ᠨᠠᠢ᠍ᠮᠠᠨ ᠮᠤᠵᠢ ᠣᠷᠤᠨ ᠤ᠋ ᠮᠣᠩᠭᠤᠯ ᠬᠡᠯᠡ ᠪᠢᠴᠢᠭ ᠦ᠋ᠨ ᠠᠵᠢᠯ ᠤᠨ ᠬᠠᠮᠵᠢᠯᠴᠠᠬᠤ ᠳᠤᠭᠤᠢᠯᠠᠩ ᠤ᠋ᠨ ᠠᠵᠢᠯ ᠤᠨ ᠲᠣᠪᠴᠢ ᠳᠦᠷᠢᠮ
ᠢᠷᠡᠯᠲᠡ᠄ ᠨᠠᠢ᠍ᠮᠠᠨ ᠮᠤᠵᠢ ᠣᠷᠤᠨ ᠤ᠋ ᠬᠠᠮᠵᠢᠯᠴᠠᠭᠠᠨ ᠤ᠋ ᠭᠠᠵᠠᠷ
2018.06.07

 

(2005 ᠣᠨ ᠤ᠋ 7 ᠰᠠᠷ᠎ᠠ ᠶᠢᠨ 14  ᠤ ᠡᠳᠦᠷ ᠨᠠᠢ᠍ᠮᠠᠨ ᠮᠤᠵᠢ ᠣᠷᠤᠨ ᠤ᠋ ᠮᠣᠩᠭᠤᠯ ᠬᠡᠯᠡ ᠪᠢᠴᠢᠭ ᠦᠨ ᠠᠵᠢᠯ ᠤᠨ ᠬᠠᠮᠵᠢᠯᠴᠠᠬᠤ ᠳᠤᠭᠤᠢᠯᠠᠩ ᠤ᠋ᠨ ᠠᠷᠪᠠᠨ ᠭᠤᠷᠪᠠᠳᠤᠭᠠᠷ ᠤᠳᠠᠭᠠᠨ ᠤ ᠪᠦᠷᠢᠯᠳᠦᠬᠦᠨ ᠨᠠᠷ ᠤᠨ ᠬᠤᠷᠠᠯᠳᠤᠭᠠᠨ ᠢᠶᠠᠷ ᠶᠠᠷᠢᠯᠴᠠᠨ ᠪᠠᠲᠤᠯᠠᠪᠠ)

 

ᠨᠠᠢ᠍ᠮᠠᠨ ᠮᠤᠵᠢ ᠣᠷᠤᠨ ᠤ᠋ ᠮᠣᠩᠭᠤᠯ ᠬᠡᠯᠡ ᠪᠢᠴᠢᠭ ᠦ᠋ᠨ ᠠᠵᠢᠯ ᠤᠨ ᠬᠠᠮᠵᠢᠯᠴᠠᠬᠤ ᠳᠤᠭᠤᠢᠯᠠᠩ (ᠳᠣᠣᠷ᠎ᠠ ᠨᠠᠢ᠍ᠮᠠᠨ ᠮᠤᠵᠢ ᠣᠷᠤᠨ ᠤ᠋ ᠬᠠᠮᠵᠢᠯᠴᠠᠬᠤ ᠳᠤᠭᠤᠢᠯᠠᠩ ᠭᠡᠵᠦ ᠲᠣᠪᠴᠢᠯᠠᠨ᠎ᠠ) ᠪᠣᠯ ᠲᠥᠷᠦ ᠶ᠋ᠢᠨ ᠶᠠᠪᠤᠳᠠᠯ ᠤᠨ ᠬᠣᠷᠢᠶᠠᠨ ᠤ᠋ ᠲᠥᠷᠦ ᠲᠠᠷᠬᠠᠭᠠᠭᠰᠠᠨ 〔1974〕3 ᠳ᠋ᠤᠭᠠᠷ ᠲᠣᠭᠠᠲᠤ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠵᠦ᠂ 1975 ᠣᠨ ᠳ᠋ᠤ᠌ ᠬᠥᠬᠡᠬᠣᠲᠠ ᠳᠤ ᠬᠤᠷᠠᠯᠳᠤᠭᠰᠠᠨ ᠮᠣᠩᠭᠤᠯ ᠬᠡᠯᠡ ᠪᠢᠴᠢᠭ ᠦᠨ ᠠᠵᠢᠯ ᠤᠨ ᠬᠠᠮᠵᠢᠯᠴᠠᠬᠤ ᠬᠤᠷᠠᠯᠳᠤᠭᠠᠨ ᠢᠶᠠᠷ ᠵᠥᠪᠳᠡᠯᠴᠡᠵᠦ ᠪᠠᠢᠭᠤᠯᠤᠭᠳᠠᠭᠰᠠᠨ ᠵᠣᠬᠢᠴᠠᠭᠤᠯᠬᠤ ᠪᠠᠢᠭᠤᠯᠤᠮᠵᠢ ᠮᠥᠨ᠂ ᠲᠡᠷᠡᠴᠢᠯᠡᠨ 《ᠨᠠᠢ᠍ᠮᠠᠨ ᠮᠤᠵᠢ᠂ ᠥᠪᠡᠷᠲᠡᠭᠡᠨ ᠵᠠᠰᠠᠬᠤ ᠣᠷᠤᠨ ᠤ᠋ ᠮᠣᠩᠭᠤᠯ ᠬᠡᠯᠡ ᠪᠢᠴᠢᠭ ᠦᠨ ᠠᠵᠢᠯ ᠤᠨ ᠬᠠᠮᠵᠢᠯᠴᠠᠬᠤ ᠬᠤᠷᠠᠯᠳᠤᠭᠠᠨ ᠤ ᠪᠠᠢᠳᠠᠯ ᠤᠨ ᠲᠤᠬᠠᠢ ᠮᠡᠳᠡᠭᠦᠯᠦᠯᠲᠡ ᠶᠢ ᠲᠥᠷᠦ ᠶ᠋ᠢᠨ ᠶᠠᠪᠤᠳᠠᠯ ᠤᠨ ᠬᠣᠷᠢᠶᠠᠨ ᠤ ᠴᠣᠬᠤᠯᠠᠪᠤᠷᠢ》 (ᠲᠥᠷᠦ ᠲᠠᠷᠬᠠᠭᠠᠭᠰᠠᠨ 〔1977〕138 ᠳ᠋ᠤᠭᠠᠷ ᠲᠣᠭᠠᠲᠤ) ᠭᠡᠬᠦ ᠪᠢᠴᠢᠭ ᠮᠠᠲ᠋ᠧᠷᠢᠶᠠᠯ ᠢᠶᠠᠷ ᠵᠥᠪᠰᠢᠶᠡᠷᠡᠭᠳᠡᠭᠰᠡᠨ ᠶᠤᠮ᠃

ᠨᠠᠢ᠍ᠮᠠᠨ ᠮᠤᠵᠢ ᠣᠷᠤᠨ ᠤ᠋ ᠬᠠᠮᠵᠢᠯᠴᠠᠬᠤ ᠳᠤᠭᠤᠢᠯᠠᠩ ᠪᠠᠢᠭᠤᠯᠤᠭᠳᠠᠭᠰᠠᠨ ᠤ ᠳᠠᠷᠠᠭ᠎ᠠ᠂ ᠤᠯᠤᠰ ᠤᠨ ᠦᠨᠳᠦᠰᠦᠲᠡᠨ ᠦ ᠵᠥᠪᠯᠡᠯ ᠦᠨ ᠵᠢᠯᠤᠭᠤᠳᠤᠯᠭ᠎ᠠ ᠪᠠ ᠡᠯ᠎ᠡ ᠬᠠᠮᠵᠢᠯᠴᠠᠬᠤ ᠮᠤᠵᠢ ᠣᠷᠤᠨ ᠤ᠋ ᠨᠠᠮ ᠤᠨ ᠬᠣᠷᠢᠶ᠎ᠠ ᠵᠠᠰᠠᠭ ᠤᠨ ᠣᠷᠳᠤᠨ ᠤ᠋ ᠬᠦᠴᠦᠲᠡᠢ ᠳᠡᠮᠵᠢᠯᠭᠡ ᠶᠢ ᠬᠦᠷᠲᠡᠵᠦ᠂ ᠮᠣᠩᠭᠤᠯ ᠢ᠋ᠶ᠋ᠠᠷ ᠬᠢᠴᠢᠶᠡᠯᠯᠡᠬᠦ ᠪᠡᠷ ᠭᠣᠣᠯ ᠪᠣᠯᠭᠠᠭᠰᠠᠨ ᠦᠨᠳᠦᠰᠦᠲᠡᠨ ᠦ ᠰᠤᠷᠭᠠᠨ ᠬᠥᠮᠦᠵᠢᠯ᠂ ᠦᠨᠳᠦᠰᠦᠲᠡᠨ ᠦ ᠰᠣᠶᠤᠯ ᠤᠷᠠᠯᠢᠭ᠂ ᠮᠣᠩᠭᠤᠯ ᠰᠣᠨᠢᠨ ᠮᠡᠳᠡᠭᠡ ᠬᠡᠪᠯᠡᠯ᠂ ᠮᠣᠩᠭᠤᠯ ᠷᠠᠳᠢᠣ᠋ ᠲᠧᠯᠸᠢᠰ᠂ ᠮᠣᠩᠭᠤᠯ ᠬᠡᠯᠡ ᠪᠢᠴᠢᠭ ᠦᠨ ᠡᠷᠳᠡᠮ ᠰᠢᠨᠵᠢᠯᠡᠭᠡ᠂ ᠦᠨᠳᠦᠰᠦᠲᠡᠨ ᠦ ᠰᠤᠳᠤᠷ ᠪᠢᠴᠢᠭ᠂ ᠮᠣᠩᠭᠤᠯ ᠡᠮ ᠡᠮᠨᠡᠯᠭᠡ ᠵᠡᠷᠭᠡ ᠣᠯᠠᠨ ᠬᠦᠷᠢᠶᠡᠨ ᠦ ᠬᠠᠮᠵᠢᠯᠴᠠᠭ᠎ᠠ ᠪᠠᠷ ᠳᠠᠮᠵᠢᠨ ᠪᠠᠶᠠᠷᠯᠠᠭᠤᠰᠢᠲᠠᠢ ᠠᠮᠵᠢᠯᠲᠠ ᠣᠯᠵᠤ᠂ ᠦᠨᠳᠦᠰᠦᠲᠡᠨ ᠦ ᠣᠶᠤᠨ ᠤᠬᠠᠭᠠᠨ ᠢ ᠨᠡᠭᠡᠭᠡᠭᠳᠡᠭᠦᠯᠬᠦ᠂ ᠦᠨᠳᠦᠰᠦᠲᠡᠨ ᠦ ᠬᠡᠪ ᠴᠢᠨᠠᠷ ᠢ ᠳᠡᠭᠡᠭᠰᠢᠯᠡᠭᠦᠯᠬᠦ᠂ ᠦᠨᠳᠦᠰᠦᠲᠡᠨ ᠦ ᠪᠦᠯᠬᠦᠮᠳᠡᠯ ᠢ ᠴᠢᠩᠭᠠᠳᠭᠠᠬᠤ᠂ ᠦᠨᠳᠦᠰᠦᠲᠡᠨ ᠦ ᠭᠠᠵᠠᠷ ᠣᠷᠤᠨ ᠤ᠋ ᠠᠵᠤ ᠠᠬᠤᠢ ᠶᠢᠨ ᠬᠥᠭᠵᠢᠯᠲᠡ ᠪᠠ ᠨᠡᠢᠭᠡᠮ ᠦᠨ ᠲᠣᠭᠲᠠᠭᠤᠨ ᠢ ᠠᠬᠢᠭᠤᠯᠬᠤ ᠳᠤ ᠢᠳᠡᠪᠬᠢᠲᠡᠢ ᠦᠢᠯᠡᠳᠦᠯ ᠦᠵᠡᠭᠦᠯᠵᠡᠢ᠃

ᠰᠢᠨ᠎ᠡ ᠪᠠᠢᠳᠠᠯ ᠪᠠ ᠰᠢᠨ᠎ᠡ ᠡᠭᠦᠷᠭᠡ ᠳᠦ ᠵᠣᠬᠢᠴᠠᠭᠤᠯᠵᠤ᠂ ᠴᠠᠭ ᠦᠶ᠎ᠡ ᠲᠡᠢ ᠵᠡᠷᠭᠡ ᠪᠡᠷ ᠤᠷᠤᠭᠰᠢᠯᠠᠵᠤ᠂ ᠮᠣᠩᠭᠤᠯ ᠬᠡᠯᠡ ᠪᠢᠴᠢᠭ ᠦᠨ ᠠᠵᠢᠯ ᠢ ᠡᠯ᠎ᠡ ᠬᠠᠮᠵᠢᠯᠴᠠᠬᠤ ᠮᠤᠵᠢ ᠣᠷᠤᠨ ᠳ᠋ᠤ᠌ ᠨᠡᠩ ᠰᠠᠢᠲᠤᠷ ᠦᠢᠯᠡᠴᠢᠯᠡᠭᠦᠯᠬᠦ ᠶᠢᠨ ᠲᠥᠯᠦᠭᠡ᠂ 《 ᠨᠠᠢ᠍ᠮᠠᠨ ᠮᠤᠵᠢ ᠣᠷᠤᠨ ᠤ᠋ ᠮᠣᠩᠭᠤᠯ ᠬᠡᠯᠡ ᠪᠢᠴᠢᠭ ᠦᠨ ᠠᠵᠢᠯ ᠤᠨ ᠬᠠᠮᠵᠢᠯᠴᠠᠬᠤ ᠳᠤᠭᠤᠢᠯᠠᠩ ᠤᠨ ᠠᠵᠢᠯ ᠤᠨ ᠲᠣᠪᠴᠢ ᠳᠦᠷᠢᠮ》 ᠢ ᠣᠨᠴᠠᠭᠠᠢᠯᠠᠨ ᠵᠠᠰᠠᠪᠤᠷᠢ ᠣᠷᠤᠭᠤᠯᠪᠠ᠃

ᠨᠢᠭᠡ᠂ ᠨᠠᠢ᠍ᠮᠠᠨ ᠮᠤᠵᠢ ᠣᠷᠤᠨ ᠤ᠋ ᠬᠠᠮᠵᠢᠯᠴᠠᠬᠤ ᠳᠤᠭᠤᠢᠯᠠᠩ ᠤ᠋ᠨ ᠪᠦᠷᠢᠯᠳᠦᠬᠦᠨ

ᠨᠢᠭᠡᠳᠦᠭᠡᠷ ᠵᠦᠢᠯ   ᠨᠠᠢ᠍ᠮᠠᠨ ᠮᠤᠵᠢ ᠣᠷᠤᠨ ᠤ᠋ ᠬᠠᠮᠵᠢᠯᠴᠠᠬᠤ ᠳᠤᠭᠤᠢᠯᠠᠩ ᠪᠣᠯ ᠥᠪᠦᠷ ᠮᠣᠩᠭᠤᠯ᠂ ᠰᠢᠨᠵᠢᠶᠠᠩ᠂ ᠬᠥᠬᠡᠨᠠᠭᠤᠷ᠂ ᠭᠠᠨᠰᠦ᠂ ᠾᠧᠪᠧᠢ᠂ ᠯᠢᠶᠣᠤᠨᠢᠩ᠂ ᠭᠢᠷᠢᠨ᠂ ᠬᠠᠷᠠᠮᠥ᠋ᠷᠡᠨ ᠪᠠ ᠪᠡᠭᠡᠵᠢᠩ ᠣᠷᠤᠨ ᠤ᠋ ᠮᠣᠩᠭᠤᠯ ᠬᠡᠯᠡ ᠪᠢᠴᠢᠭ ᠦ᠋ᠨ ᠬᠠᠮᠵᠢᠯᠴᠠᠬᠤ ᠳᠤᠭᠤᠢᠯᠠᠩ ᠢ᠋ᠶ᠋ᠠᠷ ᠪᠦᠷᠢᠯᠳᠦᠨ᠎ᠡ᠃ ᠬᠠᠮᠵᠢᠯᠴᠠᠬᠤ ᠠᠵᠢᠯ ᠤᠨ ᠤᠳᠤᠷᠢᠳᠤᠯᠭ᠎ᠠ ᠶᠢ ᠴᠢᠩᠭᠠᠳᠭᠠᠬᠤ ᠶ᠋ᠢᠨ ᠲᠥᠯᠦᠭᠡ᠂ ᠡᠯ᠎ᠡ ᠬᠠᠮᠵᠢᠯᠴᠠᠬᠤ ᠮᠤᠵᠢ ᠣᠷᠤᠨ ᠳ᠋ᠤ᠌ ᠬᠠᠮᠵᠢᠯᠴᠠᠬᠤ ᠠᠵᠢᠯ ᠤᠨ ᠤᠳᠤᠷᠢᠳᠬᠤ ᠳᠤᠭᠤᠢᠯᠠᠩ ᠢ᠋ ᠪᠠᠢᠭᠤᠯᠤᠨ᠎ᠠ᠃

ᠬᠤᠶᠠᠷ᠂ ᠨᠠᠢ᠍ᠮᠠᠨ ᠮᠤᠵᠢ ᠣᠷᠤᠨ ᠤ᠋ ᠬᠠᠮᠵᠢᠯᠴᠠᠬᠤ ᠳᠤᠭᠤᠢᠯᠠᠩ ᠤ᠋ᠨ ᠰᠢᠨᠵᠢ ᠴᠢᠨᠠᠷ᠂ ᠬᠠᠷᠢᠶᠠᠯᠠᠭᠳᠠᠬᠤ ᠬᠠᠷᠢᠴᠠᠭ᠎ᠠ

ᠬᠣᠶᠠᠳᠤᠭᠠᠷ ᠵᠦᠢᠯ  ᠨᠠᠢ᠍ᠮᠠᠨ ᠮᠤᠵᠢ ᠣᠷᠤᠨ ᠤ᠋ ᠬᠠᠮᠵᠢᠯᠴᠠᠬᠤ ᠳᠤᠭᠤᠢᠯᠠᠩ ᠪᠣᠯ ᠲᠥᠷᠦ ᠶ᠋ᠢᠨ ᠶᠠᠪᠤᠳᠠᠯ ᠤᠨ ᠬᠣᠷᠢᠶ᠎ᠠ ᠪᠠᠷ ᠵᠥᠪᠰᠢᠶᠡᠷᠡᠭᠦᠯᠦᠭᠰᠡᠨ᠂ ᠤᠯᠤᠰ ᠤᠨ ᠦᠨᠳᠦᠰᠦᠲᠡᠨ ᠦ ᠵᠥᠪᠯᠡᠯ ᠦᠨ ᠵᠢᠯᠤᠭᠤᠳᠤᠯᠭ᠎ᠠ ᠳᠣᠣᠷ᠎ᠠ᠂ ᠨᠠᠢ᠍ᠮᠠᠨ ᠮᠤᠵᠢ ᠣᠷᠤᠨ ᠤ᠋ ᠮᠣᠩᠭᠤᠯ ᠬᠡᠯᠡ ᠪᠢᠴᠢᠭ ᠦᠨ ᠠᠵᠢᠯ ᠢ ᠵᠣᠬᠢᠴᠠᠭᠤᠯᠬᠤ ᠬᠠᠮᠵᠢᠯᠴᠠᠬᠤ ᠵᠣᠬᠢᠶᠠᠨ ᠪᠠᠢᠭᠤᠯᠤᠯᠲᠠ ᠮᠥᠨ᠃

ᠭᠤᠷᠪᠠᠳᠤᠭᠠᠷ ᠵᠦᠢᠯ  ᠨᠠᠢ᠍ᠮᠠᠨ ᠮᠤᠵᠢ ᠣᠷᠤᠨ ᠤ᠋ ᠬᠠᠮᠵᠢᠯᠴᠠᠬᠤ ᠳᠤᠭᠤᠢᠯᠠᠩ ᠤ᠋ᠨ ᠡᠳᠦᠷ ᠳᠣᠳᠤᠮ ᠤ᠋ᠨ ᠠᠵᠢᠯ ᠢ ᠥᠪᠦᠷ ᠮᠣᠩᠭᠤᠯ ᠤ᠋ᠨ ᠥᠪᠡᠷᠲᠡᠭᠡᠨ ᠵᠠᠰᠠᠬᠤ ᠣᠷᠤᠨ ᠤ᠋ ᠵᠠᠰᠠᠭ ᠤᠨ ᠣᠷᠳᠤᠨ ᠲᠦᠷᠦᠭᠦᠯᠡᠵᠦ᠂ ᠡᠯ᠎ᠡ ᠬᠠᠮᠵᠢᠯᠴᠠᠬᠤ ᠮᠤᠵᠢ ᠣᠷᠤᠨ ᠤ᠋ ᠬᠠᠮᠵᠢᠯᠴᠠᠬᠤ ᠠᠵᠢᠯ ᠤᠨ ᠤᠳᠤᠷᠢᠳᠬᠤ ᠳᠤᠭᠤᠢᠯᠠᠩ ᠨᠢ ᠲᠤᠰ ᠮᠤᠵᠢ ᠥᠪᠡᠷᠲᠡᠭᠡᠨ ᠵᠠᠰᠠᠬᠤ ᠣᠷᠤᠨ ᠤ᠋ ᠪᠠᠨ ᠵᠠᠰᠠᠭ ᠤᠨ ᠣᠷᠳᠤᠨ ᠤ᠋ ᠤᠳᠤᠷᠢᠳᠤᠯᠭ᠎ᠠ ᠳᠣᠣᠷ᠎ᠠ ᠠᠵᠢᠯ ᠢᠶᠠᠨ ᠥᠷᠨᠢᠭᠦᠯᠦᠨ᠎ᠡ᠃

ᠭᠤᠷᠪᠠ᠂ ᠨᠠᠢ᠍ᠮᠠᠨ ᠮᠤᠵᠢ ᠣᠷᠤᠨ ᠤ᠋ ᠬᠠᠮᠵᠢᠯᠴᠠᠬᠤ ᠳᠤᠭᠤᠢᠯᠠᠩ ᠤ᠋ᠨ ᠵᠢᠯᠤᠭᠤᠳᠬᠤ ᠦᠵᠡᠯ ᠰᠠᠨᠠᠭ᠎ᠠ ᠪᠠ ᠬᠠᠮᠵᠢᠯᠴᠠᠬᠤ ᠵᠠᠷᠴᠢᠮ

ᠳᠥᠷᠪᠡᠳᠦᠭᠡᠷ ᠵᠦᠢᠯ   ᠵᠢᠯᠤᠭᠤᠳᠬᠤ ᠦᠵᠡᠯ ᠰᠠᠨᠠᠭ᠎ᠠ᠄ ᠳ᠋ᠧᠩ ᠰᠢᠶᠣᠣ ᠫᠢᠩ ᠦᠨ ᠣᠨᠤᠯ ᠪᠠ 《ᠭᠤᠷᠪᠠ ᠶᠢ ᠲᠥᠯᠦᠭᠡᠯᠡᠬᠦ》 ᠴᠢᠬᠤᠯᠠ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠨᠠᠮ ᠤᠨ ᠦᠨᠳᠦᠰᠦᠲᠡᠨ ᠦ ᠲᠥᠷᠦ ᠶ᠋ᠢᠨ ᠪᠣᠳᠤᠯᠭ᠎ᠠ ᠪᠠ ᠦᠨᠳᠦᠰᠦᠲᠡᠨ ᠦ ᠬᠡᠯᠡ ᠪᠢᠴᠢᠭ ᠦᠨ ᠲᠥᠷᠦ ᠶ᠋ᠢᠨ ᠪᠣᠳᠤᠯᠭ᠎ᠠ ᠶ᠋ᠢ ᠪᠦᠬᠦ ᠲᠠᠯ᠎ᠠ ᠪᠠᠷ ᠵᠥᠪ ᠣᠨᠤᠪᠴᠢᠲᠠᠢ ᠪᠠᠷ ᠲᠤᠭᠤᠰᠢᠯᠠᠭᠤᠯᠵᠤ᠂ ᠡᠯ᠎ᠡ ᠬᠠᠮᠵᠢᠯᠴᠠᠬᠤ ᠮᠤᠵᠢ ᠣᠷᠤᠨ ᠤ᠋ ᠮᠣᠩᠭᠤᠯ ᠦᠨᠳᠦᠰᠦᠲᠡᠨ ᠦ ᠣᠯᠠᠨ ᠲᠦᠮᠡᠨ ᠦ ᠮᠣᠩᠭᠤᠯ ᠬᠡᠯᠡ ᠪᠢᠴᠢᠭ ᠢᠶᠡᠨ ᠰᠤᠷᠴᠤ ᠬᠡᠷᠡᠭᠯᠡᠬᠦ ᠪᠠ ᠴᠡᠴᠡᠭᠯᠡᠭᠦᠯᠦᠨ ᠬᠥᠭᠵᠢᠭᠦᠯᠬᠦ ᠱᠠᠭᠠᠷᠳᠠᠯᠭ᠎ᠠ ᠠᠴᠠ ᠡᠭᠦᠰᠴᠦ᠂ ᠪᠦᠯᠭᠦᠮᠳᠡ ᠬᠠᠮᠵᠢᠯᠴᠠᠵᠤ᠂ ᠴᠠᠭ ᠦᠶ᠎ᠡ ᠲᠡᠢ ᠵᠡᠷᠭᠡ ᠪᠡᠷ ᠤᠷᠤᠭᠰᠢᠯᠠᠵᠤ᠂ ᠵᠠᠮ ᠨᠡᠭᠡᠭᠡᠨ ᠰᠢᠨ᠎ᠡ ᠶᠢ ᠡᠭᠦᠳᠴᠦ᠂ ᠦᠨᠳᠦᠰᠦᠲᠡᠨ ᠦ ᠣᠶᠤᠨ ᠤᠬᠠᠭᠠᠨ ᠢ ᠨᠡᠭᠡᠭᠡᠭᠳᠡᠭᠦᠯᠵᠦ᠂ ᠦᠨᠳᠦᠰᠦᠲᠡᠨ ᠦ ᠰᠢᠨᠵᠢᠯᠡᠬᠦ ᠤᠬᠠᠭᠠᠨ ᠰᠣᠶᠤᠯ ᠤ᠋ᠨ ᠬᠢᠷᠢ ᠲᠦᠪᠰᠢᠨ ᠢ ᠳᠡᠭᠡᠭᠰᠢᠯᠡᠭᠦᠯᠬᠦ ᠳᠦ ᠦᠢᠯᠡᠴᠢᠯᠡᠨ᠎ᠡ; ᠦᠨᠳᠦᠰᠦᠲᠡᠨ ᠦ ᠭᠠᠵᠠᠷ ᠣᠷᠤᠨ ᠤ᠋ ᠥᠭᠡᠷᠡᠴᠢᠯᠡᠯᠲᠡ ᠨᠡᠭᠡᠭᠡᠯᠲᠡ ᠪᠠ ᠣᠳᠣᠬᠢᠴᠢᠯᠠᠯᠲᠠ ᠶᠢᠨ ᠪᠦᠲᠦᠭᠡᠨ ᠪᠠᠢᠭᠤᠯᠤᠯᠲᠠ ᠳᠤ ᠦᠢᠯᠡᠴᠢᠯᠡᠨ᠎ᠡ; ᠦᠨᠳᠦᠰᠦᠲᠡᠨ ᠦ ᠪᠦᠯᠬᠦᠮᠳᠡᠯ ᠢ ᠨᠢᠭᠲᠠᠷᠠᠭᠤᠯᠵᠤ᠂ ᠨᠡᠢᠭᠡᠮ ᠦᠨ ᠲᠣᠭᠲᠠᠭᠤᠨ ᠪᠠ ᠡᠬᠡ ᠤᠯᠤᠰ ᠤᠨ ᠨᠢᠭᠡᠳᠦᠯ ᠢ ᠬᠠᠮᠠᠭᠠᠯᠠᠬᠤ ᠳᠤ ᠦᠢᠯᠡᠴᠢᠯᠡᠨ᠎ᠡ᠃

ᠲᠠᠪᠤᠳᠤᠭᠠᠷ ᠵᠦᠢᠯ   ᠬᠠᠮᠵᠢᠯᠴᠠᠬᠤ ᠵᠠᠷᠴᠢᠮ᠄ ᠦᠨᠡᠨ ᠡᠴᠡ ᠵᠥᠪ ᠢ᠋ ᠡᠷᠢᠬᠦ᠂ ᠴᠢᠳᠠᠯ ᠤᠨ ᠢᠶᠠᠨ ᠬᠢᠷᠢ ᠪᠡᠷ ᠬᠢᠬᠦ᠂  ᠳᠠᠪᠠᠭᠤᠯᠢᠭ ᠢᠶᠠᠨ ᠰᠣᠩᠭᠤᠵᠤ ᠳᠤᠲᠠᠭᠳᠠᠯ ᠢᠶᠠᠨ ᠨᠥᠬᠦᠬᠦ᠂ ᠬᠠᠷᠢᠯᠴᠠᠨ ᠬᠠᠷᠠᠭᠠᠯᠵᠠᠵᠤ ᠬᠠᠷᠢᠯᠴᠠᠨ ᠠᠰᠢᠭᠲᠠᠢ ᠪᠠᠢᠬᠤ᠂ ᠬᠠᠮᠲᠤ ᠪᠠᠷ ᠬᠥᠭᠵᠢᠬᠦ ᠪᠣᠯᠤᠨ᠎ᠠ᠃

ᠳᠥᠷᠪᠡ᠂ ᠨᠠᠢ᠍ᠮᠠᠨ ᠮᠤᠵᠢ ᠣᠷᠤᠨ ᠤ᠋ ᠬᠠᠮᠵᠢᠯᠴᠠᠬᠤ ᠳᠤᠭᠤᠢᠯᠠᠩ ᠵᠢᠴᠢ ᠠᠯᠪᠠᠨ ᠭᠡᠷ ᠦᠨ ᠠᠵᠢᠯ ᠤᠨ ᠡᠭᠦᠷᠭᠡ ᠬᠠᠷᠢᠭᠤᠴᠠᠯᠭ᠎ᠠ

ᠵᠢᠷᠭᠤᠳᠤᠭᠠᠷ ᠵᠦᠢᠯ   ᠨᠠᠢ᠍ᠮᠠᠨ ᠮᠤᠵᠢ ᠣᠷᠤᠨ ᠤ᠋ ᠬᠠᠮᠵᠢᠯᠴᠠᠬᠤ ᠳᠤᠭᠤᠢᠯᠠᠩ ᠤ᠋ᠨ ᠠᠵᠢᠯ ᠤᠨ ᠡᠭᠦᠷᠭᠡ ᠬᠠᠷᠢᠭᠤᠴᠠᠯᠭ᠎ᠠ ᠪᠣᠯ᠄ ᠨᠠᠮ ᠤᠨ ᠦᠨᠳᠦᠰᠦᠲᠡᠨ ᠦ᠌ ᠲᠥᠷᠦ ᠶ᠋ᠢᠨ ᠪᠣᠳᠤᠯᠭ᠎ᠠ ᠪᠠ ᠦᠨᠳᠦᠰᠦᠲᠡᠨ ᠦ᠌ ᠬᠡᠯᠡ ᠪᠢᠴᠢᠭ ᠦ᠋ᠨ ᠲᠥᠷᠦ ᠶ᠋ᠢᠨ ᠪᠣᠳᠤᠯᠭ᠎ᠠ ᠶ᠋ᠢ ᠨᠠᠷᠢᠨ ᠬᠢᠨᠠᠮᠠᠭᠠᠢ ᠲᠤᠭᠤᠰᠢᠯᠠᠭᠤᠯᠵᠤ᠂ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠬᠡᠷᠡᠭᠵᠢᠭᠦᠯᠵᠦ᠂ ᠡᠯ᠎ᠡ ᠬᠠᠮᠵᠢᠯᠴᠠᠬᠤ ᠮᠤᠵᠢ ᠣᠷᠤᠨ ᠤ᠋ ᠥᠷᠭᠡᠨ ᠤᠯᠠᠨ ᠮᠣᠩᠭᠤᠯ ᠦᠨᠳᠦᠰᠦᠲᠡᠨ ᠦ᠌ ᠠᠷᠠᠳ ᠲᠦᠮᠡᠨ ᠦ᠌ ᠮᠣᠩᠭᠤᠯ ᠬᠡᠯᠡ ᠦᠰᠦᠭ ᠪᠢᠴᠢᠭ ᠢ ᠰᠤᠷᠴᠤ ᠬᠡᠷᠡᠭᠯᠡᠬᠦ ᠪᠠ ᠴᠡᠴᠡᠭᠯᠡᠭᠦᠯᠦᠨ ᠬᠥᠭᠵᠢᠭᠦᠯᠬᠦ ᠪᠣᠳᠠᠲᠠᠢ ᠬᠡᠷᠡᠭᠴᠡᠭᠡ ᠶᠢ ᠦᠨᠳᠦᠰᠦᠯᠡᠵᠦ᠂ ᠮᠣᠩᠭᠤᠯ ᠢ᠋ᠶ᠋ᠠᠷ ᠬᠢᠴᠢᠶᠡᠯᠯᠡᠬᠦ ᠪᠡᠷ ᠭᠣᠣᠯ ᠪᠣᠯᠭᠠᠭᠰᠠᠨ ᠦᠨᠳᠦᠰᠦᠲᠡᠨ ᠦ᠌ ᠰᠤᠷᠭᠠᠨ ᠬᠥᠮᠦᠵᠢᠯ᠂ ᠦᠨᠳᠦᠰᠦᠲᠡᠨ ᠦ᠌ ᠰᠣᠶᠤᠯ ᠤᠷᠠᠯᠢᠭ᠂ ᠮᠣᠩᠭᠤᠯ ᠬᠡᠯᠡᠨ ᠦ᠌ ᠰᠣᠨᠢᠨ ᠮᠡᠳᠡᠭᠡ ᠬᠡᠪᠯᠡᠯ᠂ ᠮᠣᠩᠭᠤᠯ ᠬᠡᠯᠡᠨ ᠦ᠌ ᠷᠠᠳᠢᠣ᠋ ᠲᠧᠯᠸᠢᠰ᠂ ᠮᠣᠩᠭᠤᠯ ᠬᠡᠯᠡ ᠦᠰᠦᠭ ᠪᠢᠴᠢᠭ ᠦ᠋ᠨ ᠡᠷᠳᠡᠮ ᠰᠢᠨᠵᠢᠯᠡᠭᠡ᠂ ᠦᠨᠳᠦᠰᠦᠲᠡᠨ ᠦ᠌ ᠰᠤᠳᠤᠷ ᠪᠢᠴᠢᠭ ᠪᠠ ᠮᠣᠩᠭᠤᠯ ᠡᠮ ᠡᠮᠨᠡᠯᠭᠡ ᠵᠡᠷᠭᠡ ᠬᠦᠷᠢᠶᠡᠨ ᠳ᠋ᠦ᠍ ᠬᠠᠮᠵᠢᠯᠴᠠᠬᠤ ᠠᠵᠢᠯᠯᠠᠭ᠎ᠠ ᠶᠢ ᠥᠷᠨᠢᠭᠦᠯᠦᠨ᠎ᠡ; ᠨᠠᠢ᠍ᠮᠠᠨ ᠮᠤᠵᠢ ᠣᠷᠤᠨ ᠤ᠋ ᠬᠠᠮᠵᠢᠯᠴᠠᠬᠤ ᠳᠤᠭᠤᠢᠯᠠᠩ ᠤ᠋ᠨ ᠳᠠᠷᠤᠭ᠎ᠠ ᠶᠢᠨ ᠬᠤᠷᠠᠯ ᠪᠠ ᠪᠦᠷᠢᠯᠳᠦᠬᠦᠨ ᠦ᠌ ᠬᠤᠷᠠᠯ ᠢ ᠡᠷᠬᠢᠯᠡᠵᠦ᠂ ᠲᠤᠷᠰᠢᠯᠭ᠎ᠠ ᠪᠠᠨ ᠳ᠋ᠦᠩᠨᠡᠵᠦ᠂ ᠮᠡᠳᠡᠭᠡ ᠵᠠᠩᠭᠢ ᠪᠠᠨ ᠬᠠᠷᠢᠯᠴᠠᠨ ᠰᠣᠯᠢᠯᠴᠠᠵᠤ᠂ ᠠᠵᠢᠯ ᠤᠨ ᠲᠥᠯᠦᠪᠵᠢᠭᠦᠯᠭᠡ ᠲᠣᠭᠲᠠᠭᠠᠨ᠂ ᠬᠠᠮᠵᠢᠯᠴᠠᠬᠤ ᠳᠤᠭᠤᠢᠯᠠᠩ ᠤ᠋ᠨ ᠴᠢᠬᠤᠯᠠ ᠶᠡᠬᠡ ᠶᠠᠪᠤᠳᠠᠯ ᠢ ᠲᠣᠭᠲᠠᠭᠠᠨ᠎ᠠ᠃

ᠳᠣᠯᠤᠳᠤᠭᠠᠷ ᠵᠦᠢᠯ  ᠨᠠᠢ᠍ᠮᠠᠨ ᠮᠤᠵᠢ ᠣᠷᠤᠨ ᠤ᠋ ᠬᠠᠮᠵᠢᠯᠴᠠᠬᠤ ᠳᠤᠭᠤᠢᠯᠠᠩ ᠤ᠋ᠨ ᠠᠯᠪᠠᠨ ᠭᠡᠷ ᠪᠣᠯ ᠨᠠᠢ᠍ᠮᠠᠨ ᠮᠤᠵᠢ ᠣᠷᠤᠨ ᠤ᠋ ᠬᠠᠮᠵᠢᠯᠴᠠᠬᠤ ᠳᠤᠭᠤᠢᠯᠠᠩ ᠤ᠋ᠨ ᠬᠡᠷᠡᠭ ᠡᠷᠬᠢᠯᠡᠬᠦ ᠪᠠᠢᠭᠤᠯᠤᠮᠵᠢ ᠮᠥᠨ᠃ ᠲᠡᠭᠦᠨ ᠦ ᠠᠵᠢᠯ ᠤᠨ ᠬᠠᠷᠢᠭᠤᠴᠠᠯᠭ᠎ᠠ ᠪᠣᠯ᠄

1. 《 ᠨᠠᠢ᠍ᠮᠠᠨ ᠮᠤᠵᠢ ᠣᠷᠤᠨ ᠤ᠋ ᠮᠣᠩᠭᠤᠯ ᠬᠡᠯᠡ ᠪᠢᠴᠢᠭ ᠦᠨ ᠠᠵᠢᠯ ᠤᠨ ᠬᠠᠮᠵᠢᠯᠴᠠᠬᠤ ᠳᠤᠭᠤᠢᠯᠠᠩ ᠤᠨ ᠠᠵᠢᠯ ᠤᠨ ᠲᠣᠪᠴᠢ ᠳᠦᠷᠢᠮ》 ᠪᠠ ᠬᠠᠮᠵᠢᠯᠴᠠᠬᠤ ᠠᠵᠢᠯ ᠤᠨ ᠲᠠᠪᠤᠨ ᠵᠢᠯ ᠦᠨ 《 ᠲᠥᠯᠦᠪᠵᠢᠭᠦᠯᠭᠡ》 ᠶᠢ ᠦᠨᠳᠦᠰᠦᠯᠡᠵᠦ᠂ ᠡᠯ᠎ᠡ ᠬᠠᠮᠵᠢᠯᠴᠠᠬᠤ ᠮᠤᠵᠢ ᠣᠷᠤᠨ ᠤ᠋ ᠬᠠᠮᠵᠢᠯᠴᠠᠬᠤ ᠠᠵᠢᠯ ᠤᠨ ᠤᠳᠤᠷᠢᠳᠬᠤ ᠳᠤᠭᠤᠢᠯᠠᠩ ᠲᠠᠢ ᠨᠢᠭᠲᠠ ᠬᠠᠪᠰᠤᠷᠤᠯᠴᠠᠵᠤ᠂ ᠡᠯ᠎ᠡ ᠲᠥᠷᠦᠯ ᠦ᠋ᠨ ᠬᠠᠮᠵᠢᠯᠴᠠᠭᠠᠨ ᠤ ᠠᠵᠢᠯᠯᠠᠭ᠎ᠠ ᠶᠢ ᠪᠣᠳᠠᠲᠠᠢ ᠵᠣᠬᠢᠶᠠᠨ ᠪᠠᠢᠭᠤᠯᠵᠤ ᠥᠷᠨᠢᠭᠦᠯᠦᠨ᠎ᠡ᠃᠌

2. ᠬᠠᠮᠵᠢᠯᠴᠠᠬᠤ ᠠᠵᠢᠯ ᠤᠨ ᠲᠠᠪᠤᠨ ᠵᠢᠯ ᠦᠨ 《 ᠲᠥᠯᠦᠪᠵᠢᠭᠦᠯᠭᠡ》 ᠶ᠋ᠢ ᠵᠣᠬᠢᠶᠠᠨ ᠪᠠᠢᠭᠤᠯᠤᠨ ᠬᠡᠷᠡᠭᠵᠢᠭᠦᠯᠵᠦ᠂ ᠡᠯ᠎ᠡ ᠬᠠᠮᠵᠢᠯᠴᠠᠬᠤ ᠮᠤᠵᠢ ᠣᠷᠤᠨ ᠪᠣᠯᠤᠨ ᠬᠣᠯᠪᠤᠭᠳᠠᠯ ᠪᠦᠬᠦᠢ ᠰᠠᠯᠠᠭ᠎ᠠ ᠮᠥᠴᠢᠷ ᠲᠠᠢ ᠢᠳᠡᠪᠬᠢᠲᠡᠢ ᠰᠠᠨᠠᠭᠠᠴᠢᠯᠠᠭ᠎ᠠ ᠠᠴᠠ ᠪᠠᠨ ᠬᠠᠷᠢᠯᠴᠠᠵᠤ᠂ ᠬᠣᠯᠪᠤᠭ᠎ᠠ ᠠᠪᠴᠤ᠂ ᠪᠠᠢᠴᠠᠭᠠᠨ ᠰᠤᠳᠤᠯᠤᠯᠲᠠ ᠶᠢ ᠥᠷᠭᠡᠨ ᠢᠶᠡᠷ ᠥᠷᠨᠢᠭᠦᠯᠵᠦ᠂ ᠡᠯ᠎ᠡ ᠬᠠᠮᠵᠢᠯᠴᠠᠬᠤ ᠮᠤᠵᠢ ᠣᠷᠤᠨ ᠤ᠋ ᠮᠣᠩᠭᠤᠯ ᠬᠡᠯᠡ ᠪᠢᠴᠢᠭ ᠦᠨ ᠠᠵᠢᠯ ᠤᠨ ᠪᠠᠢᠳᠠᠯ ᠢ ᠡᠵᠡᠮᠰᠢᠵᠦ᠂ ᠵᠢᠯ ᠦᠨ ᠠᠵᠢᠯ ᠢᠶᠠᠨ ᠪᠠᠢᠷᠢᠯᠠᠭᠤᠯᠵᠤ᠂ ᠬᠢᠨᠠᠨ ᠪᠠᠢᠴᠠᠭᠠᠯᠲᠠ ᠬᠢᠨ᠎ᠡ᠃

3. ᠬᠠᠮᠵᠢᠯᠴᠠᠬᠤ ᠮᠤᠵᠢ ᠣᠷᠤᠨ ᠲᠠᠢ ᠬᠠᠪᠰᠤᠷᠤᠯᠴᠠᠨ᠂ ᠨᠠᠢ᠍ᠮᠠᠨ ᠮᠤᠵᠢ ᠣᠷᠤᠨ ᠤ᠋ ᠬᠠᠮᠵᠢᠯᠴᠠᠬᠤ ᠳᠤᠭᠤᠢᠯᠠᠩ ᠤᠨ ᠳᠠᠷᠤᠭ᠎ᠠ ᠨᠠᠷ ᠤᠨ ᠬᠤᠷᠠᠯ ᠪᠣᠯᠤᠨ ᠪᠦᠷᠢᠯᠳᠦᠬᠦᠨ ᠨᠠᠷ ᠤᠨ ᠬᠤᠷᠠᠯ᠂ ᠦᠨᠳᠦᠰᠦᠲᠡᠨ ᠦ ᠰᠤᠷᠭᠠᠨ ᠬᠥᠮᠦᠵᠢᠯ ᠦ᠋ᠨ ᠲᠤᠰᠭᠠᠢ ᠠᠵᠢᠯ ᠤᠨ ᠬᠤᠷᠠᠯ ᠢ ᠪᠡᠯᠡᠳᠭᠡᠨ᠎ᠡ᠃

4. ᠡᠯ᠎ᠡ ᠬᠠᠮᠵᠢᠯᠴᠠᠬᠤ ᠮᠤᠵᠢ ᠣᠷᠤᠨ ᠤ᠋ ᠬᠠᠮᠵᠢᠯᠴᠠᠭᠠᠨ ᠤ ᠠᠵᠢᠯ ᠤᠨ ᠤᠳᠤᠷᠢᠳᠬᠤ ᠳᠤᠭᠤᠢᠯᠠᠩ ᠲᠠᠢ ᠬᠠᠮᠲᠤᠷᠠᠨ᠂ ᠡᠯ᠎ᠡ ᠱᠠᠲᠤᠨ ᠤ ᠷᠠᠳᠢᠣ᠋ ᠬᠣᠷᠢᠶ᠎ᠠ᠂ ᠲᠧᠯᠸᠢᠰ ᠬᠣᠷᠢᠶᠠᠨ ᠤ ᠮᠣᠩᠭᠤᠯ ᠨᠡᠪᠲᠡᠷᠡᠭᠦᠯᠦᠭᠴᠢ᠂ ᠫᠷᠤᠭ᠌ᠷᠠᠮ ᠦᠨ ᠳᠠᠭᠠᠭᠠᠮᠠᠯ᠂ ᠳᠤᠮᠳᠠᠳᠤ ᠪᠠᠭ᠎ᠠ ᠰᠤᠷᠭᠠᠭᠤᠯᠢ᠂ ᠪᠠᠭᠰᠢ ᠶᠢᠨ ᠳᠡᠭᠡᠳᠦ ᠰᠤᠷᠭᠠᠭᠤᠯᠢ ᠨᠤᠭᠤᠳ ᠲᠤ ᠮᠣᠩᠭᠤᠯ ᠢ᠋ᠶ᠋ᠠᠷ ᠬᠢᠴᠢᠶᠡᠯᠯᠡᠬᠦ ᠪᠠᠭᠰᠢ᠂ ᠤᠷᠠᠯᠢᠭ ᠤᠨ ᠪᠦᠯᠬᠦᠮ ᠦᠨ ᠮᠣᠩᠭᠤᠯ ᠲᠣᠭᠯᠠᠭᠴᠢ ᠵᠢᠴᠢ ᠣᠷᠴᠢᠭᠤᠯᠤᠭᠴᠢ᠂ ᠰᠤᠷᠪᠤᠯᠵᠢᠯᠠᠭᠴᠢ ᠵᠡᠷᠭᠡ ᠲᠤᠰᠭᠠᠢ ᠮᠡᠷᠭᠡᠵᠢᠯ ᠦᠨ ᠬᠥᠮᠦᠰ ᠲᠦ᠍ ᠠᠵᠢᠯ ᠮᠡᠷᠭᠡᠵᠢᠯ ᠦᠨ ᠪᠣᠯᠪᠠᠰᠤᠷᠠᠯ ᠪᠠ ᠮᠣᠩᠭᠤᠯ ᠬᠡᠯᠡᠨ ᠦ ᠪᠠᠷᠢᠮᠵᠢᠶ᠎ᠠ ᠠᠪᠢᠶᠠᠨ ᠤ ᠪᠣᠯᠪᠠᠰᠤᠷᠠᠯ ᠢ ᠬᠢᠨ᠎ᠡ᠃

5. 《ᠮᠣᠩᠭᠤᠯ ᠬᠡᠯᠡ ᠪᠢᠴᠢᠭ》 ᠰᠡᠳᠭᠦᠯ ᠢ᠋ ᠰᠠᠢᠲᠤᠷ ᠡᠷᠬᠢᠯᠡᠵᠦ᠂ 《ᠮᠣᠩᠭᠤᠯ ᠨᠡᠷ᠎ᠡ ᠲᠣᠮᠢᠶᠠᠨ ᠤ ᠠᠯᠪᠠᠨ ᠮᠡᠳᠡᠭᠡ》 ᠪᠠ 《ᠨᠠᠢ᠍ᠮᠠᠨ ᠮᠤᠵᠢ ᠣᠷᠤᠨ ᠤ᠋ ᠮᠣᠩᠭᠤᠯ ᠬᠡᠯᠡ ᠪᠢᠴᠢᠭ ᠦᠨ ᠬᠠᠮᠵᠢᠯᠴᠠᠭᠠᠨ ᠤ ᠠᠵᠢᠯ ᠤᠨ ᠮᠡᠳᠡᠭᠡᠯᠡᠯ》 ᠢ ᠨᠠᠢᠷᠠᠭᠤᠯᠵᠤ ᠬᠡᠪᠯᠡᠭᠦᠯᠵᠦ᠂ ᠨᠠᠢ᠍ᠮᠠᠨ ᠮᠤᠵᠢ ᠣᠷᠤᠨ ᠳ᠋ᠤ᠌ ᠲᠠᠷᠬᠠᠭᠠᠨ᠎ᠠ᠃

6. ᠮᠣᠩᠭᠤᠯ ᠬᠡᠯᠡ ᠪᠢᠴᠢᠭ ᠦᠨ ᠠᠵᠢᠯᠲᠠᠨ ᠢ ᠵᠣᠬᠢᠶᠠᠨ ᠪᠠᠢᠭᠤᠯᠵᠤ᠂ ᠬᠠᠮᠵᠢᠯᠴᠠᠬᠤ ᠮᠤᠵᠢ ᠣᠷᠤᠨ ᠤ᠋ ᠬᠣᠭᠤᠷᠤᠨᠳᠤ ᠪᠤᠶᠤ ᠪᠤᠰᠤᠳ ᠦᠨᠳᠦᠰᠦᠲᠡᠨ ᠦ ᠭᠠᠵᠠᠷ ᠣᠷᠤᠨ ᠵᠢᠴᠢ ᠤᠯᠠᠨ ᠤᠯᠤᠰ ᠤᠨ ᠬᠣᠭᠤᠷᠤᠨᠳᠤ ᠰᠤᠷᠤᠯᠴᠠᠬᠤ᠂ ᠰᠢᠨᠵᠢᠯᠡᠨ ᠪᠠᠢᠴᠠᠭᠠᠬᠤ᠂ ᠪᠠ ᠡᠷᠳᠡᠮ ᠰᠢᠨᠵᠢᠯᠡᠭᠡᠨ ᠦ ᠰᠣᠯᠢᠯᠴᠠᠭ᠎ᠠ ᠥᠷᠨᠢᠭᠦᠯᠦᠨ᠎ᠡ᠃

7. ᠨᠠᠢ᠍ᠮᠠᠨ ᠮᠤᠵᠢ ᠣᠷᠤᠨ ᠤ᠋ ᠬᠠᠮᠵᠢᠯᠴᠠᠭᠠᠨ ᠤ ᠠᠵᠢᠯ ᠤᠨ ᠦᠢᠯᠡᠴᠢᠯᠡᠭᠡᠨ ᠦ ᠲᠥᠪ ᠦᠨ ᠲᠣᠮᠤ ᠠᠰᠠᠷ ᠪᠠ ᠬᠠᠮᠵᠢᠯᠴᠠᠭᠠᠨ ᠤ ᠰᠠᠭᠤᠷᠢ ᠮᠥᠩᠭᠦ ᠶ᠋ᠢ ᠬᠠᠮᠢᠶᠠᠷᠴᠤ᠂ ᠲᠡᠭᠦᠨ ᠦ ᠠᠵᠤ ᠠᠬᠤᠢ ᠶᠢᠨ ᠠᠰᠢᠭ ᠲᠤᠰᠠ ᠶᠢ ᠳᠡᠭᠡᠭᠰᠢᠯᠡᠭᠦᠯᠵᠦ᠂ ᠬᠠᠮᠵᠢᠯᠴᠠᠭᠠᠨ ᠤ ᠠᠵᠢᠯᠯᠠᠭ᠎ᠠ ᠳᠤ ᠦᠢᠯᠡᠴᠢᠯᠡᠭᠡ ᠬᠠᠩᠭᠠᠨ᠎ᠠ᠃

8. ᠨᠠᠢ᠍ᠮᠠᠨ ᠮᠤᠵᠢ ᠣᠷᠤᠨ ᠤ᠋ ᠬᠠᠮᠵᠢᠯᠴᠠᠬᠤ ᠳᠤᠭᠤᠢᠯᠠᠩ ᠪᠠ ᠥᠪᠦᠷ ᠮᠣᠩᠭᠤᠯ ᠤ᠋ᠨ ᠥᠪᠡᠷᠲᠡᠭᠡᠨ ᠵᠠᠰᠠᠬᠤ ᠣᠷᠤᠨ ᠤ᠋ ᠠᠷᠠᠳ ᠤᠨ ᠵᠠᠰᠠᠭ ᠤᠨ ᠣᠷᠳᠤᠨ ᠤ ᠳᠠᠭᠠᠭᠠᠯᠭᠠᠭᠰᠠᠨ ᠪᠤᠰᠤᠳ ᠡᠭᠦᠷᠭᠡ ᠶᠢ ᠭᠦᠢᠴᠡᠳᠭᠡᠨ᠎ᠡ᠃

ᠨᠠᠢ᠍ᠮᠠᠳᠤᠭᠠᠷ ᠵᠦᠢᠯ   ᠡᠯ᠎ᠡ ᠬᠠᠮᠵᠢᠯᠴᠠᠬᠤ ᠮᠤᠵᠢ ᠣᠷᠤᠨ ᠤ᠋ ᠤᠳᠤᠷᠢᠳᠬᠤ ᠳᠤᠭᠤᠢᠯᠠᠩ ᠤᠨ ᠠᠵᠢᠯ ᠤᠨ ᠡᠭᠦᠷᠭᠡ ᠬᠠᠷᠢᠭᠤᠴᠠᠯᠭ᠎ᠠ ᠪᠣᠯ᠄ ᠲᠤᠰ ᠮᠤᠵᠢ (ᠥᠪᠡᠷᠲᠡᠭᠡᠨ ᠵᠠᠰᠠᠬᠤ ᠣᠷᠤᠨ) ᠶᠢᠨ ᠵᠠᠰᠠᠭ ᠤᠨ ᠣᠷᠳᠤᠨ ᠤ᠋ ᠤᠳᠤᠷᠢᠳᠤᠯᠭ᠎ᠠ ᠳᠣᠣᠷ᠎ᠠ᠂ ᠨᠠᠢ᠍ᠮᠠᠨ ᠮᠤᠵᠢ ᠣᠷᠤᠨ ᠤ᠋ ᠬᠠᠮᠵᠢᠯᠴᠠᠬᠤ ᠳᠤᠭᠤᠢᠯᠠᠩ ᠤ᠋ᠨ ᠤ᠋ ᠠᠯᠪᠠᠨ ᠭᠡᠷ ᠲᠡᠢ ᠢᠳᠡᠪᠬᠢᠲᠡᠢ ᠪᠡᠷ ᠬᠠᠪᠰᠤᠷᠤᠯᠴᠠᠵᠤ᠂ ᠲᠤᠰ ᠮᠤᠵᠢ ᠣᠷᠤᠨ ᠤ᠋ ᠪᠠᠨ ᠪᠦᠷᠢᠯᠳᠦᠬᠦᠨ ᠪᠠᠢᠭᠤᠯᠭ᠎ᠠ ᠶᠢ ᠵᠣᠬᠢᠴᠠᠭᠤᠯᠬᠤ ᠪᠠ ᠵᠣᠬᠢᠶᠠᠨ ᠪᠠᠢᠭᠤᠯᠵᠤ᠂ ᠨᠠᠢ᠍ᠮᠠᠨ ᠮᠤᠵᠢ ᠣᠷᠤᠨ ᠤ᠋ ᠬᠠᠮᠵᠢᠯᠴᠠᠬᠤ ᠳᠤᠭᠤᠢᠯᠠᠩ ᠤᠨ ᠪᠠᠢᠷᠢᠯᠠᠭᠤᠯᠤᠭᠰᠠᠨ ᠡᠯ᠎ᠡ ᠵᠦᠢᠯ ᠦᠨ ᠡᠭᠦᠷᠭᠡ ᠶᠢ ᠨᠠᠷᠢᠨ ᠬᠢᠨᠠᠮᠠᠭᠠᠢ ᠨᠠᠢᠳᠠᠪᠤᠷᠢᠵᠢᠭᠤᠯᠵᠤ᠂ ᠲᠤᠰ ᠮᠤᠵᠢ ᠣᠷᠤᠨ ᠤ᠋ ᠮᠣᠩᠭᠤᠯ ᠬᠡᠯᠡ ᠪᠢᠴᠢᠭ ᠦᠨ ᠬᠠᠮᠵᠢᠯᠴᠠᠭᠠᠨ ᠤ ᠠᠵᠢᠯ ᠳᠤ ᠣᠷᠤᠰᠢᠵᠤ ᠪᠠᠢᠭ᠎ᠠ ᠠᠰᠠᠭᠤᠳᠠᠯ ᠤᠳ ᠢ ᠵᠣᠬᠢᠴᠠᠭᠤᠯᠵᠤ ᠰᠢᠢᠳᠪᠦᠷᠢᠯᠡᠵᠦ᠂ ᠬᠠᠮᠵᠢᠯᠴᠠᠬᠤ ᠠᠵᠢᠯ ᠤᠨ ᠤᠷᠤᠭᠰᠢᠲᠠᠢ ᠶᠠᠪᠤᠭᠳᠠᠬᠤ ᠶᠢ ᠢᠳᠡᠪᠬᠢᠲᠡᠢ ᠠᠬᠢᠭᠤᠯᠤᠨ᠎ᠠ᠃

ᠲᠠᠪᠤ᠂ ᠨᠠᠢ᠍ᠮᠠᠨ ᠮᠤᠵᠢ ᠣᠷᠤᠨ ᠤ᠋ ᠬᠠᠮᠵᠢᠯᠴᠠᠬᠤ ᠳᠤᠭᠤᠢᠯᠠᠩ ᠤ᠋ᠨ ᠬᠤᠷᠠᠯ ᠤᠨ ᠳᠦᠷᠢᠮ

ᠶᠢᠰᠦᠳᠦᠭᠡᠷ ᠵᠦᠢᠯ   ᠨᠠᠢ᠍ᠮᠠᠨ  ᠮᠤᠵᠢ ᠣᠷᠤᠨ ᠤ᠋ ᠬᠠᠮᠵᠢᠯᠴᠠᠬᠤ ᠳᠤᠭᠤᠢᠯᠠᠩ ᠤᠨ ᠳᠠᠷᠤᠭ᠎ᠠ ᠨᠠᠷ ᠤᠨ ᠬᠤᠷᠠᠯᠳᠤᠭᠠᠨ᠂ ᠪᠦᠷᠢᠯᠳᠦᠬᠦᠨ ᠨᠠᠷ ᠤᠨ ᠬᠤᠷᠠᠯ ᠪᠠ ᠦᠨᠳᠦᠰᠦᠲᠡᠨ  ᠦ ᠰᠤᠷᠭᠠᠨ ᠬᠥᠮᠦᠵᠢᠯ ᠦ᠋ᠨ ᠬᠠᠮᠵᠢᠯᠴᠠᠭᠠᠨ ᠤ ᠲᠤᠰᠭᠠᠢ ᠠᠵᠢᠯ ᠤᠨ ᠬᠤᠷᠠᠯ ᠢ ᠡᠯ᠎ᠡ ᠬᠠᠮᠵᠢᠯᠴᠠᠬᠤ ᠮᠤᠵᠢ ᠣᠷᠤᠨ ᠡᠭᠡᠯᠵᠢᠯᠡᠨ ᠡᠷᠬᠢᠯᠡᠨ᠎ᠡ᠃ ᠲᠡᠭᠦᠨ ᠦ ᠳᠡᠰ ᠳᠠᠷᠠᠭᠠᠯᠠᠯ ᠨᠢ ᠥᠪᠦᠷ ᠮᠣᠩᠭᠤᠯ᠂ ᠯᠢᠶᠣᠣᠨᠢᠩ᠂ ᠰᠢᠨᠵᠢᠶᠠᠩ᠂ ᠭᠢᠷᠢᠨ᠂ ᠬᠥᠬᠡᠨᠠᠭᠤᠷ᠂ ᠬᠠᠷᠠᠮᠥ᠋ᠷᠡᠨ᠂ ᠭᠠᠨᠰᠦ᠂ ᠾᠧᠪᠧᠢ ᠪᠣᠯᠤᠨ᠎ᠠ᠃

ᠠᠷᠪᠠᠳᠤᠭᠠᠷ ᠵᠦᠢᠯ   ᠳᠤᠭᠤᠢᠯᠠᠩ ᠤᠨ ᠳᠠᠷᠤᠭ᠎ᠠ ᠨᠠᠷ ᠤᠨ ᠬᠤᠷᠠᠯ ᠢ ᠲᠣᠭᠲᠠᠮᠠᠯ ᠪᠤᠰᠤ ᠬᠤᠭᠤᠴᠠᠭ᠎ᠠ ᠪᠠᠷ ᠬᠤᠷᠠᠯᠳᠤᠭᠤᠯᠵᠤ᠂  ᠴᠢᠬᠤᠯᠠᠲᠠᠢ ᠦᠶᠡᠰ ᠪᠦᠷᠢᠯᠳᠦᠬᠦᠨ ᠨᠠᠷ ᠤᠨ ᠬᠤᠷᠠᠯᠳᠤᠭᠠᠨ ᠲᠠᠢ ᠬᠠᠮᠲᠤ ᠳ᠋ᠤᠨᠢ ᠬᠤᠷᠠᠯᠳᠤᠭᠤᠯᠵᠤ ᠪᠣᠯᠤᠨ᠎ᠠ᠃

ᠪᠦᠷᠢᠯᠳᠦᠬᠦᠨ ᠨᠠᠷ ᠤᠨ ᠬᠤᠷᠠᠯᠳᠤᠭᠠᠨ ᠢ ᠬᠣᠶᠠᠷ ᠵᠢᠯ ᠳᠦ ᠨᠢᠭᠡ ᠤᠳᠠᠭ᠎ᠠ ᠬᠤᠷᠠᠯᠳᠤᠭᠤᠯᠤᠨ᠎ᠠ᠃

ᠦᠨᠳᠦᠰᠦᠲᠡᠨ ᠦ ᠰᠤᠷᠭᠠᠨ ᠬᠥᠮᠦᠵᠢᠯ ᠦ᠋ᠨ ᠬᠠᠮᠵᠢᠯᠴᠠᠭᠠᠨ ᠤ ᠬᠤᠷᠠᠯ ᠢ ᠬᠡᠷᠡᠭᠴᠡᠭᠡ ᠪᠡᠨ ᠦᠨᠳᠦᠰᠦᠯᠡᠨ ᠵᠣᠬᠢᠶᠠᠨ ᠪᠠᠢᠭᠤᠯᠵᠤ ᠬᠤᠷᠠᠯᠳᠤᠭᠤᠯᠤᠨ᠎ᠠ᠃

ᠠᠷᠪᠠᠨ ᠨᠢᠭᠡᠳᠦᠭᠡᠷ ᠵᠦᠢᠯ  ᠬᠠᠮᠵᠢᠯᠴᠠᠬᠤ ᠠᠵᠢᠯ ᠤᠨ ᠲᠠᠪᠤᠨ ᠵᠢᠯ ᠦᠨ 《 ᠲᠥᠯᠦᠪᠵᠢᠭᠦᠯᠭᠡ》 ᠶᠢ ᠦᠨᠳᠦᠰᠦᠯᠡᠨ ᠥᠷᠨᠢᠭᠦᠯᠬᠦ ᠬᠠᠮᠵᠢᠯᠴᠠᠭᠠᠨ ᠤ ᠠᠵᠢᠯᠯᠠᠭ᠎ᠠ ᠶᠢ ᠦᠨᠳᠦᠰᠦᠯᠡᠵᠦ᠂ ᠨᠠᠢ᠍ᠮᠠᠨ ᠮᠤᠵᠢ ᠣᠷᠤᠨ ᠤ᠋ ᠬᠠᠮᠵᠢᠯᠴᠠᠬᠤ ᠳᠤᠭᠤᠢᠯᠠᠩ ᠤᠨ ᠠᠯᠪᠠᠨ ᠭᠡᠷ ᠲᠦ ᠤᠷᠢᠳ ᠢᠶᠠᠷ ᠮᠡᠳᠡᠭᠦᠯᠦᠨ ᠳᠠᠩᠰᠠᠯᠠᠭᠤᠯᠵᠤ᠂ ᠠᠵᠢᠯᠯᠠᠭ᠎ᠠ ᠳᠠᠭᠤᠰᠤᠭᠰᠠᠨ ᠤ ᠳᠠᠷᠠᠭ᠎ᠠ ᠪᠢᠴᠢᠭ ᠢᠶᠡᠷ ᠬᠠᠷᠢᠭᠤ ᠮᠡᠳᠡᠭᠦᠯᠦᠯᠲᠡ ᠬᠢᠨ᠎ᠡ᠃

ᠡᠯ᠎ᠡ ᠮᠤᠵᠢ ᠣᠷᠤᠨ ᠤ᠋ ᠬᠠᠮᠵᠢᠯᠴᠠᠬᠤ ᠠᠵᠢᠯ ᠤᠨ ᠤᠳᠤᠷᠢᠳᠬᠤ ᠳᠤᠭᠤᠢᠯᠠᠩ᠂ ᠪᠡᠭᠡᠵᠢᠩ ᠣᠷᠤᠨ ᠤ᠋ ᠮᠣᠩᠭᠤᠯ ᠬᠡᠯᠡ ᠪᠢᠴᠢᠭ ᠦᠨ ᠠᠵᠢᠯ ᠤᠨ ᠬᠠᠮᠵᠢᠯᠴᠠᠬᠤ ᠳᠤᠭᠤᠢᠯᠠᠩ᠂ ᠥᠪᠦᠷ ᠮᠣᠩᠭᠤᠯ ᠥᠪᠡᠷᠲᠡᠭᠡᠨ ᠵᠠᠰᠠᠬᠤ ᠣᠷᠤᠨ ᠤ᠋ ᠡᠯ᠎ᠡ ᠬᠣᠯᠪᠤᠭᠳᠠᠯ ᠪᠦᠬᠦᠢ ᠪᠦᠷᠢᠯᠳᠦᠬᠦᠨ ᠨᠢᠭᠡᠴᠢ ᠨᠢ ᠵᠢᠯ ᠪᠣᠯᠭᠠᠨ ᠤ ᠡᠴᠦᠰ ᠲᠦ ᠨᠠᠢ᠍ᠮᠠᠨ ᠮᠤᠵᠢ ᠣᠷᠤᠨ ᠤ᠋ ᠬᠠᠮᠵᠢᠯᠴᠠᠬᠤ ᠠᠯᠪᠠᠨ ᠭᠡᠷ ᠲᠦ ᠵᠢᠯ ᠦᠨ ᠬᠠᠮᠵᠢᠯᠴᠠᠭᠠᠨ ᠤ ᠠᠵᠢᠯ ᠤᠨ ᠪᠠᠢᠳᠠᠯ᠂ ᠳᠠᠷᠠᠭ᠎ᠠ ᠵᠢᠯ ᠦᠨ ᠠᠵᠢᠯ ᠤᠨ ᠰᠠᠨᠠᠯ ᠪᠣᠯᠤᠨ ᠰᠠᠨᠠᠭᠤᠯᠭ᠎ᠠ ᠪᠠᠨ ᠬᠠᠮᠲᠤ ᠳ᠋ᠤᠨᠢ ᠨᠡᠮᠡᠭᠳᠡᠭᠦᠯᠦᠨ᠎ᠡ᠃

ᠵᠢᠷᠭᠤᠭ᠎ᠠ᠂ ᠨᠠᠢ᠍ᠮᠠᠨ ᠮᠤᠵᠢ ᠣᠷᠤᠨ ᠤ᠋ ᠬᠠᠮᠵᠢᠯᠴᠠᠬᠤ ᠳᠤᠭᠤᠢᠯᠠᠩ ᠤ᠋ᠨ ᠳᠠᠷᠤᠭ᠎ᠠ᠂  ᠳᠡᠳ᠋ ᠳᠠᠷᠤᠭ᠎ᠠ᠂ ᠪᠦᠷᠢᠯᠳᠦᠬᠦᠨ ᠨᠠᠷ ᠢ ᠰᠣᠩᠭᠤᠬᠤ᠂ ᠲᠣᠮᠢᠯᠠᠬᠤ

ᠠᠷᠪᠠᠨ ᠬᠣᠶᠠᠳᠤᠭᠠᠷ ᠵᠦᠢᠯ  ᠨᠠᠢ᠍ᠮᠠᠨ ᠮᠤᠵᠢ ᠣᠷᠤᠨ ᠤ᠋ ᠬᠠᠮᠵᠢᠯᠴᠠᠬᠤ ᠳᠤᠭᠤᠢᠯᠠᠩ ᠤ᠋ᠨ ᠳᠠᠷᠤᠭ᠎ᠠ ᠶᠢ ᠥᠪᠦᠷ ᠮᠣᠩᠭᠤᠯ ᠤ᠋ᠨ ᠥᠪᠡᠷᠲᠡᠭᠡᠨ ᠵᠠᠰᠠᠬᠤ ᠣᠷᠤᠨ ᠠ᠋ᠴᠠ ᠡᠭᠦᠷᠭᠡᠯᠡᠨ᠎ᠡ᠂ ᠳᠡᠳ᠋ ᠳᠠᠷᠤᠭ᠎ᠠ ᠶᠢ ᠡᠯ᠎ᠡ ᠬᠠᠮᠵᠢᠯᠴᠠᠬᠤ ᠮᠤᠵᠢ ᠣᠷᠤᠨ ᠤ᠋ ᠠᠷᠠᠳ ᠤᠨ ᠵᠠᠰᠠᠭ ᠤᠨ ᠣᠷᠳᠤᠨ ᠤ᠋ ᠦᠨᠳᠦᠰᠦᠲᠡᠨ ᠦ ᠠᠵᠢᠯ ᠢ ᠬᠤᠪᠢᠳᠠᠨ ᠬᠠᠮᠢᠶᠠᠷᠴᠤ ᠪᠠᠢᠭ᠎ᠠ ᠤᠳᠤᠷᠢᠳᠤᠯᠭ᠎ᠠ ᠪᠠ ᠦᠨᠳᠦᠰᠦᠲᠡᠨ ᠦ ᠵᠥᠪᠯᠡᠯ᠂ ᠬᠡᠯᠡ ᠪᠢᠴᠢᠭ ᠦᠨ ᠵᠥᠪᠯᠡᠯ ᠦᠨ ᠡᠷᠬᠢᠯᠡᠭᠴᠢ᠂ ᠪᠡᠭᠡᠵᠢᠩ ᠣᠷᠤᠨ ᠤ᠋ ᠬᠠᠮᠵᠢᠯᠴᠠᠬᠤ ᠳᠤᠭᠤᠢᠯᠠᠩ ᠤᠨ ᠳᠠᠷᠤᠭ᠎ᠠ ᠡᠭᠦᠷᠭᠡᠯᠡᠨ᠎ᠡ᠃

ᠠᠷᠪᠠᠨ ᠭᠤᠷᠪᠠᠳᠤᠭᠠᠷ ᠵᠦᠢᠯ  ᠨᠠᠢ᠍ᠮᠠᠨ ᠮᠤᠵᠢ ᠣᠷᠤᠨ ᠤ᠋ ᠬᠠᠮᠵᠢᠯᠴᠠᠬᠤ ᠳᠤᠭᠤᠢᠯᠠᠩ ᠤ᠋ᠨ ᠪᠦᠷᠢᠯᠳᠦᠬᠦᠨ ᠨᠠᠷ ᠢ ᠬᠠᠮᠵᠢᠯᠴᠠᠬᠤ ᠮᠤᠵᠢ ᠣᠷᠤᠨ ᠤ᠋ ᠡᠯ᠎ᠡ ᠱᠠᠲᠤᠨ ᠤ ᠨᠠᠮ ᠵᠠᠰᠠᠭ ᠤᠨ ᠪᠠᠢᠭᠤᠯᠭ᠎ᠠ ᠪᠠ ᠬᠠᠮᠵᠢᠯᠴᠠᠬᠤ ᠠᠵᠢᠯ ᠳᠤ ᠬᠣᠯᠪᠤᠭᠳᠠᠬᠤ ᠰᠠᠯᠠᠭ᠎ᠠ ᠮᠥᠴᠢᠷ ᠦᠨ ᠳᠤᠮᠳᠠ ᠠ᠋ᠴᠠ ᠪᠦᠷᠢᠯᠳᠦᠨ᠎ᠡ᠃ ᠣᠳᠣᠬᠠᠨ ᠤ ᠬᠠᠮᠵᠢᠯᠴᠠᠬᠤ ᠠᠭᠤᠯᠭ᠎ᠠ ᠪᠠ ᠬᠥᠭᠵᠢᠯᠲᠡ ᠶᠢᠨ ᠱᠠᠭᠠᠷᠳᠠᠯᠭ᠎ᠠ ᠶᠢ ᠦᠨᠳᠦᠰᠦᠯᠡᠵᠦ᠂ ᠨᠠᠢ᠍ᠮᠠᠨ ᠮᠤᠵᠢ ᠣᠷᠤᠨ ᠤ᠋ ᠬᠠᠮᠵᠢᠯᠴᠠᠬᠤ ᠳᠤᠭᠤᠢᠯᠠᠩ ᠤ᠋ᠨ ᠪᠦᠷᠢᠯᠳᠦᠬᠦᠨ ᠦ ᠲᠣᠭ᠎ᠠ ᠶᠢ ᠥᠪᠦᠷ ᠮᠣᠩᠭᠤᠯ ᠤ᠋ᠨ ᠥᠪᠡᠷᠲᠡᠭᠡᠨ ᠵᠠᠰᠠᠬᠤ ᠣᠷᠤᠨ 13᠂ ᠰᠢᠨᠵᠢᠶᠠᠩ 9᠂ ᠬᠥᠬᠡᠨᠠᠭᠤᠷ 7᠂ ᠭᠠᠨᠰᠦ 6᠂ ᠾᠧᠪᠧᠢ 6᠂ ᠪᠡᠭᠡᠵᠢᠩ 6᠂ ᠯᠢᠶᠣᠣᠨᠢᠩ 10᠂ ᠭᠢᠷᠢᠨ 8᠂  ᠬᠠᠷᠠᠮᠥ᠋ᠷᠡᠨ 8᠂  ᠨᠡᠢᠲᠡ 73 ᠬᠥᠮᠦᠨ᠃

ᠠᠷᠪᠠᠨ ᠳᠥᠷᠪᠡᠳᠦᠭᠡᠷ ᠵᠦᠢᠯ   ᠡᠯ᠎ᠡ ᠬᠠᠮᠵᠢᠯᠴᠠᠬᠤ ᠮᠤᠵᠢ ᠣᠷᠤᠨ ᠤ᠋ ᠬᠠᠮᠵᠢᠯᠴᠠᠬᠤ ᠳᠤᠭᠤᠢᠯᠠᠩ ᠤᠨ ᠳᠡᠳ᠋ ᠳᠠᠷᠤᠭ᠎ᠠ ᠶᠢ ᠡᠭᠦᠷᠭᠡᠯᠡᠵᠦ ᠪᠠᠢᠭ᠎ᠠ ᠮᠤᠵᠢ ᠶᠢᠨ ᠳᠡᠰ ᠦᠨ ᠤᠳᠤᠷᠢᠳᠤᠯᠭ᠎ᠠ ᠨᠢ ᠡᠯ᠎ᠡ ᠮᠤᠵᠢ ᠣᠷᠤᠨ ᠤ᠋ ᠪᠠᠨ ᠬᠠᠮᠵᠢᠯᠴᠠᠬᠤ ᠳᠤᠭᠤᠢᠯᠠᠩ ᠤᠨ ᠳᠠᠷᠤᠭ᠎ᠠ ᠶᠢ ᠡᠭᠦᠷᠭᠡᠯᠡᠵᠦ᠂ ᠦᠨᠳᠦᠰᠦᠲᠡᠨ ᠦ ᠵᠥᠪᠯᠡᠯ ᠪᠤᠶᠤ ᠬᠡᠯᠡ ᠪᠢᠴᠢᠭ ᠦᠨ ᠵᠥᠪᠯᠡᠯ ᠦᠨ ᠡᠷᠬᠢᠯᠡᠭᠴᠢ ᠨᠢ ᠳᠤᠭᠤᠢᠯᠠᠩ ᠤᠨ ᠳᠡᠳ᠋ ᠳᠠᠷᠤᠭ᠎ᠠ ᠶᠢ ᠡᠭᠦᠷᠭᠡᠯᠡᠵᠦ᠂ ᠨᠠᠢ᠍ᠮᠠᠨ ᠮᠤᠵᠢ ᠣᠷᠤᠨ ᠤ᠋ ᠬᠠᠮᠵᠢᠯᠴᠠᠬᠤ ᠳᠤᠭᠤᠢᠯᠠᠩ ᠤᠨ ᠪᠦᠷᠢᠯᠳᠦᠬᠦᠨ ᠪᠣᠯᠬᠤ ᠪᠤᠰᠤᠳ ᠬᠥᠮᠦᠰ ᠨᠢ ᠲᠤᠰ ᠮᠤᠵᠢ ᠣᠷᠤᠨ ᠤ᠋ ᠪᠠᠨ ᠬᠠᠮᠵᠢᠯᠴᠠᠬᠤ ᠳᠤᠭᠤᠢᠯᠠᠩ ᠤᠨ ᠪᠦᠷᠢᠯᠳᠦᠬᠦᠨ ᠪᠣᠯᠤᠨ᠎ᠠ᠃

ᠠᠷᠪᠠᠨ ᠲᠠᠪᠤᠳᠤᠭᠠᠷ ᠵᠦᠢᠯ   ᠪᠡᠭᠡᠵᠢᠩ ᠣᠷᠤᠨ ᠤ᠋ ᠮᠣᠩᠭᠤᠯ ᠬᠡᠯᠡ ᠪᠢᠴᠢᠭ ᠦᠨ ᠠᠵᠢᠯ ᠤᠨ ᠬᠠᠮᠵᠢᠯᠴᠠᠬᠤ ᠳᠤᠭᠤᠢᠯᠠᠩ ᠨᠢ ᠲᠥᠪ ᠦᠨ ᠮᠣᠩᠭᠤᠯ ᠬᠡᠯᠡ ᠪᠢᠴᠢᠭ ᠦᠨ ᠠᠵᠢᠯ ᠤᠨ ᠪᠠᠢᠭᠤᠯᠭ᠎ᠠ ᠪᠠ ᠬᠣᠯᠪᠤᠭᠳᠠᠯ ᠪᠦᠬᠦᠢ ᠶᠡᠬᠡ ᠳᠡᠭᠡᠳᠦ ᠰᠤᠷᠭᠠᠭᠤᠯᠢ ᠠ᠋ᠴᠠ ᠪᠦᠷᠢᠯᠳᠦᠨ᠎ᠡ᠃ ᠳᠤᠭᠤᠢᠯᠠᠩ ᠤᠨ ᠳᠠᠷᠤᠭ᠎ᠠ ᠶᠢ ᠪᠦᠷᠢᠯᠳᠦᠬᠦᠨ ᠨᠢᠭᠡᠴᠢ ᠡᠴᠡ ᠨᠡᠷ᠎ᠡ ᠳᠡᠪᠰᠢᠭᠦᠯᠵᠦ ᠪᠦᠷᠢᠯᠳᠦᠨ᠎ᠡ᠂ ᠬᠡᠷᠡᠭ ᠡᠷᠬᠢᠯᠡᠬᠦ ᠪᠠᠢᠭᠤᠯᠤᠮᠵᠢ ᠶᠢ ᠳᠤᠭᠤᠢᠯᠠᠩ ᠤᠨ ᠳᠠᠷᠤᠭ᠎ᠠ ᠶᠢ ᠡᠭᠦᠷᠭᠡᠯᠡᠭᠰᠡᠨ ᠪᠠᠢᠭᠤᠯᠭ᠎ᠠ ᠳᠤ ᠲᠣᠬᠢᠷᠠᠭᠤᠯᠤᠨ᠎ᠠ᠃

ᠥᠪᠦᠷ ᠮᠣᠩᠭᠤᠯ ᠥᠪᠡᠷᠲᠡᠭᠡᠨ ᠵᠠᠰᠠᠬᠤ ᠣᠷᠤᠨ ᠤ᠋ ᠰᠢᠭᠤᠳ ᠬᠠᠷᠢᠶ᠎ᠠ ᠪᠠᠢᠭᠤᠯᠭ᠎ᠠ ᠶᠢᠨ ᠬᠠᠮᠵᠢᠯᠴᠠᠬᠤ ᠠᠵᠢᠯ ᠤᠨ ᠡᠭᠦᠷᠭᠡ ᠲᠠᠢ ᠰᠠᠯᠠᠭ᠎ᠠ ᠮᠥᠴᠢᠷ ᠦᠨ ᠤᠳᠤᠷᠢᠳᠤᠯᠭ᠎ᠠ ᠡᠭᠦᠷᠭᠡᠯᠡᠵᠦ᠂ ᠪᠤᠰᠤᠳ ᠬᠠᠮᠵᠢᠯᠴᠠᠬᠤ ᠮᠤᠵᠢ ᠣᠷᠤᠨ ᠤ᠋ ᠡᠯ᠎ᠡ ᠮᠣᠩᠭᠤᠯ ᠦᠨᠳᠦᠰᠦᠲᠡᠨ ᠦ ᠥᠪᠡᠷᠲᠡᠭᠡᠨ ᠵᠠᠰᠠᠬᠤ ᠵᠧᠦ᠂ ᠥᠪᠡᠷᠲᠡᠭᠡᠨ ᠵᠠᠰᠠᠬᠤ ᠰᠢᠶᠠᠨ ᠤ ᠵᠠᠰᠠᠭ ᠤᠨ ᠣᠷᠳᠤᠨ ᠵᠢᠴᠢ ᠬᠣᠯᠪᠤᠭᠳᠠᠯ ᠪᠦᠬᠦᠢ ᠬᠠᠮᠵᠢᠯᠴᠠᠬᠤ ᠠᠵᠢᠯ ᠤᠨ ᠰᠠᠯᠠᠭ᠎ᠠ ᠮᠥᠴᠢᠷ ᠦᠨ ᠭᠣᠣᠯ ᠬᠠᠷᠢᠭᠤᠴᠠᠯᠭᠠᠲᠠᠨ ᠨᠢ ᠨᠠᠢ᠍ᠮᠠᠨ ᠮᠤᠵᠢ ᠣᠷᠤᠨ ᠤ᠋ ᠬᠠᠮᠵᠢᠯᠴᠠᠬᠤ ᠳᠤᠭᠤᠢᠯᠠᠩ ᠤᠨ ᠪᠦᠷᠢᠯᠳᠦᠬᠦᠨ ᠢ ᠡᠭᠦᠷᠭᠡᠯᠡᠨ᠎ᠡ᠃

ᠠᠷᠪᠠᠨ ᠵᠢᠷᠭᠤᠳᠤᠭᠠᠷ ᠵᠦᠢᠯ  ᠨᠠᠢ᠍ᠮᠠᠨ ᠮᠤᠵᠢ ᠣᠷᠤᠨ ᠤ᠋ ᠬᠠᠮᠵᠢᠯᠴᠠᠬᠤ ᠳᠤᠭᠤᠢᠯᠠᠩ ᠤ᠋ᠨ ᠳᠠᠷᠤᠭ᠎ᠠ ᠶᠢᠨ ᠲᠣᠮᠢᠯᠠᠬᠤ ᠪᠠᠭᠤᠯᠭᠠᠬᠤ ᠶᠢ ᠥᠪᠦᠷ ᠮᠣᠩᠭᠤᠯ ᠤ᠋ᠨ ᠥᠪᠡᠷᠲᠡᠭᠡᠨ ᠵᠠᠰᠠᠬᠤ ᠣᠷᠤᠨ ᠤ᠋ ᠠᠷᠠᠳ ᠤᠨ ᠵᠠᠰᠠᠭ ᠤᠨ ᠣᠷᠳᠤᠨ ᠰᠠᠨᠠᠯ ᠳᠤᠷᠠᠳᠴᠤ᠂ ᠥᠪᠡᠷᠲᠡᠭᠡᠨ ᠵᠠᠰᠠᠬᠤ ᠣᠷᠤᠨ ᠤ᠋ ᠨᠠᠮ ᠤᠨ ᠬᠣᠷᠢᠶᠠᠨ ᠤ ᠪᠠᠢᠩᠭᠤ ᠶᠢᠨ ᠬᠤᠷᠠᠯ ᠢᠶᠠᠷ ᠲᠣᠭᠲᠠᠭᠠᠵᠤ᠂ ᠤᠯᠤᠰ ᠤᠨ ᠦᠨᠳᠦᠰᠦᠲᠡᠨ ᠦ ᠵᠥᠪᠯᠡᠯ ᠳᠦ ᠳᠠᠩᠰᠠᠯᠠᠭᠤᠯᠤᠨ᠎ᠠ᠃

ᠠᠷᠪᠠᠨ ᠳᠣᠯᠤᠳᠤᠭᠠᠷ ᠵᠦᠢᠯ  ᠨᠠᠢ᠍ᠮᠠᠨ ᠮᠤᠵᠢ ᠣᠷᠤᠨ ᠤ᠋ ᠬᠠᠮᠵᠢᠯᠴᠠᠬᠤ ᠳᠤᠭᠤᠢᠯᠠᠩ ᠤ᠋ᠨ ᠳᠡᠳ᠋ ᠳᠠᠷᠤᠭ᠎ᠠ᠂ ᠪᠦᠷᠢᠯᠳᠦᠬᠦᠨ ᠨᠠᠷ ᠢ ᠲᠣᠮᠢᠯᠠᠵᠤ ᠪᠠᠭᠤᠯᠭᠠᠬᠤ ᠶᠢ ᠡᠯ᠎ᠡ ᠬᠠᠮᠵᠢᠯᠴᠠᠬᠤ ᠮᠤᠵᠢ ᠣᠷᠤᠨ ᠪᠠ ᠪᠡᠭᠡᠵᠢᠩ ᠣᠷᠤᠨ ᠤ᠋ ᠬᠠᠮᠵᠢᠯᠴᠠᠬᠤ ᠳᠤᠭᠤᠢᠯᠠᠩ ᠤᠨ ᠪᠦᠷᠢᠯᠳᠦᠬᠦᠨ ᠨᠢᠭᠡᠴᠢ ᠡᠴᠡ ᠨᠡᠷ᠎ᠡ ᠳᠤᠷᠠᠳᠴᠤ᠂ ᠥᠪᠦᠷ ᠮᠣᠩᠭᠤᠯ ᠤ᠋ᠨ ᠥᠪᠡᠷᠲᠡᠭᠡᠨ ᠵᠠᠰᠠᠬᠤ ᠣᠷᠤᠨ ᠤ᠋ ᠠᠷᠠᠳ ᠤᠨ ᠵᠠᠰᠠᠭ ᠤᠨ ᠣᠷᠳᠤᠨ  ᠬᠢᠨᠠᠵᠤ᠂ ᠬᠠᠮᠲᠤ ᠳ᠋ᠤᠨᠢ ᠤᠯᠤᠰ ᠤᠨ ᠦᠨᠳᠦᠰᠦᠲᠡᠨ ᠦ ᠵᠥᠪᠯᠡᠯ ᠳᠦ ᠳᠠᠩᠰᠠᠯᠠᠭᠤᠯᠤᠨ᠎ᠠ᠃ ᠥᠪᠦᠷ ᠮᠣᠩᠭᠤᠯ ᠥᠪᠡᠷᠲᠡᠭᠡᠨ ᠵᠠᠰᠠᠬᠤ ᠣᠷᠤᠨ ᠤ᠋ ᠪᠦᠷᠢᠯᠳᠦᠬᠦᠨ ᠨᠢᠭᠡᠴᠢ ᠶᠢᠨ ᠬᠠᠮᠵᠢᠯᠴᠠᠬᠤ ᠳᠤᠭᠤᠢᠯᠠᠩ ᠤᠨ ᠪᠦᠷᠢᠯᠳᠦᠬᠦᠨ ᠢ ᠲᠣᠮᠢᠯᠠᠵᠤ ᠪᠠᠭᠤᠯᠭᠠᠬᠤ ᠶᠢ ᠡᠯ᠎ᠡ ᠪᠦᠷᠢᠯᠳᠦᠬᠦᠨ ᠨᠢᠭᠡᠴᠢ ᠡᠴᠡ ᠨᠡᠷ᠎ᠡ ᠳᠡᠪᠰᠢᠭᠦᠯᠵᠦ᠂ ᠬᠠᠮᠵᠢᠯᠴᠠᠬᠤ ᠳᠤᠭᠤᠢᠯᠠᠩ ᠤᠨ ᠠᠯᠪᠠᠨ ᠭᠡᠷ ᠡᠴᠡ ᠡᠮᠬᠢᠳᠭᠡᠵᠦ ᠬᠤᠷᠢᠶᠠᠩᠭᠤᠢᠯᠠᠭᠠᠳ ᠥᠪᠡᠷᠲᠡᠭᠡᠨ ᠵᠠᠰᠠᠬᠤ ᠣᠷᠤᠨ ᠤ᠋ ᠨᠠᠮ ᠤᠨ ᠬᠣᠷᠢᠶᠠᠨ ᠤ ᠵᠣᠬᠢᠶᠠᠨ ᠪᠠᠢᠭᠤᠯᠬᠤ ᠬᠡᠯᠲᠡᠰ ᠲᠦ᠍ ᠮᠡᠳᠡᠭᠦᠯᠵᠦ ᠬᠢᠨᠠᠨ ᠵᠥᠪᠰᠢᠶᠡᠷᠡᠭᠦᠯᠦᠨ᠎ᠡ᠃

ᠠᠷᠪᠠᠨ ᠨᠠᠢ᠍ᠮᠠᠳᠤᠭᠠᠷ ᠵᠦᠢᠯ   ᠡᠯ᠎ᠡ ᠬᠠᠮᠵᠢᠯᠴᠠᠬᠤ ᠮᠤᠵᠢ ᠣᠷᠤᠨ ᠨᠢ ᠲᠤᠰ ᠮᠤᠵᠢ ᠣᠷᠤᠨ ᠤ᠋ ᠪᠠᠨ ᠬᠠᠮᠵᠢᠯᠴᠠᠬᠤ ᠠᠵᠢᠯ ᠤᠨ ᠬᠡᠷᠡᠭᠴᠡᠭᠡ ᠪᠡᠨ ᠦᠨᠳᠦᠰᠦᠯᠡᠵᠦ ᠨᠠᠢ᠍ᠮᠠᠨ ᠮᠤᠵᠢ ᠣᠷᠤᠨ ᠤ᠋ ᠬᠠᠮᠵᠢᠯᠴᠠᠬᠤ ᠳᠤᠭᠤᠢᠯᠠᠩ ᠤᠨ ᠪᠦᠷᠢᠯᠳᠦᠬᠦᠨ ᠨᠢᠭᠡᠴᠢ ᠶᠢ ᠲᠣᠭᠲᠠᠭᠠᠨ᠎ᠠ᠃ ᠨᠠᠢ᠍ᠮᠠᠨ ᠮᠤᠵᠢ ᠣᠷᠤᠨ ᠤ᠋ ᠬᠠᠮᠵᠢᠯᠴᠠᠬᠤ ᠳᠤᠭᠤᠢᠯᠠᠩ ᠤᠨ ᠪᠦᠷᠢᠯᠳᠦᠬᠦᠨ ᠨᠠᠷ ᠤᠨ ᠠᠵᠢᠯ ᠤᠨ ᠪᠠᠢᠷᠢ ᠬᠤᠪᠢᠷᠠᠯᠲᠠ ᠭᠠᠷᠪᠠᠯ᠂ ᠴᠠᠭ ᠳᠠᠷᠤᠢ ᠳ᠋ᠤᠨᠢ ᠲᠣᠬᠢᠷᠠᠭᠤᠯᠤᠯᠲᠠ ᠬᠢᠵᠦ᠂ ᠨᠡᠷᠡᠰ ᠢ ᠨᠢ ᠮᠤᠵᠢ( ᠥᠪᠡᠷᠲᠡᠭᠡᠨ ᠵᠠᠰᠠᠬᠤ ᠣᠷᠤᠨ) ᠦᠨ ᠵᠠᠰᠠᠭ ᠤᠨ ᠣᠷᠳᠤᠨ ᠤ᠋ ᠨᠡᠷ᠎ᠡ ᠪᠡᠷ ᠥᠪᠦᠷ ᠮᠣᠩᠭᠤᠯ ᠤ᠋ᠨ ᠥᠪᠡᠷᠲᠡᠭᠡᠨ ᠵᠠᠰᠠᠬᠤ ᠣᠷᠤᠨ ᠤ᠋ ᠠᠷᠠᠳ ᠤᠨ ᠵᠠᠰᠠᠭ ᠤᠨ ᠣᠷᠳᠤᠨ ᠳ᠋ᠤ᠌ ᠮᠡᠳᠡᠭᠦᠯᠵᠦ᠂ ᠬᠠᠮᠲᠤ ᠳ᠋ᠤᠨᠢ ᠨᠠᠢ᠍ᠮᠠᠨ ᠮᠤᠵᠢ ᠣᠷᠤᠨ ᠤ᠋ ᠬᠠᠮᠵᠢᠯᠴᠠᠬᠤ ᠳᠤᠭᠤᠢᠯᠠᠩ ᠤᠨ ᠠᠯᠪᠠᠨ ᠭᠡᠷ ᠲᠦ ᠮᠡᠳᠡᠭᠦᠯᠦᠨ᠎ᠡ᠃ ᠥᠪᠦᠷ ᠮᠣᠩᠭᠤᠯ ᠤ᠋ᠨ ᠥᠪᠡᠷᠲᠡᠭᠡᠨ ᠵᠠᠰᠠᠬᠤ ᠣᠷᠤᠨ ᠤ᠋ ᠠᠷᠠᠳ ᠤᠨ ᠵᠠᠰᠠᠭ ᠤᠨ ᠣᠷᠳᠤᠨ ᠨᠢ ᠤᠯᠤᠰ ᠤᠨ ᠦᠨᠳᠦᠰᠦᠲᠡᠨ ᠦ ᠵᠥᠪᠯᠡᠯ ᠦᠨ 《ᠨᠠᠢ᠍ᠮᠠᠨ ᠮᠤᠵᠢ ᠣᠷᠤᠨ ᠤ᠋ ᠮᠣᠩᠭᠤᠯ ᠬᠡᠯᠡ ᠪᠢᠴᠢᠭ ᠦᠨ ᠠᠵᠢᠯ ᠤᠨ ᠬᠠᠮᠵᠢᠯᠴᠠᠬᠤ ᠳᠤᠭᠤᠢᠯᠠᠩ ᠤᠨ ᠪᠦᠷᠢᠯᠳᠦᠬᠦᠨ ᠨᠠᠷ ᠢ ᠲᠣᠬᠢᠷᠠᠭᠤᠯᠬᠤ ᠲᠤᠬᠠᠢ ᠬᠠᠷᠢᠭᠤ ᠵᠠᠬᠢᠳᠠᠯ》(ᠤᠯᠤᠰ ᠦᠨᠳᠦᠰᠦᠲᠡᠨ ᠲᠠᠷᠬᠠᠭᠠᠭᠰᠠᠨ〔2002〕167  ᠳ᠋ᠤᠭᠠᠷ ᠲᠣᠭᠠᠲᠤ) ᠦᠨ ᠱᠠᠭᠠᠷᠳᠠᠯᠭ᠎ᠠ ᠶᠣᠰᠤ ᠪᠠᠷ ᠤᠯᠤᠰ ᠤᠨ ᠦᠨᠳᠦᠰᠦᠲᠡᠨ ᠦ ᠵᠥᠪᠯᠡᠯ ᠳ᠋ᠦ᠍ ᠳᠠᠩᠰᠠᠯᠠᠭᠤᠯᠬᠤ ᠶᠢ ᠬᠠᠷᠢᠭᠤᠴᠠᠵᠤ᠂ ᠮᠥᠨ ᠨᠠᠢ᠍ᠮᠠᠨ ᠮᠤᠵᠢ ᠣᠷᠤᠨ ᠤ᠋ ᠬᠠᠮᠵᠢᠯᠴᠠᠬᠤ ᠳᠤᠭᠤᠢᠯᠠᠩ ᠤᠨ ᠠᠯᠪᠠᠨ ᠭᠡᠷ ᠦᠨ ᠨᠡᠷ᠎ᠡ ᠪᠡᠷ ᠡᠯ᠎ᠡ ᠬᠠᠮᠵᠢᠯᠴᠠᠬᠤ ᠮᠤᠵᠢ ᠣᠷᠤᠨ ᠳ᠋ᠤ᠌ ᠪᠢᠴᠢᠭ ᠢᠶᠡᠷ ᠮᠡᠳᠡᠭᠳᠡᠨ᠎ᠡ᠃

ᠳᠣᠯᠤᠭ᠎ᠠ᠂ ᠨᠠᠢ᠍ᠮᠠᠨ ᠮᠤᠵᠢ ᠣᠷᠤᠨ ᠤ᠋ ᠬᠠᠮᠵᠢᠯᠴᠠᠬᠤ ᠳᠤᠭᠤᠢᠯᠠᠩ ᠤ᠋ᠨ ᠠᠵᠢᠯᠯᠠᠭᠠᠨ ᠤ ᠵᠠᠷᠤᠳᠠᠯ

ᠠᠷᠪᠠ ᠶᠢᠰᠦᠳᠦᠭᠡᠷ ᠵᠦᠢᠯ   ᠨᠠᠢ᠍ᠮᠠᠨ ᠮᠤᠵᠢ ᠣᠷᠤᠨ ᠤ᠋ ᠬᠠᠮᠵᠢᠯᠴᠠᠬᠤ ᠳᠤᠭᠤᠢᠯᠠᠩ ᠤᠨ ᠳᠠᠷᠤᠭ᠎ᠠ ᠶᠢᠨ ᠬᠤᠷᠠᠯ᠂ ᠪᠦᠷᠢᠯᠳᠦᠬᠦᠨ ᠨᠠᠷ ᠤᠨ ᠬᠤᠷᠠᠯ ᠪᠠ ᠦᠨᠳᠦᠰᠦᠲᠡᠨ ᠦ ᠰᠤᠷᠭᠠᠨ ᠬᠥᠮᠦᠵᠢᠯ ᠦ᠋ᠨ ᠬᠠᠮᠵᠢᠯᠴᠠᠭᠠᠨ ᠤ ᠬᠤᠷᠠᠯ ᠤᠨ ᠵᠠᠷᠤᠳᠠᠯ ᠢ ᠡᠷᠬᠢᠯᠡᠬᠦ ᠮᠤᠵᠢ ᠣᠷᠤᠨ ᠨᠢ ᠡᠭᠦᠷᠭᠡᠯᠡᠨ᠎ᠡ᠃

ᠬᠣᠷᠢᠳᠤᠭᠠᠷ ᠵᠦᠢᠯ   ᠨᠠᠢ᠍ᠮᠠᠨ ᠮᠤᠵᠢ ᠣᠷᠤᠨ ᠤ᠋ ᠬᠠᠮᠵᠢᠯᠴᠠᠭᠠᠨ ᠤ ᠰᠠᠭᠤᠷᠢ ᠮᠥᠩᠭᠦ ᠶ᠋ᠢᠨ ᠵᠣᠷᠢᠯᠲᠠ ᠶᠣᠰᠤ ᠪᠠᠷ᠂ ᠰᠠᠭᠤᠷᠢ ᠮᠥᠩᠭᠦ ᠶ᠋ᠢᠨ ᠬᠦᠦ ᠮᠥᠩᠭᠦ ᠶ᠋ᠢ ᠭᠣᠣᠯᠳᠠᠭᠤ ᠬᠠᠮᠵᠢᠯᠴᠠᠭᠠᠨ ᠤ ᠠᠵᠢᠯ ᠤᠨ ᠲᠡᠷᠢᠭᠦᠨ ᠦ ᠬᠠᠮᠲᠤ ᠨᠢᠭᠡᠴᠢ ᠪᠠ ᠬᠤᠪᠢ ᠬᠥᠮᠦᠨ ᠢ᠋ ᠱᠠᠩᠨᠠᠨ ᠬᠥᠬᠢᠭᠦᠯᠬᠦ ᠳᠦ ᠬᠡᠷᠡᠭᠯᠡᠨ᠎ᠡ᠃ ᠨᠠᠢ᠍ᠮᠠᠨ ᠮᠤᠵᠢ ᠣᠷᠤᠨ ᠤ᠋ ᠬᠠᠮᠵᠢᠯᠴᠠᠭᠠᠨ ᠤ ᠠᠯᠪᠠᠨ ᠭᠡᠷ ᠨᠠᠢ᠍ᠮᠠᠨ ᠮᠤᠵᠢ ᠣᠷᠤᠨ ᠤ᠋ ᠬᠠᠮᠵᠢᠯᠴᠠᠭᠠᠨ ᠤ ᠰᠠᠭᠤᠷᠢ ᠮᠥᠩᠭᠦ ᠶ᠋ᠢ ᠬᠠᠮᠢᠶᠠᠷᠴᠤ᠂ ᠬᠢᠨᠠᠨ ᠪᠤᠳᠤᠬᠤ ᠰᠠᠯᠠᠭ᠎ᠠ ᠮᠥᠴᠢᠷ ᠦᠨ ᠬᠢᠨᠠᠯᠲᠠ ᠪᠠ ᠬᠢᠨᠠᠨ ᠪᠠᠢᠴᠠᠭᠠᠯᠲᠠ ᠶᠢ ᠬᠦᠯᠢᠶᠡᠵᠦ᠂ ᠮᠥᠨ ᠨᠠᠢ᠍ᠮᠠᠨ ᠮᠤᠵᠢ ᠣᠷᠤᠨ ᠤ᠋ ᠬᠠᠮᠵᠢᠯᠴᠠᠬᠤ ᠳᠤᠭᠤᠢᠯᠠᠩ ᠤᠨ ᠳᠠᠷᠤᠭ᠎ᠠ ᠶᠢᠨ ᠬᠤᠷᠠᠯ ᠳ᠋ᠤ᠌ ᠪᠠᠢᠳᠠᠯ ᠢᠶᠠᠨ ᠨᠡᠢᠲᠡᠯᠡᠨ᠎ᠡ᠃

ᠬᠣᠷᠢᠨ ᠨᠢᠭᠡᠳᠦᠭᠡᠷ ᠵᠦᠢᠯ    ᠬᠢᠨᠠᠨ ᠲᠣᠭᠲᠠᠭᠠᠯᠲᠠ ᠪᠠᠷ ᠳᠠᠮᠵᠢᠨ ᠨᠠᠢ᠍ᠮᠠᠨ ᠮᠤᠵᠢ ᠣᠷᠤᠨ ᠤ᠋ ᠬᠠᠮᠵᠢᠯᠴᠠᠭᠠᠨ ᠤ ᠠᠯᠪᠠᠨ ᠭᠡᠷ ᠦᠨ ᠵᠢᠯ ᠦ᠋ᠨ ᠲᠣᠬᠢᠷᠠᠭᠤᠯᠤᠭᠰᠠᠨ ᠬᠠᠮᠵᠢᠯᠴᠠᠭᠠᠨ ᠤ ᠠᠵᠢᠯᠯᠠᠭᠠᠨ ᠤ ᠱᠠᠩᠨᠠᠯ ᠤᠨ ᠮᠥᠩᠭᠦ ᠶ᠋ᠢ ᠨᠠᠢ᠍ᠮᠠᠨ ᠮᠤᠵᠢ ᠣᠷᠤᠨ ᠤ᠋ ᠬᠠᠮᠵᠢᠯᠴᠠᠭᠠᠨ ᠤ ᠠᠵᠢᠯᠯᠠᠭᠠᠨ ᠤ ᠰᠠᠭᠤᠷᠢ ᠮᠥᠩᠭᠦ ᠡᠴᠡ ᠰᠢᠢᠳᠪᠦᠷᠢᠯᠡᠨ᠎ᠡ᠃

ᠨᠠᠢ᠍ᠮᠠ᠂ ᠨᠠᠢ᠍ᠮᠠᠨ ᠮᠤᠵᠢ ᠣᠷᠤᠨ ᠤ᠋ ᠬᠠᠮᠵᠢᠯᠴᠠᠭᠠᠨ ᠤ ᠠᠵᠢᠯ ᠤᠨ ᠦᠢᠯᠡᠴᠢᠯᠡᠭᠡᠨ ᠦ ᠲᠥᠪ ᠦᠨ ᠲᠣᠮᠤ ᠠᠰᠠᠷ ᠤᠨ ᠡᠵᠡᠩᠨᠡᠯᠲᠡ ᠬᠠᠮᠢᠶᠠᠷᠤᠯᠲᠠ

ᠬᠣᠷᠢᠨ ᠬᠣᠶᠠᠳᠤᠭᠠᠷ ᠵᠦᠢᠯ   ᠨᠠᠢ᠍ᠮᠠᠨ ᠮᠤᠵᠢ ᠣᠷᠤᠨ ᠤ᠋ ᠬᠠᠮᠵᠢᠯᠴᠠᠭᠠᠨ ᠤ ᠠᠵᠢᠯ ᠤᠨ ᠦᠢᠯᠡᠴᠢᠯᠡᠭᠡᠨ ᠦ ᠲᠥᠪ ᠦᠨ ᠲᠣᠮᠤ ᠠᠰᠠᠷ ᠤᠨ ᠡᠳ᠋ ᠬᠥᠷᠦᠩᠭᠡ ᠶ᠋ᠢᠨ ᠥᠮᠴᠢᠯᠡᠬᠦ ᠡᠷᠬᠡ ᠨᠢ ᠨᠠᠢ᠍ᠮᠠᠨ ᠮᠤᠵᠢ ᠣᠷᠤᠨ ᠤ᠋ ᠬᠠᠮᠵᠢᠯᠴᠠᠬᠤ ᠳᠤᠭᠤᠢᠯᠠᠩ ᠳᠤ ᠪᠠᠢᠨ᠎ᠠ; ᠨᠠᠢ᠍ᠮᠠᠨ ᠮᠤᠵᠢ ᠣᠷᠤᠨ ᠤ᠋ ᠬᠠᠮᠵᠢᠯᠴᠠᠬᠤ ᠳᠤᠭᠤᠢᠯᠠᠩ ᠤᠨ ᠤᠳᠤᠷᠢᠳᠤᠯᠭ᠎ᠠ ᠪᠠ ᠬᠢᠨᠠᠯᠲᠠ ᠶᠢᠨ ᠳᠣᠣᠷ᠎ᠠ᠂ ᠨᠠᠢ᠍ᠮᠠᠨ ᠮᠤᠵᠢ ᠣᠷᠤᠨ ᠤ᠋ ᠬᠠᠮᠵᠢᠯᠴᠠᠬᠤ ᠳᠤᠭᠤᠢᠯᠠᠩ ᠤᠨ ᠠᠯᠪᠠᠨ ᠭᠡᠷ ᠬᠠᠮᠢᠶᠠᠷᠤᠨ᠎ᠠ᠃

 

 

ᠡᠭᠡ ᠪᠢᠴᠢᠭ ᠬᠠᠩᠭᠠᠭᠴᠢ᠄ ᠠᠯᠲᠠᠨ᠌ᠣ᠋ᠳᠣ

ᠬᠢᠨᠠᠨ ᠬᠠᠷᠠᠭᠤᠯᠤᠭᠴᠢ᠄ ᠲᠥᠷᠦᠴᠢᠨ

ᠬᠠᠷᠢᠭᠤᠴᠠᠭᠰᠠᠨ ᠨᠠᠢᠷᠠᠭᠤᠯᠤᠭᠴᠢ᠄ ᠬᠠᠰᠲᠤᠶᠠᠭ᠎ᠠ

 

ᠸᠢᠴᠠᠲ ᠲᠤ ᠪᠠᠨ ᠬᠤᠪᠢᠶᠠᠯᠴᠠᠬᠤ

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )