2018.10.16
2018 ᠣᠨ ᠤ᠋ 10 ᠰᠠᠷ᠎ᠠ ᠶ᠋ᠢᠨ 10 ᠤ᠋ ᠡᠳᠦᠷ ᠥᠪᠡᠷᠲᠡᠭᠡᠨ ᠵᠠᠰᠠᠬᠤ ᠣᠷᠤᠨ ᠤ᠋ ᠦᠨᠳᠦᠰᠦᠲᠡᠨ ᠦ᠌ ᠵᠥᠪᠯᠡᠯ ᠮᠣᠩᠭᠤᠯ ᠬᠡᠯᠡᠨ ᠦ᠌ ᠠᠪᠢᠶᠠᠨ ᠤ᠋ ᠣᠶᠤᠨᠴᠢᠯᠠᠯᠲᠠ ᠪᠠ ᠮᠣᠩᠭᠤᠯ ᠬᠡᠯᠡᠨ ᠦ᠌ ᠪᠠᠷᠢᠮᠵᠢᠶ᠎ᠠ ᠠᠪᠢᠶᠠᠨ ᠤ᠋ ᠱᠢᠯᠭᠠᠯᠲᠠ ᠶ᠋ᠢᠨ ᠱᠢᠰᠲ᠋ᠧᠮ ᠢ᠋ ᠰᠤᠳᠤᠯᠤᠨ ᠨᠡᠭᠡᠭᠡᠬᠦ ᠲᠥᠰᠦᠯ ᠢ᠋ ᠠᠬᠢᠭᠤᠯᠬᠤ ᠬᠤᠷᠠᠯ ᠢ᠋ ᠵᠣᠬᠢᠶᠠᠨ ᠪᠠᠢᠭᠤᠯᠵᠤ ᠬᠤᠷᠠᠯᠳᠤᠭᠤᠯᠪᠠ᠃ ᠬᠤᠷᠠᠯ ᠳ᠋ᠤ᠌ ᠲᠥᠰᠦᠯ ᠢ᠋ ᠳᠠᠭᠠᠭᠠᠴᠢᠯᠠᠭᠰᠠᠨ ᠨᠢᠭᠡᠴᠢ ᠺᠸ ᠳᠠ ᠱᠢᠶᠦ᠋ᠨ ᠹᠸᠢ ᠮᠡᠳᠡᠭᠡ ᠵᠠᠩᠭᠢ ᠶ᠋ᠢᠨ ᠱᠢᠨᠵᠢᠯᠡᠬᠦ ᠤᠬᠠᠭᠠᠨ ᠲᠧᠬᠨᠢᠭ ᠮᠡᠷᠭᠡᠵᠢᠯ ᠦ᠋ᠨ ᠬᠤᠪᠢ ᠣᠷᠤᠭᠤᠯᠤᠭᠰᠠᠨ ᠬᠢᠵᠠᠭᠠᠷᠲᠤ ᠺᠣᠮᠫᠠᠨᠢ᠂ ᠥᠪᠦᠷ ᠮᠣᠩᠭᠤᠯ ᠤ᠋ᠨ ᠶᠡᠬᠡ ᠰᠤᠷᠭᠠᠭᠤᠯᠢ ᠶ᠋ᠢᠨ ᠮᠣᠩᠭᠤᠯ ᠰᠤᠳᠤᠯᠤᠯ ᠤ᠋ᠨ ᠳᠡᠭᠡᠳᠦ ᠰᠤᠷᠭᠠᠭᠤᠯᠢ ᠶ᠋ᠢᠨ ᠬᠢᠭᠰᠡᠨ ᠲᠥᠰᠦᠯ ᠦ᠋ᠨ ᠬᠡᠷᠡᠭᠴᠡᠭᠡ ᠨᠡᠭᠡᠭᠡᠯᠲᠡ᠂ ᠲᠠᠪᠴᠠᠩ ᠤ᠋ᠨ ᠲᠥᠯᠦᠪᠵᠢᠭᠦᠯᠭᠡ᠂ ᠴᠢᠳᠠᠮᠵᠢ ᠶ᠋ᠢᠨ ᠦᠵᠡᠭᠦᠯᠭᠡ᠂ ᠮᠡᠷᠭᠡᠵᠢᠯ ᠦ᠋ᠨ ᠬᠡᠷᠡᠭᠵᠢᠭᠦᠯᠦᠯᠲᠡ᠂ ᠰᠦᠯᠵᠢᠶᠡᠨ ᠦ᠌ ᠴᠡᠭ ᠦ᠋ᠨ ᠵᠢᠷᠤᠭ ᠲᠥᠯᠦᠪᠯᠡᠭᠡ ᠵᠡᠷᠭᠡ ᠲᠠᠯ᠎ᠠ ᠶ᠋ᠢᠨ ᠬᠠᠷᠢᠭᠤ ᠮᠡᠳᠡᠭᠦᠯᠦᠯᠲᠡ ᠶ᠋ᠢ ᠰᠣᠨᠤᠰᠴᠠᠢ᠃ ᠥᠪᠡᠷᠲᠡᠭᠡᠨ ᠵᠠᠰᠠᠬᠤ ᠣᠷᠤᠨ ᠤ᠋ ᠦᠨᠳᠦᠰᠦᠲᠡᠨ ᠦ᠌ ᠵᠥᠪᠯᠡᠯ ᠦ᠋ᠨ ᠳᠡᠳ᠋ ᠡᠷᠬᠢᠯᠡᠭᠴᠢ ᠰᠠᠴᠤᠷᠠᠯᠲᠤ ᠨᠥᠬᠦᠷ ᠬᠤᠷᠠᠯ ᠳ᠋ᠤ᠌ ᠣᠷᠤᠯᠴᠠᠵᠤ᠂ ᠶᠠᠷᠢᠶ᠎ᠠ ᠲᠠᠯᠪᠢᠵᠠᠢ᠃
ᠳᠡᠳ᠋ ᠡᠷᠬᠢᠯᠡᠭᠴᠢ ᠰᠠᠴᠤᠷᠠᠯᠲᠤ ᠶᠠᠷᠢᠶᠠᠨ ᠳ᠋ᠠᠭᠠᠨ ᠮᠣᠩᠭᠤᠯ ᠬᠡᠯᠡᠨ ᠦ᠌ ᠣᠶᠤᠨᠴᠢᠯᠠᠭᠰᠠᠨ ᠦᠨᠡᠯᠡᠨ ᠱᠢᠯᠭᠠᠬᠤ ᠱᠢᠰᠲ᠋ᠧᠮ ᠪᠣᠯ ᠮᠣᠩᠭᠤᠯ ᠬᠡᠯᠡᠨ ᠦ᠌ ᠠᠪᠢᠶᠠᠨ ᠤ᠋ ᠣᠶᠤᠨᠴᠢᠯᠠᠯᠲᠠ ᠪᠠ ᠮᠣᠩᠭᠤᠯ ᠬᠡᠯᠡᠨ ᠦ᠌ ᠪᠠᠷᠢᠮᠵᠢᠶ᠎ᠠ ᠠᠪᠢᠶᠠᠨ ᠤ᠋ ᠱᠢᠯᠭᠠᠯᠲᠠ ᠶ᠋ᠢᠨ ᠱᠢᠰᠲ᠋ᠧᠮ ᠢ᠋ ᠰᠤᠳᠤᠯᠤᠨ ᠨᠡᠭᠡᠭᠡᠬᠦ ᠶ᠋ᠢᠨ ᠰᠠᠭᠤᠷᠢ ᠢᠨᠵᠧᠨᠧᠷᠢᠩ ᠮᠥᠨ᠂ ᠲᠥᠰᠦᠯ ᠢ᠋ ᠳᠠᠭᠠᠭᠠᠴᠢᠯᠠᠭᠰᠠᠨ ᠨᠢᠭᠡᠴᠢ ᠪᠠᠢᠯᠳᠤᠬᠤ ᠪᠣᠳᠤᠯᠭ᠎ᠠ ᠶ᠋ᠢᠨ ᠥᠨᠳᠦᠷᠴᠡ ᠡᠴᠡ ᠲᠤᠰ ᠢᠨᠵᠧᠨᠧᠷᠢᠩ ᠢ᠋ ᠰᠠᠢᠲᠤᠷ ᠬᠢᠬᠦ ᠬᠡᠷᠡᠭᠲᠡᠢ᠃ ᠲᠥᠰᠦᠯ ᠨᠢᠭᠡᠨᠲᠡ ᠬᠡᠷᠡᠭᠴᠡᠭᠡ ᠨᠡᠭᠡᠭᠡᠯᠲᠡ᠂ ᠲᠥᠯᠦᠪᠵᠢᠭᠦᠯᠭᠡ᠂ ᠵᠢᠷᠤᠭ ᠲᠥᠯᠦᠪᠯᠡᠭᠡ᠂ ᠮᠡᠷᠭᠡᠵᠢᠯ ᠦ᠋ᠨ ᠬᠡᠷᠡᠭᠵᠢᠭᠦᠯᠦᠯᠲᠡ ᠵᠡᠷᠭᠡ ᠵᠠᠩᠭᠢᠯᠠᠭ᠎ᠠ ᠶ᠋ᠢᠨ ᠭᠣᠭᠴᠤᠭᠠᠨ ᠳ᠋ᠤ᠌ ᠱᠠᠲᠤᠴᠢ ᠱᠢᠨᠵᠢᠲᠡᠢ ᠠᠮᠵᠢᠯᠲᠠ ᠶ᠋ᠢ ᠣᠯᠵᠠᠢ᠃ ᠳᠡᠳ᠋ ᠡᠷᠬᠢᠯᠡᠭᠴᠢ ᠰᠠᠴᠤᠷᠠᠯᠲᠤ ᠨᠥᠬᠦᠷ ᠶᠠᠷᠢᠶᠠᠨ ᠳ᠋ᠠᠭᠠᠨ ᠪᠠᠰᠠ ᠲᠤᠰ ᠲᠥᠰᠦᠯ ᠪᠣᠯ 2017 ᠣᠨ ᠤ᠋ ᠮᠣᠩᠭᠤᠯ ᠬᠡᠯᠡ ᠦᠰᠦᠭ ᠪᠢᠴᠢᠭ ᠦ᠋ᠨ ᠮᠡᠳᠡᠭᠡ ᠵᠠᠩᠭᠢᠵᠢᠯᠲᠠ ᠶ᠋ᠢᠨ ᠲᠤᠰᠭᠠᠢ ᠲᠡᠳᠬᠦᠬᠦ ᠲᠥᠰᠦᠯ ᠦ᠋ᠨ ᠭᠣᠣᠯᠳᠠᠯᠭ᠎ᠠ ᠲᠠᠢ ᠲᠥᠰᠦᠯ ᠮᠥᠨ᠂ ᠮᠣᠩᠭᠤᠯ ᠬᠡᠯᠡᠨ ᠦ᠌ ᠪᠠᠷᠢᠮᠵᠢᠶ᠎ᠠ ᠠᠪᠢᠶᠠᠨ ᠤ᠋ ᠱᠢᠯᠭᠠᠯᠲᠠ ᠶ᠋ᠢᠨ ᠠᠵᠢᠯ ᠤ᠋ᠨ ᠣᠶᠤᠨᠴᠢᠯᠠᠯᠲᠠ᠂ ᠰᠦᠯᠵᠢᠶᠡᠴᠢᠯᠡᠯᠲᠡ ᠶ᠋ᠢ ᠪᠡᠶᠡᠯᠡᠭᠦᠯᠬᠦ ᠳ᠋ᠦ᠍ ᠴᠢᠬᠤᠯᠠ ᠠᠴᠢ ᠬᠣᠯᠪᠤᠭᠳᠠᠯ ᠲᠠᠢ ᠶᠤᠮ ᠭᠡᠵᠦ ᠴᠢᠬᠤᠯᠠᠴᠢᠯᠠᠪᠠ᠃ ᠳᠠᠷᠠᠭᠠᠴᠢ ᠶ᠋ᠢᠨ ᠠᠵᠢᠯ ᠤ᠋ᠨ ᠳᠤᠮᠳᠠ ᠲᠥᠰᠦᠯ ᠢ᠋ ᠳᠠᠭᠠᠭᠠᠴᠢᠯᠠᠭᠰᠠᠨ ᠨᠢᠭᠡᠴᠢ ᠡᠴᠡ ᠬᠡᠷᠡᠭᠴᠡᠭᠡ ᠨᠡᠭᠡᠭᠡᠯᠲᠡ᠂ ᠮᠡᠷᠭᠡᠵᠢᠯ ᠦ᠋ᠨ ᠬᠡᠷᠡᠭᠵᠢᠭᠦᠯᠦᠯᠲᠡ ᠵᠡᠷᠭᠡ ᠵᠠᠩᠭᠢᠯᠠᠭ᠎ᠠ ᠶ᠋ᠢᠨ ᠭᠣᠭᠴᠤᠭ᠎ᠠ ᠶ᠋ᠢ ᠦᠷᠭᠦᠯᠵᠢᠯᠡᠨ ᠴᠢᠩᠭ᠎ᠠ ᠠᠳᠭᠤᠵᠤ᠂ ᠬᠡᠷᠡᠭᠯᠡᠭᠡᠨᠲᠦ ᠱᠢᠨᠵᠢ᠂ ᠱᠢᠰᠲ᠋ᠧᠮᠲᠦ ᠱᠢᠨᠵᠢ᠂ ᠱᠠᠲᠤᠴᠢ ᠱᠢᠨᠵᠢ ᠶ᠋ᠢᠨ ᠵᠠᠷᠴᠢᠮ ᠢ᠋ ᠰᠠᠢᠲᠤᠷ ᠪᠠᠷᠢᠮᠲᠠᠯᠠᠵᠤ᠂ ᠨᠡᠪᠲᠡᠷᠡᠯᠴᠡᠭᠡ ᠬᠠᠮᠲᠤᠷᠠᠯᠴᠠᠭ᠎ᠠ ᠪᠠᠨ ᠴᠢᠩᠭᠠᠳᠭᠠᠵᠤ᠂ ᠲᠥᠰᠦᠯ ᠦ᠋ᠨ ᠬᠡᠷᠡᠭᠵᠢᠭᠦᠯᠦᠯᠲᠡ ᠶ᠋ᠢᠨ ᠠᠵᠢᠯ ᠢ᠋ ᠲᠦᠷᠭᠡᠨ ᠠᠬᠢᠭᠤᠯᠵᠤ᠂ ᠲᠥᠰᠦᠯ ᠦ᠋ᠨ ᠲᠣᠭ᠎ᠠ ᠴᠢᠨᠠᠷ ᠢ᠋ ᠪᠠᠲᠤᠯᠠᠵᠤ᠂ ᠲᠣᠭᠲᠠᠭᠰᠠᠨ ᠴᠠᠭ ᠲᠤ᠌ ᠪᠠᠨ ᠪᠡᠶᠡᠯᠡᠭᠦᠯᠬᠦ ᠶ᠋ᠢ ᠱᠠᠭᠠᠷᠳᠠᠵᠠᠢ᠃
ᠣᠷᠴᠢᠭᠤᠯᠤᠭᠴᠢ᠄ ᠯᠢᠶᠠᠩ ᠬᠠᠢ ᠢᠦᠢ
ᠬᠢᠨᠠᠭᠴᠢ᠄ ᠪᠤᠶᠠᠨ᠌ᠥ᠌ᠯᠵᠡᠢ
ᠬᠠᠷᠢᠭᠤᠴᠠᠭᠰᠠᠨ ᠨᠠᠢᠷᠠᠭᠤᠯᠤᠭᠴᠢ᠄ ᠯᠢᠶᠠᠩ ᠬᠠᠢ ᠢᠦᠢ
