ᠤᠯᠤᠰ ᠤ᠋ᠨ ᠬᠡᠪᠯᠡᠯ ᠦ᠋ᠨ ᠰᠠᠭᠤᠷᠢ ᠮᠥᠩᠭᠦᠨ ᠦ᠌ ᠲᠥᠰᠦᠯ 《ᠳᠤᠮᠳᠠᠳᠤ ᠤᠯᠤᠰ ᠤ᠋ᠨ ᠮᠥᠬᠦᠯ ᠳ᠋ᠦ᠍ ᠲᠤᠯᠭᠠᠷᠠᠵᠤ ᠪᠠᠢᠭ᠎ᠠ ᠬᠡᠯᠡᠨ ᠦ᠌ ᠣᠢᠯᠠᠯᠭ᠎ᠠ》 ᠶ᠋ᠢᠨ ᠨᠡᠭᠡᠭᠡᠯᠲᠡ ᠪᠣᠯᠪᠠ
ᠢᠷᠡᠯᠲᠡ᠄ ᠤᠯᠤᠰ ᠤᠨ ᠦᠭᠡ ᠬᠡᠯᠡ ᠦᠰᠦᠭ ᠪᠢᠴᠢᠭ ᠤᠨ ᠰᠦᠯᠵᠢᠶ᠎ᠡ
2018.03.16

 

3 ᠰᠠᠷ᠎ᠠ ᠶ᠋ᠢᠨ 9  ᠤ᠋ ᠡᠳᠦᠷ᠂ ᠤᠯᠤᠰ ᠤ᠋ᠨ ᠬᠡᠪᠯᠡᠯ ᠦ᠋ᠨ ᠰᠠᠭᠤᠷᠢ  ᠮᠥᠩᠭᠦᠨ ᠦ᠌ ᠲᠥᠰᠦᠯ 《ᠳᠤᠮᠳᠠᠳᠤ ᠤᠯᠤᠰ ᠤ᠋ᠨ ᠮᠥᠬᠦᠯ ᠳ᠋ᠦ᠍ ᠲᠤᠯᠭᠠᠷᠠᠵᠤ ᠪᠠᠢᠭ᠎ᠠ ᠬᠡᠯᠡᠨ ᠦ᠌ ᠣᠢᠯᠠᠯᠭ᠎ᠠ》 ᠶ᠋ᠢᠨ ᠨᠡᠭᠡᠭᠡᠯᠲᠡ ᠪᠣᠯᠤᠨ ᠨᠠᠢᠷᠠᠭᠤᠯᠬᠤ ᠺᠣᠮᠢᠰ ᠤ᠋ᠨ ᠬᠤᠷᠠᠯ ᠪᠡᠭᠡᠵᠢᠩ ᠦ᠋ᠨ ᠬᠡᠯᠡᠨ ᠦ᠌ ᠶᠡᠬᠡ ᠰᠤᠷᠭᠠᠭᠤᠯᠢ ᠳ᠋ᠤ᠌ ᠪᠣᠯᠪᠠ᠃ ᠰᠤᠷᠭᠠᠨ ᠬᠥᠮᠦᠵᠢᠯ ᠦ᠋ᠨ ᠶᠠᠮᠤᠨ ᠤ᠋ ᠬᠡᠯᠡ ᠦᠰᠦᠭ ᠪᠢᠴᠢᠭ ᠦ᠋ᠨ ᠬᠡᠷᠡᠭᠯᠡᠭᠡᠨ ᠦ᠌ ᠬᠠᠮᠢᠶᠠᠷᠤᠯᠲᠠ ᠶ᠋ᠢᠨ ᠵᠤᠷᠭᠠᠨ᠂ ᠬᠡᠯᠡ ᠦᠰᠦᠭ ᠪᠢᠴᠢᠭ  ᠤᠨ ᠮᠡᠳᠡᠭᠡ  ᠵᠠᠩᠭᠢᠴᠢᠯᠠᠯᠲᠠ ᠶ᠋ᠢᠨ ᠬᠠᠮᠢᠶᠠᠷᠤᠯᠲᠠ ᠶ᠋ᠢᠨ ᠵᠤᠷᠭᠠᠨ ᠤ᠋ ᠳᠠᠷᠤᠭ᠎ᠠ ᠲᠢᠶᠠᠨ ᠯᠢ ᠰᠢᠨ᠂ ᠳᠤᠮᠳᠠᠳᠤ ᠤᠯᠤᠰ ᠤ᠋ᠨ ᠬᠡᠯᠡᠨ ᠦ᠌ ᠪᠠᠶᠠᠯᠢᠭ ᠤ᠋ᠨ ᠬᠠᠮᠠᠭᠠᠯᠠᠯᠲᠠ ᠶ᠋ᠢᠨ ᠢᠨᠵᠧᠨᠧᠷᠢᠩ ᠦ᠋ᠨ ᠮᠡᠷᠭᠡᠵᠢᠯᠲᠡᠳ ᠦ᠋ᠨ ᠵᠥᠪᠯᠡᠬᠦ ᠺᠣᠮᠢᠰ ᠤ᠋ᠨ ᠳᠡᠳ᠋ ᠡᠷᠬᠢᠯᠡᠭᠴᠢ  ᠵᠠᠩ ᠬᠣᠣ  ᠮᠢᠩ᠂ ᠳᠤᠮᠳᠠᠳᠤ ᠤᠯᠤᠰ ᠤ᠋ᠨ ᠬᠡᠯᠡᠨ ᠦ᠌ ᠪᠠᠶᠠᠯᠢᠭ ᠤ᠋ᠨ ᠬᠠᠮᠠᠭᠠᠯᠠᠯᠲᠠ ᠶ᠋ᠢᠨ ᠰᠤᠳᠤᠯᠬᠤ ᠲᠥᠪ ᠦ᠋ᠨ ᠡᠷᠬᠢᠯᠡᠭᠴᠢ ᠽᠣᠣ ᡁᠢ ᠶᠦᠨ᠂ ᠱᠠᠩ ᠡᠦ ᠪᠢᠴᠢᠭ ᠦ᠋ᠨ ᠬᠣᠷᠢᠶ᠎ᠠ ᠶ᠋ᠢᠨ ᠶᠡᠷᠦᠩᠬᠡᠢ ᠨᠠᠢᠷᠠᠭᠤᠯᠤᠭᠴᠢ ᠵᠧᠦ ᠬᠣᠩ ᠪᠦᠸᠧ ᠨᠠᠷ ᠬᠤᠷᠠᠯ ᠳ᠋ᠤ᠌ ᠣᠷᠤᠯᠴᠠᠵᠠᠢ᠃ 《ᠳᠤᠮᠳᠠᠳᠤ ᠤᠯᠤᠰ ᠤ᠋ᠨ ᠮᠥᠬᠦᠯ ᠳ᠋ᠦ᠍ ᠲᠤᠯᠭᠠᠷᠠᠵᠤ ᠪᠠᠢᠭ᠎ᠠ ᠬᠡᠯᠡᠨ ᠦ᠌ ᠣᠢᠯᠠᠯᠭ᠎ᠠ》 ᠴᠤᠪᠤᠷᠠᠯ ᠨᠣᠮ ᠤ᠋ᠨ ᠭᠣᠣᠯ ᠨᠠᠢᠷᠠᠭᠤᠯᠤᠭᠴᠢ᠂ ᠨᠠᠢᠷᠠᠭᠤᠯᠬᠤ ᠺᠣᠮᠢᠰ᠂ ᠵᠣᠬᠢᠶᠠᠭᠴᠢ ᠪᠣᠯᠤᠨ ᠬᠡᠯᠡ ᠦᠰᠦᠭ ᠪᠢᠴᠢᠭ ᠮᠡᠳᠡᠭᠡ  ᠵᠠᠩᠭᠢᠵᠢᠯᠲᠠ ᠶ᠋ᠢᠨ ᠬᠠᠮᠢᠶᠠᠷᠤᠯᠲᠠ ᠶ᠋ᠢᠨ ᠵᠤᠷᠭᠠᠨ ᠪᠣᠯᠤᠨ  ᠱᠠᠩ ᠡᠦ ᠪᠢᠴᠢᠭ ᠦ᠋ᠨ ᠬᠣᠷᠢᠶ᠎ᠠ᠂ ᠬᠡᠯᠡᠨ ᠦ᠌ ᠬᠠᠮᠠᠭᠠᠯᠠᠯᠲᠠ ᠶ᠋ᠢᠨ ᠰᠤᠳᠤᠯᠬᠤ ᠲᠥᠪ ᠦ᠋ᠨ ᠬᠢᠨ ᠬᠤᠷᠠᠯ ᠳ᠋ᠤ᠌ ᠣᠷᠤᠯᠴᠠᠵᠠᠢ᠃

 

     

ᠣᠷᠴᠢᠭᠤᠯᠤᠭᠴᠢ᠄ ᠬᠣᠣᠰᠪᠠᠶᠠᠷ

ᠬᠢᠨᠠᠭᠴᠢ᠄ ᠠᠯᠲᠠᠨ᠌ᠣ᠋ᠳᠣ

ᠬᠠᠷᠢᠭᠤᠴᠠᠭᠰᠠᠨ ᠨᠠᠢᠷᠠᠭᠤᠯᠤᠭᠴᠢ᠄ ᠬᠠᠰᠲᠤᠶᠠᠭ᠎ᠠ

ᠸᠢᠴᠠᠲ ᠲᠤ ᠪᠠᠨ ᠬᠤᠪᠢᠶᠠᠯᠴᠠᠬᠤ