ᠪᠠᠶᠠᠨᠨᠠᠭᠤᠷ ᠬᠤᠳᠠ ᠶ᠋ᠢᠨ ᠤᠷᠠᠳ ᠤ᠋ᠨ ᠬᠣᠢᠲᠤ ᠬᠣᠰᠢᠭᠤ ᠮᠣᠩᠭᠤᠯ ᠤᠷᠠᠨ ᠪᠢᠴᠢᠯᠭᠡ ᠶ᠋ᠢᠨ ᠦᠵᠡᠰᠭᠦᠯᠡᠩ ᠶᠠᠪᠤᠭᠳᠠᠭᠤᠯᠵᠤ ᠦᠨᠳᠦᠰᠦᠲᠡᠨ ᠦ᠌ ᠤᠯᠠᠮᠵᠢᠯᠠᠯᠲᠤ ᠰᠣᠶᠤᠯ ᠢ᠋ᠶ᠋ᠠᠨ ᠪᠠᠳᠠᠷᠠᠭᠤᠯᠵᠤ ᠪᠠᠢᠨ᠎ᠠ
ᠢᠷᠡᠯᠲᠡ᠄ ᠪᠠᠶᠠᠨᠨᠠᠭᠤᠷ ᠬᠣᠲᠠ ᠶ᠋ᠢᠨ ᠦᠨᠳᠦᠰᠦᠲᠡᠨ ᠤ᠋ ᠬᠡᠷᠡᠭ ᠡᠷᠬᠢᠯᠡᠬᠦ ᠵᠥᠪᠯᠡᠯ
2017.07.12

 

ᠮᠣᠩᠭᠤᠯ ᠤᠷᠠᠨ ᠪᠢᠴᠢᠯᠭᠡ ᠶ᠋ᠢᠨ ᠤᠷᠠᠯᠢᠭ ᠢ᠋ ᠤᠯᠠᠮᠵᠢᠯᠠᠨ ᠬᠥᠭᠵᠢᠭᠦᠯᠬᠦ ᠶ᠋ᠢᠨ ᠲᠥᠯᠦᠭᠡ᠂ ᠣᠷᠴᠢᠮ ᠤ᠋ᠨ ᠡᠳᠦᠷ ᠦ᠋ᠳ ᠲᠦ᠍ ᠤᠷᠠᠳ ᠤ᠋ᠨ ᠬᠣᠢᠲᠤ ᠬᠣᠰᠢᠭᠤᠨ ᠤ᠋ ᠦᠨᠳᠦᠰᠦᠲᠡᠨ ᠱᠠᠰᠢᠨ ᠰᠤᠷᠲᠠᠬᠤᠨ ᠤ᠋ ᠲᠣᠪᠴᠢᠶ᠎ᠠ ᠭᠣᠣᠯᠯᠠᠨ ᠡᠷᠬᠢᠯᠡᠵᠦ᠂ ᠬᠣᠰᠢᠭᠤᠨ ᠤ᠋ ᠰᠣᠶᠤᠯ ᠤ᠋ᠨ ᠬᠣᠯᠪᠤᠭᠠᠲᠤ ᠬᠤᠷᠠᠯ ᠠ᠋ᠴᠠ ᠬᠠᠮᠲᠤᠷᠠᠨ ᠡᠷᠬᠢᠯᠡᠭᠰᠡᠨ ᠤᠷᠠᠳ ᠤ᠋ᠨ ᠬᠣᠢᠲᠤ ᠬᠣᠰᠢᠭᠤᠨ ᠤ᠋ ᠮᠣᠩᠭᠤᠯ ᠤᠷᠠᠨ ᠪᠢᠴᠢᠯᠭᠡ ᠶ᠋ᠢᠨ ᠦᠵᠡᠰᠭᠦᠯᠡᠩ ᠬᠣᠰᠢᠭᠤᠨ ᠤ᠋ ᠴᠢᠯᠠᠭᠤᠨ ᠤ᠋ ᠮᠦᠽᠧᠢ ᠶ᠋ᠢᠨ ᠬᠤᠳᠠ ᠳ᠋ᠤ᠌ ᠦᠪᠡᠳᠡᠭᠰᠢ ᠶᠡᠬᠡ ᠪᠡᠷ ᠶᠠᠪᠤᠭᠳᠠᠪᠠ᠃

ᠡᠨᠡ ᠤᠳᠠᠭ᠎ᠠ ᠨᠡᠢᠲᠡ ᠤᠷᠠᠳ ᠤ᠋ᠨ ᠬᠣᠢᠲᠤ ᠬᠣᠰᠢᠭᠤᠨ ᠤ᠋ ᠤᠷᠠᠨ ᠪᠢᠴᠢᠯᠭᠡ ᠶ᠋ᠢᠨ ᠳᠤᠷ᠎ᠠ ᠪᠠᠬᠠᠲᠠᠳ ᠤ᠋ᠨ 30 ᠭᠠᠷᠤᠢ ᠪᠦᠲᠦᠭᠡᠯ ᠦᠵᠡᠰᠭᠦᠯᠡᠩ ᠳ᠋ᠤ᠌ ᠣᠷᠤᠯᠴᠠᠵᠤ ᠨᠢᠭᠡᠳᠦᠭᠡᠷ ᠲᠡᠰ᠂ ᠬᠣᠶᠠᠳᠤᠭᠠᠷ ᠲᠡᠰ᠂ ᠭᠤᠷᠪᠠᠳᠤᠭᠠᠷ ᠲᠡᠰ᠂ ᠰᠢᠯᠢᠳᠡᠭ ᠳᠡᠰ ᠦ᠋ᠨ ᠱᠠᠩᠨᠠᠯ ᠢ᠋ ᠰᠢᠯᠭᠠᠷᠠᠭᠤᠯᠵᠤ᠂ ᠥᠪᠡᠷᠲᠡᠭᠡᠨ ᠵᠠᠰᠠᠬᠤ ᠣᠷᠤᠨ ᠤ᠋  ᠪᠣᠳᠠᠰ ᠤ᠋ᠨ ᠪᠤᠰᠤ ᠰᠣᠶᠤᠯ ᠤ᠋ᠨ ᠥᠪ ᠦ᠋ᠨ ᠵᠠᠯᠭᠠᠮᠵᠢᠯᠠᠭᠴᠢ ᠰᠡᠴᠡᠨᠪᠢᠯᠢᠭ ᠨᠢᠭᠡᠳᠦᠭᠡᠷ ᠲᠡᠰ ᠦ᠋ᠨ ᠱᠠᠩᠨᠠᠯ ᠬᠦᠷᠲᠡᠵᠡᠢ᠃

ᠣᠷᠴᠢᠮ ᠤ᠋ᠨ ᠵᠢᠯ ᠦ᠋ᠳ ᠲᠦ᠍᠂ ᠤᠷᠠᠳ ᠤ᠋ᠨ ᠬᠣᠢᠲᠤ ᠬᠣᠰᠢᠭᠤ ᠰᠢ ᠵᠢᠨ ᠫᠢᠩ ᠶᠡᠷᠦᠩᠬᠡᠢ ᠱᠦᠵᠢ ᠶ᠋ᠢᠨ ᠰᠣᠶᠤᠯ ᠤᠷᠠᠯᠢᠭ ᠤ᠋ᠨ ᠠᠵᠢᠯ ᠳᠡᠭᠡᠷ᠎ᠡ ᠶᠠᠷᠢᠭᠰᠠᠨ ᠴᠢᠬᠤᠯᠠ ᠶᠠᠷᠢᠶᠠᠨ ᠤ᠋ ᠵᠣᠷᠢᠭ ᠰᠠᠨᠠᠭ᠎ᠠ ᠪᠠᠷ ᠵᠢᠯᠤᠭᠤᠳᠤᠮᠵᠢ ᠪᠣᠯᠭᠠᠵᠤ᠂ ᠮᠣᠩᠭᠤᠯ ᠤᠷᠠᠨ ᠪᠢᠴᠢᠯᠭᠡ ᠶ᠋ᠢᠨ ᠦᠢᠯᠡᠰ ᠢ᠋ ᠶᠡᠬᠡ ᠪᠡᠷ ᠬᠦᠭᠵᠢᠭᠦᠯᠦᠭᠰᠡᠨ ᠡᠴᠡ ᠤᠷᠠᠨ ᠪᠢᠴᠢᠯᠭᠡ ᠶ᠋ᠢᠨ ᠳᠤᠷ᠎ᠠ ᠪᠠᠬᠠᠲᠠᠳ ᠵᠢᠯ ᠡᠴᠡ ᠵᠢᠯ ᠨᠡᠮᠡᠭᠳᠡᠵᠦ᠂ ᠪᠦᠬᠦ ᠬᠣᠰᠢᠭᠤᠨ ᠤ᠋ ᠮᠣᠩᠭᠤᠯ ᠤᠷᠠᠨ ᠪᠢᠴᠢᠯᠭᠡ ᠶ᠋ᠢᠨ ᠬᠢᠷᠢ ᠲᠦᠪᠰᠢᠨ ᠢᠯᠡᠷᠬᠡᠢ ᠠᠮᠵᠢᠯᠲᠠ ᠣᠯᠵᠠᠢ᠃ 2016 ᠣᠨ ᠠ᠋ᠴᠠ ᠤᠷᠠᠳ ᠤ᠋ᠨ ᠬᠣᠢᠲᠤ ᠬᠣᠰᠢᠭᠤ ᠦᠨᠳᠦᠰᠦᠲᠡᠨ ᠦ᠌ ᠰᠤᠷᠭᠠᠨ ᠬᠥᠮᠦᠵᠢᠯ ᠦ᠋ᠨ ᠬᠦᠷᠢᠶᠡᠯᠡᠩ ᠲᠣᠭᠤᠷᠢᠭ ᠲᠤ᠌ ᠮᠣᠩᠭᠤᠯ ᠤᠷᠠᠨ ᠪᠢᠴᠢᠯᠭᠡ ᠶ᠋ᠢᠨ ᠬᠢᠴᠢᠶᠡᠯ ᠨᠡᠭᠡᠭᠡᠵᠦ᠂ ᠮᠣᠩᠭᠤᠯ ᠤᠷᠠᠨ ᠪᠢᠴᠢᠯᠭᠡ ᠰᠤᠷᠤᠯᠴᠠᠬᠤ ᠠᠭᠤᠷ ᠠᠮᠢᠰᠭᠤᠯ ᠢ᠋ ᠪᠦᠷᠢᠯᠳᠦᠭᠦᠯᠦᠨ ᠦᠨᠳᠦᠰᠦᠲᠡᠨ ᠦ᠌ ᠤᠯᠠᠮᠵᠢᠯᠠᠯᠲᠤ ᠰᠣᠶᠤᠯ ᠤ᠋ᠨ ᠦᠢᠯᠡᠰ ᠢ᠋ ᠤᠯᠠᠮ ᠨᠢᠭᠡ ᠠᠯᠬᠤᠮ ᠬᠥᠭᠵᠢᠭᠦᠯᠦᠨ ᠪᠠᠳᠠᠷᠠᠭᠤᠯᠵᠠᠢ᠃

ᠪᠠᠶᠠᠨᠨᠠᠭᠤᠷ ᠬᠤᠳᠠ ᠶ᠋ᠢᠨ ᠤᠷᠠᠳ ᠰᠣᠶᠤᠯ ᠤ᠋ᠨ ᠰᠤᠳᠤᠯᠭᠠᠨ ᠤ᠋ ᠨᠡᠢᠭᠡᠮᠯᠢᠭ ᠦ᠋ᠨ ᠳᠠᠷᠤᠭ᠎ᠠ  ᠴᠢ᠊᠂ ᠡᠩᠬᠡ᠂ ᠪᠣᠷᠤᠲᠣᠬᠤᠢ ᠶᠡᠬᠡ ᠰᠤᠷᠭᠠᠭᠤᠯᠢ ᠶ᠋ᠢᠨ ᠮᠣᠩᠭᠤᠯ ᠲᠡᠦᠬᠡ ᠶ᠋ᠢᠨ ᠳᠡᠭᠡᠳᠦ ᠰᠤᠷᠭᠠᠭᠤᠯᠢ ᠶ᠋ᠢᠨ ᠥᠯᠵᠡᠢᠳᠡᠯᠭᠡᠷ ᠫᠷᠣᠹᠧᠰᠰᠣᠷ᠂ ᠬᠣᠰᠢᠭᠤᠨ ᠤ᠋ ᠤᠯᠤᠰ ᠲᠥᠷᠦ ᠶ᠋ᠢᠨ ᠵᠥᠪᠯᠡᠯᠭᠡᠨ ᠦ᠌ ᠳᠡᠳ᠋ ᠲᠡᠷᠢᠭᠦᠯᠡᠭᠴᠢ ᠳᠡᠭᠳᠡᠭᠡ ᠪᠣᠯᠤᠨ ᠪᠤᠰᠤᠳ ᠤᠷᠠᠨ ᠪᠢᠴᠢᠯᠭᠡ ᠰᠣᠨᠢᠷᠬᠠᠳᠠᠭ ᠬᠥᠮᠦᠰ ᠦᠵᠡᠰᠭᠦᠯᠡᠩ ᠳ᠋ᠦ᠍ ᠣᠷᠤᠯᠴᠠᠵᠠᠢ᠃

 

 

ᠣᠷᠴᠢᠭᠤᠯᠤᠭᠴᠢ᠄ ᠬᠣᠣᠰᠪᠠᠶᠠᠷ

ᠬᠢᠨᠠᠭᠴᠢ᠄  ᠠᠯᠲᠠᠨ᠌ᠣ᠋ᠳᠣ

ᠬᠠᠷᠢᠭᠤᠴᠠᠭᠰᠠᠨ ᠨᠠᠢᠷᠠᠭᠤᠯᠤᠭᠴᠢ᠄  ᠯᠢᠶᠠᠩ ᠬᠠᠢ ᠢᠦᠢ

ᠸᠢᠴᠠᠲ ᠲᠤ ᠪᠠᠨ ᠬᠤᠪᠢᠶᠠᠯᠴᠠᠬᠤ