ᠰᠢᠯᠢ ᠶ᠋ᠢᠨ ᠬᠣᠲᠠ ᠶ᠋ᠢᠨ ᠮᠣᠩᠭᠤᠯ ᠬᠡᠯᠡ ᠪᠢᠴᠢᠭ ᠦ᠋ᠨ ᠠᠵᠢᠯ ᠤ᠋ᠨ ᠰᠢᠷᠢᠰ ᠤᠷᠤᠯᠳᠤᠭᠠᠨ ᠠᠮᠵᠢᠯᠲᠠ ᠲᠠᠢ  ᠥᠨᠳᠦᠷᠯᠡᠪᠡ
ᠢᠷᠡᠯᠲᠡ᠄ ᠰᠢᠯᠢ ᠶ᠋ᠢᠨ ᠭᠣᠣᠯ ᠠᠢᠮᠠᠭ ᠤ᠋ᠨ ᠦᠨᠳᠦᠰᠦᠲᠡᠨ ᠦ᠌ ᠬᠡᠷᠡᠭ ᠡᠷᠬᠢᠯᠡᠬᠦ ᠵᠥᠪᠯᠡᠯ
2017.11.01

 

ᠬᠠᠭᠠᠰ ᠵᠢᠯ ᠭᠠᠷᠤᠢ ᠦᠷᠭᠦᠯᠵᠢᠯᠡᠭᠰᠡᠨ ᠰᠢᠯᠢ ᠶ᠋ᠢᠨ ᠬᠣᠲᠠ ᠶ᠋ᠢᠨ ᠮᠣᠩᠭᠤᠯ ᠬᠡᠯᠡ ᠪᠢᠴᠢᠭ ᠦ᠋ᠨ ᠠᠵᠢᠯ ᠤ᠋ᠨ ᠰᠢᠷᠢᠰ ᠤᠷᠤᠯᠳᠤᠭᠠᠨ 10 ᠰᠠᠷ᠎ᠠ ᠶ᠋ᠢᠨ 28 ᠤ᠋ ᠦᠳᠡ ᠶ᠋ᠢᠨ ᠡᠮᠦᠨ᠎ᠡ ᠠᠮᠵᠢᠯᠲᠠ ᠲᠠᠢ ᠥᠨᠳᠦᠷᠯᠡᠵᠦ᠂ ᠰᠠᠢᠰᠢᠶᠠᠨ ᠬᠥᠬᠢᠭᠦᠯᠬᠦ ᠶᠣᠰᠣᠯᠠᠯ ᠬᠢᠵᠦ᠂ ᠡᠯ᠎ᠡ ᠤᠷᠤᠯᠳᠤᠭᠠᠨ ᠤ᠋ ᠲᠦᠷᠦᠭᠦᠦ ᠭᠤᠷᠪᠠᠨ ᠨᠡᠷᠡᠰ᠂ ᠰᠢᠯᠢᠳᠡᠭ ᠱᠠᠩᠨᠠᠯ ᠪᠣᠯᠤᠨ ᠰᠢᠯᠢᠳᠡᠭ ᠵᠣᠬᠢᠶᠠᠨ ᠪᠠᠢᠭᠤᠯᠤᠭᠰᠠᠨ ᠱᠠᠩᠨᠠᠯ ᠢ᠋ ᠰᠢᠯᠭᠠᠷᠠᠭᠤᠯᠵᠤ ᠬᠥᠬᠢᠭᠦᠯᠦᠨ ᠱᠠᠩᠨᠠᠵᠠᠢ᠃

ᠥᠪᠡᠷᠲᠡᠭᠡᠨ ᠵᠠᠰᠠᠬᠤ ᠣᠷᠤᠨ ᠪᠠᠢᠭᠤᠯᠤᠭᠳᠠᠭᠰᠠᠨ 70 ᠵᠢᠯ ᠦ᠋ᠨ ᠣᠢ ᠶ᠋ᠢ ᠪᠡᠯᠭᠡᠯᠡᠵᠦ᠂ ᠥᠪᠡᠷᠲᠡᠭᠡᠨ ᠵᠠᠰᠠᠬᠤ ᠣᠷᠤᠨ ᠪᠠᠢᠭᠤᠯᠤᠭᠳᠠᠭᠰᠠᠨ 70 ᠵᠢᠯ ᠦ᠋ᠨ ᠲᠤᠷᠰᠢ ᠰᠢᠯᠢ ᠶ᠋ᠢᠨ ᠬᠣᠲᠠ ᠶ᠋ᠢᠨ ᠡᠯ᠎ᠡ ᠲᠥᠷᠦᠯ ᠦ᠋ᠨ ᠠᠵᠢᠯ ᠦᠢᠯᠡᠰ ᠦ᠋ᠨ ᠣᠯᠤᠭᠰᠠᠨ ᠠᠮᠵᠢᠯᠲᠠ᠂ ᠢᠯᠠᠩᠭᠤᠶ᠎ᠠ ᠦᠨᠳᠦᠰᠦᠲᠡᠨ ᠦ᠌ ᠪᠦᠯᠬᠦᠮᠳᠡᠯ ᠳᠠᠪᠰᠢᠯᠲᠠ ᠶ᠋ᠢ ᠡᠭᠦᠳᠬᠦ ᠠᠵᠢᠯᠯᠠᠭ᠎ᠠ ᠪᠣᠯᠤᠨ ᠮᠣᠩᠭᠤᠯ ᠬᠡᠯᠡ ᠪᠢᠴᠢᠭ ᠦ᠋ᠨ ᠠᠵᠢᠯ ᠤ᠋ᠨ ᠣᠯᠤᠭᠰᠠᠨ ᠠᠮᠵᠢᠯᠲᠠ ᠶ᠋ᠢ ᠭᠦᠢᠴᠡᠳ ᠬᠠᠷᠠᠭᠤᠯᠬᠤ ᠶ᠋ᠢᠨ ᠲᠥᠯᠦᠭᠡ ᠰᠢᠯᠢ ᠶ᠋ᠢᠨ ᠬᠣᠲᠠ ᠡᠨᠡ ᠵᠢᠯ ᠳ᠋ᠦ᠍ ᠮᠣᠩᠭᠤᠯ ᠵᠥᠪ ᠪᠢᠴᠢᠯᠭᠡ ᠶ᠋ᠢᠨ ᠤᠷᠤᠯᠳᠤᠭᠠᠨ᠂ ᠤᠷᠠᠨ ᠤᠩᠰᠢᠯᠭ᠎ᠠ ᠶ᠋ᠢᠨ ᠤᠷᠤᠯᠳᠤᠭᠠᠨ᠂ ᠤᠷᠠᠨ ᠪᠢᠴᠢᠯᠭᠡ ᠶ᠋ᠢᠨ ᠤᠷᠤᠯᠳᠤᠭᠠᠨ᠂ ᠮᠣᠩᠭᠤᠯ ᠬᠡᠯᠡ ᠪᠢᠴᠢᠭ ᠦ᠋ᠨ ᠠᠵᠢᠯ ᠤ᠋ᠨ ᠮᠡᠳᠡᠯᠭᠡ ᠶ᠋ᠢᠨ ᠮᠥᠷᠦᠢᠴᠡᠭᠡᠨ ᠵᠡᠷᠭᠡ ᠮᠣᠩᠭᠤᠯ ᠬᠡᠯᠡ ᠪᠢᠴᠢᠭ ᠦ᠋ᠨ ᠠᠵᠢᠯ ᠤ᠋ᠨ ᠭᠣᠣᠯ ᠰᠡᠳᠦᠪᠲᠦ ᠰᠣᠶᠤᠯ ᠤ᠋ᠨ ᠰᠢᠷᠢᠰ ᠠᠵᠢᠯᠯᠠᠭ᠎ᠠ ᠶ᠋ᠢ ᠵᠠᠯᠭᠠᠪᠠᠷ ᠡᠷᠬᠢᠯᠡᠵᠦ᠂ ᠮᠣᠩᠭᠤᠯ ᠬᠡᠯᠡ ᠪᠢᠴᠢᠭ ᠦ᠋ᠨ ᠲᠤᠬᠠᠢ ᠲᠥᠷᠦ ᠶ᠋ᠢᠨ ᠪᠣᠳᠤᠯᠭ᠎ᠠ ᠳᠦᠷᠢᠮ ᠲᠣᠭᠲᠠᠭᠠᠯ ᠪᠣᠯᠤᠨ ᠮᠡᠳᠡᠯᠭᠡ ᠶ᠋ᠢᠨ ᠤᠬᠠᠭᠤᠯᠭ᠎ᠠ  ᠬᠥᠮᠦᠵᠢᠯ ᠢ᠋ ᠪᠦᠬᠦ ᠲᠠᠯ᠎ᠠ ᠪᠠᠷ ᠰᠢᠰᠲ᠋ᠧᠮ ᠲᠠᠢ ᠥᠷᠨᠢᠭᠦᠯᠵᠡᠢ᠃ ᠰᠢᠯᠢ ᠶ᠋ᠢᠨ ᠬᠣᠲᠠ ᠳ᠋ᠤ᠌ ᠪᠠᠢᠭ᠎ᠠ ᠠᠢᠮᠠᠭ᠂ ᠬᠤᠳᠠ ᠶ᠋ᠢᠨ ᠪᠠᠢᠭᠤᠯᠭ᠎ᠠ ᠪᠣᠯᠤᠨ ᠵᠠᠷᠢᠮ ᠬᠣᠰᠢᠭᠤ ᠰᠢᠶᠠᠨ ᠬᠣᠲᠠ ᠶ᠋ᠢᠨ ᠺᠠᠳ᠋ᠷ ᠠᠵᠢᠯᠲᠠᠨ᠂ ᠶᠡᠬᠡ ᠳᠡᠭᠡᠳᠦ ᠲᠤᠰᠭᠠᠢ ᠮᠡᠷᠭᠡᠵᠢᠯ ᠦ᠋ᠨ ᠰᠤᠷᠭᠠᠭᠤᠯᠢ ᠶ᠋ᠢᠨ ᠪᠠᠭᠰᠢ ᠰᠤᠷᠤᠭᠴᠢᠳ᠂ ᠰᠣᠨᠢᠨ ᠮᠡᠳᠡᠭᠡ ᠵᠠᠭᠤᠴᠢᠯᠠᠭᠤᠷ ᠤ᠋ᠨ ᠨᠠᠢᠷᠠᠭᠤᠯᠤᠭᠴᠢ ᠰᠤᠷᠪᠤᠯᠵᠢᠯᠠᠭᠴᠢ᠂ ᠮᠠᠯᠴᠢᠨ ᠲᠠᠷᠢᠶᠠᠴᠢᠨ 500 ᠭᠠᠷᠤᠢ ᠬᠥᠮᠦᠨ ᠡᠯ᠎ᠡ ᠲᠥᠷᠦᠯ ᠦ᠋ᠨ ᠤᠷᠤᠯᠳᠤᠭᠠᠨ ᠳ᠋ᠤ᠌ ᠣᠷᠤᠯᠴᠠᠵᠠᠢ᠃ ᠣᠨᠴᠠᠭᠠᠢᠯᠠᠨ ᠮᠣᠩᠭᠤᠯ ᠬᠡᠯᠡ ᠪᠢᠴᠢᠭ ᠦ᠋ᠨ ᠮᠡᠳᠡᠯᠭᠡ ᠶ᠋ᠢᠨ ᠮᠥᠷᠦᠢᠴᠡᠭᠡᠨ ᠳ᠋ᠦ᠍  ᠭᠤᠴᠢ ᠰᠢᠬᠠᠮ ᠬᠠᠮᠲᠤ ᠨᠢᠭᠡᠴᠢ  ᠪᠣᠯᠤᠨ ᠬᠡᠳᠦᠨ ᠮᠢᠩᠭᠠᠨ ᠺᠠᠳ᠋ᠷ ᠠᠵᠢᠯᠲᠠᠨ᠂ ᠮᠠᠯᠴᠢᠨ ᠲᠠᠷᠢᠶᠠᠴᠢᠨ ᠣᠷᠤᠯᠴᠠᠵᠤ᠂ ᠨᠡᠢᠭᠡᠮ ᠦ᠋ᠨ ᠡᠯ᠎ᠡ ᠡᠲᠡᠭᠡᠳ ᠦ᠋ᠨ ᠥᠷᠭᠡᠨ ᠠᠩᠬᠠᠷᠤᠯ ᠢ᠋ ᠲᠠᠲᠠᠵᠤ᠂ ᠮᠣᠩᠭᠤᠯ ᠬᠡᠯᠡ ᠪᠢᠴᠢᠭ ᠦ᠋ᠨ ᠠᠵᠢᠯ ᠤ᠋ᠨ ᠲᠤᠬᠠᠢ ᠲᠥᠷᠦ ᠶ᠋ᠢᠨ ᠪᠣᠳᠤᠯᠭ᠎ᠠ ᠳᠦᠷᠢᠮ ᠲᠣᠭᠲᠠᠭᠠᠯ ᠢ᠋ ᠤᠬᠠᠭᠤᠯᠤᠨ ᠳᠡᠯᠭᠡᠷᠡᠭᠦᠯᠬᠦ᠂ ᠮᠣᠩᠭᠤᠯ ᠬᠡᠯᠡ ᠪᠢᠴᠢᠭ ᠢ᠋ ᠰᠤᠷᠴᠤ ᠬᠡᠷᠡᠭᠯᠡᠬᠦ᠂ ᠮᠣᠩᠭᠤᠯ ᠵᠥᠪ ᠪᠢᠴᠢᠯᠭᠡ ᠪᠠ ᠪᠠᠷᠢᠮᠵᠢᠶ᠎ᠠ ᠠᠪᠢᠶ᠎ᠠ ᠶ᠋ᠢ ᠲᠦᠭᠡᠮᠡᠯᠵᠢᠭᠦᠯᠦᠨ ᠳᠡᠯᠭᠡᠷᠡᠭᠦᠯᠬᠦ ᠳ᠋ᠦ᠍ ᠠᠬᠢᠭᠤᠯᠬᠤ ᠦᠢᠯᠡᠳᠦᠯ ᠪᠠᠳᠠᠷᠠᠭᠤᠯᠵᠤ᠂ ᠳᠤᠩ ᠰᠠᠢᠨ ᠤᠬᠠᠭᠤᠯᠭ᠎ᠠ ᠶ᠋ᠢᠨ ᠦᠷ᠎ᠡ ᠳ᠋ᠦᠩ ᠭᠠᠷᠭᠠᠵᠠᠢ᠃

 

ᠣᠷᠴᠢᠭᠤᠯᠤᠭᠴᠢ᠄  ᠬᠣᠣᠰᠪᠠᠶᠠᠷ

ᠬᠢᠨᠠᠭᠴᠢ᠄  ᠪᠣᠣ ᠭ᠌ᠸ

ᠬᠠᠷᠢᠭᠤᠴᠠᠭᠰᠠᠨ ᠨᠠᠢᠷᠠᠭᠤᠯᠤᠭᠴᠢ᠄  ᠯᠢᠶᠠᠩ ᠬᠠᠢ ᠢᠦᠢ

 

 

ᠸᠢᠴᠠᠲ ᠲᠤ ᠪᠠᠨ ᠬᠤᠪᠢᠶᠠᠯᠴᠠᠬᠤ