ᠳ᠋ᠠᠬᠢ ᠬᠡᠯᠡ ᠪᠢᠴᠢᠭ ᠦ᠋ᠨ ᠠᠵᠢᠯ ᠤ᠋ᠨ ᠲᠤᠰᠠᠯᠠᠮᠵᠢ ᠵᠢ ᠴᠢᠩᠭᠠᠳᠭᠠᠵᠤ᠂ ᠵᠡᠭᠦᠨᠰᠢ ᠪᠠᠷᠠᠭᠤᠨᠰᠢ ᠶᠠᠳᠠᠭᠤ ᠵᠢ ᠲᠡᠳᠭᠦᠬᠦ ᠬᠠᠮᠵᠢᠯᠴᠠᠭ᠎ᠠ᠂ ᠬᠠᠷᠠᠭᠠᠯᠵᠠᠭᠤᠯᠤᠨ ᠲᠤᠰᠠᠯᠠᠬᠤ ᠪᠦᠲᠦᠭᠡᠨ ᠪᠠᠢᠭᠤᠯᠤᠯᠲᠠ ᠳ᠋ᠤ᠌ ᠣᠷᠤᠯᠴᠠᠭᠰᠠᠨ ᠮᠤᠵᠢ ᠬᠣᠲᠠ᠂ ᠶᠡᠬᠡ ᠳᠡᠭᠡᠳᠦ ᠰᠤᠷᠭᠠᠭᠤᠯᠢ ᠪᠠ ᠬᠠᠮᠢᠶ᠎ᠠ ᠪᠦᠬᠦᠢ ᠪᠠᠢᠭᠤᠯᠭ᠎ᠠ ᠨᠢᠭᠡᠴᠢ ᠨᠤᠭᠤᠳ ᠬᠡᠯᠡ ᠪᠢᠴᠢᠭ ᠦ᠋ᠨ ᠠᠵᠢᠯ ᠢ᠋ ᠬᠠᠪᠰᠤᠷᠤᠨ ᠲᠤᠰᠠᠯᠠᠬᠤ ᠠᠵᠢᠯ ᠤ᠋ᠨ ᠠᠭᠤᠯᠭ᠎ᠠ ᠪᠣᠯᠭᠠᠬᠤ ᠬᠡᠷᠡᠭᠲᠡᠢ;ᠨᠡᠢᠭᠡᠮ ᠪᠣᠯᠤᠨ ᠭᠡᠷ ᠪᠦᠯᠢ ᠶᠢ ᠨᠥᠯᠦᠭᠡᠯᠡᠨ ᠳᠠᠢᠴᠢᠯᠠᠬᠤ ᠰᠤᠷᠭᠠᠭᠤᠯᠢ ᠵᠢᠨ ᠦᠢᠯᠡᠳᠦᠯ ᠢ᠋ ᠢᠳᠡᠪᠬᠢᠲᠡᠢ ᠪᠠᠳᠠᠷᠠᠭᠤᠯᠵᠤ᠂ ᠰᠤᠷᠤᠭᠴᠢᠳ ᠢ᠋ ᠭᠡᠷ ᠦ᠋ᠨ ᠠᠬᠠᠮᠠᠳ ᠢ᠋ᠶ᠋ᠠᠨ ᠬᠠᠪᠰᠤᠷᠴᠤ ᠨᠡᠢᠲᠡᠯᠢᠭ ᠬᠡᠯᠡ ᠵᠢ ᠰᠤᠷᠴᠤ ᠳᠡᠭᠡᠭᠰᠢᠯᠡᠭᠦᠯᠬᠦ ᠵᠢ ᠵᠣᠷᠢᠭᠵᠢᠭᠤᠯᠬᠤ ᠬᠡᠷᠡᠭᠲᠡᠢ;ᠬᠠᠮᠲᠤ ᠳ᠋ᠤᠨᠢ ᠰᠤᠷᠭᠠᠨ ᠬᠥᠮᠦᠵᠢᠯ ᠦ᠋ᠨ ᠶᠠᠮᠤᠨ᠂ ᠤᠯᠤᠰ ᠤ᠋ᠨ ᠬᠡᠯᠡ ᠪᠢᠴᠢᠭ ᠦ᠋ᠨ ᠵᠥᠪᠯᠡᠯ ᠲᠥᠷᠦ ᠵᠢᠨ ᠶᠠᠪᠤᠳᠠᠯ ᠤ᠋ᠨ ᠬᠣᠷᠢᠶᠠᠨ ᠤ᠋ ᠶᠠᠳᠠᠭᠤ ᠵᠢ ᠲᠡᠳᠭᠦᠬᠦ ᠠᠯᠪᠠᠨ ᠭᠡᠷ ᠲᠠᠢ ᠬᠠᠮᠲᠤᠷᠠᠨ ᠡᠯ᠎ᠡ ᠭᠠᠵᠠᠷ ᠤ᠋ᠨ ᠬᠡᠷᠡᠭᠵᠢᠭᠦᠯᠵᠦ ᠪᠠᠢᠭ᠎ᠠ ᠪᠠᠢᠳᠠᠯ ᠳ᠋ᠤ᠌ ᠲᠣᠭᠲᠠᠮᠠᠯ ᠪᠤᠰᠤ ᠬᠤᠭᠤᠴᠠᠭ᠎ᠠ ᠲᠠᠢ ᠪᠠᠢᠴᠠᠭᠠᠬᠤ ᠪᠤᠶᠤ ᠰᠣᠩᠭᠤᠨ ᠪᠠᠢᠴᠠᠭᠠᠵᠤ ᠬᠢᠨᠠᠨ ᠵᠢᠯᠤᠭᠤᠳᠬᠤ ᠪᠠᠢᠴᠠᠭᠠᠯᠲᠠ ᠪᠠᠨ ᠴᠢᠩᠭᠠᠳᠭᠠᠬᠤ ᠲᠤᠬᠠᠢ ᠳᠤᠷᠠᠳᠤᠭᠰᠠᠨ ᠪᠠᠢᠨ᠎ᠠ᠃
ᠣᠷᠴᠢᠭᠤᠯᠤᠭᠴᠢ᠄ ᠴᠣᠯᠮᠤᠨ
ᠬᠢᠨᠠᠭᠴᠢ᠄ ᠪᠤᠤ ᠭᠧ
ᠬᠠᠷᠢᠭᠤᠴᠠᠭᠰᠠᠨ ᠨᠠᠢᠷᠠᠭᠤᠯᠤᠭᠴᠢ᠄ ᠬᠠᠰᠲᠤᠶᠠᠭ᠎ᠠ
