ᠮᠣᠩᠭᠤᠯ ᠬᠡᠯᠡᠨ ᠦ᠌ ᠱᠢᠨᠵᠢᠯᠡᠬᠦ ᠤᠬᠠᠭᠠᠨ ᠲᠧᠬᠨᠢᠭ ᠮᠡᠷᠭᠡᠵᠢᠯ ᠠᠵᠤ ᠠᠬᠤᠢ ᠠᠷᠠᠯᠵᠢᠶᠠᠨ ᠤ᠋ ᠲᠣᠭᠠᠵᠢᠭᠤᠯᠤᠭᠰᠠᠨ ᠡᠬᠢ ᠪᠠᠶᠠᠯᠢᠭ ᠤ᠋ᠨ ᠶᠡᠷᠦᠩᠬᠡᠢᠯᠡᠭᠰᠡᠨ ᠦᠢᠯᠡᠴᠢᠯᠡᠭᠡᠨ ᠦ᠌ ᠲᠣᠭᠲᠠᠯᠴᠠᠭᠠᠨ ᠤ᠋ ᠪᠠᠢᠭᠤᠯᠤᠯᠲᠠ ᠶ᠋ᠢᠨ ᠲᠥᠰᠦᠯ ᠲᠤᠰᠭᠠᠢ ᠮᠡᠷᠭᠡᠵᠢᠯᠲᠡᠨ ᠦ᠌ ᠱᠢᠯᠭᠠᠯᠲᠠ ᠪᠠᠷ ᠪᠠᠲᠤᠯᠠᠭᠳᠠᠪᠠ
ᠢᠷᠡᠯᠲᠡ᠄ ᠮᠣᠩᠭᠤᠯ ᠬᠡᠯᠡ ᠪᠢᠴᠢᠭ ᠦ᠋ᠨ ᠮᠡᠳᠡᠭᠡ ᠵᠠᠩᠭᠢᠵᠢᠯᠲᠠ ᠶ᠋ᠢᠨ ᠭᠠᠵᠠᠷ
2018.08.08

 

7 ᠰᠠᠷ᠎ᠠ ᠶ᠋ᠢᠨ 31 ᠦ᠌ ᠡᠳᠦᠷ ᠥᠪᠦᠷ ᠮᠣᠩᠭᠤᠯ ᠤ᠋ᠨ ᠥᠪᠡᠷᠲᠡᠭᠡᠨ ᠵᠠᠰᠠᠬᠤ ᠣᠷᠤᠨ ᠤ᠋ ᠦᠨᠳᠦᠰᠦᠲᠡᠨ ᠦ᠌ ᠬᠡᠷᠡᠭ ᠡᠷᠬᠢᠯᠡᠬᠦ ᠵᠥᠪᠯᠡᠯ ᠲᠤᠰᠭᠠᠢ ᠮᠡᠷᠭᠡᠵᠢᠯᠲᠡᠨ ᠢ᠋ ᠵᠣᠬᠢᠶᠠᠨ ᠪᠠᠢᠭᠤᠯᠵᠤ᠂ ᠥᠪᠦᠷ ᠮᠣᠩᠭᠤᠯ ᠤ᠋ᠨ ᠡᠳ᠋ ᠦ᠋ᠨ ᠵᠠᠰᠠᠭ ᠠᠵᠤ ᠠᠬᠤᠢ ᠶ᠋ᠢᠨ ᠶᠡᠬᠡ ᠰᠤᠷᠭᠠᠭᠤᠯᠢ ᠶ᠋ᠢᠨ ᠳᠠᠭᠠᠭᠠᠴᠢᠯᠠᠭᠰᠠᠨ 2016 ᠣᠨ ᠤ᠋ ᠮᠣᠩᠭᠤᠯ ᠬᠡᠯᠡ ᠦᠰᠦᠭ ᠪᠢᠴᠢᠭ ᠦ᠋ᠨ ᠮᠡᠳᠡᠭᠡ ᠵᠠᠩᠭᠢᠵᠢᠯᠲᠠ ᠶ᠋ᠢᠨ ᠲᠤᠰᠭᠠᠢ ᠲᠡᠳᠬᠦᠬᠦ ᠲᠥᠰᠦᠯ 《ᠮᠣᠩᠭᠤᠯ ᠬᠡᠯᠡᠨ ᠦ᠌ ᠱᠢᠨᠵᠢᠯᠡᠬᠦ ᠤᠬᠠᠭᠠᠨ ᠲᠧᠬᠨᠢᠭ ᠮᠡᠷᠭᠡᠵᠢᠯ ᠠᠵᠤ ᠠᠬᠤᠢ ᠠᠷᠠᠯᠵᠢᠶᠠᠨ ᠤ᠋ ᠲᠣᠭᠠᠵᠢᠭᠤᠯᠤᠭᠰᠠᠨ ᠡᠬᠢ ᠪᠠᠶᠠᠯᠢᠭ ᠤ᠋ᠨ ᠶᠡᠷᠦᠩᠬᠡᠢᠯᠡᠭᠰᠡᠨ ᠦᠢᠯᠡᠴᠢᠯᠡᠭᠡᠨ ᠦ᠌ ᠲᠣᠭᠲᠠᠯᠴᠠᠭᠠᠨ ᠤ᠋ ᠪᠠᠢᠭᠤᠯᠤᠯᠲᠠ ᠶ᠋ᠢᠨ ᠲᠥᠰᠦᠯ》 ᠢ᠋ ᠱᠢᠯᠭᠠᠨ ᠠᠪᠤᠪᠠ᠃ ᠲᠤᠰᠭᠠᠢ ᠮᠡᠷᠭᠡᠵᠢᠯᠲᠡᠨ ᠦ᠌ ᠳᠤᠭᠤᠢᠯᠠᠩ ᠠ᠋ᠴᠠ ᠳᠠᠭᠠᠭᠠᠴᠢᠯᠠᠭᠰᠠᠨ ᠨᠢᠭᠡᠴᠢ᠂ ᠬᠣᠷᠰᠢᠨ ᠠᠵᠢᠯᠯᠠᠭᠰᠠᠨ ᠨᠢᠭᠡᠴᠢ᠂ ᠬᠢᠨᠠᠨ ᠬᠠᠮᠢᠶᠠᠷᠬᠤ ᠨᠢᠭᠡᠴᠢ ᠶ᠋ᠢᠨ ᠬᠢᠭᠰᠡᠨ ᠲᠥᠰᠦᠯ ᠦ᠋ᠨ ᠪᠠᠢᠭᠤᠯᠤᠯᠲᠠ ᠶ᠋ᠢᠨ ᠲᠤᠬᠠᠢ ᠬᠠᠷᠢᠭᠤ ᠮᠡᠳᠡᠭᠦᠯᠦᠯᠲᠡ ᠶ᠋ᠢ ᠰᠣᠨᠤᠰᠴᠤ᠂ ᠲᠥᠰᠦᠯ ᠦ᠋ᠨ ᠦᠷ᠎ᠡ ᠪᠦᠲᠦᠭᠡᠯ ᠦ᠋ᠨ ᠦᠵᠡᠭᠦᠯᠭᠡ ᠶ᠋ᠢ ᠬᠢᠨᠠᠨ ᠦᠵᠡᠵᠦ᠂ ᠲᠥᠰᠦᠯ ᠦ᠋ᠨ ᠪᠢᠴᠢᠭᠯᠡᠯ ᠢ᠋ ᠬᠢᠨᠠᠨ ᠤᠩᠱᠢᠵᠤ᠂ ᠲᠤᠯᠭᠠᠨ ᠯᠠᠪᠯᠠᠬᠤ ᠪᠠᠷ ᠳᠠᠮᠵᠢᠭᠠᠳ ᠲᠤᠰ ᠲᠥᠰᠦᠯ ᠪᠦᠲᠦᠭᠡᠨ ᠪᠠᠢᠭᠤᠯᠬᠤ ᠡᠭᠦᠷᠭᠡ ᠪᠠ ᠱᠢᠯᠭᠠᠨ ᠬᠢᠨᠠᠬᠤ ᠭᠦᠢᠴᠡᠳᠬᠡᠯ ᠲᠣᠭ᠎ᠠ ᠶ᠋ᠢ ᠪᠡᠶᠡᠯᠡᠭᠦᠯᠦᠭᠰᠡᠨ ᠭᠡᠵᠦ ᠰᠠᠨᠠᠯ ᠨᠢᠭᠡᠲᠡᠢ ᠦᠵᠡᠵᠦ ᠪᠠᠲᠤᠯᠠᠪᠠ᠃

ᠲᠤᠰ ᠲᠥᠰᠦᠯ ᠪᠣᠯ ᠮᠣᠩᠭᠤᠯ ᠬᠡᠯᠡᠨ ᠦ᠌ ᠱᠢᠨᠵᠢᠯᠡᠬᠦ ᠤᠬᠠᠭᠠᠨ ᠲᠧᠬᠨᠢᠭ ᠮᠡᠷᠭᠡᠵᠢᠯ ᠠᠵᠤ ᠠᠬᠤᠢ ᠠᠷᠠᠯᠵᠢᠶᠠᠨ ᠤ᠋ ᠲᠣᠭᠠᠵᠢᠭᠤᠯᠤᠭᠰᠠᠨ ᠡᠬᠢ ᠪᠠᠶᠠᠯᠢᠭ ᠤ᠋ᠨ ᠶᠡᠷᠦᠩᠬᠡᠢᠯᠡᠭᠰᠡᠨ ᠦᠢᠯᠡᠴᠢᠯᠡᠭᠡᠨ ᠦ᠌ ᠲᠠᠪᠴᠠᠩ ᠢ᠋ ᠰᠤᠳᠤᠯᠤᠨ ᠨᠡᠭᠡᠭᠡᠵᠦ᠂ ᠮᠣᠩᠭᠤᠯ ᠬᠡᠯᠡᠨ ᠦ᠌ ᠱᠢᠨᠵᠢᠯᠡᠬᠦ ᠤᠬᠠᠭᠠᠨ ᠲᠧᠬᠨᠢᠭ ᠮᠡᠷᠭᠡᠵᠢᠯ ᠠᠵᠤ ᠠᠬᠤᠢ ᠠᠷᠠᠯᠵᠢᠶᠠᠨ ᠤ᠋ ᠲᠥᠷᠦᠯ ᠦ᠋ᠨ ᠲᠣᠭᠠᠵᠢᠭᠤᠯᠤᠭᠰᠠᠨ ᠡᠬᠢ ᠪᠠᠶᠠᠯᠢᠭ ᠢ᠋ ᠬᠠᠮᠲᠤ ᠪᠠᠷ ᠡᠳ᠋ᠯᠡᠬᠦ᠂ ᠰᠣᠯᠢᠯᠴᠠᠬᠤ᠂ ᠨᠡᠢᠲᠡᠯᠡᠬᠦ ᠪᠠ ᠳᠠᠮᠵᠢᠭᠤᠯᠬᠤ ᠴᠢᠳᠠᠮᠵᠢ ᠶ᠋ᠢ ᠪᠡᠶᠡᠯᠡᠭᠦᠯᠵᠡᠢ᠃ ᠮᠣᠩᠭᠤᠯ ᠬᠡᠯᠡᠨ ᠦ᠌ ᠱᠢᠨᠵᠢᠯᠡᠬᠦ ᠤᠬᠠᠭᠠᠨ ᠲᠧᠬᠨᠢᠭ ᠮᠡᠷᠭᠡᠵᠢᠯ ᠠᠵᠤ ᠠᠬᠤᠢ ᠠᠷᠠᠯᠵᠢᠶᠠᠨ ᠤ᠋ ᠲᠣᠭᠠᠵᠢᠭᠤᠯᠤᠭᠰᠠᠨ ᠡᠬᠢ ᠪᠠᠶᠠᠯᠢᠭ ᠤ᠋ᠳ ᠢ᠋ ᠴᠤᠭᠯᠠᠭᠤᠯᠵᠤ᠂ ᠨᠠᠷᠢᠯᠢᠭᠵᠢᠭᠤᠯᠤᠨ ᠪᠣᠯᠪᠠᠰᠤᠷᠠᠭᠤᠯᠵᠤ᠂ ᠲᠥᠷᠦᠯᠵᠢᠭᠦᠯᠦᠨ ᠬᠠᠳᠠᠭᠠᠯᠠᠵᠤ᠂ ᠨᠡᠢᠲᠡᠯᠡᠵᠦ᠂ ᠲᠠᠷᠢᠶᠠᠯᠠᠩ ᠮᠠᠯ ᠠᠵᠤ ᠠᠬᠤᠢ ᠨᠤᠲᠤᠭ ᠪᠡᠯᠴᠢᠭᠡᠷ ᠠᠮᠢ ᠠᠬᠤᠢ᠂ ᠠᠵᠤ ᠠᠬᠤᠢ ᠠᠷᠠᠯᠵᠢᠶ᠎ᠠ ᠮᠥᠩᠭᠦᠨ ᠭᠦᠢᠯᠭᠡᠭᠡ᠂ ᠮᠣᠩᠭᠤᠯ ᠬᠡᠯᠡᠨ ᠦ᠌ ᠮᠡᠳᠡᠭᠡ ᠵᠠᠩᠭᠢ ᠶ᠋ᠢᠨ ᠮᠡᠷᠭᠡᠵᠢᠯ ᠦ᠋ᠨ ᠴᠠᠷᠠᠭ᠎ᠠ ᠬᠦᠷᠢᠶᠡᠨ ᠳ᠋ᠦ᠍ ᠮᠣᠩᠭᠤᠯ ᠬᠡᠯᠡ ᠦᠰᠦᠭ ᠪᠢᠴᠢᠭ ᠢ᠋ ᠬᠡᠷᠡᠭᠯᠡᠵᠦ ᠪᠠᠢᠭ᠎ᠠ ᠲᠤᠰᠭᠠᠢ ᠮᠡᠷᠭᠡᠵᠢᠯᠲᠡᠨ ᠦ᠌ ᠮᠡᠳᠡᠭᠡ ᠵᠠᠩᠭᠢ ᠶ᠋ᠢᠨ ᠬᠥᠮᠦᠷᠭᠡ ᠶ᠋ᠢ ᠪᠠᠢᠭᠤᠯᠵᠤ᠂ ᠭᠡᠷ᠎ᠡ ᠶ᠋ᠢᠨ ᠮᠡᠷᠭᠡᠵᠢᠯ ᠦ᠋ᠨ ᠭᠦᠢᠴᠡᠳᠬᠡᠯ ᠲᠣᠭ᠎ᠠ ᠶ᠋ᠢ ᠪᠡᠶᠡᠯᠡᠭᠦᠯᠵᠡᠢ᠃

 

 

ᠣᠷᠴᠢᠭᠤᠯᠤᠭᠴᠢ᠄ ᠯᠢᠶᠠᠩ ᠬᠠᠢ ᠢᠦᠢ

ᠬᠢᠨᠠᠭᠴᠢ᠄ ᠪᠤᠶᠠᠨ᠌ᠥ᠌ᠯᠵᠡᠢ

ᠬᠠᠷᠢᠭᠤᠴᠠᠭᠰᠠᠨ ᠨᠠᠢᠷᠠᠭᠤᠯᠤᠭᠴᠢ᠄ ᠯᠢᠶᠠᠩ ᠬᠠᠢ ᠢᠦᠢ

ᠸᠢᠴᠠᠲ ᠲᠤ ᠪᠠᠨ ᠬᠤᠪᠢᠶᠠᠯᠴᠠᠬᠤ