ᠥᠪᠡᠷᠲᠡᠭᠡᠨ ᠵᠠᠰᠠᠬᠤ ᠣᠷᠤᠨ ᠤ᠋ ᠦᠨᠳᠦᠰᠦᠲᠡᠨ ᠦ᠌ ᠵᠥᠪᠯᠡᠯ ᠮᠣᠩᠭᠤᠯ ᠬᠡᠯᠡ ᠦᠰᠦᠭ ᠪᠢᠴᠢᠭ ᠦ᠋ᠨ ᠮᠡᠳᠡᠭᠡ ᠵᠠᠩᠭᠢᠵᠢᠯᠲᠠ ᠶ᠋ᠢᠨ ᠲᠥᠰᠦᠯ ᠦ᠋ᠨ ᠦᠷ᠎ᠡ ᠪᠦᠲᠦᠭᠡᠯ ᠢ᠋ ᠳᠡᠯᠭᠡᠷᠡᠭᠦᠯᠬᠦ ᠪᠣᠯᠪᠠᠰᠤᠷᠠᠯ ᠡᠷᠬᠢᠯᠡᠪᠡ
ᠢᠷᠡᠯᠲᠡ᠄ ᠮᠣᠩᠭᠤᠯ ᠬᠡᠯᠡ ᠪᠢᠴᠢᠭ ᠦ᠋ᠨ ᠮᠡᠳᠡᠭᠡ ᠵᠠᠩᠭᠢᠵᠢᠯᠲᠠ ᠶ᠋ᠢᠨ ᠭᠠᠵᠠᠷ
2018.09.07

 

8 ᠰᠠᠷ᠎ᠠ ᠶ᠋ᠢᠨ 21 ᠡᠴᠡ 29  ᠪᠣᠯᠲᠠᠯ᠎ᠠ ᠥᠪᠡᠷᠲᠡᠭᠡᠨ ᠵᠠᠰᠠᠬᠤ ᠣᠷᠤᠨ ᠤ᠋ ᠦᠨᠳᠦᠰᠦᠲᠡᠨ ᠦ᠌ ᠵᠥᠪᠯᠡᠯ  ᠪᠠᠶᠠᠨᠨᠠᠭᠤᠷ ᠬᠣᠲᠠ᠂ ᠤᠯᠠᠭᠠᠨᠬᠠᠳᠠ ᠬᠤᠳᠠ᠂ ᠬᠥᠯᠦᠨ ᠪᠤᠢᠷ ᠬᠣᠲᠠ ᠳ᠋ᠤ᠌ ᠭᠤᠷᠪᠠᠨ ᠬᠤᠭᠤᠴᠠᠭᠠᠨ ᠤ᠋ ᠪᠣᠯᠪᠠᠰᠤᠷᠠᠯ ᠡᠷᠬᠢᠯᠡᠪᠡ᠃ ᠥᠪᠡᠷᠲᠡᠭᠡᠨ ᠵᠠᠰᠠᠬᠤ ᠣᠷᠤᠨ ᠤ᠋ ᠦᠨᠳᠦᠰᠦᠲᠡᠨ ᠦ᠌ ᠵᠥᠪᠯᠡᠯ ᠦ᠋ᠨ ᠮᠣᠩᠭᠤᠯ ᠬᠡᠯᠡ ᠪᠢᠴᠢᠭ ᠦ᠋ᠨ ᠮᠡᠳᠡᠭᠡ ᠵᠠᠩᠭᠢᠵᠢᠯᠲᠠ ᠶ᠋ᠢᠨ ᠭᠠᠵᠠᠷ᠂ ᠮᠣᠩᠭᠤᠯ ᠦᠭᠡ ᠬᠡᠯᠡ ᠦᠰᠦᠭ ᠪᠢᠴᠢᠭ ᠦ᠋ᠨ ᠰᠤᠳᠤᠯᠭ᠎ᠠ ᠬᠡᠷᠡᠭᠯᠡᠭᠡᠨ ᠦ᠌ ᠲᠥᠪ ᠦ᠋ᠨ ᠬᠣᠯᠪᠤᠭᠳᠠᠯ ᠪᠦᠬᠦᠢ ᠬᠥᠮᠦᠰ ᠤᠯᠤᠰ ᠤ᠋ᠨ ᠮᠡᠳᠡᠭᠡ ᠵᠠᠩᠭᠢᠵᠢᠯᠲᠠ ᠶ᠋ᠢᠨ ᠬᠥᠭᠵᠢᠯᠲᠡ ᠶ᠋ᠢᠨ ᠲᠣᠢᠮᠤ ᠪᠠ ᠮᠣᠩᠭᠤᠯ ᠬᠡᠯᠡ ᠦᠰᠦᠭ ᠪᠢᠴᠢᠭ ᠦ᠋ᠨ ᠮᠡᠳᠡᠭᠡ ᠵᠠᠩᠭᠢᠵᠢᠯᠲᠠ ᠶ᠋ᠢᠨ ᠠᠵᠢᠯ ᠤ᠋ᠨ ᠲᠠᠨᠢᠯᠴᠠᠭᠤᠯᠭ᠎ᠠ᠂ ᠮᠣᠩᠭᠤᠯ ᠬᠡᠯᠡ ᠦᠰᠦᠭ ᠪᠢᠴᠢᠭ ᠦ᠋ᠨ ᠮᠡᠳᠡᠭᠡ ᠵᠠᠩᠭᠢᠵᠢᠯᠲᠠ ᠶ᠋ᠢᠨ ᠲᠤᠰᠭᠠᠢ ᠲᠡᠳᠬᠦᠬᠦ ᠲᠥᠰᠦᠯ ᠦ᠋ᠨ ᠦᠷ᠎ᠡ ᠪᠦᠲᠦᠭᠡᠯ ᠦ᠋ᠨ ᠵᠢᠱ᠌ᠢᠭ ᠦ᠋ᠨ ᠲᠠᠨᠢᠯᠴᠠᠭᠤᠯᠭ᠎ᠠ ᠪᠠ ᠬᠤᠪᠢᠶᠠᠯᠴᠠᠭ᠎ᠠ᠂ ᠮᠣᠩᠭᠤᠯ ᠬᠡᠯᠡ ᠦᠰᠦᠭ ᠪᠢᠴᠢᠭ ᠦ᠋ᠨ ᠲᠣᠭᠠᠵᠢᠭᠤᠯᠤᠭᠰᠠᠨ ᠡᠬᠢ ᠪᠠᠶᠠᠯᠢᠭ ᠤ᠋ᠨ ᠪᠠᠢᠭᠤᠯᠤᠯᠲᠠ ᠬᠢᠭᠡᠳ ᠬᠠᠮᠲᠤ ᠪᠠᠷ ᠡᠳ᠋ᠯᠡᠬᠦ ᠢᠨᠵᠧᠨᠧᠷᠢᠩ ᠦ᠋ᠨ ᠲᠠᠨᠢᠯᠴᠠᠭᠤᠯᠭ᠎ᠠ᠂ ᠮᠣᠩᠭᠤᠯ ᠦᠭᠡ ᠬᠡᠯᠡ ᠦᠰᠦᠭ ᠪᠢᠴᠢᠭ ᠦ᠋ᠨ ᠰᠦᠯᠵᠢᠶ᠎ᠡ ᠪᠠ ᠮᠣᠩᠭᠤᠯ ᠬᠡᠯᠡ ᠪᠢᠴᠢᠭ ᠦ᠋ᠨ ᠠᠵᠢᠯ ᠤ᠋ᠨ ᠲᠤᠬᠠᠢᠯᠠᠭᠰᠠᠨ ᠠᠵᠢᠯ ᠤ᠋ᠨ ᠬᠠᠮᠢᠶᠠᠷᠤᠯᠲᠠ ᠶ᠋ᠢᠨ ᠱᠢᠰᠲ᠋ᠧᠮ ᠦ᠋ᠨ ᠲᠠᠨᠢᠯᠴᠠᠭᠤᠯᠭ᠎ᠠ ᠵᠡᠷᠭᠡ ᠲᠤᠰᠭᠠᠢ ᠰᠡᠳᠦᠪ ᠢ᠋ᠶ᠋ᠡᠷ  ᠪᠣᠯᠪᠠᠰᠤᠷᠠᠯ  ᠳ᠋ᠤ᠌ ᠣᠷᠤᠯᠴᠠᠭᠰᠠᠳ ᠲᠤ᠌ ᠮᠣᠩᠭᠤᠯ ᠬᠡᠯᠡ ᠦᠰᠦᠭ ᠪᠢᠴᠢᠭ ᠦ᠋ᠨ ᠮᠡᠳᠡᠭᠡ ᠵᠠᠩᠭᠢᠵᠢᠯᠲᠠ ᠶ᠋ᠢᠨ ᠪᠠᠢᠭᠤᠯᠤᠯᠲᠠ ᠳ᠋ᠤ᠌ ᠲᠤᠯᠭᠠᠷᠠᠵᠤ ᠪᠠᠢᠭ᠎ᠠ ᠱᠢᠨ᠎ᠡ ᠪᠠᠢᠳᠠᠯ ᠱᠢᠨ᠎ᠡ ᠡᠭᠦᠷᠭᠡ᠂ ᠬᠡᠷᠡᠭᠵᠢᠭᠦᠯᠵᠦ ᠪᠠᠢᠭ᠎ᠠ ᠲᠥᠷᠦ ᠶ᠋ᠢᠨ ᠪᠣᠳᠤᠯᠭ᠎ᠠ ᠠᠷᠭ᠎ᠠ ᠠᠪᠴᠠᠯ ᠪᠣᠯᠤᠨ ᠮᠣᠩᠭᠤᠯ ᠬᠡᠯᠡᠨ ᠦ᠌ ᠮᠡᠳᠡᠭᠡ ᠵᠠᠩᠭᠢ ᠱᠢᠢᠳᠪᠦᠷᠢᠯᠡᠯᠲᠡ ᠶ᠋ᠢᠨ ᠮᠡᠷᠭᠡᠵᠢᠯ ᠦ᠋ᠨ ᠬᠥᠭᠵᠢᠯᠲᠡ ᠶ᠋ᠢᠨ ᠣᠳᠤᠬᠢ ᠪᠠᠢᠳᠠᠯ ᠢ᠋ ᠲᠠᠢᠯᠪᠤᠷᠢᠯᠠᠨ ᠶᠠᠷᠢᠭᠰᠠᠨ ᠪᠥᠭᠡᠳ ᠭᠣᠣᠯᠳᠠᠭᠤ ᠣᠷᠴᠢᠮ ᠤ᠋ᠨ ᠬᠡᠳᠦᠨ ᠵᠢᠯ ᠳ᠋ᠡᠬᠢ ᠮᠣᠩᠭᠤᠯ ᠬᠡᠯᠡ ᠦᠰᠦᠭ ᠪᠢᠴᠢᠭ ᠦ᠋ᠨ ᠮᠡᠳᠡᠭᠡ ᠵᠠᠩᠭᠢᠵᠢᠯᠲᠠ ᠶ᠋ᠢᠨ ᠲᠤᠰᠭᠠᠢ ᠲᠡᠳᠬᠦᠬᠦ ᠲᠥᠰᠦᠯ ᠦ᠋ᠨ ᠣᠯᠤᠭᠰᠠᠨ ᠦᠷ᠎ᠡ  ᠪᠦᠲᠦᠮᠵᠢ᠂ ᠮᠣᠩᠭᠤᠯ ᠬᠡᠯᠡ ᠦᠰᠦᠭ ᠪᠢᠴᠢᠭ ᠦ᠋ᠨ ᠲᠣᠭᠠᠵᠢᠭᠤᠯᠤᠭᠰᠠᠨ ᠡᠬᠢ ᠪᠠᠶᠠᠯᠢᠭ ᠤ᠋ᠨ ᠪᠠᠢᠭᠤᠯᠤᠯᠲᠠ ᠬᠢᠭᠡᠳ ᠬᠠᠮᠲᠤ ᠪᠠᠷ ᠡᠳ᠋ᠯᠡᠬᠦ ᠢᠨᠵᠧᠨᠧᠷᠢᠩ ᠦ᠋ᠨ ᠪᠠᠢᠭᠤᠯᠤᠯᠲᠠ ᠶ᠋ᠢᠨ ᠪᠠᠢᠳᠠᠯ᠂ ᠥᠪᠦᠷ ᠮᠣᠩᠭᠤᠯ ᠤ᠋ᠨ ᠥᠪᠡᠷᠲᠡᠭᠡᠨ ᠵᠠᠰᠠᠬᠤ ᠣᠷᠤᠨ ᠤ᠋ ᠮᠣᠩᠭᠤᠯ ᠦᠭᠡ ᠬᠡᠯᠡ ᠦᠰᠦᠭ ᠪᠢᠴᠢᠭ ᠦ᠋ᠨ ᠰᠦᠯᠵᠢᠶ᠎ᠡ᠂ ᠲᠤᠬᠠᠢᠯᠠᠭᠰᠠᠨ ᠠᠵᠢᠯ ᠤ᠋ᠨ ᠬᠠᠮᠢᠶᠠᠷᠤᠯᠲᠠ ᠶ᠋ᠢᠨ ᠱᠢᠰᠲ᠋ᠧᠮ ᠵᠡᠷᠭᠡ ᠲᠠᠯ᠎ᠠ ᠪᠠᠷ ᠨᠠᠷᠢᠯᠢᠭ ᠲᠠᠨᠢᠯᠴᠠᠭᠤᠯᠪᠠ᠃ ᠪᠣᠯᠪᠠᠰᠤᠷᠠᠯ ᠢ᠋ᠶ᠋ᠠᠷ ᠳᠠᠮᠵᠢᠨ ᠪᠣᠯᠪᠠᠰᠤᠷᠠᠯ ᠳ᠋ᠤ᠌ ᠣᠷᠤᠯᠴᠠᠭᠰᠠᠳ ᠮᠠᠨ ᠤ᠋ ᠣᠷᠤᠨ ᠤ᠋ ᠮᠣᠩᠭᠤᠯ ᠬᠡᠯᠡ ᠦᠰᠦᠭ ᠪᠢᠴᠢᠭ ᠦ᠋ᠨ ᠮᠡᠳᠡᠭᠡ ᠵᠠᠩᠭᠢᠵᠢᠯᠲᠠ ᠶ᠋ᠢᠨ ᠠᠵᠢᠯ ᠢ᠋ ᠤᠯᠠᠮ ᠵᠥᠪ ᠣᠨᠤᠪᠴᠢᠲᠠᠢ ᠲᠠᠨᠢᠵᠤ᠂ ᠭᠦᠨᠵᠡᠭᠡᠢ ᠣᠢᠯᠠᠭᠠᠵᠤ᠂ ᠣᠷᠴᠢᠮ ᠤ᠋ᠨ ᠬᠡᠳᠦᠨ ᠵᠢᠯ ᠳ᠋ᠦ᠍ ᠣᠯᠤᠭᠰᠠᠨ ᠲᠥᠰᠦᠯ ᠦ᠋ᠨ ᠦᠷ᠎ᠡ ᠪᠦᠲᠦᠮᠵᠢ ᠶ᠋ᠢ ᠶᠡᠬᠡ ᠪᠡᠷ ᠵᠥᠪᠱᠢᠶᠡᠷᠡᠵᠦ᠂ ᠡᠭᠦᠨ ᠦ᠌ ᠳᠠᠭᠠᠤ ᠳ᠋ᠤ᠌ ᠠᠩᠬᠠᠷᠤᠮᠵᠢ ᠶ᠋ᠢᠨ ᠬᠡᠮᠵᠢᠶ᠎ᠡ ᠪᠡᠨ ᠨᠡᠮᠡᠭᠳᠡᠭᠦᠯᠵᠦ᠂ ᠬᠡᠷᠡᠭᠯᠡᠭᠡᠨ ᠦ᠌ ᠲᠦᠪᠱᠢᠨ ᠢ᠋ᠶ᠋ᠡᠨ ᠳᠡᠭᠡᠭᠱᠢᠯᠡᠭᠦᠯᠦᠭᠰᠡᠨ ᠪᠥᠭᠡᠳ ᠬᠡᠳᠦᠨ ᠤᠳᠠᠭᠠᠨ ᠤ᠋ ᠪᠣᠯᠪᠠᠰᠤᠷᠠᠯ ᠥᠨᠳᠦᠷ ᠦᠷ᠎ᠡ ᠪᠦᠲᠦᠮᠵᠢ ᠶ᠋ᠢ ᠣᠯᠤᠭᠰᠠᠨ ᠪᠠᠢᠨ᠎ᠠ᠃

ᠪᠣᠯᠪᠠᠰᠤᠷᠠᠯ ᠤ᠋ᠨ ᠶᠠᠪᠤᠴᠠ ᠳ᠋ᠤ᠌ ᠪᠠᠰᠠ 《ᠮᠣᠩᠭᠤᠯ ᠬᠡᠯᠡ ᠦᠰᠦᠭ ᠪᠢᠴᠢᠭ ᠦ᠋ᠨ ᠮᠡᠳᠡᠭᠡ ᠵᠠᠩᠭᠢᠵᠢᠯᠲᠠ ᠶ᠋ᠢᠨ ᠠᠵᠢᠯ ᠤ᠋ᠨ ᠪᠠᠢᠴᠠᠭᠠᠯᠲᠠ ᠶ᠋ᠢᠨ ᠬᠦᠰᠦᠨᠦᠭᠲᠦ》 ᠶ᠋ᠢ ᠲᠠᠷᠬᠠᠭᠠᠵᠤ᠂ ᠮᠣᠩᠭᠤᠯ ᠬᠡᠯᠡ ᠦᠰᠦᠭ ᠪᠢᠴᠢᠭ ᠦ᠋ᠨ ᠮᠡᠳᠡᠭᠡ ᠵᠠᠩᠭᠢᠵᠢᠯᠲᠠ ᠶ᠋ᠢᠨ ᠬᠥᠭᠵᠢᠯᠲᠡ ᠶ᠋ᠢᠨ ᠪᠠᠢᠳᠠᠯ᠂ ᠣᠷᠤᠱᠢᠵᠤ ᠪᠠᠢᠭ᠎ᠠ ᠠᠰᠠᠭᠤᠳᠠᠯ᠂ ᠵᠢᠴᠢ ᠳᠠᠷᠠᠭᠠᠴᠢ ᠶ᠋ᠢᠨ ᠠᠵᠢᠯ ᠢ᠋ ᠬᠡᠷᠬᠢᠨ ᠥᠷᠨᠢᠭᠦᠯᠬᠦ ᠲᠤᠬᠠᠢ ᠣᠢᠯᠠᠭᠠᠵᠤ᠂ ᠳᠠᠷᠠᠭᠠᠴᠢ ᠪᠠᠷ ᠮᠣᠩᠭᠤᠯ ᠬᠡᠯᠡ ᠦᠰᠦᠭ ᠪᠢᠴᠢᠭ ᠦ᠋ᠨ ᠮᠡᠳᠡᠭᠡ ᠵᠠᠩᠭᠢᠵᠢᠯᠲᠠ ᠶ᠋ᠢᠨ ᠠᠵᠢᠯ ᠢ᠋ ᠥᠷᠨᠢᠭᠦᠯᠬᠦ ᠳ᠋ᠦ᠍ ᠰᠠᠢᠨ ᠰᠠᠢᠬᠠᠨ ᠰᠠᠨᠠᠯ ᠰᠠᠨᠠᠭᠤᠯᠭ᠎ᠠ ᠶ᠋ᠢ ᠬᠤᠷᠢᠶᠠᠵᠤ᠂ ᠠᠷᠠᠳ ᠤ᠋ᠨ ᠰᠡᠳᠬᠢᠯ ᠢ᠋ ᠣᠢᠯᠠᠭᠠᠵᠤ᠂ ᠠᠷᠠᠳ ᠤ᠋ᠨ ᠬᠦᠰᠡᠯ ᠢ᠋ ᠰᠣᠨᠤᠰᠴᠤ᠂ ᠠᠷᠠᠳ ᠤ᠋ᠨ ᠬᠡᠷᠡᠭᠴᠡᠭᠡ ᠶ᠋ᠢ ᠱᠢᠢᠳᠪᠦᠷᠢᠯᠡᠵᠦ᠂ ᠮᠣᠩᠭᠤᠯ ᠬᠡᠯᠡ ᠦᠰᠦᠭ ᠪᠢᠴᠢᠭ ᠦ᠋ᠨ ᠮᠡᠳᠡᠭᠡ ᠵᠠᠩᠭᠢᠵᠢᠯᠲᠠ ᠶ᠋ᠢᠨ ᠪᠠᠢᠭᠤᠯᠤᠯᠲᠠ ᠶ᠋ᠢ ᠨᠡᠩ ᠰᠠᠢᠲᠤᠷ ᠪᠡᠶᠡᠯᠡᠭᠦᠯᠵᠦ᠂ ᠥᠷᠭᠡᠨ ᠣᠯᠠᠨ ᠲᠦᠮᠡᠨ ᠳ᠋ᠦ᠍ ᠦᠢᠯᠡᠴᠢᠯᠡᠬᠦ ᠳ᠋ᠦ᠍ ᠪᠠᠷᠢᠮᠲᠠ ᠣᠯᠵᠠᠢ᠃

ᠪᠣᠯᠪᠠᠰᠤᠷᠠᠯ ᠤ᠋ᠨ ᠬᠤᠭᠤᠴᠠᠭᠠᠨ ᠳ᠋ᠤ᠌ ᠮᠣᠩᠭᠤᠯ ᠬᠡᠯᠡ ᠪᠢᠴᠢᠭ ᠦ᠋ᠨ ᠮᠡᠳᠡᠭᠡ ᠵᠠᠩᠭᠢᠵᠢᠯᠲᠠ ᠶ᠋ᠢᠨ ᠭᠠᠵᠠᠷ ᠪᠠ ᠮᠣᠩᠭᠤᠯ ᠬᠡᠯᠡ ᠪᠢᠴᠢᠭ ᠦ᠋ᠨ ᠡᠷᠳᠡᠮ ᠱᠢᠨᠵᠢᠯᠡᠭᠡᠨ ᠦ᠌ ᠬᠠᠮᠢᠶᠠᠷᠤᠯᠲᠠ ᠶ᠋ᠢᠨ ᠭᠠᠵᠠᠷ ᠤ᠋ᠨ ᠬᠠᠮᠲᠤ ᠪᠠᠷ ᠪᠣᠷᠤᠲᠤᠬᠤᠢ ᠳᠡᠭᠡᠳᠦ ᠰᠤᠷᠭᠠᠭᠤᠯᠢ᠂ ᠤᠯᠠᠭᠠᠨᠬᠠᠳᠠ ᠳᠡᠭᠡᠳᠦ ᠰᠤᠷᠭᠠᠭᠤᠯᠢ ᠳ᠋ᠤ᠌ ᠪᠠᠢᠴᠠᠭᠠᠨ ᠰᠤᠳᠤᠯᠵᠤ᠂ ᠮᠣᠩᠭᠤᠯ ᠬᠡᠯᠡ ᠦᠰᠦᠭ ᠪᠢᠴᠢᠭ ᠦ᠋ᠨ ᠮᠡᠳᠡᠭᠡ ᠵᠠᠩᠭᠢᠵᠢᠯᠲᠠ ᠶ᠋ᠢᠨ ᠠᠵᠢᠯ ᠢ᠋ ᠥᠷᠨᠢᠭᠦᠯᠵᠦ ᠪᠠᠢᠭ᠎ᠠ ᠪᠠᠢᠳᠠᠯ᠂ ᠣᠷᠤᠱᠢᠵᠤ ᠪᠠᠢᠭ᠎ᠠ ᠠᠰᠠᠭᠤᠳᠠᠯ ᠵᠡᠷᠭᠡ ᠲᠠᠯ᠎ᠠ ᠪᠠᠷ ᠶᠠᠷᠢᠯᠴᠠᠵᠤ᠂ ᠡᠭᠦᠨ ᠦ᠌ ᠳᠠᠭᠠᠤ ᠳ᠋ᠤ᠌ ᠤᠯᠠᠭᠠᠨᠬᠠᠳᠠ ᠳᠡᠭᠡᠳᠦ ᠰᠤᠷᠭᠠᠭᠤᠯᠢ ᠶ᠋ᠢᠨ ᠳᠠᠭᠠᠭᠠᠴᠢᠯᠠᠭᠰᠠᠨ 2017 ᠣᠨ ᠤ᠋ ᠮᠣᠩᠭᠤᠯ ᠬᠡᠯᠡ ᠦᠰᠦᠭ ᠪᠢᠴᠢᠭ ᠦ᠋ᠨ ᠮᠡᠳᠡᠭᠡ ᠵᠠᠩᠭᠢᠵᠢᠯᠲᠠ ᠶ᠋ᠢᠨ ᠲᠤᠰᠭᠠᠢ ᠲᠡᠳᠬᠦᠬᠦ ᠲᠥᠰᠦᠯ 《ᠮᠣᠩᠭᠤᠯ ᠬᠡᠯᠡᠨ ᠦ᠌ ᠠᠪᠢᠶᠠᠨ ᠤ᠋ ᠣᠶᠤᠨᠴᠢᠯᠠᠯᠲᠠ ᠪᠠ ᠮᠣᠩᠭᠤᠯ ᠬᠡᠯᠡᠨ ᠦ᠌ ᠪᠠᠷᠢᠮᠵᠢᠶ᠎ᠠ ᠠᠪᠢᠶᠠᠨ ᠤ᠋ ᠱᠢᠯᠭᠠᠯᠲᠠ ᠶ᠋ᠢᠨ ᠱᠢᠰᠲ᠋ᠧᠮ ᠢ᠋ ᠰᠤᠳᠤᠯᠤᠨ ᠨᠡᠭᠡᠭᠡᠬᠦ》ᠲᠥᠰᠦᠯ ᠦ᠋ᠨ ᠠᠬᠢᠴᠠ ᠶ᠋ᠢᠨ ᠲᠤᠬᠠᠢ ᠬᠠᠷᠢᠭᠤ ᠮᠡᠳᠡᠭᠦᠯᠦᠯᠲᠡ ᠶ᠋ᠢ ᠰᠣᠨᠤᠰᠴᠤ᠂ ᠲᠥᠰᠦᠯ ᠢ᠋ ᠱᠢᠪᠠᠳᠠᠨ ᠪᠠᠢᠴᠠᠭᠠᠵᠠᠢ᠃

11ᠠᠢᠮᠠᠭ ᠬᠣᠲᠠ᠂ ᠬᠣᠱᠢᠭᠤ ᠱᠢᠶᠠᠨ ᠠ᠋ᠴᠠ ᠬᠦᠷᠦᠯᠴᠡᠨ ᠢᠷᠡᠭᠰᠡᠨ ᠮᠣᠩᠭᠤᠯ ᠬᠡᠯᠡ ᠪᠢᠴᠢᠭ ᠦ᠋ᠨ ᠠᠵᠢᠯ ᠤ᠋ᠨ ᠬᠣᠯᠪᠤᠭᠳᠠᠯ ᠪᠦᠬᠦᠢ ᠠᠵᠢᠯᠲᠠᠨ᠂ ᠡᠯ᠎ᠡ ᠭᠠᠵᠠᠷ ᠣᠷᠤᠨ ᠤ᠋ ᠰᠤᠷᠭᠠᠭᠤᠯᠢ᠂ ᠰᠣᠨᠢᠨ ᠮᠡᠳᠡᠭᠡ ᠵᠠᠭᠤᠴᠢᠯᠠᠭᠤᠷ᠂ ᠬᠡᠪᠯᠡᠯ ᠦ᠋ᠨ ᠠᠵᠢᠯ ᠲᠥᠷᠦᠯ ᠦ᠋ᠨ ᠮᠣᠩᠭᠤᠯ ᠬᠡᠯᠡ ᠪᠢᠴᠢᠭ ᠦ᠋ᠨ ᠠᠵᠢᠯ ᠤ᠋ᠨ ᠬᠠᠮᠢᠶ᠎ᠠ ᠪᠦᠬᠦᠢ ᠠᠵᠢᠯᠲᠠᠨ 275 ᠬᠥᠮᠦᠨ ᠪᠣᠯᠪᠠᠰᠤᠷᠠᠯ ᠳ᠋ᠤ᠌ ᠣᠷᠤᠯᠴᠠᠵᠠᠢ᠃

 

 

 

 

ᠣᠷᠴᠢᠭᠤᠯᠤᠭᠴᠢ᠄ ᠯᠢᠶᠠᠩ ᠬᠠᠢ ᠢᠦᠢ

ᠬᠢᠨᠠᠭᠴᠢ᠄ ᠪᠤᠶᠠᠨ᠌ᠥ᠌ᠯᠵᠡᠢ

ᠬᠠᠷᠢᠭᠤᠴᠠᠭᠰᠠᠨ ᠨᠠᠢᠷᠠᠭᠤᠯᠤᠭᠴᠢ᠄ ᠯᠢᠶᠠᠩ ᠬᠠᠢ ᠢᠦᠢ

ᠸᠢᠴᠠᠲ ᠲᠤ ᠪᠠᠨ ᠬᠤᠪᠢᠶᠠᠯᠴᠠᠬᠤ