2018.06.07
(ᠥᠪᠦᠷ ᠦᠨᠳᠦᠰᠦᠲᠡᠨ ᠦ ᠵᠥᠪᠯᠡᠯ ᠲᠠᠷᠬᠠᠭᠠᠭᠰᠠᠨ〔2017〕55 ᠳ᠋ᠤᠭᠠᠷ ᠲᠣᠭᠠᠲᠤ)
ᠮᠣᠩᠭᠤᠯ ᠨᠡᠷ᠎ᠡ ᠲᠣᠮᠢᠶ᠎ᠠ᠂ ᠪᠠᠷᠢᠮᠵᠢᠶ᠎ᠠ ᠠᠪᠢᠶ᠎ᠠ ᠪᠣᠯᠤᠨ ᠮᠣᠩᠭᠤᠯ ᠵᠥᠪ ᠪᠢᠴᠢᠯᠭᠡ ᠶᠢᠨ ᠠᠵᠢᠯ ᠪᠣᠯ ᠮᠣᠩᠭᠤᠯ ᠦᠭᠡ ᠬᠡᠯᠡ ᠦᠰᠦᠭ ᠪᠢᠴᠢᠭ ᠦ᠋ᠨ ᠠᠵᠢᠯ ᠤᠨ ᠴᠢᠬᠤᠯᠠ ᠪᠦᠷᠢᠯᠳᠦᠬᠦᠨ ᠬᠡᠰᠡᠭ ᠮᠥᠨ᠂ ᠮᠣᠩᠭᠤᠯ ᠦᠭᠡ ᠬᠡᠯᠡ ᠦᠰᠦᠭ ᠪᠢᠴᠢᠭ ᠦ᠋ᠨ ᠳᠦᠷᠢᠮᠵᠢᠭᠦᠯᠦᠯᠲᠡ᠂ ᠪᠠᠷᠢᠮᠵᠢᠶᠠᠵᠢᠭᠤᠯᠤᠯᠲᠠ᠂ ᠮᠡᠳᠡᠭᠡ ᠵᠠᠩᠭᠢᠵᠢᠯᠲᠠ ᠶ᠋ᠢ ᠪᠡᠶᠡᠯᠡᠭᠦᠯᠬᠦ᠂ ᠦᠨᠳᠦᠰᠦᠲᠡᠨ ᠦ᠌ ᠰᠣᠶᠤᠯ ᠪᠠ ᠡᠷᠳᠡᠮ ᠰᠢᠨᠵᠢᠯᠡᠭᠡᠨ ᠦ᠌ ᠰᠣᠯᠢᠯᠴᠠᠭ᠎ᠠ ᠶᠢ ᠠᠬᠢᠭᠤᠯᠬᠤ ᠂ ᠨᠡᠢᠭᠡᠮ ᠵᠢᠷᠤᠮᠲᠤ ᠰᠣᠶᠤᠯ ᠤ᠋ᠨ ᠪᠦᠲᠦᠭᠡᠨ ᠪᠠᠢᠭᠤᠯᠤᠯᠲᠠ ᠶ᠋ᠢ ᠲᠦᠷᠭᠡᠳᠭᠡᠬᠦ ᠳ᠋ᠦ᠍ ᠴᠢᠬᠤᠯᠠ ᠪᠠᠢᠷᠢ ᠰᠠᠭᠤᠷᠢ ᠪᠣᠯᠤᠨ ᠦᠢᠯᠡᠳᠦᠯ ᠲᠡᠢ ᠶᠤᠮ᠃ ᠮᠣᠩᠭᠤᠯ ᠦᠭᠡ ᠬᠡᠯᠡ ᠦᠰᠦᠭ ᠪᠢᠴᠢᠭ ᠦ᠋ᠨ ᠳᠦᠷᠢᠮᠵᠢᠭᠦᠯᠦᠯᠲᠡ᠂ ᠪᠠᠷᠢᠮᠵᠢᠶᠠᠵᠢᠭᠤᠯᠤᠯᠲᠠ᠂ ᠮᠡᠳᠡᠭᠡ ᠵᠠᠩᠭᠢᠵᠢᠯᠲᠠ ᠶᠢ ᠠᠬᠢᠭᠤᠯᠬᠤ ᠶᠢᠨ ᠲᠥᠯᠦᠭᠡ᠂ ᠤᠯᠤᠰ ᠤᠨ ᠬᠠᠮᠢᠶ᠎ᠠ ᠪᠦᠬᠦᠢ ᠲᠥᠯᠦᠪᠵᠢᠭᠦᠯᠭᠡ ᠪᠣᠯᠤᠨ 《ᠥᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠤᠨ ᠤ᠋ ᠮᠣᠩᠭᠤᠯ ᠬᠡᠯᠡ ᠦᠰᠦᠭ ᠪᠢᠴᠢᠭ ᠦ᠋ᠨ ᠠᠵᠢᠯ ᠤᠨ ᠳᠦᠷᠢᠮ》《ᠥᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠤᠨ ᠤ᠋ ᠳᠤᠮᠳᠠ ᠤᠷᠲᠤ ᠬᠤᠭᠤᠴᠠᠭᠠᠨ ᠤ ᠦᠭᠡ ᠬᠡᠯᠡ ᠦᠰᠦᠭ ᠪᠢᠴᠢᠭ ᠦ᠋ᠨ ᠦᠢᠯᠡᠰ ᠦ᠋ᠨ ᠥᠭᠡᠷᠡᠴᠢᠯᠡᠯᠲᠡ ᠪᠣᠯᠤᠨ ᠬᠥᠭᠵᠢᠭᠦᠯᠦᠯᠲᠡ ᠶᠢᠨ ᠲᠥᠯᠦᠪᠵᠢᠭᠦᠯᠭᠡ ᠶ᠋ᠢᠨ ᠬᠥᠲᠦᠯᠪᠦᠷᠢ(2014—2020 ᠣᠨ)》《ᠥᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠤᠨ ᠤ᠋ ᠮᠣᠩᠭᠤᠯ ᠦᠭᠡ ᠬᠡᠯᠡ ᠦᠰᠦᠭ ᠪᠢᠴᠢᠭ ᠦ᠋ᠨ ᠠᠵᠢᠯ ᠤᠨ<ᠠᠷᠪᠠᠨ ᠭᠤᠷᠪᠠᠳᠤᠭᠠᠷ ᠲᠠᠪᠤᠨ ᠵᠢᠯ> ᠤᠨ ᠲᠥᠯᠦᠪᠵᠢᠭᠦᠯᠭᠡ》 ᠶᠢ ᠦᠨᠳᠦᠰᠦᠯᠡᠨ ᠲᠤᠰ ᠲᠥᠯᠦᠪᠵᠢᠭᠦᠯᠭᠡ ᠶ᠋ᠢ ᠲᠣᠭᠲᠠᠭᠠᠪᠠ᠃
ᠨᠢᠭᠡ᠂ ᠵᠢᠯᠤᠭᠤᠳᠬᠤ ᠦᠵᠡᠯ ᠰᠠᠨᠠᠭ᠎ᠠ
ᠳᠤᠮᠳᠠᠳᠤ ᠤᠯᠤᠰ ᠤᠨ ᠣᠨᠴᠠᠯᠢᠭ ᠲᠠᠢ ᠨᠡᠢᠭᠡᠮ ᠵᠢᠷᠤᠮ ᠤᠨ ᠠᠭᠤᠤ ᠶᠡᠬᠡ ᠲᠤᠭ ᠢ ᠥᠨᠳᠦᠷ ᠮᠠᠨᠳᠤᠭᠤᠯᠵᠤ᠂ ᠨᠠᠮ ᠤᠨ ᠠᠷᠪᠠᠨ ᠨᠠᠢ᠍ᠮᠠᠳᠤᠭᠠᠷ ᠶᠡᠬᠡ ᠬᠤᠷᠠᠯ ᠪᠣᠯᠤᠨ ᠠᠷᠪᠠᠨ ᠨᠠᠢ᠍ᠮᠠᠳᠤᠭᠠᠷ ᠬᠤᠭᠤᠴᠠᠭᠠᠨ ᠤ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ᠂ ᠵᠢᠷᠭᠤᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠵᠤ᠂ ᠳ᠋ᠧᠩ ᠰᠢᠶᠣᠤ ᠫᠢᠩ ᠦ᠋ᠨ ᠣᠨᠤᠯ᠂ 《ᠭᠤᠷᠪᠠ ᠶᠢ ᠲᠥᠯᠦᠭᠡᠯᠡᠬᠦ》 ᠴᠢᠬᠤᠯᠠ ᠦᠵᠡᠯ ᠰᠠᠨᠠᠭ᠎ᠠ᠂ ᠰᠢᠨᠵᠢᠯᠡᠬᠦ ᠤᠬᠠᠭᠠᠨᠴᠢ ᠬᠥᠭᠵᠢᠯᠲᠡ ᠶᠢᠨ ᠦᠵᠡᠯᠲᠡ ᠪᠡᠷ ᠵᠢᠯᠤᠭᠤᠳᠤᠮᠵᠢ ᠪᠣᠯᠭᠠᠵᠤ᠂ ᠰᠢ ᠶᠢᠨ ᠫᠢᠩ ᠶᠡᠷᠦᠩᠬᠡᠢ ᠱᠦᠵᠢ ᠶᠢᠨ ᠰᠢᠷᠢᠰ ᠴᠢᠬᠤᠯᠠ ᠶᠠᠷᠢᠶ᠎ᠠ ᠪᠠ ᠲᠥᠷᠦ ᠶ᠋ᠢ ᠵᠠᠰᠠᠵᠤ ᠵᠠᠰᠠᠭ ᠢ ᠡᠷᠬᠢᠯᠡᠬᠦ ᠰᠢᠨ᠎ᠡ ᠣᠢᠯᠠᠭᠠᠭᠳᠠᠬᠤᠨ ᠰᠢᠨ᠎ᠡ ᠦᠵᠡᠯ ᠰᠠᠨᠠᠭ᠎ᠠ ᠰᠢᠨ᠎ᠡ ᠪᠠᠢᠯᠳᠤᠬᠤ ᠪᠣᠳᠤᠯᠭ᠎ᠠ ᠶ᠋ᠢ ᠭᠦᠨᠵᠡᠭᠡᠢ ᠲᠤᠭᠤᠰᠢᠯᠠᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠥᠪᠦᠷ ᠮᠣᠩᠭᠤᠯ ᠳ᠋ᠤ᠌ ᠰᠢᠨᠵᠢᠯᠡᠨ ᠪᠠᠢᠴᠠᠭᠠᠬᠤ ᠦᠶ᠎ᠡ ᠵᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠨᠠᠢᠳᠠᠪᠤᠷᠢᠵᠢᠭᠤᠯᠵᠤ᠂ ᠲᠥᠪ ᠦ᠋ᠨ ᠦᠨᠳᠦᠰᠦᠲᠡᠨ ᠦ᠌ ᠠᠵᠢᠯ ᠤᠨ ᠬᠤᠷᠠᠯ᠂ ᠥᠪᠡᠷᠲᠡᠭᠡᠨ ᠵᠠᠰᠠᠬᠤ ᠣᠷᠤᠨ ᠤ᠋ ᠠᠷᠪᠠᠳᠤᠭᠠᠷ ᠤᠳᠠᠭᠠᠨ ᠤ ᠨᠠᠮ ᠤᠨ ᠲᠥᠯᠦᠭᠡᠯᠡᠭᠴᠢᠳ ᠦ᠋ᠨ ᠬᠤᠷᠠᠯ ᠪᠣᠯᠤᠨ ᠥᠪᠡᠷᠲᠡᠭᠡᠨ ᠵᠠᠰᠠᠬᠤ ᠣᠷᠤᠨ ᠤ᠋ ᠨᠠᠮ ᠤᠨ ᠬᠣᠷᠢᠶᠠᠨ ᠤ᠋ ᠦᠨᠳᠦᠰᠦᠲᠡᠨ ᠦ᠌ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠮᠣᠩᠭᠤᠯ ᠬᠡᠯᠡ ᠪᠢᠴᠢᠭ ᠢ ᠰᠤᠷᠴᠤ ᠬᠡᠷᠡᠭᠯᠡᠬᠦ ᠪᠣᠯᠤᠨ ᠬᠥᠭᠵᠢᠭᠦᠯᠬᠦ ᠶᠢ ᠪᠦᠲᠦᠮᠵᠢᠲᠡᠢ ᠠᠬᠢᠭᠤᠯᠬᠤ ᠪᠠᠷ ᠭᠣᠣᠯ ᠰᠡᠳᠦᠪ ᠪᠣᠯᠭᠠᠵᠤ᠂ ᠨᠠᠮ ᠪᠠ ᠤᠯᠤᠰ ᠤᠨ ᠦᠨᠳᠦᠰᠦᠲᠡᠨ ᠦ᠌ ᠬᠡᠯᠡ ᠪᠢᠴᠢᠭ ᠦ᠋ᠨ ᠲᠥᠷᠦ ᠶ᠋ᠢᠨ ᠪᠣᠳᠤᠯᠭ᠎ᠠ ᠪᠣᠯᠤᠨ ᠬᠠᠤᠯᠢ ᠴᠠᠭᠠᠵᠠ ᠬᠠᠤᠯᠢ ᠲᠣᠭᠲᠠᠭᠠᠯ ᠢ ᠭᠦᠨᠵᠡᠭᠡᠢ ᠲᠤᠭᠤᠰᠢᠯᠠᠭᠤᠯᠬᠤ ᠪᠠᠷ ᠭᠣᠣᠯ ᠱᠤᠭᠤᠮ ᠪᠣᠯᠭᠠᠵᠤ᠂ ᠮᠣᠩᠭᠤᠯ ᠦᠭᠡ ᠬᠡᠯᠡ ᠦᠰᠦᠭ ᠪᠢᠴᠢᠭ ᠦ᠋ᠨ ᠬᠥᠭᠵᠢᠯᠲᠡ ᠶᠢᠨ ᠵᠢᠮ᠎ᠡ ᠬᠠᠤᠯᠢ ᠶᠢ ᠵᠢᠷᠤᠮᠯᠠᠵᠤ᠂ ᠡᠭᠦᠳᠦᠯᠲᠡ ᠲᠡᠢ ᠬᠠᠮᠢᠶᠠᠷᠤᠯᠲᠠ ᠪᠠ ᠲᠥᠷᠦᠯᠵᠢᠭᠦᠯᠦᠨ ᠵᠢᠯᠤᠭᠤᠳᠬᠤ ᠪᠠᠷ ᠵᠠᠷᠴᠢᠮ ᠪᠣᠯᠭᠠᠵᠤ᠂ ᠭᠣᠣᠯ ᠲᠥᠪ ᠦ᠋ᠨ ᠲᠣᠭᠤᠷᠢᠨ ᠳ᠋ᠤ᠌ ᠪᠦᠬᠦ ᠲᠠᠯ᠎ᠠ ᠳᠤ ᠦᠢᠯᠡᠴᠢᠯᠡᠵᠦ᠂ ᠠᠵᠢᠯ ᠤᠨ ᠬᠠᠮᠢᠶᠠᠷᠤᠯᠲᠠ ᠶᠢᠨ ᠴᠢᠳᠠᠪᠤᠷᠢ ᠪᠠ ᠬᠢᠷᠢ ᠲᠦᠪᠰᠢᠨ ᠢ᠋ᠶ᠋ᠡᠨ ᠦᠨᠡᠨ ᠬᠦ ᠳᠡᠭᠡᠭᠰᠢᠯᠡᠭᠦᠯᠵᠦ᠂ ᠮᠣᠩᠭᠤᠯ ᠨᠡᠷ᠎ᠡ ᠲᠣᠮᠢᠶ᠎ᠠ ᠶᠢ ᠬᠢᠨᠠᠵᠤ ᠨᠢᠭᠡᠳᠭᠡᠬᠦ᠂ ᠮᠣᠩᠭᠤᠯ ᠬᠡᠯᠡᠨ ᠦ᠌ ᠪᠠᠷᠢᠮᠵᠢᠶ᠎ᠠ ᠠᠪᠢᠶ᠎ᠠ ᠶᠢ ᠲᠦᠭᠡᠮᠡᠯᠵᠢᠭᠦᠯᠦᠨ ᠳᠡᠯᠭᠡᠷᠡᠭᠦᠯᠬᠦ ᠪᠠ ᠮᠣᠩᠭᠤᠯ ᠵᠥᠪ ᠪᠢᠴᠢᠯᠭᠡ ᠶᠢ ᠳᠦᠷᠢᠮᠵᠢᠭᠦᠯᠦᠨ ᠬᠡᠷᠡᠭᠯᠡᠬᠦ ᠠᠵᠢᠯ ᠢ ᠡᠷᠴᠢᠮ ᠲᠡᠢ ᠥᠷᠨᠢᠭᠦᠯᠬᠦ ᠵᠢ ᠪᠠᠷᠢᠮᠲᠠᠯᠠᠵᠤ᠂ ᠮᠣᠩᠭᠤᠯ ᠬᠡᠯᠡ ᠦᠰᠦᠭ ᠪᠢᠴᠢᠭ ᠦ᠋ᠨ ᠳᠦᠷᠢᠮᠵᠢᠭᠦᠯᠦᠯᠲᠡ᠂ ᠪᠠᠷᠢᠮᠵᠢᠶᠠᠵᠢᠭᠤᠯᠤᠯᠲᠠ᠂ ᠮᠡᠳᠡᠭᠡ ᠵᠠᠩᠭᠢᠵᠢᠯᠲᠠ ᠶᠢᠨ ᠪᠦᠲᠦᠭᠡᠨ ᠪᠠᠢᠭᠤᠯᠤᠯᠲᠠ ᠵᠢ ᠠᠬᠢᠭᠤᠯᠬᠤ ᠳᠤ ᠵᠣᠬᠢᠬᠤ ᠬᠤᠪᠢ ᠨᠡᠮᠡᠷᠢ ᠦᠵᠡᠭᠦᠯᠦᠨ᠎ᠡ᠃
ᠬᠤᠶᠠᠷ᠂ ᠶᠡᠷᠦᠩᠬᠡᠢ ᠬᠠᠷᠠᠯᠲᠠ
ᠮᠣᠩᠭᠤᠯ ᠨᠡᠷ᠎ᠡ ᠲᠣᠮᠢᠶ᠎ᠠ᠂ ᠪᠠᠷᠢᠮᠵᠢᠶ᠎ᠠ ᠠᠪᠢᠶ᠎ᠠ ᠪᠣᠯᠤᠨ ᠮᠣᠩᠭᠤᠯ ᠵᠥᠪ ᠪᠢᠴᠢᠯᠭᠡ ᠶᠢᠨ ᠠᠵᠢᠯ ᠤᠨ ᠪᠠᠢᠭᠤᠯᠤᠮᠵᠢ ᠨᠡᠩ ᠪᠦᠷᠢᠨ ᠭᠦᠢᠴᠡᠳ᠂ ᠲᠣᠭᠲᠠᠯᠴᠠᠭ᠎ᠠ ᠨᠡᠩ ᠪᠦᠷᠢᠨ ᠲᠡᠭᠦᠯᠳᠡᠷ᠂ ᠬᠠᠮᠢᠶᠠᠷᠤᠯᠲᠠ ᠨᠡᠩ ᠰᠢᠨᠡᠯᠢᠭ᠂ ᠴᠢᠳᠠᠪᠤᠷᠢ ᠪᠣᠯᠤᠨ ᠲᠦᠪᠰᠢᠨ ᠢ ᠨᠡᠩ ᠥᠨᠳᠦᠷ ᠪᠣᠯᠭᠠᠨ᠎ᠠ᠃ ᠮᠣᠩᠭᠤᠯ ᠦᠭᠡ ᠬᠡᠯᠡ ᠦᠰᠦᠭ ᠪᠢᠴᠢᠭ ᠦ᠋ᠨ ᠳᠦᠷᠢᠮᠵᠢᠭᠦᠯᠦᠯᠲᠡ ᠪᠠᠷᠢᠮᠵᠢᠶᠠᠵᠢᠭᠤᠯᠤᠯᠲᠠ ᠶ᠋ᠢᠨ ᠣᠨᠤᠯ ᠪᠣᠯᠤᠨ ᠬᠡᠷᠡᠭᠯᠡᠭᠡᠨ ᠦ᠌ ᠰᠤᠳᠤᠯᠭᠠᠨ ᠤ ᠲᠦᠪᠰᠢᠨ ᠢ ᠨᠡᠩ ᠶᠡᠬᠡᠪᠡᠷ ᠳᠡᠭᠡᠭᠰᠢᠯᠡᠭᠦᠯᠦᠨ᠎ᠡ᠃ ᠮᠣᠩᠭᠤᠯ ᠬᠡᠯᠡᠨ ᠦ᠌ ᠪᠠᠷᠢᠮᠵᠢᠶ᠎ᠠ ᠠᠪᠢᠶᠠᠨ ᠤ ᠬᠢᠴᠢᠶᠡᠯᠯᠡᠭᠴᠢ ᠪᠠᠭᠰᠢ ᠪᠠ ᠰᠢᠯᠭᠠᠭᠴᠢ ᠶᠢᠨ ᠡᠩᠨᠡᠭᠡ ᠵᠢ ᠤᠯᠠᠮ ᠪᠤᠵᠠᠭᠠᠢᠷᠠᠭᠤᠯᠤᠨᠠ᠃ ᠮᠣᠩᠭᠤᠯ ᠦᠭᠡ ᠬᠡᠯᠡ ᠦᠰᠦᠭ ᠪᠢᠴᠢᠭ ᠢ ᠳᠦᠷᠢᠮᠵᠢᠭᠦᠯᠵᠦ ᠪᠠᠷᠢᠮᠵᠢᠶᠠᠵᠢᠭᠤᠯᠬᠤ ᠰᠤᠷᠲᠠᠯ ᠤᠬᠠᠭᠤᠯᠭ᠎ᠠ ᠰᠤᠷᠭᠠᠨ ᠬᠥᠮᠦᠵᠢᠯ ᠦ᠋ᠨ ᠬᠦᠴᠦᠯᠡᠴᠡ ᠶᠢ ᠤᠯᠠᠮ ᠡᠷᠴᠢᠮᠵᠢᠭᠦᠯᠵᠦ᠂ ᠪᠦᠬᠦ ᠨᠡᠢᠭᠡᠮ ᠦ᠋ᠨ ᠮᠣᠩᠭᠤᠯ ᠦᠭᠡ ᠬᠡᠯᠡ ᠦᠰᠦᠭ ᠪᠢᠴᠢᠭ ᠦ᠋ᠨ ᠳᠦᠷᠢᠮᠵᠢᠭᠦᠯᠦᠯᠲᠡ ᠶᠢᠨ ᠤᠬᠠᠮᠰᠠᠷ ᠢ ᠢᠯᠡᠳᠲᠡ ᠴᠢᠩᠭᠠᠷᠠᠭᠤᠯᠵᠤ᠂ ᠳᠦᠷᠢᠮᠵᠢᠭᠦᠯᠦᠨ ᠬᠡᠷᠡᠭᠯᠡᠬᠦ ᠴᠢᠳᠠᠪᠤᠷᠢ ᠵᠢ ᠨᠡᠩ ᠳᠡᠭᠡᠭᠰᠢᠯᠡᠭᠦᠯᠦᠨ᠂ ᠳᠦᠷᠢᠮᠵᠢᠭᠦᠯᠦᠯᠲᠡ ᠶᠢᠨ ᠠᠭᠤᠷ ᠠᠮᠢᠰᠭᠤᠯ ᠢ᠋ ᠨᠡᠩ ᠥᠳᠭᠡᠨ ᠪᠣᠯᠭᠠᠨ᠎ᠠ᠃
ᠭᠤᠷᠪᠠ᠂ ᠭᠣᠣᠯ ᠡᠭᠦᠷᠭᠡ
(ᠨᠢᠭᠡ) ᠮᠣᠩᠭᠤᠯ ᠬᠡᠯᠡᠨ ᠦ᠌ ᠨᠡᠷ᠎ᠡ ᠲᠣᠮᠢᠶᠠᠨ ᠤ ᠠᠵᠢᠯ ᠤᠨ ᠲᠠᠯ᠎ᠠ ᠪᠠᠷ
1. ᠠᠵᠢᠯ ᠤᠨ ᠪᠠᠢᠭᠤᠯᠤᠮᠵᠢ ᠶ᠋ᠢ ᠲᠡᠭᠦᠯᠳᠡᠷᠵᠢᠭᠦᠯᠦᠨ᠎ᠡ᠃ ᠡᠮᠬᠢᠳᠭᠡᠨ ᠴᠤᠭᠯᠠᠭᠤᠯᠬᠤ᠂ ᠬᠢᠨᠠᠨ ᠲᠣᠭᠲᠠᠭᠠᠬᠤ᠂ ᠨᠡᠢᠲᠡᠯᠡᠬᠦ ᠪᠠ ᠬᠢᠨᠠᠯᠲᠠ ᠲᠠᠯᠪᠢᠬᠤ ᠪᠠᠢᠭᠤᠯᠤᠮᠵᠢ ᠶ᠋ᠢ ᠤᠯᠠᠮ ᠲᠡᠭᠦᠯᠳᠡᠷᠵᠢᠭᠦᠯᠦᠨ᠎ᠡ᠃ ᠡᠮᠬᠢᠳᠭᠡᠨ ᠴᠤᠭᠯᠠᠭᠤᠯᠬᠤ ᠲᠠᠯ᠎ᠠ ᠪᠠᠷ᠂ ᠬᠡᠷᠡᠭᠴᠡᠭᠡ ᠱᠠᠭᠠᠷᠳᠠᠯᠭ᠎ᠠ ᠪᠠᠷ ᠤᠳᠤᠷᠢᠳᠤᠮᠵᠢ ᠪᠣᠯᠭᠠᠵᠤ᠂ ᠣᠳᠣᠬᠠᠨ ᠤ ᠰᠢᠨ᠎ᠡ ᠰᠢᠨᠵᠢᠯᠡᠭᠡ ᠮᠡᠷᠭᠡᠵᠢᠯ ᠦ᠋ᠨ ᠬᠥᠭᠵᠢᠯᠲᠡ ᠶᠢᠨ ᠬᠠᠨᠳᠤᠰᠢ ᠪᠠ ᠤᠯᠤᠰ ᠤᠨ ᠪᠠᠢᠯᠳᠤᠬᠤ ᠪᠣᠳᠤᠯᠭ᠎ᠠ ᠶ᠋ᠢᠨ ᠬᠡᠷᠡᠭᠴᠡᠭᠡ ᠱᠠᠭᠠᠷᠳᠠᠯᠭ᠎ᠠ᠂ ᠴᠥᠭᠡᠨ ᠲᠣᠭᠠᠲᠤ ᠦᠨᠳᠦᠰᠦᠲᠡᠨ ᠦ᠌ ᠤᠯᠠᠨ ᠲᠦᠮᠡᠨ ᠦ᠌ ᠲᠤᠯᠭᠠᠮ᠎ᠠ ᠬᠡᠷᠡᠭᠴᠡᠭᠡ ᠱᠠᠭᠠᠷᠳᠠᠯᠭ᠎ᠠ ᠠᠴᠠ ᠡᠭᠦᠰᠴᠦ᠂ ᠲᠥᠪᠯᠡᠷᠡᠭᠦᠯᠦᠨ ᠴᠤᠭᠯᠠᠭᠤᠯᠬᠤ ᠪᠣᠯᠤᠨ ᠦᠷᠭᠦᠯᠵᠢ ᠴᠤᠭᠯᠠᠭᠤᠯᠬᠤ ᠶᠢ ᠤᠶᠠᠯᠳᠤᠭᠤᠯᠵᠤ᠂ ᠮᠣᠩᠭᠤᠯ ᠨᠡᠷ᠎ᠡ ᠲᠣᠮᠢᠶᠠᠨ ᠤ ᠡᠮᠬᠢᠳᠭᠡᠨ ᠴᠤᠭᠯᠠᠭᠤᠯᠬᠤ ᠠᠵᠢᠯ ᠤᠨ ᠰᠦᠯᠵᠢᠶᠡᠵᠢᠯᠲᠡ᠂ ᠥᠨᠳᠦᠷ ᠦᠷ᠎ᠡ ᠪᠦᠲᠦᠮᠵᠢᠲᠦ᠂ ᠦᠷᠭᠦᠯᠵᠢ ᠶᠢᠨ ᠴᠢᠨᠠᠷ ᠲᠠᠢ ᠪᠠᠢᠬᠤ ᠶ᠋ᠢ ᠪᠡᠶᠡᠯᠡᠭᠦᠯᠦᠨ᠎ᠡ᠃
ᠬᠢᠨᠠᠨ ᠲᠣᠭᠲᠠᠭᠠᠬᠤ ᠲᠠᠯ᠎ᠠ ᠪᠠᠷ᠂ ᠬᠢᠨᠠᠨ ᠲᠣᠭᠲᠠᠭᠠᠬᠤ ᠬᠤᠷᠠᠯ ᠪᠣᠯᠤᠨ ᠰᠦᠯᠵᠢᠶᠡᠨ ᠲᠠᠪᠴᠠᠩ ᠳᠡᠭᠡᠷ᠎ᠡ ᠬᠢᠨᠠᠨ ᠲᠣᠭᠲᠠᠭᠠᠬᠤ ᠶᠢ ᠤᠶᠠᠯᠳᠤᠭᠤᠯᠵᠤ᠂ ᠬᠢᠨᠠᠨ ᠲᠣᠭᠲᠠᠭᠠᠬᠤ ᠵᠠᠷᠴᠢᠮ ᠪᠠ ᠶᠠᠪᠤᠴᠠ ᠶᠢ ᠴᠢᠩᠭ᠎ᠠ ᠵᠢᠷᠤᠮᠯᠠᠵᠤ ᠂ ᠲᠤᠰᠭᠠᠢ ᠮᠡᠷᠭᠡᠵᠢᠯ ᠦ᠋ᠨ ᠨᠡᠷ᠎ᠡ ᠲᠣᠮᠢᠶᠠᠨ ᠤ ᠰᠢᠨᠵᠢᠯᠡᠬᠦ ᠤᠬᠠᠭᠠᠨᠴᠢ ᠰᠢᠨᠵᠢ᠂ ᠰᠢᠰᠲ᠋ᠧᠮᠲᠦ ᠰᠢᠨᠵᠢ᠂ ᠳᠦᠷᠢᠮᠵᠢᠯᠲᠦ ᠰᠢᠨᠵᠢ ᠪᠠ ᠡᠯ᠎ᠡ ᠰᠢᠨᠵᠢᠯᠡᠭᠡᠨ ᠦ᠌ ᠬᠣᠭᠤᠷᠤᠨᠳᠤᠬᠢ ᠲᠡᠩᠴᠡᠭᠦᠷᠢᠲᠦ ᠰᠢᠨᠵᠢ᠂ ᠨᠢᠭᠡᠳᠦᠯᠲᠡᠢ ᠰᠢᠨᠵᠢ᠂ ᠣᠨᠤᠪᠴᠢᠲᠠᠢ ᠰᠢᠨᠵᠢ ᠶᠢ ᠭᠦᠢᠴᠡᠳ ᠢᠯᠡᠷᠡᠭᠦᠯᠵᠦ᠂ ᠦᠷᠭᠦᠯᠵᠢ ᠬᠡᠷᠡᠭᠯᠡᠭᠳᠡᠬᠦ ᠨᠡᠷ᠎ᠡ ᠲᠣᠮᠢᠶᠠᠨ ᠤ ᠤᠯᠠᠨ ᠲᠦᠮᠡᠨᠴᠢ ᠰᠢᠨᠵᠢ ᠪᠠ ᠳᠠᠳᠭᠠᠯᠲᠤ ᠰᠢᠨᠵᠢ ᠶᠢ ᠢᠯᠡᠷᠡᠭᠦᠯᠦᠨ᠎ᠡ᠃
ᠨᠡᠢᠲᠡᠯᠡᠬᠦ ᠲᠠᠯ᠎ᠠ ᠪᠠᠷ᠂ 《ᠮᠣᠩᠭᠤᠯ ᠨᠡᠷ᠎ᠡ ᠲᠣᠮᠢᠶᠠᠨ ᠤ ᠠᠯᠪᠠᠨ ᠮᠡᠳᠡᠭᠡ》 ᠶᠢ ᠨᠡᠢᠲᠡᠯᠡᠬᠦ ᠲᠣᠭᠲᠠᠯᠴᠠᠭ᠎ᠠ ᠶᠢ ᠴᠢᠩᠭᠠᠳᠭᠠᠬᠤ ᠪᠠ ᠰᠠᠢᠵᠢᠷᠠᠭᠤᠯᠵᠤ᠂ ᠠᠯᠪᠠᠨ ᠮᠡᠳᠡᠭᠡ ᠶᠢ ᠪᠦᠬᠦ ᠣᠷᠤᠨ ᠤ᠋ ᠡᠯ᠎ᠡ ᠱᠠᠲᠤᠨ ᠤ ᠠᠯᠪᠠᠨ ᠪᠠᠢᠭᠤᠯᠭ᠎ᠠ᠂ ᠤᠯᠠᠨ ᠲᠦᠮᠡᠨ ᠦ᠌ ᠪᠦᠯᠬᠦᠮ᠂ ᠠᠵᠢᠯ ᠦᠢᠯᠡᠰ ᠦ᠋ᠨ ᠨᠢᠭᠡᠴᠢ ᠪᠠ ᠪᠤᠰᠤᠳ ᠬᠠᠮᠵᠢᠯᠴᠠᠬᠤ ᠮᠤᠵᠢ ᠣᠷᠤᠨ ᠤ᠋ ᠬᠠᠮᠢᠶ᠎ᠠ ᠪᠦᠬᠦᠢ ᠰᠠᠯᠠᠭ᠎ᠠ ᠮᠥᠴᠢᠷ ᠲᠦ᠍ ᠬᠦᠷᠲᠡᠯ᠎ᠡ ᠲᠠᠷᠬᠠᠭᠠᠨ ᠨᠡᠢᠲᠡᠯᠡᠬᠦ ᠶ᠋ᠢ ᠪᠠᠲᠤᠯᠠᠨ᠎ᠠ᠃ ᠰᠦᠯᠵᠢᠶᠡᠨ ᠬᠠᠮᠢᠶᠠᠷᠤᠯᠲᠠ ᠶᠢᠨ ᠰᠢᠰᠲ᠋ᠧᠮ ᠢ᠋ᠶ᠋ᠡᠷ ᠳᠠᠮᠵᠢᠭᠤᠯᠤᠨ᠂ ᠴᠠᠭ ᠲᠤᠬᠠᠢ ᠳᠤᠨᠢ ᠬᠢᠨᠠᠨ ᠲᠣᠭᠲᠠᠭᠠᠵᠤ ᠨᠢᠭᠡᠳᠭᠡᠭᠰᠡᠨ ᠮᠣᠩᠭᠤᠯ ᠨᠡᠷ᠎ᠡ ᠲᠣᠮᠢᠶ᠎ᠠ ᠶᠢ ᠨᠡᠢᠲᠡᠯᠡᠨ᠎ᠡ᠃
ᠬᠢᠨᠠᠯᠲᠠ ᠲᠠᠯᠪᠢᠬᠤ ᠲᠠᠯ᠎ᠠ ᠪᠠᠷ᠂ ᠡᠯ᠎ᠡ ᠱᠠᠲᠤᠨ ᠤ ᠰᠣᠨᠢᠨ ᠮᠡᠳᠡᠭᠡ ᠵᠠᠭᠤᠴᠢᠯᠠᠭᠤᠷ᠂ ᠬᠡᠪᠯᠡᠯ ᠪᠠ ᠵᠢᠭᠠᠬᠤ ᠮᠠᠲ᠋ᠧᠷᠢᠶᠠᠯ ᠨᠠᠢᠷᠠᠭᠤᠯᠬᠤ ᠰᠠᠯᠠᠭ᠎ᠠ ᠮᠥᠴᠢᠷ ᠦ᠋ᠳ ᠢ᠋ ᠢᠳᠡᠪᠬᠢᠯᠡᠨ ᠱᠠᠭᠠᠷᠳᠠᠵᠤ᠂ ᠲᠡᠳᠡᠨ ᠢ᠋ᠶ᠋ᠡᠷ ᠲᠣᠯᠤᠭᠠᠢᠯᠠᠭᠤᠯᠤᠨ ᠮᠣᠩᠭᠤᠯ ᠨᠡᠷ᠎ᠡ ᠲᠣᠮᠢᠶ᠎ᠠ ᠶᠢ ᠳᠦᠷᠢᠮᠵᠢᠭᠦᠯᠦᠨ ᠬᠡᠷᠡᠭᠯᠡᠭᠦᠯᠦᠨ᠎ᠡ᠃ ᠲᠤᠰᠭᠠᠢ ᠮᠡᠷᠭᠡᠵᠢᠯᠲᠡᠨ ᠦᠨᠡᠯᠡᠨ ᠲᠣᠭᠲᠠᠭᠠᠬᠤ ᠳᠦᠷᠢᠮ ᠢ ᠪᠠᠢᠭᠤᠯᠬᠤ ᠪᠠ ᠲᠡᠭᠦᠯᠳᠡᠷᠵᠢᠭᠦᠯᠵᠦ᠂ ᠪᠥᠬᠦ ᠣᠷᠤᠨ ᠤ᠋ ᠡᠯ᠎ᠡ ᠭᠠᠵᠠᠷ ᠣᠷᠤᠨ᠂ ᠡᠯ᠎ᠡ ᠰᠠᠯᠠᠭ᠎ᠠ ᠮᠥᠴᠢᠷ ᠦ᠋ᠨ ᠮᠣᠩᠭᠤᠯ ᠨᠡᠷ᠎ᠡ ᠲᠣᠮᠢᠶ᠎ᠠ ᠶᠢ ᠳᠦᠷᠢᠮᠵᠢᠭᠦᠯᠦᠨ ᠬᠡᠷᠡᠭᠯᠡᠵᠦ ᠪᠠᠢᠭ᠎ᠠ ᠪᠠᠢᠳᠠᠯ ᠢ᠋ ᠲᠣᠭᠲᠠᠮᠠᠯ ᠪᠤᠰᠤ ᠬᠤᠭᠤᠴᠠᠭ᠎ᠠ ᠲᠠᠢ ᠦᠨᠡᠯᠡᠨ ᠲᠣᠭᠲᠠᠭᠠᠵᠤ᠂ ᠦᠷ᠎ᠡ ᠳ᠋ᠦᠩ ᠢ ᠨᠢ ᠨᠡᠢᠲᠡᠯᠡᠨ᠎ᠡ᠃
2. ᠠᠵᠢᠯ ᠤᠨ ᠪᠠᠢᠭᠤᠯᠤᠮᠵᠢ ᠶ᠋ᠢ ᠪᠦᠷᠢᠨᠰᠢᠭᠦᠯᠦᠨ᠎ᠡ᠃ ᠪᠣᠳᠠᠲᠠᠢ ᠠᠵᠢᠯ ᠤᠨ ᠬᠡᠷᠡᠭᠴᠡᠭᠡ ᠶ᠋ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠤᠨ ᠤ᠋ ᠨᠡᠷ᠎ᠡ ᠲᠣᠮᠢᠶᠠᠨ ᠤ ᠺᠣᠮᠢᠰ ᠤ᠋ᠨ ᠳᠦᠷᠢᠮ ᠦ᠋ᠨ ᠬᠠᠮᠢᠶ᠎ᠠ ᠪᠦᠬᠦᠢ ᠲᠣᠭᠲᠠᠭᠠᠯ ᠢ ᠴᠢᠩᠭ᠎ᠠ ᠵᠢᠷᠤᠮᠯᠠᠵᠤ᠂ ᠬᠠᠮᠢᠶ᠎ᠠ ᠪᠦᠬᠦᠢ ᠲᠤᠰᠭᠠᠢ ᠮᠡᠷᠭᠡᠵᠢᠯ ᠦ᠋ᠨ ᠬᠤᠪᠢᠶᠠᠷᠢ ᠺᠣᠮᠢᠰ ᠢ᠋ ᠰᠡᠷᠭᠦᠭᠡᠬᠦ ᠪᠤᠶᠤ ᠰᠢᠨ᠎ᠡ ᠪᠡᠷ ᠪᠠᠢᠭᠤᠯᠵᠤ᠂ ᠠᠵᠢᠯ ᠤᠨ ᠳᠦᠷᠢᠮ ᠲᠣᠭᠲᠠᠭᠠᠯ ᠢ ᠲᠣᠭᠲᠠᠭᠠᠨ ᠲᠡᠭᠦᠯᠳᠡᠷᠵᠢᠭᠦᠯᠵᠦ᠂ ᠠᠵᠢᠯ ᠤᠨ ᠡᠭᠦᠷᠭᠡ ᠪᠣᠯᠤᠨ ᠶᠠᠪᠤᠴᠠ ᠶᠢ ᠳᠦᠷᠢᠮᠵᠢᠭᠦᠯᠦᠨ ᠨᠠᠷᠢᠯᠢᠭᠵᠢᠭᠤᠯᠵᠤ᠂ ᠮᠣᠩᠭᠤᠯ ᠨᠡᠷ᠎ᠡ ᠲᠣᠮᠢᠶᠠᠨ ᠤ ᠰᠢᠰᠲ᠋ᠧᠮ ᠢ ᠤᠯᠠᠮ ᠲᠡᠭᠦᠯᠳᠡᠷᠵᠢᠭᠦᠯᠬᠦ ᠳ᠋ᠦ᠍ ᠵᠣᠬᠢᠶᠠᠨ ᠪᠠᠢᠭᠤᠯᠤᠯᠲᠠ ᠶ᠋ᠢᠨ ᠪᠠᠲᠤᠯᠠᠭ᠎ᠠ ᠬᠠᠩᠭᠠᠨ᠎ᠠ᠃
3. ᠰᠢᠨᠵᠢᠯᠡᠭᠡ ᠰᠤᠳᠤᠯᠭᠠᠨ ᠢ ᠴᠢᠩᠭᠠᠳᠭᠠᠨ᠎ᠠ᠃ ᠮᠣᠩᠭᠤᠯ ᠨᠡᠷ᠎ᠡ ᠲᠣᠮᠢᠶᠠᠨ ᠤ ᠣᠨᠤᠯ ᠤ᠋ᠨ ᠰᠤᠳᠤᠯᠭᠠᠨ᠂ ᠬᠠᠷᠢᠴᠠᠭᠤᠯᠤᠭᠰᠠᠨ ᠰᠤᠳᠤᠯᠭᠠᠨ᠂ ᠪᠠᠢᠴᠠᠭᠠᠯᠲᠠ ᠶ᠋ᠢᠨ ᠰᠤᠳᠤᠯᠭᠠᠨ ᠢ ᠢᠳᠡᠪᠬᠢᠲᠡᠢ ᠥᠷᠨᠢᠭᠦᠯᠦᠨ᠂ ᠡᠷᠳᠡᠮ ᠰᠢᠨᠵᠢᠯᠡᠭᠡᠨ ᠦ᠌ ᠬᠤᠷᠠᠯ ᠢ ᠵᠣᠬᠢᠶᠠᠨ ᠪᠠᠢᠭᠤᠯᠤᠨ ᠡᠷᠬᠢᠯᠡᠵᠦ᠂《ᠮᠣᠩᠭᠤᠯ ᠨᠡᠷ᠎ᠡ ᠲᠣᠮᠢᠶᠠᠨ ᠤ ᠥᠭᠦᠯᠡᠯ ᠦ᠋ᠨ ᠲᠡᠭᠦᠪᠦᠷᠢ》᠂ ᠡᠷᠳᠡᠮ ᠰᠢᠨᠵᠢᠯᠡᠭᠡᠨ ᠦ᠌ ᠰᠡᠳᠭᠦᠯ ᠢ᠋ ᠲᠣᠭᠲᠠᠮᠠᠯ ᠪᠤᠰᠤ ᠬᠤᠭᠤᠴᠠᠭ᠎ᠠ ᠲᠠᠢ ᠬᠡᠪᠯᠡᠭᠦᠯᠦᠨ ᠨᠡᠢᠲᠡᠯᠡᠨ᠎ᠡ᠃《ᠮᠣᠩᠭᠤᠯ ᠨᠡᠷ᠎ᠡ ᠲᠣᠮᠢᠶᠠᠨ ᠤ ᠲᠣᠯᠢ》 ᠶᠢ ᠨᠠᠢᠷᠠᠭᠤᠯᠤᠨ ᠬᠡᠪᠯᠡᠭᠦᠯᠦᠨ᠎ᠡ᠃
(ᠬᠤᠶᠠᠷ) ᠮᠣᠩᠭᠤᠯ ᠬᠡᠯᠡᠨ ᠦ᠌ ᠪᠠᠷᠢᠮᠵᠢᠶ᠎ᠠ ᠠᠪᠢᠶᠠᠨ ᠤ ᠠᠵᠢᠯ ᠤᠨ ᠲᠠᠯ᠎ᠠ ᠪᠠᠷ
1. ᠠᠵᠢᠯ ᠤᠨ ᠪᠠᠢᠭᠤᠯᠤᠮᠵᠢ ᠶ᠋ᠢ ᠪᠦᠷᠢᠨᠰᠢᠭᠦᠯᠦᠨ᠎ᠡ᠃ ᠪᠦᠬᠦ ᠣᠷᠤᠨ ᠤ᠋ ᠮᠣᠩᠭᠤᠯ ᠬᠡᠯᠡᠨ ᠦ᠌ ᠪᠠᠷᠢᠮᠵᠢᠶ᠎ᠠ ᠠᠪᠢᠶᠠᠨ ᠤ ᠪᠣᠯᠪᠠᠰᠤᠷᠠᠯ ᠰᠢᠯᠭᠠᠯᠲᠠ ᠶᠢᠨ ᠬᠠᠮᠢᠶᠠᠷᠤᠯᠲᠠ ᠪᠡᠨ ᠴᠢᠩᠭᠠᠳᠭᠠᠬᠤ ᠪᠠ ᠰᠠᠢᠵᠢᠷᠠᠭᠤᠯᠵᠤ᠂ ᠪᠣᠳᠠᠲᠠᠢ ᠪᠠᠢᠳᠠᠯ ᠢ᠋ᠶ᠋ᠠᠨ ᠦᠨᠳᠦᠰᠦᠯᠡᠨ ᠪᠣᠯᠪᠠᠰᠤᠷᠠᠯ ᠰᠢᠯᠭᠠᠯᠲᠠ ᠥᠷᠨᠢᠭᠦᠯᠬᠦ ᠪᠡᠷ ᠢᠳᠡᠪᠬᠢ ᠪᠤᠰᠤ ᠥᠷᠲᠡᠭᠡ ᠴᠡᠭ ᠢ ᠬᠠᠰᠤᠵᠤ᠂ ᠬᠡᠷᠡᠭᠴᠡᠭᠡ ᠲᠡᠢ ᠭᠠᠵᠠᠷ ᠣᠷᠤᠨ ᠪᠣᠯᠤᠨ ᠰᠠᠯᠠᠭ᠎ᠠ ᠮᠥᠴᠢᠷ ᠲᠦ᠍ ᠰᠢᠨ᠎ᠡ ᠥᠷᠲᠡᠭᠡ ᠴᠡᠭ ᠢ ᠨᠡᠮᠡᠨ᠎ᠡ᠃ ᠪᠥᠬᠦ ᠣᠷᠤᠨ ᠤ᠋ ᠮᠣᠩᠭᠤᠯ ᠬᠡᠯᠡᠨ ᠦ᠌ ᠪᠠᠷᠢᠮᠵᠢᠶ᠎ᠠ ᠶᠢᠨ ᠵᠡᠭᠦᠨ ᠣᠷᠤᠨ ᠤ᠋ ᠪᠣᠯᠪᠠᠰᠤᠷᠠᠯ ᠰᠢᠯᠭᠠᠯᠲᠠ ᠶᠢᠨ ᠰᠠᠭᠤᠷᠢᠨ ᠭᠠᠵᠠᠷ ᠢ ᠪᠠᠢᠭᠤᠯᠵᠤ᠂ ᠠᠵᠢᠯ ᠤᠨ ᠪᠠᠢᠭᠤᠯᠤᠮᠵᠢ ᠶ᠋ᠢ ᠤᠯᠠᠮ ᠪᠦᠷᠢᠨᠰᠢᠭᠦᠯᠵᠦ᠂ ᠮᠣᠩᠭᠤᠯ ᠬᠡᠯᠡᠨ ᠦ᠌ ᠪᠠᠷᠢᠮᠵᠢᠶ᠎ᠠ ᠠᠪᠢᠶ᠎ᠠ ᠶᠢ ᠲᠦᠭᠡᠮᠡᠯᠵᠢᠭᠦᠯᠬᠦ ᠳ᠋ᠦ᠍ ᠵᠣᠬᠢᠶᠠᠨ ᠪᠠᠢᠭᠤᠯᠤᠯᠲᠠ ᠶ᠋ᠢᠨ ᠪᠠᠲᠤᠯᠠᠭ᠎ᠠ ᠬᠠᠩᠭᠠᠨ᠎ᠠ᠃
2. ᠰᠤᠷᠭᠠᠨ ᠬᠥᠮᠦᠵᠢᠯ᠂ ᠪᠣᠯᠪᠠᠰᠤᠷᠠᠯ ᠪᠠ ᠰᠢᠯᠭᠠᠬᠤ ᠠᠵᠢᠯ ᠢ ᠴᠢᠩᠭᠠᠳᠭᠠᠨ᠎ᠠ᠃ ᠰᠤᠷᠭᠠᠨ ᠬᠥᠮᠦᠵᠢᠯ ᠦ᠋ᠨ ᠰᠠᠯᠠᠭ᠎ᠠ ᠮᠥᠴᠢᠷ ᠲᠡᠢ ᠢᠳᠡᠪᠬᠢᠲᠡᠢ ᠬᠠᠮᠵᠢᠯᠴᠠᠨ᠂ ᠣᠷᠤᠨ ᠤ᠋ ᠳᠣᠲᠤᠷᠠᠬᠢ ᠡᠯ᠎ᠡ ᠲᠥᠷᠦᠯ ᠦ᠋ᠨ ᠮᠣᠩᠭᠤᠯ ᠢᠶᠠᠷ ᠬᠢᠴᠢᠶᠡᠯᠯᠡᠬᠦ ᠰᠤᠷᠭᠠᠭᠤᠯᠢ ᠶᠢᠨ ᠮᠣᠩᠭᠤᠯ ᠬᠡᠯᠡᠨ ᠦ᠌ ᠪᠠᠷᠢᠮᠵᠢᠶ᠎ᠠ ᠠᠪᠢᠶᠠᠨ ᠤ ᠵᠢᠭᠠᠨ ᠰᠤᠷᠭᠠᠯᠲᠠ ᠶᠢ ᠴᠢᠩᠭᠠᠳᠭᠠᠵᠤ᠂ ᠪᠦᠬᠦ ᠣᠷᠤᠨ ᠤ᠋ ᠡᠯ᠎ᠡ ᠲᠥᠷᠦᠯ ᠦ᠋ᠨ ᠡᠩ ᠦ᠋ᠨ ᠶᠡᠬᠡ ᠳᠡᠭᠡᠳᠦ ᠰᠤᠷᠭᠠᠭᠤᠯᠢ᠂ ᠳᠤᠮᠳᠠᠳᠤ ᠵᠡᠷᠭᠡ ᠶᠢᠨ ᠲᠤᠰᠭᠠᠢ ᠮᠡᠷᠭᠡᠵᠢᠯ ᠦ᠋ᠨ ᠰᠤᠷᠭᠠᠭᠤᠯᠢ ᠶᠢᠨ ᠮᠣᠩᠭᠤᠯ ᠢᠶᠠᠷ ᠬᠢᠴᠢᠶᠡᠯᠯᠡᠵᠦ ᠪᠠᠢᠭ᠎ᠠ ᠰᠤᠷᠤᠭᠴᠢ ᠪᠦᠬᠦᠨ ᠢ ᠮᠣᠩᠭᠤᠯ ᠬᠡᠯᠡᠨ ᠦ᠌ ᠪᠠᠷᠢᠮᠵᠢᠶ᠎ᠠ ᠠᠪᠢᠶᠠᠨ ᠤ ᠪᠣᠯᠪᠠᠰᠤᠷᠠᠯ ᠰᠢᠯᠭᠠᠯᠲᠠ ᠳᠤ ᠣᠷᠤᠯᠴᠠᠭᠤᠯᠵᠤ᠂ ᠵᠣᠬᠢᠬᠤ ᠳᠡᠰ ᠦ᠋ᠨ ᠪᠠᠷᠢᠮᠵᠢᠶ᠎ᠠ ᠳᠤ ᠬᠦᠷᠭᠡᠨ᠎ᠡ᠃ ᠮᠣᠩᠭᠤᠯ ᠢᠶᠠᠷ ᠬᠢᠴᠢᠶᠡᠯᠯᠡᠭᠰᠡᠳ ᠡᠴᠡ ᠪᠤᠰᠤᠳ ᠰᠤᠷᠤᠭᠴᠢ ᠥᠪᠡᠷ ᠦ᠋ᠨ ᠳᠤᠷ᠎ᠠ ᠠᠴᠠ ᠪᠠᠨ ᠮᠣᠩᠭᠤᠯ ᠬᠡᠯᠡᠨ ᠦ᠌ ᠪᠠᠷᠢᠮᠵᠢᠶ᠎ᠠ ᠠᠪᠢᠶᠠᠨ ᠤ ᠪᠣᠯᠪᠠᠰᠤᠷᠠᠯ ᠰᠢᠯᠭᠠᠯᠲᠠ ᠳᠤ ᠣᠷᠤᠯᠴᠠᠵᠤ ᠪᠣᠯᠤᠨ᠎ᠠ᠃ ᠡᠯ᠎ᠡ ᠰᠢᠯᠭᠠᠬᠤ ᠥᠷᠲᠡᠭᠡ(ᠲᠥᠪ᠂ ᠰᠠᠭᠤᠷᠢᠨ ᠭᠠᠵᠠᠷ᠂ ᠴᠡᠭ) ᠶᠢ ᠵᠢᠯᠤᠭᠤᠳᠴᠤ᠂ ᠮᠣᠩᠭᠤᠯ ᠬᠡᠯᠡᠨ ᠦ᠌ ᠪᠠᠷᠢᠮᠵᠢᠶ᠎ᠠ ᠠᠪᠢᠶᠠᠨ ᠤ ᠪᠣᠯᠪᠠᠰᠤᠷᠠᠯ ᠰᠢᠯᠭᠠᠯᠲᠠ ᠶᠢᠨ ᠠᠵᠢᠯ ᠢ ᠢᠳᠡᠪᠬᠢᠲᠡᠢ ᠥᠷᠨᠢᠭᠦᠯᠦᠨ᠎ᠡ᠃ ᠮᠣᠩᠭᠤᠯ ᠬᠡᠯᠡᠨ ᠦ᠌ ᠪᠠᠷᠢᠮᠵᠢᠶ᠎ᠠ ᠠᠪᠢᠶᠠᠨ ᠤ ᠬᠢᠴᠢᠶᠡᠯᠯᠡᠭᠴᠢ ᠪᠠᠭᠰᠢ ᠪᠠ ᠰᠢᠯᠭᠠᠭᠴᠢ ᠶᠢᠨ ᠡᠩᠨᠡᠭᠡ ᠶᠢ ᠴᠢᠩᠭᠠᠳᠭᠠᠨ᠎ᠠ᠃ ᠬᠥᠮᠦᠨ ᠦ᠌ ᠬᠦᠴᠦᠨ᠂ ᠰᠤᠷᠭᠠᠨ ᠬᠥᠮᠦᠵᠢᠯ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠲᠡᠢ ᠢᠳᠡᠪᠬᠢᠲᠡᠢ ᠬᠠᠮᠵᠢᠯᠴᠠᠵᠤ᠂ ᠮᠣᠩᠭᠤᠯ ᠬᠡᠯᠡ ᠪᠡᠷ ᠲᠤᠬᠠᠢᠯᠠᠭᠰᠠᠨ ᠠᠵᠢᠯ ᠤᠨ ᠬᠡᠯᠡ ᠪᠣᠯᠭᠠᠵᠤ ᠪᠠᠢᠭ᠎ᠠ ᠠᠵᠢᠯ ᠤᠨ ᠪᠠᠢᠷᠢ ᠳ᠋ᠤ᠌ ᠦᠨᠡᠮᠯᠡᠯ ᠲᠡᠢ ᠠᠵᠢᠯᠯᠠᠬᠤ ᠳᠦᠷᠢᠮ ᠢ᠋ ᠠᠯᠬᠤᠮ ᠠᠯᠬᠤᠮ ᠢ᠋ᠶ᠋ᠠᠷ ᠬᠡᠷᠡᠭᠵᠢᠭᠦᠯᠦᠨ᠎ᠡ᠃
3. ᠬᠢᠨᠠᠯᠲᠠ ᠲᠠᠯᠪᠢᠨ ᠪᠠᠢᠴᠠᠭᠠᠬᠤ ᠠᠵᠢᠯ ᠢ ᠴᠢᠩᠭᠠᠳᠭᠠᠨ᠎ᠠ᠃ ᠡᠯ᠎ᠡ ᠱᠠᠲᠤᠨ ᠤ ᠷᠠᠳᠢᠣ᠋ ᠲᠧᠯᠸᠢᠰ ᠦ᠋ᠨ ᠰᠠᠯᠠᠭ᠎ᠠ ᠮᠥᠴᠢᠷ ᠢ ᠢᠳᠡᠪᠬᠢᠲᠡᠢ ᠱᠠᠭᠠᠷᠳᠠᠵᠤ ᠮᠣᠩᠭᠤᠯ ᠦᠭᠡ ᠬᠡᠯᠡ ᠦᠰᠦᠭ ᠪᠢᠴᠢᠭ ᠢ ᠳᠦᠷᠢᠮᠵᠢᠭᠦᠯᠦᠨ ᠬᠡᠷᠡᠭᠯᠡᠭᠦᠯᠬᠦ ᠪᠠ ᠮᠣᠩᠭᠤᠯ ᠬᠡᠯᠡᠨ ᠦ᠌ ᠪᠠᠷᠢᠮᠵᠢᠶ᠎ᠠ ᠠᠪᠢᠶ᠎ᠠ ᠶᠢ ᠲᠦᠭᠡᠮᠡᠯᠵᠢᠭᠦᠯᠬᠦ ᠲᠠᠯ᠎ᠠ ᠳᠤ ᠳᠠᠭᠠᠭᠤᠯᠤᠭᠴᠢ ᠦᠢᠯᠡᠳᠦᠯ ᠦᠵᠡᠭᠦᠯᠦᠨ᠎ᠡ᠃ ᠲᠤᠰᠭᠠᠢ ᠮᠡᠷᠭᠡᠵᠢᠯᠲᠡᠨ ᠦᠨᠡᠯᠡᠨ ᠲᠣᠭᠲᠠᠭᠠᠬᠤ ᠳᠦᠷᠢᠮ ᠢ ᠪᠠᠢᠭᠤᠯᠬᠤ ᠪᠠ ᠲᠡᠭᠦᠯᠳᠡᠷᠵᠢᠭᠦᠯᠵᠦ᠂ ᠪᠦᠬᠦ ᠣᠷᠤᠨ ᠤ᠋ ᠡᠯ᠎ᠡ ᠭᠠᠵᠠᠷ ᠣᠷᠤᠨ᠂ ᠡᠯ᠎ᠡ ᠰᠠᠯᠠᠭ᠎ᠠ ᠮᠥᠴᠢᠷ ᠦ᠋ᠨ ᠮᠣᠩᠭᠤᠯ ᠬᠡᠯᠡᠨ ᠦ᠌ ᠪᠠᠷᠢᠮᠵᠢᠶ᠎ᠠ ᠠᠪᠢᠶ᠎ᠠ ᠶᠢ ᠲᠦᠭᠡᠮᠡᠯᠵᠢᠭᠦᠯᠦᠨ ᠳᠡᠯᠭᠡᠷᠡᠭᠦᠯᠵᠦ ᠪᠠᠢᠭ᠎ᠠ ᠪᠠᠢᠳᠠᠯ ᠢ᠋ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠦᠨᠡᠯᠡᠨ ᠲᠣᠭᠲᠠᠭᠠᠵᠤ᠂ ᠦᠷ᠎ᠡ ᠳ᠋ᠦᠩ ᠢ ᠨᠢ ᠨᠡᠢᠲᠡᠯᠡᠨ᠎ᠡ᠃
4. ᠰᠢᠨᠵᠢᠯᠡᠭᠡ ᠰᠤᠳᠤᠯᠭᠠᠨ ᠢ ᠴᠢᠩᠭᠠᠳᠭᠠᠨ᠎ᠠ᠃ ᠣᠶᠤᠨ ᠤ᠋ ᠬᠥᠮᠦᠷᠭᠡ ᠶ᠋ᠢᠨ ᠦᠢᠯᠡᠳᠦᠯ ᠢ ᠢᠳᠡᠪᠬᠢᠲᠡᠢ ᠪᠠᠳᠠᠷᠠᠭᠤᠯᠵᠤ᠂ ᠮᠣᠩᠭᠤᠯ ᠬᠡᠯᠡᠨ ᠦ᠌ ᠪᠠᠷᠢᠮᠵᠢᠶ᠎ᠠ ᠠᠪᠢᠶᠠᠨ ᠤ ᠣᠨᠤᠯ ᠪᠠ ᠬᠡᠷᠡᠭᠯᠡᠯᠲᠡ ᠶᠢᠨ ᠰᠤᠳᠤᠯᠭᠠᠨ ᠢ ᠥᠷᠨᠢᠭᠦᠯᠵᠦ᠂ ᠡᠷᠳᠡᠮ ᠰᠢᠨᠵᠢᠯᠡᠭᠡᠨ ᠦ᠌ ᠬᠤᠷᠠᠯ ᠴᠤᠭᠯᠠᠭᠠᠨ ᠢ ᠵᠣᠬᠢᠶᠠᠨ ᠪᠠᠢᠭᠤᠯᠤᠨ ᠡᠷᠬᠢᠯᠡᠵᠦ᠂ 《ᠮᠣᠩᠭᠤᠯ ᠬᠡᠯᠡᠨ ᠦ᠌ ᠪᠠᠷᠢᠮᠵᠢᠶ᠎ᠠ ᠠᠪᠢᠶᠠᠨ ᠤ ᠥᠭᠦᠯᠡᠯ ᠦ᠋ᠨ ᠲᠡᠭᠦᠪᠦᠷᠢ》 ᠶᠢ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠬᠡᠪᠯᠡᠭᠦᠯᠦᠨ ᠲᠠᠷᠬᠠᠭᠠᠨ᠎ᠠ᠃ ᠴᠠᠭ ᠲᠤᠬᠠᠢ ᠳᠤᠨᠢ ᠵᠣᠬᠢᠴᠠᠭᠤᠯᠤᠨ ᠵᠣᠬᠢᠶᠠᠨ ᠪᠠᠢᠭᠤᠯᠵᠤ ᠪᠠᠢᠭᠠᠳ《ᠮᠣᠩᠭᠤᠯ ᠬᠡᠯᠡᠨ ᠦ᠌ ᠪᠠᠷᠢᠮᠵᠢᠶ᠎ᠠ ᠠᠪᠢᠶᠠᠨ ᠤ ᠬᠢᠷᠢ ᠬᠡᠮ ᠢ ᠰᠢᠯᠭᠠᠨ ᠪᠠᠢᠴᠠᠭᠠᠬᠤ ᠬᠥᠲᠦᠯᠪᠦᠷᠢ》 ᠶᠢ ᠵᠠᠰᠠᠨ ᠨᠠᠢᠷᠠᠭᠤᠯᠬᠤ ᠪᠠ ᠲᠡᠭᠦᠯᠳᠡᠷᠵᠢᠭᠦᠯᠵᠦ᠂ 《ᠮᠣᠩᠭᠤᠯ ᠬᠡᠯᠡᠨ ᠦ᠌ ᠪᠠᠷᠢᠮᠵᠢᠶ᠎ᠠ ᠠᠪᠢᠶᠠᠨ ᠤ ᠪᠣᠯᠪᠠᠰᠤᠷᠠᠯ ᠰᠢᠯᠭᠠᠯᠲᠠ ᠳᠤ ᠲᠤᠰᠭᠠᠢ ᠬᠡᠷᠡᠭᠯᠡᠬᠦ ᠳᠠᠭᠤᠲᠤ ᠤᠩᠰᠢᠯᠭ᠎ᠠ》 ᠵᠢ ᠨᠠᠢᠷᠠᠭᠤᠯᠤᠨ ᠬᠡᠪᠯᠡᠭᠦᠯᠦᠨ᠎ᠡ᠃
ᠳᠥᠷᠪᠡ᠂ ᠮᠣᠩᠭᠤᠯ ᠵᠥᠪ ᠪᠢᠴᠢᠯᠭᠡ ᠶᠢᠨ ᠠᠵᠢᠯ ᠤᠨ ᠲᠠᠯ᠎ᠠ ᠪᠠᠷ
1. ᠪᠣᠯᠪᠠᠰᠤᠷᠠᠯ ᠬᠥᠮᠦᠵᠢᠯ ᠦ᠋ᠨ ᠠᠵᠢᠯ ᠢ ᠴᠢᠩᠭᠠᠳᠭᠠᠨ᠎ᠠ᠃ ᠮᠣᠩᠭᠤᠯ ᠵᠥᠪ ᠪᠢᠴᠢᠯᠭᠡ ᠶᠢᠨ ᠣᠨᠤᠯ ᠪᠠ ᠮᠡᠳᠡᠯᠭᠡ᠂ ᠬᠠᠮᠢᠶ᠎ᠠ ᠪᠦᠬᠦᠢ ᠲᠥᠷᠦ ᠶ᠋ᠢᠨ ᠪᠣᠳᠤᠯᠭ᠎ᠠ ᠬᠠᠤᠯᠢ ᠲᠣᠭᠲᠠᠭᠠᠯ ᠤᠨ ᠪᠣᠯᠪᠠᠰᠤᠷᠠᠯ ᠤᠨ ᠠᠩᠭᠢ ᠶᠢ ᠲᠣᠭᠲᠠᠮᠠᠯ ᠪᠤᠰᠤ ᠬᠤᠭᠤᠴᠠᠭ᠎ᠠ ᠲᠠᠢ ᠡᠷᠬᠢᠯᠡᠵᠦ᠂ ᠮᠣᠩᠭᠤᠯ ᠬᠡᠯᠡ ᠪᠢᠴᠢᠭ ᠦ᠋ᠨ ᠬᠠᠮᠢᠶ᠎ᠠ ᠲᠠᠢ ᠠᠵᠢᠯᠯᠠᠭᠰᠠᠳ ᠤᠨ ᠵᠥᠪ ᠪᠢᠴᠢᠯᠭᠡ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠳ᠋ᠦ᠍ ᠢᠳᠡᠪᠬᠢᠲᠡᠢ ᠦᠢᠯᠡᠴᠢᠯᠡᠨ᠎ᠡ᠃ ᠡᠯ᠎ᠡ ᠲᠥᠷᠦᠯ ᠦ᠋ᠨ ᠮᠣᠩᠭᠤᠯ ᠢᠶᠠᠷ ᠬᠢᠴᠢᠶᠡᠯᠯᠡᠵᠦ ᠪᠠᠢᠭ᠎ᠠ ᠰᠤᠷᠭᠠᠭᠤᠯᠢ ᠲᠠᠢ ᠬᠠᠮᠵᠢᠯᠴᠠᠵᠤ᠂ ᠮᠣᠩᠭᠤᠯ ᠵᠥᠪ ᠪᠢᠴᠢᠯᠭᠡ ᠶᠢᠨ ᠵᠢᠭᠠᠨ ᠰᠤᠷᠭᠠᠯᠲᠠ ᠶᠢᠨ ᠠᠵᠢᠯ ᠢ ᠴᠢᠩᠭᠠᠷᠠᠭᠤᠯᠤᠨ᠎ᠠ᠃
2. ᠬᠢᠨᠠᠯᠲᠠ ᠲᠠᠯᠪᠢᠨ ᠪᠠᠢᠴᠠᠭᠠᠬᠤ ᠠᠵᠢᠯ ᠢ ᠴᠢᠩᠭᠠᠳᠭᠠᠨ᠎ᠠ᠃ ᠮᠣᠩᠭᠤᠯ ᠦᠰᠦᠭ ᠦ᠋ᠨ ᠳᠦᠷᠢᠮᠵᠢᠭᠰᠡᠨ ᠪᠢᠴᠢᠯᠭᠡ ᠶᠢᠨ ᠬᠡᠯᠪᠡᠷᠢ ᠶᠢ ᠢᠳᠡᠪᠬᠢᠲᠡᠢ ᠳᠡᠯᠭᠡᠷᠡᠭᠦᠯᠬᠦ ᠪᠠ ᠬᠡᠷᠡᠭᠯᠡᠭᠦᠯᠵᠦ᠂ ᠡᠯ᠎ᠡ ᠱᠠᠲᠤᠨ ᠤ ᠰᠣᠨᠢᠨ ᠮᠡᠳᠡᠭᠡᠨ ᠦ ᠵᠠᠭᠤᠴᠢᠯᠠᠭᠤᠷ᠂ ᠬᠡᠪᠯᠡᠯ ᠪᠠ ᠰᠤᠷᠬᠤ ᠪᠢᠴᠢᠭ ᠨᠠᠢᠷᠠᠭᠤᠯᠬᠤ ᠰᠠᠯᠠᠭ᠎ᠠ ᠮᠥᠴᠢᠷ ᠦ᠋ᠳ ᠢ᠋ ᠮᠣᠩᠭᠤᠯ ᠵᠥᠪ ᠪᠢᠴᠢᠯᠭᠡ ᠶᠢᠨ ᠳᠦᠷᠢᠮ ᠢ ᠰᠠᠢᠲᠤᠷ ᠪᠠᠷᠢᠮᠲᠠᠯᠠᠬᠤ ᠶᠢ ᠱᠠᠭᠠᠷᠳᠠᠵᠤ᠂ ᠨᠠᠢᠷᠠᠭᠤᠯᠵᠤ ᠬᠠᠷᠭᠤᠭᠤᠯᠬᠤ ᠴᠢᠨᠠᠷ ᠴᠢᠨᠰᠠᠭ᠎ᠠ ᠶᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠪᠤᠷᠤᠭᠤ ᠦᠰᠦᠭ ᠭᠠᠷᠬᠤ ᠶᠢ ᠴᠢᠩᠭ᠎ᠠ ᠡᠵᠡᠮᠳᠡᠨ ᠰᠡᠷᠭᠡᠢᠯᠡᠨ᠎ᠡ᠃ ᠲᠤᠰᠭᠠᠢ ᠮᠡᠷᠭᠡᠵᠢᠯᠲᠡᠨ ᠦᠨᠡᠯᠡᠨ ᠲᠣᠭᠲᠠᠭᠠᠬᠤ ᠳᠦᠷᠢᠮ ᠢ ᠪᠠᠢᠭᠤᠯᠬᠤ ᠪᠠ ᠲᠡᠭᠦᠯᠳᠡᠷᠵᠢᠭᠦᠯᠵᠦ᠂ ᠪᠦᠬᠦ ᠣᠷᠤᠨ ᠤ᠋ ᠡᠯ᠎ᠡ ᠭᠠᠵᠠᠷ ᠣᠷᠤᠨ᠂ ᠡᠯ᠎ᠡ ᠰᠠᠯᠠᠭ᠎ᠠ ᠮᠥᠴᠢᠷ ᠦ᠋ᠨ ᠮᠣᠩᠭᠤᠯ ᠪᠢᠴᠢᠭ ᠢ ᠳᠦᠷᠢᠮᠵᠢᠭᠦᠯᠦᠨ ᠬᠡᠷᠡᠭᠯᠡᠵᠦ ᠪᠠᠢᠭ᠎ᠠ ᠪᠠᠢᠳᠠᠯ ᠳ᠋ᠤ᠌ ᠲᠣᠭᠲᠠᠮᠠᠯ ᠪᠤᠰᠤ ᠬᠤᠭᠤᠴᠠᠭ᠎ᠠ ᠲᠠᠢ ᠦᠨᠡᠯᠡᠨ ᠲᠣᠭᠲᠠᠭᠠᠵᠤ᠂ ᠦᠷ᠎ᠡ ᠳ᠋ᠦᠩ ᠢ ᠨᠡᠢᠲᠡᠯᠡᠨ᠎ᠡ᠃
3. ᠰᠢᠨᠵᠢᠯᠡᠭᠡ ᠰᠤᠳᠤᠯᠭᠠᠨ ᠢ ᠴᠢᠩᠭᠠᠳᠭᠠᠨ᠎ᠠ᠃ ᠮᠣᠩᠭᠤᠯ ᠵᠥᠪ ᠪᠢᠴᠢᠯᠭᠡ ᠶᠢᠨ ᠣᠨᠤᠯ ᠪᠠ ᠬᠡᠷᠡᠭᠯᠡᠯᠲᠡ ᠶᠢᠨ ᠰᠤᠳᠤᠯᠭᠠᠨ ᠢ ᠥᠷᠨᠢᠭᠦᠯᠵᠦ᠂ ᠡᠷᠳᠡᠮ ᠰᠢᠨᠵᠢᠯᠡᠭᠡᠨ ᠦ᠌ ᠬᠤᠷᠠᠯ ᠴᠤᠭᠯᠠᠭᠠᠨ ᠢ ᠵᠣᠬᠢᠶᠠᠨ ᠪᠠᠢᠭᠤᠯᠤᠨ ᠡᠷᠬᠢᠯᠡᠵᠦ᠂ ᠤᠷᠢᠳᠠᠬᠢ ᠬᠥᠮᠦᠰ ᠦ᠋ᠨ ᠰᠤᠳᠤᠯᠭᠠᠨ ᠤ ᠪᠦᠲᠦᠭᠡᠯ ᠢ ᠭᠦᠢᠴᠡᠳ ᠠᠰᠢᠭᠯᠠᠨ᠂ 《ᠮᠣᠩᠭᠤᠯ ᠵᠥᠪ ᠪᠢᠴᠢᠯᠭᠡ ᠶᠢᠨ ᠥᠭᠦᠯᠡᠯ ᠦ᠋ᠨ ᠲᠡᠭᠦᠪᠦᠷᠢ》 ᠶᠢ ᠲᠣᠭᠲᠠᠮᠠᠯ ᠪᠤᠰᠤ ᠬᠤᠭᠤᠴᠠᠭ᠎ᠠ ᠲᠠᠢ ᠬᠡᠪᠯᠡᠭᠦᠯᠦᠨ ᠲᠠᠷᠬᠠᠭᠠᠨ᠎ᠠ᠃ ᠴᠠᠭ ᠲᠤᠬᠠᠢ ᠳᠤᠨᠢ ᠵᠣᠬᠢᠶᠠᠨ ᠪᠠᠢᠭᠤᠯᠵᠤ ᠪᠠᠢᠭᠠᠳ 《ᠮᠣᠩᠭᠤᠯ ᠵᠥᠪ ᠪᠢᠴᠢᠯᠭᠡ ᠶᠢᠨ ᠲᠣᠯᠢ》 ᠶᠢ ᠵᠠᠰᠠᠨ ᠨᠠᠢᠷᠠᠭᠤᠯᠬᠤ ᠪᠠ ᠲᠡᠭᠦᠯᠳᠡᠷᠵᠢᠭᠦᠯᠦᠨ᠎ᠡ᠃
ᠲᠠᠪᠤ᠂ ᠪᠠᠲᠤᠯᠠᠭ᠎ᠠ ᠬᠠᠩᠭᠠᠬᠤ ᠠᠷᠭ᠎ᠠ ᠠᠪᠴᠠᠯ
(ᠨᠢᠭᠡ) ᠵᠣᠬᠢᠶᠠᠨ ᠪᠠᠢᠭᠤᠯᠤᠯᠲᠠ ᠶ᠋ᠢᠨ ᠤᠳᠤᠷᠢᠳᠤᠯᠭ᠎ᠠ ᠶᠢ ᠴᠢᠩᠭᠠᠳᠭᠠᠨ᠎ᠠ
ᠥᠪᠡᠷᠲᠡᠭᠡᠨ ᠵᠠᠰᠠᠬᠤ ᠣᠷᠤᠨ ᠤ᠋ ᠦᠨᠳᠦᠰᠦᠲᠡᠨ ᠦ᠌ ᠬᠡᠷᠡᠭ ᠡᠷᠬᠢᠯᠡᠬᠦ ᠵᠥᠪᠯᠡᠯ(ᠮᠣᠩᠭᠤᠯ ᠬᠡᠯᠡ ᠪᠢᠴᠢᠭ ᠦ᠋ᠨ ᠠᠵᠢᠯ ᠤᠨ ᠵᠥᠪᠯᠡᠯ) ᠤᠨ ᠤᠳᠤᠷᠢᠳᠤᠯᠭ᠎ᠠ ᠳᠣᠣᠷ᠎ᠠ᠂《ᠥᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠤᠨ ᠤ᠋ ᠮᠣᠩᠭᠤᠯ ᠨᠡᠷ᠎ᠡ ᠲᠣᠮᠢᠶᠠᠨ ᠤ ᠺᠣᠮᠢᠰ ᠤᠨ ᠳᠦᠷᠢᠮ》᠂《ᠥᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠤᠨ ᠤ᠋ ᠮᠣᠩᠭᠤᠯ ᠬᠡᠯᠡᠨ ᠦ᠌ ᠪᠠᠷᠢᠮᠵᠢᠶ᠎ᠠ ᠠᠪᠢᠶᠠᠨ ᠤ ᠠᠵᠢᠯ ᠤᠨ ᠺᠣᠮᠢᠰ ᠤᠨ ᠳᠦᠷᠢᠮ》᠂《ᠥᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠤᠨ ᠤ᠋ ᠮᠣᠩᠭᠤᠯ ᠵᠥᠪ ᠪᠢᠴᠢᠯᠭᠡ ᠶᠢᠨ ᠺᠣᠮᠢᠰ ᠤᠨ ᠳᠦᠷᠢᠮ》 ᠢ ᠨᠠᠷᠢᠨ ᠬᠢᠨᠠᠮᠠᠭᠠᠢ ᠲᠤᠭᠤᠰᠢᠯᠠᠭᠤᠯᠵᠤ᠂ ᠳᠦᠷᠢᠮ ᠪᠠᠢᠭᠤᠯᠵᠤ ᠲᠣᠭᠲᠠᠭᠠᠯ ᠲᠣᠭᠲᠠᠭᠠᠬᠤ ᠠᠬᠢᠴᠠ ᠶᠢ ᠲᠦᠷᠭᠡᠳᠭᠡᠨ᠂ ᠮᠣᠩᠭᠤᠯ ᠬᠡᠯᠡᠨ ᠦ᠌ ᠨᠡᠷ᠎ᠡ ᠲᠣᠮᠢᠶ᠎ᠠ᠂ ᠪᠠᠷᠢᠮᠵᠢᠶ᠎ᠠ ᠠᠪᠢᠶ᠎ᠠ ᠪᠠ ᠮᠣᠩᠭᠤᠯ ᠵᠥᠪ ᠪᠢᠴᠢᠯᠭᠡ ᠶᠢᠨ ᠬᠠᠮᠢᠶᠠᠷᠤᠯᠲᠠ ᠶᠢᠨ ᠠᠵᠢᠯ ᠢ ᠴᠢᠩᠭᠠᠳᠭᠠᠬᠤ ᠪᠠ ᠰᠠᠢᠵᠢᠷᠠᠭᠤᠯᠵᠤ᠂《ᠮᠣᠩᠭᠤᠯ ᠨᠡᠷ᠎ᠡ ᠲᠣᠮᠢᠶᠠᠨ ᠤ ᠠᠵᠢᠯ ᠤᠨ ᠬᠠᠮᠢᠶᠠᠷᠤᠯᠲᠠ ᠶᠢᠨ ᠰᠢᠰᠲ᠋ᠧᠮ》᠂《ᠮᠣᠩᠭᠤᠯ ᠬᠡᠯᠡᠨ ᠦ᠌ ᠪᠠᠷᠢᠮᠵᠢᠶ᠎ᠠ ᠠᠪᠢᠶᠠᠨ ᠤ ᠪᠣᠯᠪᠠᠰᠤᠷᠠᠯ ᠰᠢᠯᠭᠠᠯᠲᠠ ᠶᠢᠨ ᠬᠠᠮᠢᠶᠠᠷᠤᠯᠲᠠ ᠶᠢᠨ ᠰᠢᠰᠲ᠋ᠧᠮ》 ᠢ ᠰᠤᠳᠤᠯᠤᠨ ᠭᠠᠷᠭᠠᠵᠤ ᠬᠡᠷᠡᠭᠯᠡᠭᠦᠯᠦᠨ᠂ ᠮᠣᠩᠭᠤᠯ ᠦᠭᠡ ᠬᠡᠯᠡ ᠦᠰᠦᠭ ᠪᠢᠴᠢᠭ ᠦ᠋ᠨ ᠳᠦᠷᠢᠮᠵᠢᠭᠦᠯᠦᠯᠲᠡ ᠪᠠᠷᠢᠮᠵᠢᠶᠠᠵᠢᠭᠤᠯᠤᠯᠲᠠ ᠶᠢᠨ ᠠᠵᠢᠯ ᠤᠨ ᠰᠦᠯᠵᠢᠶᠡᠵᠢᠭᠰᠡᠨ᠂ ᠮᠡᠳᠡᠭᠡ ᠵᠠᠩᠭᠢᠵᠢᠭᠰᠠᠨ ᠬᠠᠮᠢᠶᠠᠷᠤᠯᠲᠠ ᠶᠢ ᠪᠡᠶᠡᠯᠡᠭᠦᠯᠦᠨ᠎ᠡ᠃
(ᠬᠤᠶᠠᠷ) ᠤᠬᠠᠭᠤᠯᠬᠤ ᠬᠦᠴᠦᠯᠡᠴᠡ ᠪᠡᠨ ᠨᠡᠮᠡᠭᠳᠡᠭᠦᠯᠦᠨ᠎ᠡ
ᠮᠣᠩᠭᠤᠯ ᠦᠭᠡ ᠬᠡᠯᠡ ᠦᠰᠦᠭ ᠪᠢᠴᠢᠭ ᠦ᠋ᠨ ᠳᠦᠷᠢᠮᠵᠢᠭᠦᠯᠦᠯᠲᠡ ᠪᠠᠷᠢᠮᠵᠢᠶᠠᠵᠢᠭᠤᠯᠤᠯᠲᠠ ᠶᠢᠨ ᠠᠵᠢᠯ ᠢ ᠤᠬᠠᠭᠤᠯᠬᠤ ᠪᠠᠢᠩᠭᠤ ᠶ᠋ᠢᠨ ᠲᠣᠭᠲᠠᠯᠴᠠᠭ᠎ᠠ ᠶ᠋ᠢ ᠪᠠᠢᠭᠤᠯᠤᠨ ᠲᠡᠭᠦᠯᠳᠡᠷᠵᠢᠭᠦᠯᠵᠦ᠂ ᠤᠬᠠᠭᠤᠯᠬᠤ ᠠᠷᠭ᠎ᠠ ᠪᠠᠷᠢᠯ ᠪᠠ ᠬᠡᠯᠪᠡᠷᠢ ᠪᠡᠨ ᠰᠢᠨᠡᠴᠢᠯᠡᠨ᠂ ᠵᠢᠯ ᠪᠦᠷᠢ ᠶᠢᠨ 5 ᠳ᠋ᠤᠭᠠᠷ ᠰᠠᠷ᠎ᠠ ᠶᠢᠨ ᠬᠣᠶᠠᠳᠤᠭᠠᠷ ᠭᠠᠷᠠᠭ ᠢ《ᠮᠣᠩᠭᠤᠯ ᠦᠭᠡ ᠬᠡᠯᠡ ᠦᠰᠦᠭ ᠪᠢᠴᠢᠭ ᠦ᠋ᠨ ᠳᠦᠷᠢᠮᠵᠢᠭᠦᠯᠦᠯᠲᠡ ᠪᠠᠷᠢᠮᠵᠢᠶᠠᠵᠢᠭᠤᠯᠤᠯᠲᠠ ᠶᠢᠨ ᠤᠬᠠᠭᠤᠯᠭ᠎ᠠ ᠶᠢᠨ ᠭᠠᠷᠠᠭ》ᠪᠣᠯᠭᠠᠨ ᠲᠣᠭᠲᠠᠭᠠᠵᠤ᠂ ᠡᠯ᠎ᠡ ᠵᠦᠢᠯ ᠦ᠋ᠨ ᠵᠠᠭᠤᠴᠢᠯᠠᠭᠤᠷ ᠲᠠᠢ ᠬᠠᠮᠵᠢᠨ ᠵᠣᠬᠢᠴᠠᠭᠤᠯᠬᠤ ᠶᠢ ᠴᠢᠩᠭᠠᠳᠭᠠᠵᠤ᠂ ᠮᠣᠩᠭᠤᠯ ᠬᠡᠯᠡᠨ ᠦ᠌ ᠨᠡᠷ᠎ᠡ ᠲᠣᠮᠢᠶ᠎ᠠ᠂ ᠪᠠᠷᠢᠮᠵᠢᠶ᠎ᠠ ᠠᠪᠢᠶ᠎ᠠ ᠪᠠ ᠮᠣᠩᠭᠤᠯ ᠵᠥᠪ ᠪᠢᠴᠢᠯᠭᠡ ᠶᠢᠨ ᠤᠬᠠᠭᠤᠯᠬᠤ ᠪᠠ ᠳᠡᠯᠭᠡᠷᠡᠭᠦᠯᠬᠦ ᠠᠵᠢᠯ ᠢ ᠥᠷᠭᠡᠨ ᠢ᠋ᠶ᠋ᠡᠷ ᠥᠷᠨᠢᠭᠦᠯᠵᠦ᠂ ᠤᠯᠠᠨ ᠠᠷᠭ᠎ᠠ ᠵᠠᠮ᠂ ᠪᠦᠬᠦ ᠲᠠᠯ᠎ᠠ ᠪᠠᠷ ᠤᠬᠠᠭᠤᠯᠬᠤ ᠪᠠ ᠳᠡᠯᠭᠡᠷᠡᠭᠦᠯᠬᠦ ᠬᠡᠯᠪᠡᠷᠢ ᠮᠠᠶᠢᠭ ᠢ᠋ ᠪᠦᠷᠢᠯᠳᠦᠭᠦᠯᠵᠦ᠂ ᠳᠦᠷᠢᠮᠵᠢᠭᠰᠡᠨ ᠮᠣᠩᠭᠤᠯ ᠦᠭᠡ ᠬᠡᠯᠡ ᠦᠰᠦᠭ ᠪᠢᠴᠢᠭ ᠢ ᠲᠦᠭᠡᠮᠡᠯᠵᠢᠭᠦᠯᠦᠨ ᠬᠡᠷᠡᠭᠯᠡᠬᠦ ᠳ᠋ᠦ᠍ ᠠᠰᠢᠭᠲᠠᠢ ᠨᠡᠢᠭᠡᠮ ᠦ᠋ᠨ ᠰᠠᠢᠨ ᠰᠠᠢᠬᠠᠨ ᠣᠷᠴᠢᠨ ᠢ ᠪᠣᠢ ᠪᠣᠯᠭᠠᠨ᠎ᠠ᠃
(ᠭᠤᠷᠪᠠ) ᠰᠣᠯᠢᠯᠴᠠᠭ᠎ᠠ ᠪᠣᠯᠤᠨ ᠬᠠᠮᠲᠤᠷᠠᠯᠴᠠᠭ᠎ᠠ ᠪᠠᠨ ᠴᠢᠩᠭᠠᠳᠭᠠᠨ᠎ᠠ
ᠤᠯᠤᠰ ᠤᠨ 《ᠨᠢᠭᠡ ᠪᠦᠰᠡ ᠨᠢᠭᠡᠨ ᠵᠠᠮ》 ᠤᠨ ᠤᠷᠢᠶᠠᠯᠠᠭ᠎ᠠ ᠶᠢ ᠬᠡᠷᠡᠭᠵᠢᠭᠦᠯᠵᠦ ᠪᠠᠢᠭ᠎ᠠ ᠲᠣᠬᠢᠶᠠᠯ ᠢ ᠠᠰᠢᠭᠯᠠᠨ᠂ ᠤᠯᠤᠰ ᠪᠠ ᠥᠪᠡᠷᠲᠡᠭᠡᠨ ᠵᠠᠰᠠᠬᠤ ᠣᠷᠤᠨ ᠤ᠋ ᠬᠠᠮᠢᠶ᠎ᠠ ᠪᠦᠬᠦᠢ ᠰᠠᠯᠠᠭ᠎ᠠ ᠮᠥᠴᠢᠷ ᠦ᠋ᠨ ᠠᠵᠢᠯ ᠲᠥᠷᠦᠯ ᠦ᠋ᠨ ᠵᠢᠯᠤᠳᠤᠭᠤᠯᠭ᠎ᠠ ᠪᠠ ᠠᠵᠢᠯ ᠤᠨ ᠳᠡᠮᠵᠢᠯᠭᠡ ᠶᠢ ᠢᠳᠡᠪᠬᠢᠲᠡᠢ ᠣᠯᠵᠤ᠂ ᠬᠠᠮᠵᠢᠯᠴᠠᠬᠤ ᠪᠠᠢᠭᠤᠯᠤᠮᠵᠢ ᠪᠠ ᠬᠠᠮᠵᠢᠯᠴᠠᠬᠤ ᠭᠡᠰᠢᠭᠦᠨ ᠦ᠌ ᠦᠢᠯᠡᠳᠦᠯ ᠢ ᠭᠦᠢᠴᠡᠳ ᠠᠰᠢᠭᠯᠠᠨ᠂ ᠮᠣᠩᠭᠤᠯ ᠬᠡᠯᠡᠨ ᠦ᠌ ᠨᠡᠷ᠎ᠡ ᠲᠣᠮᠢᠶ᠎ᠠ᠂ ᠪᠠᠷᠢᠮᠵᠢᠶ᠎ᠠ ᠠᠪᠢᠶ᠎ᠠ ᠪᠠ ᠮᠣᠩᠭᠤᠯ ᠵᠥᠪ ᠪᠢᠴᠢᠯᠭᠡ ᠶᠢᠨ ᠠᠵᠢᠯ ᠤᠨ ᠰᠣᠯᠢᠯᠴᠠᠭ᠎ᠠ ᠪᠣᠯᠤᠨ ᠬᠠᠮᠵᠢᠯᠴᠠᠭ᠎ᠠ ᠶᠢ ᠴᠢᠩᠭᠠᠳᠭᠠᠨ᠂ ᠮᠣᠩᠭᠤᠯ ᠦᠭᠡ ᠬᠡᠯᠡ ᠦᠰᠦᠭ ᠪᠢᠴᠢᠭ ᠦ᠋ᠨ ᠳᠦᠷᠢᠮᠵᠢᠭᠦᠯᠦᠯᠲᠡ ᠪᠠᠷᠢᠮᠵᠢᠶᠠᠵᠢᠭᠤᠯᠤᠯᠲᠠ ᠶᠢᠨ ᠠᠵᠢᠯ ᠢ ᠥᠪᠦᠷ ᠮᠣᠩᠭᠤᠯ ᠳᠤ ᠰᠠᠭᠤᠷᠢᠯᠠᠵᠤ᠂ ᠨᠠᠢ᠍ᠮᠠᠨ ᠮᠤᠵᠢ ᠣᠷᠤᠨ ᠳ᠋ᠤ᠌ ᠬᠠᠨᠳᠤᠭᠤᠯᠵᠤ᠂ ᠳᠡᠯᠡᠬᠡᠢᠵᠢᠯᠲᠡ ᠶᠢ ᠤᠯᠠᠮ ᠨᠢᠭᠡ ᠠᠯᠬᠤᠮ ᠠᠬᠢᠭᠤᠯᠤᠨ᠎ᠠ᠃
ᠡᠬᠡ ᠪᠢᠴᠢᠭ ᠬᠠᠩᠭᠠᠭᠴᠢ᠄ ᠠᠯᠲᠠᠨ᠌ᠣ᠋ᠳᠣ
ᠬᠢᠨᠠᠨ ᠬᠠᠷᠭᠤᠭᠤᠯᠤᠭᠴᠢ᠄ ᠲᠤᠩᠭᠠᠯᠠᠭ
ᠬᠠᠷᠢᠭᠤᠴᠠᠭᠰᠠᠨ ᠨᠠᠢᠷᠠᠭᠤᠯᠤᠭᠴᠢ᠄ ᠲᠡᠭᠦᠰᠪᠠᠶᠠᠷ
