ᠪᠠᠢᠭᠠᠯᠢ ᠬᠥᠮᠦᠨ ᠦ᠌ ᠠᠪᠢᠶᠠᠯᠠᠬᠤ ᠪᠠᠷᠢᠮᠵᠢᠶᠠᠨ ᠳ᠋ᠤ᠌ ᠬᠦᠷᠦᠭᠰᠡᠨ ᠤᠯᠤᠰ ᠤ᠋ᠨ ᠳᠣᠲᠤᠭᠠᠳᠤᠬᠢ ᠠᠩᠬᠠᠳᠠᠭᠴᠢ ᠮᠣᠩᠭᠤᠯ ᠬᠡᠯᠡᠨ ᠦ᠌ ᠠᠪᠢᠶ᠎ᠠ ᠨᠡᠢᠯᠡᠭᠦᠯᠦᠯᠲᠡ ᠶ᠋ᠢᠨ ᠱᠢᠰᠲ᠋ᠧᠮ ᠪᠤᠢ ᠪᠣᠯᠪᠠ
ᠢᠷᠡᠯᠲᠡ᠄ ᠬᠥᠬᠡᠬᠤᠲᠠ ᠶ᠋ᠢᠨ ᠦᠨᠳᠦᠰᠦᠲᠡᠨ ᠦ᠌ ᠬᠡᠷᠡᠭ ᠡᠷᠬᠢᠯᠡᠬᠦ ᠵᠥᠪᠯᠡᠯ
2019.01.03

 

12 ᠰᠠᠷ᠎ᠠ ᠶ᠋ᠢᠨ 27 ᠤ᠋ ᠡᠳᠦᠷ ᠠᠶᠠᠨᠳᠠᠭᠠᠨ ᠤ᠋ ᠬᠡᠮᠵᠢᠶ᠎ᠡ ᠪᠠ ᠤᠷᠤᠰᠤᠮ᠎ᠠ ᠶ᠋ᠢᠨ ᠬᠡᠮᠵᠢᠶ᠎ᠡ ᠨᠢ ᠪᠠᠢᠭᠠᠯᠢ ᠬᠥᠮᠦᠨ ᠦ᠌ ᠠᠪᠢᠶᠠᠯᠠᠬᠤ ᠪᠠᠷᠢᠮᠵᠢᠶᠠᠨ ᠳ᠋ᠤ᠌ ᠬᠦᠷᠦᠭᠰᠡᠨ ᠤᠯᠤᠰ ᠤ᠋ᠨ ᠳᠣᠲᠤᠭᠠᠳᠤᠬᠢ ᠠᠩᠬᠠᠳᠠᠭᠴᠢ ᠮᠣᠩᠭᠤᠯ ᠬᠡᠯᠡᠨ ᠦ᠌ ᠠᠪᠢᠶ᠎ᠠ ᠨᠡᠢᠯᠡᠭᠦᠯᠦᠯᠲᠡ ᠶ᠋ᠢᠨ ᠱᠢᠰᠲ᠋ᠧᠮ ᠪᠣᠯᠬᠤ 《ᠣᠶᠤᠨ》ᠮᠣᠩᠭᠤᠯ ᠬᠡᠯᠡᠨ ᠦ᠌ ᠠᠪᠢᠶ᠎ᠠ ᠨᠡᠢᠯᠡᠭᠦᠯᠦᠯᠲᠡ ᠶ᠋ᠢᠨ ᠱᠢᠰᠲ᠋ᠧᠮ 2.0 ᠢ᠋ ᠬᠥᠬᠡᠬᠤᠲᠠ ᠳ᠋ᠤ᠌ ᠵᠢᠩᠬᠢᠨᠢ ᠪᠡᠷ ᠨᠡᠢᠲᠡᠯᠡᠪᠡ᠃

《ᠣᠶᠤᠨ》ᠮᠣᠩᠭᠤᠯ ᠬᠡᠯᠡᠨ ᠦ᠌ ᠠᠪᠢᠶ᠎ᠠ ᠨᠡᠢᠯᠡᠭᠦᠯᠦᠯᠲᠡ ᠶ᠋ᠢᠨ ᠱᠢᠰᠲ᠋ᠧᠮ ᠢ᠋ ᠥᠪᠦᠷ ᠮᠣᠩᠭᠤᠯ ᠤ᠋ᠨ ᠶᠡᠬᠡ ᠰᠤᠷᠭᠠᠭᠤᠯᠢ ᠶ᠋ᠢᠨ ᠺᠣᠮᠫᠢᠦ᠋ᠲ᠋ᠧᠷ ᠦ᠋ᠨ ᠳᠡᠭᠡᠳᠦ ᠰᠤᠷᠭᠠᠭᠤᠯᠢ ᠶ᠋ᠢᠨ ᠮᠣᠩᠭᠤᠯ ᠬᠡᠯᠡᠨ ᠦ᠌ ᠮᠡᠳᠡᠭᠡ ᠵᠠᠩᠭᠢ ᠶ᠋ᠢ ᠱᠢᠢᠳᠪᠦᠷᠢᠯᠡᠬᠦ ᠮᠡᠷᠭᠡᠵᠢᠯ ᠦ᠋ᠨ ᠭᠣᠣᠯᠳᠠᠯᠭ᠎ᠠ ᠲᠠᠢ ᠲᠤᠷᠱᠢᠯᠲᠠ ᠶ᠋ᠢᠨ ᠲᠠᠰᠤᠭ ᠠ᠋ᠴᠠ ᠰᠤᠳᠤᠯᠤᠨ ᠪᠦᠲᠦᠭᠡᠪᠡ᠂ ᠲᠤᠰ ᠱᠢᠰᠲ᠋ᠧᠮ ᠪᠣᠯ ᠳᠡᠯᠡᠬᠡᠢ ᠶ᠋ᠢᠨ ᠲᠡᠷᠢᠭᠦᠨ ᠦ᠌ ᠭᠦᠨᠵᠡᠭᠡᠢ ᠰᠤᠷᠤᠯᠴᠠᠬᠤ ᠮᠡᠷᠭᠡᠵᠢᠯ ᠪᠠ ᠡᠭᠦᠯᠡᠨ ᠦᠢᠯᠡᠴᠢᠯᠡᠭᠡ ᠶ᠋ᠢᠨ ᠮᠡᠷᠭᠡᠵᠢᠯ ᠢ᠋ ᠠᠱᠢᠭᠯᠠᠵᠤ᠂ ᠲᠤᠷᠱᠢᠯᠲᠠ ᠶ᠋ᠢᠨ ᠲᠠᠰᠤᠭ ᠠ᠋ᠴᠠ ᠰᠤᠳᠤᠯᠤᠨ ᠨᠡᠭᠡᠭᠡᠭᠰᠡᠨ ᠬᠠᠮᠤᠭ ᠤ᠋ᠨ ᠱᠢᠨ᠎ᠡ ᠮᠣᠩᠭᠤᠯ ᠦᠰᠦᠭ ᠢ᠋ ᠬᠠᠷᠭᠤᠭᠤᠯᠬᠤ᠂ ᠣᠨᠴᠠᠭᠠᠢ ᠦᠰᠦᠭ ᠲᠡᠮᠳᠡᠭ ᠢ᠋ ᠬᠥᠷᠪᠡᠭᠦᠯᠬᠦ ᠵᠡᠷᠭᠡ ᠮᠡᠷᠭᠡᠵᠢᠯ ᠢ᠋ ᠡᠮᠬᠢᠳᠬᠡᠵᠡᠢ᠃ ᠱᠢᠰᠲ᠋ᠧᠮ ᠨᠢ ᠵᠥᠭᠡᠯᠡᠨ ᠲᠣᠨᠤᠭ ᠰᠤᠳᠤᠯᠤᠨ ᠨᠡᠭᠡᠭᠡᠭᠴᠢᠳ ᠲᠦ᠍ ᠡᠭᠦᠯᠡᠨ ᠦᠢᠯᠡᠴᠢᠯᠡᠭᠡᠨ ᠦ᠌ ᠵᠠᠯᠭᠠᠭᠤᠷ ᠬᠠᠩᠭᠠᠵᠤ᠂ ᠰᠤᠳᠤᠯᠤᠨ ᠨᠡᠭᠡᠭᠡᠭᠴᠢᠳ ᠡᠨᠡ ᠬᠦ᠌ ᠵᠠᠯᠭᠠᠭᠤᠷ ᠢ᠋ ᠠᠱᠢᠭᠯᠠᠵᠤ᠂ ᠮᠣᠩᠭᠤᠯ ᠬᠡᠯᠡᠨ ᠦ᠌ ᠠᠪᠢᠶ᠎ᠠ ᠨᠡᠢᠯᠡᠭᠦᠯᠦᠯᠲᠡ ᠶ᠋ᠢᠨ ᠱᠢᠰᠲ᠋ᠧᠮ ᠢ᠋ ᠪᠤᠰᠤᠳ ᠬᠡᠷᠡᠭᠯᠡᠭᠡᠨ ᠦ᠌ ᠱᠢᠰᠲ᠋ᠧᠮ ᠳ᠋ᠦ᠍ ᠱᠢᠭᠢᠳᠬᠡᠵᠦ᠂ ᠰᠤᠷᠭᠠᠨ ᠬᠥᠮᠦᠵᠢᠯ᠂ ᠴᠠᠭ ᠠᠭᠤᠷ᠂ ᠵᠠᠮ ᠬᠠᠷᠢᠯᠴᠠᠭ᠎ᠠ ᠵᠡᠷᠭᠡ ᠣᠯᠠᠨ ᠨᠡᠢᠲᠡ ᠶ᠋ᠢᠨ ᠦᠢᠯᠡᠴᠢᠯᠡᠭᠡᠨ ᠦ᠌ ᠬᠦᠷᠢᠶ᠎ᠡ ᠴᠠᠷᠠᠭᠠᠨ ᠳ᠋ᠤ᠌ ᠠᠱᠢᠭᠯᠠᠵᠤ ᠪᠣᠯᠬᠤ ᠶᠤᠮ᠃ ᠡᠨᠡ ᠨᠢ ᠵᠠᠬ᠎ᠠ ᠳᠡᠯᠭᠡᠭᠦᠷ ᠲᠡᠬᠢ ᠮᠣᠩᠭᠤᠯ ᠬᠡᠯᠡᠨ ᠦ᠌ ᠠᠪᠢᠶ᠎ᠠ ᠨᠡᠢᠯᠡᠭᠦᠯᠦᠯᠲᠡ ᠶ᠋ᠢᠨ ᠱᠢᠰᠲ᠋ᠧᠮ ᠦ᠋ᠨ ᠬᠣᠭᠤᠰᠤᠨ ᠢ᠋ ᠨᠥᠬᠦᠪᠦᠷᠢᠯᠡᠵᠡᠢ᠃

 

 

ᠣᠷᠴᠢᠭᠤᠯᠤᠭᠴᠢ᠄ ᠯᠢᠶᠠᠩ ᠬᠠᠢ ᠢᠦᠢ

ᠬᠢᠨᠠᠭᠴᠢ᠄ ᠪᠤᠶᠠᠨ᠌ᠦ᠌ᠯᠵᠡᠢ

ᠬᠠᠷᠢᠭᠤᠴᠠᠭᠰᠠᠨ ᠨᠠᠢᠷᠠᠭᠤᠯᠤᠭᠴᠢ᠄ ᠯᠢᠶᠠᠩ ᠬᠠᠢ ᠢᠦᠢ

ᠸᠢᠴᠠᠲ ᠲᠤ ᠪᠠᠨ ᠬᠤᠪᠢᠶᠠᠯᠴᠠᠬᠤ