ᠰᠢᠯᠢ ᠶ᠋ᠢᠨ ᠬᠣᠲᠠ ᠮᠣᠩᠭᠤᠯ ᠬᠡᠯᠡ ᠪᠢᠴᠢᠭ ᠦ᠋ᠨ ᠠᠵᠢᠯ ᠤ᠋ᠨ ᠰᠡᠳᠦᠪᠲᠦ ᠰᠣᠶᠤᠯ ᠤ᠋ᠨ ᠠᠵᠢᠯᠯᠠᠭ᠎ᠠ ᠥᠷᠨᠢᠭᠦᠯᠵᠦ ᠥᠪᠡᠷᠲᠡᠭᠡᠨ ᠵᠠᠰᠠᠬᠤ ᠣᠷᠤᠨ ᠪᠠᠢᠭᠤᠯᠤᠭᠳᠠᠭᠰᠠᠨ 70 ᠵᠢᠯ ᠦ᠋ᠨ ᠣᠢ ᠳ᠋ᠤ᠌ ᠪᠡᠯᠡᠭ ᠪᠠᠷᠢᠪᠠ
ᠢᠷᠡᠯᠲᠡ᠄ ᠰᠢᠯᠢ ᠶ᠋ᠢᠨ ᠭᠣᠣᠯ ᠠᠢᠮᠠᠭ ᠤ᠋ᠨ ᠦᠨᠳᠦᠰᠦᠲᠡᠨ ᠦ᠌ ᠬᠡᠷᠡᠭ ᠡᠷᠬᠢᠯᠡᠬᠦ ᠵᠥᠪᠯᠡᠯ
2017.09.21

 

ᠥᠪᠡᠷᠲᠡᠭᠡᠨ ᠵᠠᠰᠠᠬᠤ ᠣᠷᠤᠨ ᠪᠠᠢᠭᠤᠯᠤᠭᠳᠠᠭᠰᠠᠨ 70 ᠵᠢᠯ ᠦ᠋ᠨ ᠣᠢ ᠶ᠋ᠢ ᠪᠡᠯᠭᠡᠯᠡᠵᠦ᠂ 70 ᠵᠢᠯ ᠦ᠋ᠨ ᠲᠤᠷᠰᠢᠬᠢ ᠰᠢᠯᠢ ᠶ᠋ᠢᠨ ᠬᠣᠲᠠ ᠶ᠋ᠢᠨ ᠡᠯ᠎ᠡ ᠲᠥᠷᠦᠯ ᠦ᠋ᠨ ᠠᠵᠢᠯ ᠦᠢᠯᠡᠰ ᠦ᠋ᠨ ᠠᠮᠵᠢᠯᠲᠠ ᠣᠨᠴᠠᠭᠠᠢᠯᠠᠨ ᠦᠨᠳᠦᠰᠦᠲᠡᠨ ᠦ᠌ ᠪᠦᠯᠬᠦᠮᠳᠡᠯ ᠳᠠᠪᠰᠢᠯᠲᠠ ᠶ᠋ᠢᠨ ᠠᠵᠢᠯᠯᠠᠭ᠎ᠠ ᠪᠣᠯᠤᠨ ᠮᠣᠩᠭᠤᠯ ᠬᠡᠯᠡ ᠪᠢᠴᠢᠭ ᠦ᠋ᠨ ᠠᠵᠢᠯ ᠤ᠋ᠨ ᠠᠮᠵᠢᠯᠲᠠ ᠶ᠋ᠢ ᠭᠦᠢᠴᠡᠳ ᠬᠠᠷᠠᠭᠤᠯᠬᠤ ᠶ᠋ᠢᠨ ᠲᠥᠯᠦᠭᠡ᠂ ᠰᠢᠯᠢ ᠶ᠋ᠢᠨ ᠬᠣᠲᠠ ᠡᠨᠡ ᠵᠢᠯ ᠮᠣᠩᠭᠤᠯ ᠵᠥᠪ ᠪᠢᠴᠢᠯᠭᠡ ᠶ᠋ᠢᠨ ᠤᠷᠤᠯᠳᠤᠭᠠᠨ᠂ ᠢᠷᠠᠭᠤ ᠨᠠᠢᠷᠠᠭ ᠤ᠋ᠨ ᠤᠷᠠᠨ ᠤᠩᠰᠢᠯᠭ᠎ᠠ ᠶ᠋ᠢᠨ ᠤᠷᠤᠯᠳᠤᠭᠠᠨ᠂ ᠤᠷᠠᠨ ᠪᠢᠴᠢᠯᠭᠡ ᠶ᠋ᠢᠨ ᠤᠷᠤᠯᠳᠤᠭᠠᠨ᠂ ᠮᠣᠩᠭᠤᠯ ᠬᠡᠯᠡ ᠪᠢᠴᠢᠭ ᠦ᠋ᠨ ᠠᠵᠢᠯ ᠤ᠋ᠨ ᠮᠡᠳᠡᠯᠭᠡ ᠶ᠋ᠢᠨ ᠮᠥᠷᠦᠢᠴᠡᠭᠡᠨ ᠵᠡᠷᠭᠡ ᠮᠣᠩᠭᠤᠯ ᠬᠡᠯᠡ ᠪᠢᠴᠢᠭ ᠦ᠋ᠨ ᠠᠵᠢᠯ ᠤ᠋ᠨ ᠭᠣᠣᠯ ᠰᠡᠳᠦᠪᠲᠦ ᠰᠣᠶᠤᠯ ᠤ᠋ᠨ ᠰᠢᠷᠢᠰ ᠠᠵᠢᠯᠯᠠᠭ᠎ᠠ ᠶ᠋ᠢ ᠵᠠᠯᠭᠠᠪᠠᠷ ᠶᠠᠪᠤᠭᠳᠠᠭᠤᠯᠵᠠᠢ᠃

ᠡᠳᠡᠭᠡᠷ ᠰᠢᠷᠢᠰ ᠠᠵᠢᠯᠯᠠᠭ᠎ᠠ ᠨᠢ ᠮᠣᠩᠭᠤᠯ ᠵᠥᠪ ᠪᠢᠴᠢᠯᠭᠡ ᠶ᠋ᠢᠨ ᠤᠷᠤᠯᠳᠤᠭᠠᠨ ᠢ᠋ᠶ᠋ᠠᠷ ᠡᠬᠢᠯᠡᠯᠲᠡ ᠶ᠋ᠢᠨ ᠬᠥᠰᠢᠭᠡ ᠪᠡᠨ ᠨᠡᠭᠡᠭᠡᠵᠡᠢ᠃ ᠤᠷᠤᠯᠳᠤᠭᠠᠨ ᠨᠢ ᠪᠡᠯᠡᠳᠭᠡᠯ ᠤᠷᠤᠯᠳᠤᠭᠠᠨ ᠪᠣᠯᠤᠨ ᠰᠢᠢᠳᠪᠦᠷᠢᠲᠦ ᠤᠷᠤᠯᠳᠤᠭᠠᠨ ᠭᠡᠬᠦ ᠬᠣᠶᠠᠷ ᠱᠠᠲᠤ ᠪᠠᠷ ᠶᠠᠪᠤᠭᠳᠠᠨ᠎ᠠ᠃ ᠪᠡᠯᠡᠳᠭᠡᠯ ᠤᠷᠤᠯᠳᠤᠭᠠᠨ ᠨᠢ 7 ᠰᠠᠷ᠎ᠠ ᠶ᠋ᠢᠨ 1 ᠳ᠋ᠤ᠌ ᠰᠣᠨᠤᠰᠤᠨ ᠪᠢᠴᠢᠬᠦ ᠬᠡᠯᠪᠡᠷᠢ ᠪᠡᠷ ᠶᠠᠪᠤᠭᠳᠠᠨ᠎ᠠ᠃ ᠰᠢᠯᠢ ᠶ᠋ᠢᠨ ᠬᠣᠲᠠ ᠶ᠋ᠢᠨ ᠡᠯ᠎ᠡ ᠭᠠᠵᠠᠷ ᠣᠷᠤᠨ᠂ ᠡᠯ᠎ᠡ ᠠᠵᠢᠯ ᠲᠥᠷᠦᠯ ᠦ᠋ᠨ ᠬᠢᠨ ᠦ᠌ 200 ᠭᠠᠷᠤᠢ ᠬᠥᠮᠦᠨ ᠨᠡᠷ᠎ᠡ ᠮᠡᠳᠡᠭᠦᠯᠦᠨ ᠤᠷᠤᠯᠳᠤᠭᠠᠨ ᠳ᠋ᠤ᠌ ᠣᠷᠤᠯᠴᠠᠵᠠᠢ᠃ ᠰᠢᠢᠳᠪᠦᠷᠢᠲᠦ ᠤᠷᠤᠯᠳᠤᠭᠠᠨ ᠨᠢ 9 ᠰᠠᠷ᠎ᠠ ᠶ᠋ᠢᠨ 2 ᠤ᠋ᠨ ᠡᠳᠦᠷ ᠲᠦ᠍ ᠪᠤᠷᠤᠭᠤ ᠦᠰᠦᠭ ᠢ᠋ ᠵᠠᠯᠠᠷᠠᠭᠤᠯᠬᠤ ᠬᠡᠯᠪᠡᠷᠢ ᠪᠡᠷ ᠶᠠᠪᠤᠭᠳᠠᠨ᠎ᠠ᠃ ᠪᠡᠯᠡᠳᠭᠡᠯ ᠤᠷᠤᠯᠳᠤᠭᠠᠨ ᠤ᠋ ᠡᠮᠦᠨ᠎ᠡ 50 ᠨᠡᠷᠡᠰ ᠰᠢᠢᠳᠪᠦᠷᠢᠲᠦ ᠤᠷᠤᠯᠳᠤᠭᠠᠨ ᠳ᠋ᠤ᠌ ᠣᠷᠤᠯᠴᠠᠵᠤ᠂ ᠬᠠᠮᠤᠭ ᠤ᠋ᠨ ᠰᠡᠭᠦᠯ ᠳ᠋ᠦ᠍ 70 ᠬᠤᠪᠢ ᠠ᠋ᠴᠠ ᠳᠡᠭᠡᠭᠰᠢᠬᠢ 13 ᠨᠡᠷᠡᠰ ᠣᠷᠤᠯᠴᠠᠭᠴᠢ ᠶ᠋ᠢ ᠲᠣᠰᠪᠣᠷᠢ ᠱᠠᠩᠨᠠᠨ ᠬᠥᠬᠢᠭᠦᠯᠦᠨ᠎ᠡ᠃

ᠲᠤᠰ ᠤᠳᠠᠭᠠᠨ ᠤ᠋ ᠮᠣᠩᠭᠤᠯ ᠵᠥᠪ ᠪᠢᠴᠢᠯᠭᠡ ᠶ᠋ᠢᠨ ᠤᠷᠤᠯᠳᠤᠭᠠᠨ ᠨᠢ ᠪᠦᠬᠦ ᠬᠣᠲᠠ ᠶ᠋ᠢᠨ ᠬᠡᠪᠴᠢᠶᠡᠨ ᠳ᠋ᠦ᠍ ᠮᠣᠩᠭᠤᠯ ᠬᠡᠯᠡ ᠪᠢᠴᠢᠭ  ᠢ᠋ ᠰᠤᠷᠤᠯᠴᠠᠨ ᠬᠡᠷᠡᠭᠯᠡᠬᠦ᠂ ᠮᠣᠩᠭᠤᠯ ᠦᠰᠦᠭ ᠢ᠋ ᠵᠥᠪ ᠪᠢᠴᠢᠬᠦ ᠰᠠᠢᠨ ᠰᠠᠢᠬᠠᠨ ᠬᠡᠯᠡᠨ ᠦ᠌ ᠣᠷᠴᠢᠨ ᠢ᠋ ᠪᠦᠷᠢᠯᠳᠦᠭᠦᠯᠵᠦ᠂ ᠬᠣᠢᠰᠢᠳᠠ ᠶ᠋ᠢᠨ ᠮᠣᠩᠭᠤᠯ ᠬᠡᠯᠡ ᠪᠢᠴᠢᠭ ᠦ᠋ᠨ ᠠᠵᠢᠯ ᠢ᠋ ᠤᠯᠠᠮ ᠠᠬᠢᠭᠤᠯᠬᠤ ᠳ᠋ᠤ᠌ ᠲᠤᠢᠯ ᠤ᠋ᠨ ᠴᠢᠬᠤᠯᠠ ᠠᠴᠢ ᠬᠣᠯᠪᠤᠭᠳᠠᠯ ᠲᠠᠢ᠃

ᠣᠳᠣ ᠡᠯ᠎ᠡ ᠵᠦᠢᠯ ᠦ᠋ᠨ ᠤᠷᠤᠯᠳᠤᠭᠠᠨ ᠶᠠᠭ ᠡᠮᠬᠢ ᠵᠢᠷᠤᠮ ᠲᠠᠢ ᠶᠠᠪᠤᠭᠳᠠᠵᠤ ᠪᠠᠢᠨ᠎ᠠ

 

ᠣᠷᠴᠢᠭᠤᠯᠤᠭᠴᠢ᠄  ᠬᠣᠣᠰᠪᠠᠶᠠᠷ

ᠬᠢᠨᠠᠭᠴᠢ᠄ ᠠᠯᠲᠠᠨ᠌ᠣ᠋ᠳᠣ

ᠬᠠᠷᠢᠭᠤᠴᠠᠭᠰᠠᠨ ᠨᠠᠢᠷᠠᠭᠤᠯᠤᠭᠴᠢ᠄  ᠯᠢᠶᠠᠩ ᠬᠠᠢ ᠢᠦᠢ

 

ᠸᠢᠴᠠᠲ ᠲᠤ ᠪᠠᠨ ᠬᠤᠪᠢᠶᠠᠯᠴᠠᠬᠤ