ᠪᠠᠶᠠᠩᠭᠤᠤᠯ ᠪᠦᠷᠢᠨ ᠪᠠᠭ᠎ᠠ ᠰᠤᠷᠭᠠᠭᠤᠯᠢ ᠳᠤ 《ᠨᠣᠮ ᠤ᠋ᠨ ᠪᠤᠶᠠᠨ ᠳᠡᠯᠭᠡᠷᠡᠭᠦᠯᠬᠦ》 ᠨᠣᠮ ᠬᠠᠨᠳᠢᠪᠯᠠᠬᠤ ᠠᠵᠢᠯᠯᠠᠭᠠᠨ ᠶᠠᠪᠤᠭᠳᠠᠯ᠎ᠠ
ᠢᠷᠡᠯᠲᠡ᠄ ᠤᠯᠠᠭᠠᠨᠬᠠᠳᠠ ᠮᠣᠩᠭᠤᠯ ᠰᠦᠯᠵᠢᠶ᠎ᠡ
2018.04.26

 

4 ᠰᠠᠷ᠎ᠠ ᠶᠢᠨ 23 ᠤ᠋ ᠡᠳᠦᠷ 《ᠳᠡᠯᠡᠬᠡᠢ ᠶᠢᠨ ᠨᠣᠮ ᠤᠩᠰᠢᠬᠤ ᠡᠳᠦᠷ》 ᠢ᠋ ᠲᠣᠬᠢᠶᠠᠯᠳᠤᠭᠤᠯᠤᠨ ᠬᠡᠰᠢᠭᠲᠡᠨ ᠬᠣᠰᠢᠭᠤᠨ ᠤ᠋ ᠦᠨᠳᠦᠰᠦᠲᠡᠨ ᠱᠠᠰᠢᠨ ᠰᠤᠷᠲᠠᠬᠤᠨ ᠤ ᠬᠡᠷᠡᠭ ᠡᠷᠬᠢᠯᠡᠬᠦ ᠲᠣᠪᠴᠢᠶ᠎ᠠ ᠪᠠ ᠬᠡᠰᠢᠭᠲᠡᠨ ᠬᠣᠰᠢᠭᠤᠨ ᠤ᠋ 《ᠡᠬᠡ ᠬᠡᠯᠡ ᠪᠡᠨ ᠬᠠᠯᠠᠮᠵᠢᠯᠠᠬᠤ ᠨᠡᠢᠭᠡᠮᠯᠢᠭ》 ᠡᠴᠡ ᠪᠠᠶᠠᠩᠭᠤᠤᠯ ᠪᠦᠷᠢᠨ ᠪᠠᠭ᠎ᠠ ᠰᠤᠷᠭᠠᠭᠤᠯᠢ ᠳᠤ 《ᠨᠣᠮ ᠤ᠋ᠨ ᠪᠤᠶᠠᠨ ᠳᠡᠯᠭᠡᠷᠡᠭᠦᠯᠬᠦ》 ᠨᠣᠮ ᠬᠠᠨᠳᠢᠪᠯᠠᠬᠤ ᠠᠵᠢᠯᠯᠠᠭᠠᠨ ᠥᠷᠨᠢᠭᠦᠯᠪᠡ᠃ ᠲᠤᠰ ᠠᠵᠢᠯᠯᠠᠭᠠᠨ ᠳᠤ ᠡᠯ᠎ᠡ ᠪᠠᠢᠭᠤᠯᠭ᠎ᠠ ᠨᠢᠭᠡᠴᠢ᠂ ᠬᠤᠪᠢ ᠬᠥᠮᠦᠨ᠂ ᠮᠠᠯᠴᠢᠨ ᠲᠦᠮᠡᠨ ᠵᠡᠷᠭᠡ ᠪᠤᠶᠠᠨᠰᠠᠭ ᠰᠡᠳᠭᠢᠯᠲᠦ ᠬᠥᠮᠦᠰ ᠦ᠋ᠨ ᠬᠠᠯᠠᠭᠤᠨ ᠳᠡᠮᠵᠢᠯᠭᠡ ᠪᠡᠷ ᠬᠤᠶᠠᠷ ᠲᠦᠮᠡᠨ ᠲᠥᠭᠦᠷᠢᠭ ᠦ᠋ᠨ ᠥᠷᠲᠡᠭ ᠪᠦᠬᠦᠢ ᠮᠢᠩᠭ᠎ᠠ ᠢᠯᠡᠭᠦᠦ ᠳᠡᠪᠲᠡᠷ ᠨᠣᠮ ᠬᠠᠨᠳᠢᠪᠯᠠᠭᠰᠠᠨ ᠪᠠᠢᠨ᠎ᠠ᠃ ᠬᠡᠰᠢᠭᠲᠡᠨ ᠬᠣᠰᠢᠭᠤᠨ ᠤ᠋ ᠦᠨᠳᠦᠰᠦᠲᠡᠨ ᠱᠠᠰᠢᠨ ᠰᠤᠷᠲᠠᠬᠤᠨ ᠤ ᠬᠡᠷᠡᠭ ᠡᠷᠬᠢᠯᠡᠬᠦ ᠲᠣᠪᠴᠢᠶᠠᠨ ᠤ᠋ ᠬᠠᠷᠢᠭᠤᠴᠠᠯᠭᠠᠲᠠᠨ ᠪᠠ ᠬᠡᠰᠢᠭᠲᠡᠨ ᠬᠣᠰᠢᠭᠤᠨ ᠤ᠋ 《ᠡᠬᠡ ᠬᠡᠯᠡ ᠪᠡᠨ ᠬᠠᠯᠠᠮᠵᠢᠯᠠᠬᠤ ᠨᠡᠢᠭᠡᠮᠯᠢᠭ》 ᠤ᠋ᠨ ᠲᠡᠷᠢᠭᠦᠯᠡᠭᠴᠢ ᠡᠴᠡ ᠲᠤᠰ ᠤᠳᠠᠭᠠᠨ ᠤ ᠠᠵᠢᠯᠯᠠᠭᠠᠨ ᠤ ᠤᠳᠭ᠎ᠠ ᠤᠴᠢᠷ ᠢ ᠲᠠᠨᠢᠯᠴᠠᠭᠤᠯᠵᠤ᠂ ᠪᠠᠶᠠᠩᠭᠤᠤᠯ ᠪᠦᠷᠢᠨ ᠪᠠᠭ᠎ᠠ ᠰᠤᠷᠭᠠᠭᠤᠯᠢ ᠶᠢᠨ ᠵᠠᠬᠢᠷᠤᠯ ᠠᠴᠠ ᠪᠦᠬᠦ ᠪᠠᠭᠰᠢ ᠠᠵᠢᠯᠲᠠᠨ ᠪᠣᠯᠤᠨ ᠰᠤᠷᠤᠭᠴᠢᠳ ᠢᠶᠠᠨ ᠲᠥᠯᠦᠭᠡᠯᠡᠵᠦ ᠲᠠᠯᠠᠷᠬᠠᠯ ᠤᠨ ᠰᠡᠳᠭᠢᠯ ᠢ᠋ᠶ᠋ᠡᠨ ᠢᠯᠡᠳᠭᠡᠵᠡᠢ᠃ ᠬᠡᠰᠢᠭᠲᠡᠨ ᠬᠣᠰᠢᠭᠤᠨ ᠤ᠋ 《ᠡᠬᠡ ᠬᠡᠯᠡ ᠪᠡᠨ ᠬᠠᠯᠠᠮᠵᠢᠯᠠᠬᠤ ᠨᠡᠢᠭᠡᠮᠯᠢᠭ》 ᠤ᠋ᠨ ᠬᠠᠷᠢᠭᠤᠴᠠᠯᠭᠠᠲᠠᠨ ᠠ᠋ᠴᠠ ᠲᠤᠰ ᠤᠳᠠᠭᠠᠨ ᠤ ᠠᠵᠢᠯᠯᠠᠭᠠᠨ ᠤ ᠲᠤᠬᠠᠢ ᠶᠠᠷᠢᠬᠤ ᠳᠠᠭᠠᠨ᠄ 《ᠡᠨᠡ ᠤᠳᠠᠭᠠᠨ ᠤ ᠠᠵᠢᠯᠯᠠᠭᠠᠨ ᠮᠠᠰᠢ ᠠᠮᠵᠢᠯᠲᠠ ᠲᠠᠢ ᠶᠠᠪᠤᠭᠳᠠᠯ᠎ᠠ᠂ ᠣᠬᠤᠷᠬᠠᠨ ᠠᠷᠪᠠᠭᠠᠳ ᠡᠳᠦᠷ ᠦ᠋ᠨ ᠳᠣᠲᠤᠷ᠎ᠠ ᠬᠡᠦᠬᠡᠳ ᠦ᠋ᠳ ᠲᠡᠭᠡᠨ ᠡᠳᠦᠢ ᠤᠯᠠᠨ ᠨᠣᠮ ᠴᠤᠭᠯᠠᠭᠤᠯᠤᠨ ᠬᠠᠨᠳᠢᠪᠯᠠᠭᠰᠠᠨ ᠨᠢ ᠲᠤᠩ ᠤᠳᠭ᠎ᠠ ᠠᠭᠤᠯᠭ᠎ᠠ ᠲᠠᠢ ᠠᠵᠢᠯᠯᠠᠭᠠᠨ ᠪᠣᠯᠤᠯ᠎ᠠ᠃ ᠡᠨᠡ ᠨᠢ ᠮᠠᠨ ᠤ ᠮᠣᠩᠭᠤᠯ ᠰᠣᠶᠤᠯ ᠢ᠋ᠶ᠋ᠠᠨ ᠬᠦᠭᠵᠢᠭᠦᠯᠦᠶ᠎ᠡ᠂ ᠬᠡᠦᠬᠡᠳ ᠪᠠᠭᠠᠴᠤᠳ ᠲᠠᠭᠠᠨ ᠢᠯᠡᠭᠦᠦ ᠬᠡᠳᠦᠨ ᠨᠣᠮ ᠤᠩᠰᠢᠭᠤᠯᠤᠶ᠎ᠠ ᠭᠡᠰᠡᠨ ᠪᠤᠶᠠᠨᠰᠠᠭ ᠰᠡᠳᠭᠢᠯᠲᠦ ᠬᠥᠮᠦᠰ ᠦ᠋ᠨ ᠬᠠᠮᠲᠤ ᠶᠢᠨ ᠴᠢᠷᠮᠠᠢᠯᠭ᠎ᠠ ᠠᠴᠠ ᠰᠠᠯᠵᠤ ᠴᠢᠳᠠᠬᠤ ᠦᠭᠡᠢ ᠶᠤᠮ᠃ ᠳᠠᠷᠠᠭᠠᠴᠢ ᠪᠠᠷ ᠡᠢᠮᠦᠷᠬᠦᠦ ᠠᠵᠢᠯᠯᠠᠭᠠᠨ ᠦᠷᠭᠦᠯᠵᠢᠯᠡᠨ ᠶᠠᠪᠤᠭᠳᠠᠬᠤ ᠨᠢ ᠯᠠᠪᠲᠠᠢ》ᠭᠡᠪᠡ᠃ ᠠᠵᠢᠯᠯᠠᠭᠠᠨ ᠳᠤ ᠪᠠᠰᠠ ᠪᠠᠶᠠᠩᠭᠤᠤᠯ ᠪᠦᠷᠢᠨ ᠪᠠᠭ᠎ᠠ ᠰᠤᠷᠭᠠᠭᠤᠯᠢ ᠶᠢᠨ ᠰᠤᠷᠤᠭᠴᠢᠳ ᠳᠠᠭᠤᠤ ᠪᠥᠵᠢᠭ ᠦ᠋ᠨ ᠲᠣᠭᠯᠠᠯᠲᠠ ᠭᠠᠷᠭᠠᠵᠤ᠂ ᠬᠦᠷᠦᠯᠴᠡᠨ ᠢᠷᠡᠭᠰᠡᠨ ᠤᠯᠠᠨ ᠳᠠᠭᠠᠨ ᠰᠣᠨᠢᠷᠬᠠᠭᠤᠯᠪᠠ᠃ 

 

ᠬᠠᠷᠢᠭᠤᠴᠠᠭᠰᠠᠨ ᠨᠠᠢᠷᠠᠭᠤᠯᠤᠭᠴᠢ᠄ ᠯᠢᠶᠠᠩ ᠬᠠᠢ ᠢᠦᠢ

ᠸᠢᠴᠠᠲ ᠲᠤ ᠪᠠᠨ ᠬᠤᠪᠢᠶᠠᠯᠴᠠᠬᠤ