《ᠡᠷᠢᠨ ᠦ᠌ ᠮᠠᠩᠯᠠᠢ》 ᠮᠣᠩᠭᠤᠯ ᠲᠠᠸᠠᠷ ᠤ᠋ᠨ ᠲᠡᠮᠳᠡᠭ ᠦ᠋ᠨ ᠦᠵᠡᠰᠭᠦᠯᠡᠩ ᠥᠪᠦᠷ ᠮᠣᠩᠭᠤᠯ ᠤ᠋ᠨ ᠶᠡᠬᠡ ᠰᠤᠷᠭᠠᠭᠤᠯᠢ ᠳ᠋ᠤ᠌ ᠪᠣᠯᠪᠠ
ᠢᠷᠡᠯᠲᠡ᠄ ᠥᠪᠦᠷ ᠮᠣᠩᠭᠤᠯ ᠤ᠋ᠨ ᠶᠡᠬᠡ ᠰᠤᠷᠭᠠᠭᠤᠯᠢ
2017.11.27

 

ᠥᠪᠦᠷ ᠮᠣᠩᠭᠤᠯ ᠤ᠋ᠨ ᠥᠪᠡᠷᠲᠡᠭᠡᠨ ᠵᠠᠰᠠᠬᠤ ᠣᠷᠤᠨ ᠪᠠᠢᠭᠤᠯᠤᠭᠳᠠᠭᠰᠠᠨ 70 ᠵᠢᠯ ᠦ᠋ᠨ ᠣᠢ ᠶ᠋ᠢᠨ ᠪᠠᠶᠠᠷ᠂ ᠥᠪᠦᠷ ᠮᠣᠩᠭᠤᠯ ᠤ᠋ᠨ ᠶᠡᠬᠡ ᠰᠤᠷᠭᠠᠭᠤᠯᠢ ᠪᠠᠢᠭᠤᠯᠤᠭᠳᠠᠭᠰᠠᠨ 60 ᠵᠢᠯ ᠦ᠋ᠨ ᠣᠢ ᠶ᠋ᠢᠨ ᠲᠠᠰᠢᠷᠠᠮ ᠳ᠋ᠤ᠌ ᠥᠪᠡᠷᠲᠡᠭᠡᠨ ᠵᠠᠰᠠᠬᠤ ᠣᠷᠤᠨ ᠤ᠋ ᠮᠣᠩᠭᠤᠯ ᠬᠡᠯᠡ ᠦᠰᠦᠭ ᠪᠢᠴᠢᠭ ᠦ᠋ᠨ ᠬᠥᠭᠵᠢᠯᠲᠡ ᠶ᠋ᠢᠨ ᠲᠡᠦᠬᠡᠨ ᠤᠯᠪᠠᠭ᠎ᠠ ᠶ᠋ᠢ ᠪᠦᠬᠦ ᠲᠠᠯ᠎ᠠ ᠪᠠᠷ ᠳᠡᠯᠭᠡᠵᠦ᠂ ᠢᠷᠠᠭᠤ ᠰᠠᠢᠬᠠᠨ ᠤᠷᠠᠯᠢᠭ ᠤ᠋ᠨ ᠪᠦᠲᠦᠭᠡᠯ ᠢ᠋ ᠰᠤᠷᠭᠠᠭᠤᠯᠢ ᠶ᠋ᠢᠨ ᠬᠦᠷᠢᠶᠡᠨ ᠳ᠋ᠦ᠍ ᠤᠷᠢᠨ ᠣᠷᠤᠭᠤᠯᠬᠤ ᠶ᠋ᠢᠨ ᠲᠥᠯᠦᠭᠡ ᠂ 11 ᠰᠠᠷ᠎ᠠ ᠶ᠋ᠢᠨ 26 ᠤ᠋ ᠡᠳᠦᠷ ᠦ᠋ᠨ ᠦᠳᠡ ᠶ᠋ᠢᠨ ᠡᠮᠦᠨ᠎ᠡ ᠥᠪᠦᠷ ᠮᠣᠩᠭᠤᠯ ᠤ᠋ᠨ ᠶᠡᠬᠡ ᠰᠤᠷᠭᠠᠭᠤᠯᠢ ᠶ᠋ᠢᠨ ᠤᠭᠰᠠᠭᠠᠲᠠᠨ ᠵᠦᠢ ᠨᠡᠢᠭᠡᠮ ᠵᠦᠢ ᠶ᠋ᠢᠨ ᠳᠡᠭᠡᠳᠦ ᠰᠤᠷᠭᠠᠭᠤᠯᠢ᠂ ᠮᠣᠩᠭᠤᠯ ᠰᠤᠳᠤᠯᠤᠯ ᠤ᠋ᠨ ᠲᠥᠪ᠂ ᠦᠨᠳᠦᠰᠦᠲᠡᠨ ᠦ᠌ ᠮᠦᠽᠧᠢ᠂ ᠰᠢᠯᠢ ᠶ᠋ᠢᠨ ᠭᠣᠣᠯ ᠠᠢᠮᠠᠭ ᠤ᠋ᠨ ᠵᠡᠭᠦᠨ ᠦᠵᠦᠮᠦᠴᠢᠨ ᠬᠣᠰᠢᠭᠤᠨ ᠤ᠋ ᠨᠠᠮ ᠤ᠋ᠨ ᠬᠣᠷᠢᠶᠠᠨ ᠤ᠋ ᠤᠬᠠᠭᠤᠯᠬᠤ ᠬᠡᠯᠲᠡᠰ ᠪᠣᠯᠤᠨ ᠰᠢᠯᠢ ᠶ᠋ᠢᠨ ᠭᠣᠣᠯ ᠠᠢᠮᠠᠭ ᠤ᠋ᠨ ᠵᠡᠭᠦᠨ ᠦᠵᠦᠮᠦᠴᠢᠨ ᠬᠣᠰᠢᠭᠤᠨ ᠤ᠋ ᠰᠣᠶᠤᠯ ᠪᠡᠶ᠎ᠡ ᠲᠠᠮᠢᠷ ᠷᠠᠳᠢᠣ᠋ ᠲᠧᠯᠸᠢᠰ ᠵᠢᠭᠤᠴᠢᠯᠠᠯ ᠤ᠋ᠨ ᠲᠣᠪᠴᠢᠶ᠎ᠠ ᠬᠠᠮᠲᠤᠷᠠᠨ ᠡᠷᠬᠢᠯᠡᠭᠰᠡᠨ 《ᠡᠷᠢᠨ ᠦ᠌ ᠮᠠᠩᠯᠠᠢ》 ᠮᠣᠩᠭᠤᠯ ᠲᠠᠸᠠᠷ ᠤ᠋ᠨ ᠲᠡᠮᠳᠡᠭ ᠦ᠋ᠨ ᠦᠵᠡᠰᠭᠦᠯᠡᠩ ᠥᠪᠦᠷ ᠮᠣᠩᠭᠤᠯ ᠤ᠋ᠨ ᠶᠡᠬᠡ ᠰᠤᠷᠭᠠᠭᠤᠯᠢ ᠶ᠋ᠢᠨ ᠦᠨᠳᠦᠰᠦᠲᠡᠨ ᠦ᠌ ᠮᠦᠽᠧᠢ ᠶ᠋ᠢᠨ ᠭᠤᠷᠪᠠᠳᠤᠭᠠᠷ ᠳᠠᠪᠬᠤᠷᠯᠢᠭ ᠲᠤ᠌ ᠪᠣᠯᠪᠠ᠃

ᠥᠪᠦᠷ ᠮᠣᠩᠭᠤᠯ ᠤ᠋ᠨ ᠶᠡᠬᠡ ᠰᠤᠷᠭᠠᠭᠤᠯᠢ ᠶ᠋ᠢᠨ ᠮᠣᠩᠭᠤᠯ ᠰᠤᠳᠤᠯᠤᠯ ᠤ᠋ᠨ ᠲᠥᠪ ᠦ᠋ᠨ ᠡᠷᠬᠢᠯᠡᠭᠴᠢ ᠴᠢᠮᠡᠳᠳᠣᠷᠵᠢ ᠫᠷᠣᠹᠧᠰᠰᠣᠷ ᠨᠡᠭᠡᠭᠡᠯᠲᠡ ᠶ᠋ᠢᠨ ᠦᠭᠡ ᠬᠡᠯᠡᠵᠦ ᠪᠠᠢᠭ᠎ᠠ ᠨᠢ

       ᠥᠪᠦᠷ ᠮᠣᠩᠭᠤᠯ ᠤ᠋ᠨ ᠮᠦᠽᠧᠢ ᠶ᠋ᠢᠨ ᠳᠠᠷᠤᠭ᠎ᠠ ᠴᠧᠨ ᠶᠦᠩ ᡁᠢ ᠫᠷᠣᠹᠧᠰᠰᠣᠷ ᠦᠭᠡ ᠬᠡᠯᠡᠵᠦ ᠪᠠᠢᠭ᠎ᠠ ᠨᠢ

ᠥᠪᠦᠷ ᠮᠣᠩᠭᠤᠯ ᠤ᠋ᠨ ᠶᠡᠬᠡ ᠰᠤᠷᠭᠠᠭᠤᠯᠢ ᠶ᠋ᠢᠨ ᠤᠭᠰᠠᠭᠠᠲᠠᠨ ᠵᠦᠢ ᠨᠡᠢᠭᠡᠮ ᠵᠦᠢ ᠶ᠋ᠢᠨ ᠳᠡᠭᠡᠳᠦ ᠰᠤᠷᠭᠠᠭᠤᠯᠢ ᠶ᠋ᠢᠨ ᠵᠠᠬᠢᠷᠤᠯ ᠨᠠᠰᠤᠨᠪᠠᠶᠠᠷ ᠫᠷᠣᠹᠧᠰᠰᠣᠷ ᠦᠭᠡ ᠬᠡᠯᠡᠵᠦ ᠪᠠᠢᠭ᠎ᠠ ᠨᠢ

ᠰᠢᠯᠢ ᠶ᠋ᠢᠨ ᠭᠣᠣᠯ ᠠᠢᠮᠠᠭ ᠤ᠋ᠨ ᠵᠡᠭᠦᠨ ᠦᠵᠦᠮᠦᠴᠢᠨ ᠬᠣᠰᠢᠭᠤᠨ ᠤ᠋ ᠨᠠᠮ ᠤ᠋ᠨ ᠬᠣᠷᠢᠶᠠᠨ ᠤ᠋ ᠤᠬᠠᠭᠤᠯᠬᠤ ᠬᠡᠯᠲᠡᠰ ᠦ᠋ᠨ ᠳᠠᠷᠤᠭ᠎ᠠ ᠰᠠᠷᠠᠭᠤᠯᠲᠤᠶᠠᠭ᠎ᠠ ᠦᠭᠡ ᠬᠡᠯᠡᠵᠦ ᠪᠠᠢᠭ᠎ᠠ ᠨᠢ

ᠰᠢᠯᠢ ᠶ᠋ᠢᠨ ᠭᠣᠣᠯ ᠠᠢᠮᠠᠭ ᠤ᠋ᠨ ᠵᠡᠭᠦᠨ ᠦᠵᠦᠮᠦᠴᠢᠨ ᠬᠣᠰᠢᠭᠤᠨ ᠤ᠋ ᠮᠦᠽᠧᠢ ᠶ᠋ᠢᠨ ᠳᠠᠷᠤᠭ᠎ᠠ ᠡᠷᠬᠢᠮᠪᠠᠲᠤ ᠲᠠᠨᠢᠯᠴᠠᠭᠤᠯᠭ᠎ᠠ ᠬᠢᠵᠦ ᠪᠠᠢᠭ᠎ᠠ ᠨᠢ

ᠥᠪᠦᠷ ᠮᠣᠩᠭᠤᠯ ᠤ᠋ᠨ ᠶᠡᠬᠡ ᠰᠤᠷᠭᠠᠭᠤᠯᠢ ᠶ᠋ᠢᠨ ᠤᠭᠰᠠᠭᠠᠲᠠᠨ ᠵᠦᠢ ᠨᠡᠢᠭᠡᠮ ᠵᠦᠢ ᠶ᠋ᠢᠨ ᠳᠡᠭᠡᠳᠦ ᠰᠤᠷᠭᠠᠭᠤᠯᠢ ᠶ᠋ᠢᠨ ᠠᠯᠪᠠᠨ ᠭᠡᠷ ᠦ᠋ᠨ ᠡᠷᠬᠢᠯᠡᠭᠴᠢ ᠴᠢᠩᠰᠡᠴᠡᠨ ᠳ᠋ᠣᠺᠲ᠋ᠣᠷ ᠨᠡᠭᠡᠭᠡᠯᠲᠡ ᠶ᠋ᠢᠨ ᠶᠣᠰᠤᠯᠠᠯ ᠢ᠋ ᠡᠷᠬᠢᠯᠡᠵᠦ ᠪᠠᠢᠭ᠎ᠠ ᠨᠢ

ᠥᠪᠦᠷ ᠮᠣᠩᠭᠤᠯ ᠤ᠋ᠨ ᠶᠡᠬᠡ ᠰᠤᠷᠭᠠᠭᠤᠯᠢ ᠶ᠋ᠢᠨ ᠤᠤᠯ ᠤ᠋ᠨ ᠳᠡᠳ᠋ ᠵᠠᠬᠢᠷᠤᠯ᠂ ᠮᠣᠩᠭᠤᠯ ᠰᠤᠳᠤᠯᠤᠯ ᠤ᠋ᠨ ᠲᠥᠪ ᠦ᠋ᠨ ᠡᠷᠬᠢᠯᠡᠭᠴᠢ ᠴᠢᠮᠡᠳᠳᠣᠷᠵᠢ ᠫᠷᠣᠹᠧᠰᠰᠣᠷ ᠨᠡᠭᠡᠭᠡᠯᠲᠡ ᠶ᠋ᠢᠨ ᠶᠣᠰᠣᠯᠠᠯ ᠳ᠋ᠤ᠌ ᠦᠭᠡ ᠬᠡᠯᠡᠪᠡ᠃ ᠥᠪᠦᠷ ᠮᠣᠩᠭᠤᠯ ᠤ᠋ᠨ ᠮᠦᠽᠧᠢ ᠶ᠋ᠢᠨ ᠳᠠᠷᠤᠭ᠎ᠠ ᠴᠧᠨ ᠶᠦᠩ ᡁᠢ᠂ ᠥᠪᠦᠷ ᠮᠣᠩᠭᠤᠯ ᠤ᠋ᠨ ᠶᠡᠬᠡ ᠰᠤᠷᠭᠠᠭᠤᠯᠢ ᠶ᠋ᠢᠨ ᠤᠭᠰᠠᠭᠠᠲᠠᠨ ᠵᠦᠢ ᠨᠡᠢᠭᠡᠮ ᠵᠦᠢ ᠶ᠋ᠢᠨ ᠳᠡᠭᠡᠳᠦ ᠰᠤᠷᠭᠠᠭᠤᠯᠢ ᠶ᠋ᠢᠨ ᠵᠠᠬᠢᠷᠤᠯ ᠨᠠᠰᠤᠨᠪᠠᠶᠠᠷ ᠫᠷᠣᠹᠧᠰᠰᠣᠷ᠂ ᠰᠢᠯᠢ ᠶ᠋ᠢᠨ ᠭᠣᠣᠯ ᠠᠢᠮᠠᠭ ᠤ᠋ᠨ ᠵᠡᠭᠦᠨ ᠦᠵᠦᠮᠦᠴᠢᠨ ᠬᠣᠰᠢᠭᠤᠨ ᠤ᠋ ᠨᠠᠮ ᠤ᠋ᠨ ᠬᠣᠷᠢᠶᠠᠨ ᠤ᠋ ᠤᠬᠠᠭᠤᠯᠬᠤ ᠬᠡᠯᠲᠡᠰ ᠦ᠋ᠨ ᠳᠠᠷᠤᠭ᠎ᠠ ᠰᠠᠷᠠᠭᠤᠯᠲᠤᠶᠠᠭ᠎ᠠ ᠦᠭᠡ ᠬᠡᠯᠡᠵᠦ ᠦᠵᠡᠰᠭᠦᠯᠡᠩ ᠦ᠋ᠨ ᠠᠮᠵᠢᠯᠲᠠ ᠲᠠᠢ ᠶᠠᠪᠤᠭᠳᠠᠭᠰᠠᠨ ᠳ᠋ᠤ᠌ ᠪᠠᠶᠠᠷ ᠬᠦᠷᠭᠡᠵᠡᠢ᠃ ᠦᠵᠡᠰᠭᠦᠯᠡᠩ ᠢ᠋ ᠡᠷᠬᠢᠯᠡᠭᠰᠡᠨ ᠰᠢᠯᠢ ᠶ᠋ᠢᠨ ᠭᠣᠣᠯ ᠠᠢᠮᠠᠭ ᠤ᠋ᠨ ᠵᠡᠭᠦᠨ ᠦᠵᠦᠮᠦᠴᠢᠨ ᠬᠣᠰᠢᠭᠤᠨ ᠤ᠋ ᠮᠦᠽᠧᠢ ᠶ᠋ᠢᠨ ᠳᠠᠷᠤᠭ᠎ᠠ ᠡᠷᠬᠢᠮᠪᠠᠲᠤ ᠦᠵᠡᠰᠭᠦᠯᠡᠩ ᠦ᠋ᠨ ᠲᠠᠯ᠎ᠠ ᠪᠠᠷ ᠲᠥᠬᠦᠮ ᠲᠠᠨᠢᠯᠴᠠᠭᠤᠯᠵᠠᠢ᠃ ᠥᠪᠦᠷ  ᠮᠣᠩᠭᠤᠯ ᠤ᠋ᠨ ᠶᠡᠬᠡ ᠰᠤᠷᠭᠠᠭᠤᠯᠢ ᠶ᠋ᠢᠨ ᠤᠭᠰᠠᠭᠠᠲᠠᠨ ᠵᠦᠢ ᠨᠡᠢᠭᠡᠮ ᠵᠦᠢ ᠶ᠋ᠢᠨ ᠳᠡᠭᠡᠳᠦ ᠰᠤᠷᠭᠠᠭᠤᠯᠢ ᠶ᠋ᠢᠨ ᠨᠠᠮ ᠤ᠋ᠨ ᠡᠭᠦᠷ ᠦ᠋ᠨ ᠱᠦᠵᠢ ᠸᠠᠩ ᠵᠢᠶᠦ᠋ᠨ ᠯᠢᠩ᠂ ᠰᠢᠯᠢ ᠶ᠋ᠢᠨ ᠭᠣᠣᠯ ᠠᠢᠮᠠᠭ ᠤ᠋ᠨ ᠵᠡᠭᠦᠨ ᠦᠵᠦᠮᠦᠴᠢᠨ ᠬᠣᠰᠢᠭᠤᠨ ᠤ᠋ ᠰᠣᠶᠤᠯ ᠪᠡᠶ᠎ᠡ ᠲᠠᠮᠢᠷ ᠷᠠᠳᠢᠣ᠋ ᠲᠧᠯᠸᠢᠰ ᠵᠢᠭᠤᠴᠢᠯᠠᠯ ᠦ᠋ᠨ ᠲᠣᠪᠴᠢᠶ᠎ᠠ ᠶ᠋ᠢᠨ ᠲᠣᠪᠴᠢᠶᠠᠨ ᠳᠠᠷᠤᠭ᠎ᠠ ᠮᠥᠩᠬᠡᠪᠠᠭᠠᠲᠤᠷ᠂ ᠰᠢᠯᠢ ᠶ᠋ᠢᠨ ᠭᠣᠣᠯ ᠠᠢᠮᠠᠭ ᠤ᠋ᠨ ᠵᠡᠭᠦᠨ ᠦᠵᠦᠮᠦᠴᠢᠨ ᠬᠣᠰᠢᠭᠤᠨ ᠤ᠋ ᠦᠨᠳᠦᠰᠦᠲᠡᠨ ᠱᠠᠰᠢᠨ ᠰᠤᠷᠲᠠᠬᠤᠨ ᠤ᠋ ᠲᠣᠪᠴᠢᠶ᠎ᠠ ᠶ᠋ᠢᠨ ᠳᠡᠳ᠋ ᠳᠠᠷᠤᠭ᠎ᠠ ᠣᠶᠤᠨᠲᠤᠶᠠᠭ᠎ᠠ ᠵᠡᠷᠭᠡ ᠬᠥᠮᠦᠰ ᠨᠡᠭᠡᠭᠡᠯᠲᠡ ᠳ᠋ᠦ᠍ ᠣᠷᠤᠯᠴᠠᠵᠠᠢ᠃ ᠡᠭᠦᠨ ᠡᠴᠡ ᠭᠠᠳᠠᠨ᠎ᠠ ᠣᠷᠤᠨ ᠤ᠋ ᠳᠣᠲᠤᠨ᠎ᠠ  ᠭᠠᠳᠠᠨᠠᠬᠢ ᠥᠷᠭᠡᠨ ᠣᠯᠠᠨ ᠬᠣᠷᠢᠶᠠᠨ ᠬᠠᠳᠠᠭᠠᠯᠠᠬᠤ ᠬᠣᠷᠤᠬᠠᠢᠲᠠᠳ᠂ ᠮᠡᠷᠭᠡᠵᠢᠯᠲᠡᠨ ᠰᠤᠳᠤᠯᠤᠭᠠᠴᠢ ᠪᠣᠯᠤᠨ ᠮᠡᠳᠡᠭᠡ ᠵᠠᠭᠤᠴᠢᠯᠠᠭᠤᠷ ᠤ᠋ᠨ ᠬᠢᠨ 100 ᠣᠷᠴᠢᠮ ᠬᠥᠮᠦᠨ ᠲᠤᠰ ᠤᠳᠠᠭᠠᠨ ᠤ᠋ ᠨᠡᠭᠡᠭᠡᠯᠲᠡ ᠳ᠋ᠦ᠍ ᠣᠷᠤᠯᠴᠠᠵᠠᠢ᠃ ᠦᠵᠡᠰᠭᠦᠯᠡᠩ ᠦ᠋ᠨ ᠨᠡᠭᠡᠭᠡᠯᠲᠡ ᠶ᠋ᠢᠨ ᠶᠣᠰᠣᠯᠠᠯ ᠢ᠋ ᠥᠪᠦᠷ ᠮᠣᠩᠭᠤᠯ ᠤ᠋ᠨ ᠶᠡᠬᠡ ᠰᠤᠷᠭᠠᠭᠤᠯᠢ ᠶ᠋ᠢᠨ ᠤᠭᠰᠠᠭᠠᠲᠠᠨ ᠵᠦᠢ ᠨᠡᠢᠭᠡᠮ ᠵᠦᠢ ᠶ᠋ᠢᠨ ᠳᠡᠭᠡᠳᠦ ᠰᠤᠷᠭᠠᠭᠤᠯᠢ ᠶ᠋ᠢᠨ ᠠᠯᠪᠠᠨ ᠭᠡᠷ ᠦ᠋ᠨ ᠡᠷᠬᠢᠯᠡᠭᠴᠢ ᠴᠢᠡᠭᠰᠡᠴᠡᠨ ᠳ᠋ᠣᠺᠲ᠋ᠣᠷ ᠡᠷᠬᠢᠯᠡᠵᠡᠢ᠃

            ᠦᠵᠡᠰᠭᠦᠯᠡᠩ ᠦ᠋ᠨ ᠠᠬᠤᠢ ᠲᠠᠯᠠᠪᠠᠢ

ᠡᠷᠬᠢᠮᠪᠠᠲᠤ᠂ 2008 ᠣᠨ ᠳ᠋ᠤ᠌ ᠮᠣᠩᠭᠤᠯ ᠤᠯᠤᠰ ᠤ᠋ᠨ ᠤᠯᠠᠭᠠᠨᠪᠠᠭᠠᠲᠤᠷ ᠶᠡᠬᠡ ᠰᠤᠷᠭᠠᠭᠤᠯᠢ ᠶ᠋ᠢᠨ ᠲᠡᠦᠬᠡ ᠶ᠋ᠢᠨ ᠤᠬᠠᠭᠠᠨ ᠤ᠋ ᠮᠠᠰᠲ᠋ᠧᠷ ᠴᠣᠯᠠ ᠬᠠᠮᠠᠭᠠᠯᠠᠵᠤ᠂ ᠭᠣᠣᠯᠳᠠᠭᠤ ᠳᠤᠮᠳᠠ ᠡᠷᠡᠨ ᠦ᠌ ᠬᠠᠭᠤᠴᠢᠨ ᠤ᠋ ᠰᠤᠳᠤᠯᠤᠯ ᠪᠣᠯᠤᠨ ᠮᠣᠩᠭᠤᠯ ᠶᠤᠸᠠᠨ ᠤ᠋ ᠴᠢᠯᠠᠭᠤᠨ ᠬᠥᠮᠦᠨ ᠦ᠌ ᠰᠤᠳᠤᠯᠤᠯ ᠳ᠋ᠤ᠌ ᠬᠦᠴᠦ ᠪᠠᠨ ᠲᠠᠯᠪᠢᠵᠠᠢ᠃ ᠠᠵᠢᠯ ᠤ᠋ᠨ ᠴᠢᠯᠦᠭᠡ ᠪᠡᠷ ᠢ᠋ᠶ᠋ᠡᠨ ᠮᠣᠩᠭᠤᠯ ᠦᠰᠦᠭ ᠪᠢᠴᠢᠭ ᠲᠠᠢ ᠲᠠᠸᠠᠷ ᠤ᠋ᠨ ᠲᠡᠮᠳᠡᠭᠲᠦ ᠴᠠᠭᠠᠰᠤᠨ ᠡᠳ᠋ ᠢ᠋ᠶ᠋ᠡᠷ ᠭᠣᠣᠯᠯᠠᠭᠰᠠᠨ ᠡᠯ᠎ᠡ ᠲᠥᠷᠦᠯ ᠦ᠋ᠨ ᠬᠠᠳᠠᠭᠠᠯᠠᠮᠠᠯ ᠡᠳ᠋ ᠬᠣᠷᠢᠶᠠᠨ ᠬᠠᠳᠠᠭᠠᠯᠠᠬᠤ ᠳᠤᠷ᠎ᠠ ᠪᠠᠬ᠎ᠠ ᠲᠠᠢ᠃ ᠲᠤᠰ ᠤᠳᠠᠭᠠᠨ ᠤ᠋ ᠦᠵᠡᠰᠭᠦᠯᠡᠩ ᠳ᠋ᠦ᠍ ᠭᠣᠣᠯᠳᠠᠭᠤ ᠡᠷᠬᠢᠮᠪᠠᠲᠤ ᠨᠥᠬᠦᠷ ᠦ᠋ᠨ ᠬᠤᠪᠢ ᠶ᠋ᠢᠨ ᠬᠠᠳᠠᠭᠠᠯᠠᠭᠰᠠᠨ ᠳᠡᠭᠡᠷ᠎ᠡ ᠵᠠᠭᠤᠨ ᠤ᠋ ᠬᠣᠷᠢᠭᠠᠳ ᠣᠨ ᠠ᠋ᠴᠠ ᠶᠡᠷᠡᠭᠡᠳ ᠣᠨ ᠤ᠋ ᠬᠣᠭᠤᠷᠤᠨᠳᠤᠬᠢ ᠥᠪᠦᠷ ᠮᠣᠩᠭᠤᠯ ᠣᠷᠤᠨ ᠳ᠋ᠤ᠌ ᠥᠷᠭᠡᠨ ᠢ᠋ᠶ᠋ᠡᠷ ᠬᠡᠷᠡᠭᠯᠡᠵᠦ ᠪᠠᠢᠭ᠎ᠠ ᠮᠣᠩᠭᠤᠯ ᠲᠠᠸᠠᠷ ᠤ᠋ᠨ ᠲᠡᠮᠳᠡᠭᠲᠦ ᠪᠣᠳᠠᠰ ᠢ᠋ ᠨᠡᠢᠲᠡ 555 ᠵᠦᠢᠯ ᠢ᠋ ᠪᠠᠭᠲᠠᠭᠠᠵᠠᠢ᠃ ᠡᠭᠦᠨ ᠦ᠌ ᠬᠠᠮᠲᠤ  ᠢᠯ ᠬᠠᠭᠠᠨᠲᠤ ᠤᠯᠤᠰ ᠤ᠋ᠨ ᠲᠡᠮᠦᠷᠯᠢᠭ ᠵᠣᠭᠤᠰ᠂ ᠴᠢᠩ ᠤᠯᠤᠰ ᠤ᠋ᠨ ᠦᠶ᠎ᠡ ᠶ᠋ᠢᠨ ᠭᠠᠷ ᠪᠢᠴᠢᠮᠡᠯ ᠦ᠋ᠨ ᠮᠣᠩᠭᠤᠯ ᠰᠤᠳᠤᠷ ᠪᠢᠴᠢᠭ᠂  ᠪᠤᠲᠤᠷᠤᠯ ᠪᠢᠴᠢᠭ᠂ ᠳᠤᠮᠳᠠᠳᠤ ᠢᠷᠭᠡᠨ ᠤᠯᠤᠰ ᠤ᠋ᠨ ᠦᠶ᠎ᠡ ᠶ᠋ᠢᠨ ᠮᠣᠩᠭᠤᠯ ᠬᠡᠪᠯᠡᠯ ᠦ᠋ᠨ ᠨᠣᠮ ᠪᠢᠴᠢᠭ ᠵᠡᠷᠭᠡ ᠬᠣᠪᠤᠷ ᠨᠠᠨᠳᠢᠨ ᠬᠠᠳᠠᠭᠠᠯᠠᠮᠵᠢ ᠶ᠋ᠢ ᠳᠡᠯᠭᠡᠨ ᠦᠵᠡᠭᠦᠯᠵᠡᠢ᠃ ᠲᠤᠰ ᠤᠳᠠᠭᠠᠨ ᠤ᠋ ᠦᠵᠡᠰᠭᠦᠯᠡᠩ ᠳ᠋ᠦ᠍ ᠠᠳᠠᠯᠢ ᠪᠤᠰᠤ ᠶ᠋ᠢᠨ ᠲᠡᠦᠬᠡᠨ ᠱᠠᠲᠦ ᠦᠶ᠎ᠡ  ᠶ᠋ᠢᠨ ᠮᠣᠩᠭᠤᠯ ᠦᠰᠦᠭ ᠪᠢᠴᠢᠭ ᠲᠠᠢ ᠲᠠᠸᠠᠷ ᠤ᠋ᠨ ᠲᠡᠮᠳᠡᠭᠲᠦ ᠪᠣᠳᠠᠰ ᠢ᠋ ᠳᠡᠯᠭᠡᠨ ᠦᠵᠡᠭᠦᠯᠵᠦ᠂ ᠮᠣᠩᠭᠤᠯ ᠦᠰᠦᠭ ᠪᠢᠴᠢᠭ ᠦ᠋ᠨ ᠬᠡᠷᠡᠭᠯᠡᠭᠡ ᠪᠠ ᠬᠥᠭᠵᠢᠯᠲᠡ ᠶ᠋ᠢᠨ ᠪᠠᠢᠳᠠᠯ ᠵᠢᠴᠢ ᠲᠡᠭᠦᠨ ᠦ᠌ ᠠᠷᠤ ᠳ᠋ᠡᠬᠢ ᠲᠡᠦᠬᠡᠨ ᠦᠯᠢᠭᠡᠷ ᠢ᠋ ᠢᠯᠡᠷᠡᠭᠦᠯᠵᠡᠢ᠃

 

ᠣᠷᠴᠢᠭᠤᠯᠤᠭᠴᠢ᠄  ᠬᠣᠣᠰᠪᠠᠶᠠᠷ

ᠬᠢᠨᠠᠭᠴᠢ᠄  ᠠᠯᠲᠠᠨ᠌ᠣ᠋ᠳᠣ

ᠬᠠᠷᠢᠭᠤᠴᠠᠭᠰᠠᠨ ᠨᠠᠢᠷᠠᠭᠤᠯᠤᠭᠴᠢ᠄  ᠯᠢᠶᠠᠩ ᠬᠠᠢ ᠢᠦᠢ

       

ᠸᠢᠴᠠᠲ ᠲᠤ ᠪᠠᠨ ᠬᠤᠪᠢᠶᠠᠯᠴᠠᠬᠤ