ᠮᠣᠩᠭᠤᠯ ᠣᠷᠴᠢᠭᠤᠯᠭ᠎ᠠ ᠶ᠋ᠢᠨ ᠠᠵᠢᠯ ᠢ᠋ ᠴᠢᠩᠭᠠᠳᠭᠠᠵᠤ᠂ ᠮᠠᠨ ᠤ᠋ ᠣᠷᠤᠨ ᠤ᠋ ᠣᠷᠴᠢᠭᠤᠯᠭ᠎ᠠ ᠶ᠋ᠢᠨ ᠦᠢᠯᠡᠰ ᠢ᠋ ᠱᠢᠨ᠎ᠡ ᠲᠦᠪᠱᠢᠨ ᠳ᠋ᠦ᠍ ᠲᠦᠯᠬᠢᠨ ᠠᠬᠢᠭᠤᠯᠰᠤᠭᠠᠢ

 

                                                      ᠴᠢ ᠶ᠋ᠢᠨ ᠢᠦᠢ          ᠨᠥᠬᠦᠳ ᠡ !

ᠥᠨᠦᠳᠦᠷ ᠪᠢᠳᠡ ᠪᠦᠭᠦᠳᠡᠭᠡᠷ ᠬᠤᠷᠠᠨ ᠴᠤᠭᠯᠠᠷᠠᠵᠤ᠂ ᠥᠪᠦᠷ ᠮᠣᠩᠭᠤᠯ ᠤ᠋ᠨ ᠮᠣᠩᠭᠤᠯ ᠣᠷᠴᠢᠭᠤᠯᠭ᠎ᠠ ᠶ᠋ᠢᠨ ᠨᠡᠢᠭᠡᠮᠯᠢᠭ ᠦ᠋ᠨ ᠪᠠᠢᠭᠤᠯᠤᠭᠳᠠᠭᠰᠠᠨ ᠢ᠋ ᠪᠡᠯᠭᠡᠯᠡᠵᠦ ᠪᠠᠢᠭ᠎ᠠ ᠨᠢ ᠮᠠᠨ ᠤ᠋ ᠣᠷᠤᠨ ᠤ᠋ ᠮᠣᠩᠭᠤᠯ ᠬᠡᠯᠡ ᠪᠢᠴᠢᠭ ᠦ᠋ᠨ ᠠᠵᠢᠯ ᠤ᠋ᠨ ᠲᠡᠦᠬᠡᠨ ᠳ᠋ᠡᠬᠢ ᠨᠢᠭᠡᠨ ᠲᠣᠮᠤ ᠶᠠᠪᠤᠳᠠᠯ ᠪᠣᠯᠬᠤ ᠪᠥᠭᠡᠳ ᠮᠠᠨ ᠤ᠋ ᠣᠷᠤᠨ ᠤ᠋ ᠮᠣᠩᠭᠤᠯ ᠣᠷᠴᠢᠭᠤᠯᠤᠭᠴᠢᠳ ᠤ᠋ᠨ ᠡᠩᠨᠡᠭᠡᠨ ᠦ᠌ ᠪᠦᠲᠦᠭᠡᠨ ᠪᠠᠢᠭᠤᠯᠤᠯᠲᠠ ᠶ᠋ᠢ ᠴᠢᠩᠭᠠᠳᠭᠠᠵᠤ᠂ ᠣᠷᠴᠢᠭᠤᠯᠭ᠎ᠠ ᠶ᠋ᠢᠨ ᠠᠵᠢᠯ ᠤ᠋ᠨ ᠬᠢᠷᠢ ᠲᠦᠪᠱᠢᠨ ᠢ᠋ ᠳᠡᠭᠡᠭᠱᠢᠯᠡᠭᠦᠯᠬᠦ ᠳ᠋ᠦ᠍ ᠲᠤᠢᠯ ᠤ᠋ᠨ ᠴᠢᠬᠤᠯᠠ ᠠᠴᠢ ᠬᠣᠯᠪᠤᠭᠳᠠᠯ ᠲᠠᠢ ᠶᠤᠮ᠃ ᠪᠢ ᠥᠪᠦᠷ ᠮᠣᠩᠭᠤᠯ ᠤ᠋ᠨ ᠥᠪᠡᠷᠲᠡᠭᠡᠨ ᠵᠠᠰᠠᠬᠤ ᠣᠷᠤᠨ ᠤ᠋ ᠦᠨᠳᠦᠰᠦᠲᠡᠨ ᠦ᠌ ᠬᠡᠷᠡᠭ ᠡᠷᠬᠢᠯᠡᠬᠦ ᠵᠥᠪᠯᠡᠯ ᠪᠣᠯᠤᠨ ᠮᠣᠩᠭᠤᠯ ᠬᠡᠯᠡ ᠪᠢᠴᠢᠭ ᠦ᠋ᠨ ᠠᠵᠢᠯ ᠤ᠋ᠨ ᠵᠥᠪᠯᠡᠯ᠂ ᠨᠠᠢ᠍ᠮᠠᠨ ᠮᠤᠵᠢ ᠣᠷᠤᠨ ᠤ᠋ ᠮᠣᠩᠭᠤᠯ ᠬᠡᠯᠡ ᠪᠢᠴᠢᠭ ᠦ᠋ᠨ ᠠᠵᠢᠯ ᠤ᠋ᠨ ᠬᠠᠮᠵᠢᠯᠴᠠᠬᠤ ᠳᠤᠭᠤᠢᠯᠠᠩ ᠤ᠋ᠨ ᠠᠯᠪᠠᠨ ᠭᠡᠷ ᠦ᠋ᠨ ᠡᠮᠦᠨ᠎ᠡ ᠡᠴᠡ ᠥᠪᠦᠷ ᠮᠣᠩᠭᠤᠯ ᠤ᠋ᠨ ᠮᠣᠩᠭᠤᠯ ᠣᠷᠴᠢᠭᠤᠯᠭ᠎ᠠ ᠶ᠋ᠢᠨ ᠨᠡᠢᠭᠡᠮᠯᠢᠭ ᠪᠠᠢᠭᠤᠯᠤᠭᠳᠠᠭᠰᠠᠨ ᠳ᠋ᠤ᠌ ᠬᠠᠯᠠᠭᠤᠨ ᠪᠠᠶᠠᠷ ᠬᠦᠷᠭᠡᠵᠦ᠂ ᠮᠣᠩᠭᠤᠯ ᠬᠡᠯᠡ ᠪᠢᠴᠢᠭ ᠦ᠋ᠨ ᠣᠷᠴᠢᠭᠤᠯᠭ᠎ᠠ ᠶ᠋ᠢᠨ ᠠᠵᠢᠯ ᠢ᠋ ᠣᠯᠠᠨ ᠵᠢᠯ ᠦ᠋ᠨ ᠲᠤᠷᠱᠢ ᠬᠠᠯᠠᠮᠵᠢᠯᠠᠨ ᠳᠡᠮᠵᠢᠵᠦ ᠢᠷᠡᠭᠰᠡᠨ ᠡᠯ᠎ᠡ ᠡᠲᠡᠭᠡᠳ ᠦ᠋ᠨ ᠨᠥᠬᠦᠳ ᠲᠦ᠍ ᠴᠢᠩ ᠰᠡᠳᠬᠢᠯ ᠦ᠋ᠨ ᠲᠠᠯᠠᠷᠬᠠᠯ ᠢ᠋ᠶ᠋ᠠᠨ ᠳᠡᠪᠱᠢᠭᠦᠯᠦᠶ᠎ᠡ᠃ 

ᠮᠣᠩᠭᠤᠯ ᠬᠡᠯᠡ ᠪᠢᠴᠢᠭ ᠦ᠋ᠨ ᠣᠷᠴᠢᠭᠤᠯᠭ᠎ᠠ ᠶ᠋ᠢᠨ ᠠᠵᠢᠯ ᠪᠣᠯ ᠮᠣᠩᠭᠤᠯ ᠬᠡᠯᠡ ᠪᠢᠴᠢᠭ ᠦ᠋ᠨ ᠠᠵᠢᠯ ᠤ᠋ᠨ ᠴᠢᠬᠤᠯᠠ ᠪᠦᠷᠢᠯᠳᠦᠬᠦᠨ ᠬᠡᠰᠡᠭ ᠮᠥᠨ᠂ ᠮᠣᠩᠭᠤᠯ ᠬᠡᠯᠡ ᠪᠢᠴᠢᠭ ᠦ᠋ᠨ ᠣᠷᠴᠢᠭᠤᠯᠭ᠎ᠠ ᠶ᠋ᠢᠨ ᠠᠵᠢᠯ ᠢ᠋ ᠰᠠᠢᠲᠤᠷ ᠬᠢᠬᠦ ᠨᠢ ᠦᠨᠳᠦᠰᠦᠲᠡᠨ ᠦ᠌ ᠬᠡᠯᠡ ᠪᠢᠴᠢᠭ ᠦ᠋ᠨ ᠲᠤᠬᠠᠢ ᠨᠠᠮ ᠤ᠋ᠨ ᠪᠣᠳᠤᠯᠭ᠎ᠠ ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠬᠤ᠂ ᠦᠨᠳᠦᠰᠦᠲᠡᠨ ᠦ᠌ ᠪᠦᠯᠬᠦᠮᠳᠡᠯ ᠢ᠋ ᠴᠢᠩᠭᠠᠳᠭᠠᠬᠤ᠂ ᠨᠡᠢᠭᠡᠮ ᠦ᠋ᠨ ᠠᠮᠤᠷ ᠲᠣᠭᠲᠠᠭᠤᠨ ᠪᠠᠢᠳᠠᠯ ᠢ᠋ ᠬᠠᠮᠠᠭᠠᠯᠠᠬᠤ᠂ ᠬᠢᠯᠢ ᠬᠢᠵᠠᠭᠠᠷ ᠤ᠋ᠨ ᠠᠮᠤᠷ ᠲᠦᠪᠱᠢᠨ ᠢ᠋ ᠪᠠᠲᠤᠳᠭᠠᠬᠤ ᠪᠠ ᠮᠠᠨ ᠤ᠋ ᠣᠷᠤᠨ ᠤ᠋ ᠤᠯᠤᠰ ᠲᠥᠷᠦ᠂ ᠠᠵᠤ ᠠᠬᠤᠢ᠂ ᠨᠡᠢᠭᠡᠮ᠂ ᠰᠣᠶᠤᠯ᠂ ᠠᠮᠢ ᠠᠬᠤᠢ ᠶ᠋ᠢᠨ ᠪᠦᠲᠦᠭᠡᠨ ᠪᠠᠢᠭᠤᠯᠤᠯᠲᠠ ᠶ᠋ᠢ ᠠᠬᠢᠭᠤᠯᠬᠤ ᠳ᠋ᠤ᠌ ᠴᠥᠮ ᠲᠤᠢᠯ ᠤ᠋ᠨ ᠴᠢᠬᠤᠯᠠ ᠠᠴᠢ ᠬᠣᠯᠪᠤᠭᠳᠠᠯ ᠲᠠᠢ ᠶᠤᠮ᠃ 

ᠥᠪᠡᠷᠲᠡᠭᠡᠨ ᠵᠠᠰᠠᠬᠤ ᠣᠷᠤᠨ ᠤ᠋ ᠨᠠᠮ ᠤ᠋ᠨ ᠬᠣᠷᠢᠶ᠎ᠠ᠂ ᠵᠠᠰᠠᠭ ᠤ᠋ᠨ ᠣᠷᠳᠤᠨ ᠤᠷᠲᠤ ᠬᠤᠭᠤᠴᠠᠭᠠᠨ ᠤ᠋ ᠲᠤᠷᠱᠢ ᠦᠨᠳᠦᠰᠦᠲᠡᠨ ᠦ᠌ ᠬᠡᠯᠡ ᠪᠢᠴᠢᠭ ᠦ᠋ᠨ ᠣᠷᠴᠢᠭᠤᠯᠭ᠎ᠠ ᠶ᠋ᠢᠨ ᠠᠵᠢᠯ ᠢ᠋ ᠳᠡᠭᠡᠳᠦ ᠬᠡᠮᠵᠢᠶ᠎ᠡ ᠪᠡᠷ ᠴᠢᠬᠤᠯᠠᠴᠢᠯᠠᠨ ᠦᠵᠡᠵᠦ᠂ ᠦᠨᠳᠦᠰᠦᠲᠡᠨ ᠦ᠌ ᠬᠡᠯᠡ ᠪᠢᠴᠢᠭ ᠦ᠋ᠨ ᠣᠷᠴᠢᠭᠤᠯᠭ᠎ᠠ ᠶ᠋ᠢᠨ ᠠᠵᠢᠯ ᠤ᠋ᠨ ᠦᠢᠯᠡᠴᠢᠯᠡᠭᠡ ᠶ᠋ᠢ ᠬᠠᠤᠯᠢ ᠪᠠᠷ ᠳᠦᠷᠢᠮᠵᠢᠭᠦᠯᠵᠦ᠂ ᠦᠨᠳᠦᠰᠦᠲᠡᠨ ᠦ᠌ ᠬᠡᠯᠡ ᠪᠢᠴᠢᠭ ᠦ᠋ᠨ ᠣᠷᠴᠢᠭᠤᠯᠭ᠎ᠠ ᠶ᠋ᠢᠨ ᠠᠵᠢᠯ ᠤ᠋ᠨ ᠡᠩᠨᠡᠭᠡᠨ ᠦ᠌ ᠪᠦᠲᠦᠭᠡᠨ ᠪᠠᠢᠭᠤᠯᠤᠯᠲᠠ ᠶ᠋ᠢ ᠴᠢᠩᠭᠠᠳᠭᠠᠵᠤ᠂ ᠦᠨᠳᠦᠰᠦᠲᠡᠨ ᠦ᠌ ᠬᠡᠯᠡ ᠪᠢᠴᠢᠭ ᠦ᠋ᠨ ᠣᠷᠴᠢᠭᠤᠯᠭ᠎ᠠ ᠶ᠋ᠢᠨ ᠠᠵᠢᠯ ᠤ᠋ᠨ ᠪᠠᠢᠭᠤᠯᠤᠮᠵᠢ ᠶ᠋ᠢ ᠲᠡᠭᠦᠯᠳᠡᠷᠵᠢᠭᠦᠯᠦᠨ ᠦᠨᠳᠦᠰᠦᠲᠡᠨ ᠦ᠌ ᠬᠡᠯᠡ ᠪᠢᠴᠢᠭ ᠦ᠋ᠨ ᠣᠷᠴᠢᠭᠤᠯᠭ᠎ᠠ ᠶ᠋ᠢᠨ ᠠᠵᠢᠯ ᠤ᠋ᠨ ᠵᠠᠷᠤᠳᠠᠯ ᠮᠥᠩᠭᠦ ᠶ᠋ᠢ ᠨᠡᠮᠡᠭᠳᠡᠭᠦᠯᠦᠭᠰᠡᠨ ᠢ᠋ᠶ᠋ᠡᠷ ᠦᠨᠳᠦᠰᠦᠲᠡᠨ ᠦ᠌ ᠬᠡᠯᠡ ᠪᠢᠴᠢᠭ ᠦ᠋ᠨ ᠣᠷᠴᠢᠭᠤᠯᠭ᠎ᠠ ᠶ᠋ᠢᠨ ᠠᠵᠢᠯ ᠠᠯᠬᠤᠮ ᠠᠯᠬᠤᠮ ᠢ᠋ᠶ᠋ᠠᠷ ᠳᠦᠷᠢᠮᠵᠢᠯ᠂ ᠪᠠᠷᠢᠮᠵᠢᠶᠠᠵᠢᠯ᠂ ᠮᠡᠳᠡᠭᠡ ᠵᠠᠩᠭᠢᠴᠢᠯᠠᠯᠲᠠ ᠶ᠋ᠢᠨ ᠵᠠᠮ ᠳ᠋ᠤ᠌ ᠣᠷᠤᠵᠤ᠂ ᠣᠷᠴᠢᠭᠤᠯᠭ᠎ᠠ ᠶ᠋ᠢᠨ ᠠᠵᠢᠯ ᠡᠳᠦᠷ ᠢᠷᠡᠬᠦᠶ᠎ᠡ ᠬᠥᠭᠵᠢᠨ ᠪᠠᠳᠠᠷᠠᠵᠤ ᠪᠠᠢᠭ᠎ᠠ ᠪᠠᠶᠠᠷᠯᠠᠭᠤᠱᠢᠲᠠᠢ ᠪᠠᠢᠳᠠᠯ ᠪᠣᠢ ᠪᠣᠯᠵᠠᠢ᠃  

ᠥᠪᠦᠷ ᠮᠣᠩᠭᠤᠯ ᠤ᠋ᠨ ᠮᠣᠩᠭᠤᠯ ᠣᠷᠴᠢᠭᠤᠯᠭ᠎ᠠ ᠶ᠋ᠢᠨ ᠨᠡᠢᠭᠡᠮᠯᠢᠭ ᠪᠠᠢᠭᠤᠯᠤᠭᠳᠠᠭᠰᠠᠨ ᠶᠠᠪᠤᠳᠠᠯ ᠪᠣᠯ ᠰᠢ ᠶ᠋ᠢᠨ ᠫᠢᠩ ᠦ᠋ᠨ ᠱᠢᠨ᠎ᠡ ᠴᠠᠭ ᠦᠶ᠎ᠡ ᠶ᠋ᠢᠨ ᠳᠤᠮᠳᠠᠳᠤ ᠤᠯᠤᠰ ᠤ᠋ᠨ ᠣᠨᠴᠠᠯᠢᠭ ᠪᠦᠬᠦᠢ ᠨᠡᠢᠭᠡᠮ ᠵᠢᠷᠤᠮ ᠤ᠋ᠨ ᠦᠵᠡᠯ ᠰᠠᠨᠠᠭᠠᠨ ᠤ᠋ ᠵᠢᠯᠤᠭᠤᠳᠤᠯᠭ᠎ᠠ ᠪᠠᠷ ᠨᠠᠮ ᠤ᠋ᠨ ᠠᠷᠪᠠ ᠶᠢᠰᠦᠳᠦᠭᠡᠷ ᠶᠡᠬᠡ ᠬᠤᠷᠠᠯ ᠤ᠋ᠨ ᠵᠣᠷᠢᠭ ᠰᠠᠨᠠᠭ᠎ᠠ ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠦᠨᠳᠦᠰᠦᠲᠡᠨ ᠦ᠌ ᠠᠵᠢᠯ ᠢ᠋ ᠠᠬᠢᠭᠤᠯᠤᠨ ᠦᠨᠳᠦᠰᠦᠲᠡᠨ ᠦ᠌ ᠪᠦᠯᠬᠦᠮᠳᠡᠯ ᠢ᠋ ᠴᠢᠩᠭᠠᠳᠭᠠᠵᠤ᠂ 《ᠳᠤᠮᠳᠠᠳᠤ ᠶ᠋ᠢᠨ ᠦᠨᠳᠦᠰᠦᠲᠡᠨ ᠨᠢᠭᠡᠨ ᠭᠡᠷ ᠪᠦᠯᠢ᠂ ᠳᠤᠮᠳᠠᠳᠤ ᠶ᠋ᠢᠨ ᠵᠡᠭᠦᠳᠦ ᠪᠡᠨ ᠰᠡᠳᠬᠢᠯ ᠨᠢᠭᠡᠳᠦᠨ ᠬᠠᠮᠲᠤ ᠪᠠᠷ ᠪᠡᠶᠡᠯᠡᠭᠦᠯᠬᠦ》 ᠪᠡᠷ ᠲᠡᠮᠡᠴᠡᠵᠦ ᠪᠠᠢᠭ᠎ᠠ ᠪᠣᠳᠠᠲᠠᠢ ᠦᠢᠯᠡ ᠠᠵᠢᠯᠯᠠᠭ᠎ᠠ ᠶᠤᠮ᠃ ᠪᠠᠰᠠ ᠴᠤ᠌ ᠮᠣᠩᠭᠤᠯ ᠬᠡᠯᠡ ᠪᠢᠴᠢᠭ ᠦ᠋ᠨ ᠣᠷᠴᠢᠭᠤᠯᠭ᠎ᠠ ᠶ᠋ᠢᠨ ᠪᠠᠢᠭᠤᠯᠤᠮᠵᠢ ᠪᠣᠯᠤᠨ ᠣᠷᠴᠢᠭᠤᠯᠭ᠎ᠠ ᠶ᠋ᠢᠨ ᠡᠩᠨᠡᠭᠡᠨ ᠦ᠌ ᠪᠦᠲᠦᠭᠡᠨ ᠪᠠᠢᠭᠤᠯᠤᠯᠲᠠ ᠶ᠋ᠢ ᠴᠢᠩᠭᠠᠳᠭᠠᠬᠤ᠂ ᠨᠠᠮ ᠤ᠋ᠨ ᠴᠢᠭᠯᠡᠯᠲᠡ ᠲᠥᠷᠦ ᠶ᠋ᠢᠨ ᠪᠣᠳᠤᠯᠭ᠎ᠠ ᠶ᠋ᠢ ᠤᠯᠠᠮ ᠰᠠᠢᠲᠤᠷ ᠰᠤᠷᠤᠯᠴᠠᠨ ᠤᠬᠠᠭᠤᠯᠬᠤ ᠲᠤᠭᠤᠱᠢᠯᠠᠭᠤᠯᠬᠤ ᠰᠠᠭᠤᠷᠢᠨ ᠭᠠᠵᠠᠷ ᠤ᠋ᠨ ᠪᠦᠲᠦᠭᠡᠨ ᠪᠠᠢᠭᠤᠯᠤᠯᠲᠠ ᠪᠣᠯᠤᠨ ᠠᠴᠢᠶᠠᠯᠠᠪᠤᠷᠢ ᠶ᠋ᠢ ᠴᠢᠩᠭᠠᠳᠭᠠᠵᠤ ᠪᠠᠢᠭ᠎ᠠ ᠶᠠᠪᠤᠳᠠᠯ ᠮᠥᠨ᠃ ᠡᠢᠮᠦ ᠡᠴᠡ ᠮᠠᠨ ᠤ᠋ ᠣᠷᠤᠨ ᠤ᠋ ᠮᠣᠩᠭᠤᠯ ᠬᠡᠯᠡ ᠪᠢᠴᠢᠭ ᠦ᠋ᠨ ᠣᠷᠴᠢᠭᠤᠯᠭ᠎ᠠ ᠶ᠋ᠢᠨ ᠠᠵᠢᠯ ᠢ᠋ ᠱᠢᠨ᠎ᠡ ᠲᠦᠪᠱᠢᠨ ᠳ᠋ᠦ᠍ ᠬᠦᠷᠭᠡᠬᠦ ᠳ᠋ᠦ᠍ ᠴᠥᠮ ᠢᠳᠡᠪᠬᠢᠲᠡᠢ ᠲᠦᠯᠬᠢᠴᠡ ᠦᠢᠯᠡᠳᠦᠯ ᠦᠵᠡᠭᠦᠯᠬᠦ ᠨᠢ ᠯᠠᠪᠲᠠᠢ ᠶᠤᠮ ᠃

ᠮᠣᠩᠭᠤᠯ ᠣᠷᠴᠢᠭᠤᠯᠭ᠎ᠠ ᠶ᠋ᠢᠨ ᠨᠡᠢᠭᠡᠮᠯᠢᠭ ᠨᠢ ᠬᠣᠢᠱᠢᠳᠠ ᠨᠡᠢᠭᠡᠮᠯᠢᠭ ᠦ᠋ᠨ ᠳᠦᠷᠢᠮ ᠲᠣᠭᠲᠠᠭᠠᠯ ᠢ᠋ᠶ᠋ᠠᠨ ᠨᠠᠷᠢᠨ ᠬᠢᠨᠠᠮᠠᠭᠠᠢ ᠬᠡᠷᠡᠭᠵᠢᠭᠦᠯᠵᠦ᠂ ᠪᠦᠬᠦ ᠣᠷᠤᠨ ᠤ᠋ ᠦᠨᠳᠦᠰᠦᠲᠡᠨ ᠦ᠌ ᠬᠡᠯᠡ ᠪᠢᠴᠢᠭ ᠦ᠋ᠨ ᠣᠷᠴᠢᠭᠤᠯᠤᠭᠴᠢᠳ ᠲᠠᠢ ᠨᠢᠭᠲᠠᠷᠠᠨ ᠪᠦᠯᠬᠦᠮᠳᠡᠵᠦ᠂ ᠨᠡᠢᠭᠡᠮᠯᠢᠭ ᠦ᠋ᠨ ᠳᠠᠪᠠᠭᠤᠯᠢᠭ ᠲᠠᠯ᠎ᠠ ᠪᠠᠨ ᠭᠦᠢᠴᠡᠳ ᠪᠠᠳᠠᠷᠠᠭᠤᠯᠤᠨ ᠮᠣᠩᠭᠤᠯ ᠬᠡᠯᠡ ᠪᠢᠴᠢᠭ ᠦ᠋ᠨ ᠣᠷᠴᠢᠭᠤᠯᠭ᠎ᠠ ᠶ᠋ᠢᠨ ᠰᠤᠳᠤᠯᠭᠠᠨ ᠪᠣᠯᠤᠨ ᠬᠢᠴᠢᠶᠡᠯ  ᠬᠥᠮᠦᠵᠢᠯ ᠦ᠋ᠨ ᠠᠵᠢᠯ ᠢ᠋ ᠰᠠᠢᠲᠤᠷ ᠵᠣᠬᠢᠶᠠᠨ ᠪᠠᠢᠭᠤᠯᠤᠨ ᠶᠠᠪᠤᠭᠳᠠᠭᠤᠯᠵᠤ᠂ ᠮᠠᠨ ᠤ᠋ ᠣᠷᠤᠨ ᠤ᠋ ᠮᠣᠩᠭᠤᠯ ᠬᠡᠯᠡ ᠪᠢᠴᠢᠭ ᠦ᠋ᠨ ᠣᠷᠴᠢᠭᠤᠯᠭ᠎ᠠ ᠶ᠋ᠢᠨ ᠠᠵᠢᠯ ᠤ᠋ᠨ ᠴᠢᠬᠤᠯᠠ ᠶᠡᠬᠡ ᠣᠨᠤᠯ ᠪᠣᠯᠤᠨ ᠪᠣᠳᠠᠲᠤ ᠠᠰᠠᠭᠤᠳᠠᠯ ᠤ᠋ᠳ ᠢ᠋ ᠢᠳᠡᠪᠬᠢᠲᠡᠢ ᠬᠠᠢᠨ ᠰᠦᠪᠡᠭᠴᠢᠯᠡᠵᠦ᠂ ᠭᠦᠨᠵᠡᠭᠡᠢ ᠰᠤᠳᠤᠯᠵᠤ᠂ ᠮᠣᠩᠭᠤᠯ ᠣᠷᠴᠢᠭᠤᠯᠤᠭᠴᠢᠳ ᠤ᠋ᠨ ᠱᠢᠯᠢᠳᠡᠭ ᠡᠩᠨᠡᠭᠡ ᠪᠣᠯᠤᠨ ᠰᠤᠳᠤᠯᠭᠠᠨ ᠤ᠋ ᠴᠢᠳᠠᠪᠤᠷᠢᠲᠠᠨ ᠢ᠋ ᠬᠥᠮᠦᠵᠢᠭᠦᠯᠦᠨ ᠮᠠᠨ ᠤ᠋ ᠣᠷᠤᠨ ᠤ᠋ ᠣᠷᠴᠢᠭᠤᠯᠭ᠎ᠠ ᠶ᠋ᠢᠨ ᠦᠢᠯᠡᠰ ᠢ᠋ ᠬᠥᠭᠵᠢᠭᠦᠯᠦᠨ ᠴᠡᠴᠡᠭᠯᠡᠭᠦᠯᠵᠦ᠂ ᠦᠨᠳᠦᠰᠦᠲᠡᠨ ᠦ᠌ ᠬᠡᠯᠡ ᠪᠢᠴᠢᠭ ᠦ᠋ᠨ ᠣᠷᠴᠢᠭᠤᠯᠭ᠎ᠠ ᠶ᠋ᠢᠨ ᠠᠵᠢᠯ ᠤ᠋ᠨ ᠳᠦᠷᠢᠮᠵᠢᠯ᠂ ᠪᠠᠷᠢᠮᠵᠢᠶᠠᠵᠢᠯ᠂ ᠮᠡᠳᠡᠭᠡ ᠵᠠᠩᠭᠢᠴᠢᠯᠠᠯᠲᠠ ᠶ᠋ᠢᠨ ᠪᠦᠲᠦᠭᠡᠨ ᠪᠠᠢᠭᠤᠯᠤᠯᠲᠠ ᠶ᠋ᠢ ᠠᠬᠢᠭᠤᠯᠵᠤ᠂ ᠡᠯ᠎ᠡ ᠦᠨᠳᠦᠰᠦᠲᠡᠨ ᠦ᠌ ᠬᠠᠮᠲᠤ ᠪᠠᠷ ᠪᠦᠯᠬᠦᠮᠳᠡᠨ ᠲᠡᠮᠡᠴᠡᠵᠦ᠂ ᠬᠠᠮᠲᠤ ᠪᠠᠷ ᠴᠡᠴᠡᠭᠯᠡᠨ ᠬᠥᠭᠵᠢᠬᠦ ᠶᠡᠬᠡ ᠦᠢᠯᠡᠰ ᠢ᠋ ᠪᠡᠶᠡᠯᠡᠭᠦᠯᠬᠦ ᠳ᠋ᠦ᠍ ᠵᠢᠳᠬᠦᠯ ᠦᠵᠡᠭᠦᠯᠬᠦ ᠶ᠋ᠢ ᠬᠦᠰᠡᠵᠦ ᠪᠠᠢᠨ᠎ᠠ᠃ 

ᠬᠠᠮᠤᠭ ᠤ᠋ᠨ ᠰᠡᠭᠦᠯ ᠳ᠋ᠦ᠍ ᠥᠪᠦᠷ ᠮᠣᠩᠭᠤᠯ ᠤ᠋ᠨ ᠮᠣᠩᠭᠤᠯ ᠣᠷᠴᠢᠭᠤᠯᠭ᠎ᠠ ᠶ᠋ᠢᠨ ᠨᠡᠢᠭᠡᠮᠯᠢᠭ ᠦ᠋ᠨ ᠠᠩᠬᠠᠳᠤᠭᠠᠷ ᠤᠳᠠᠭᠠᠨ ᠤ᠋ ᠲᠥᠯᠦᠭᠡᠯᠡᠭᠴᠢᠳ ᠦ᠋ᠨ ᠶᠡᠬᠡ ᠬᠤᠷᠠᠯ ᠤ᠋ᠨ ᠲᠡᠭᠦᠰ ᠠᠮᠵᠢᠯᠲᠠ ᠲᠠᠢ ᠪᠣᠯᠬᠤ ᠶ᠋ᠢ ᠵᠥᠩᠨᠡᠵᠦ᠂ ᠥᠷᠭᠡᠨ ᠣᠯᠠᠨ ᠲᠥᠯᠦᠭᠡᠯᠡᠭᠴᠢᠳ ᠦ᠋ᠨ ᠠᠵᠢᠯ ᠤ᠋ᠨ ᠦᠷ᠎ᠡ ᠪᠦᠲᠦᠮᠵᠢ᠂ ᠪᠡᠶ᠎ᠡ ᠶ᠋ᠢᠨ ᠡᠷᠡᠭᠦᠯ ᠴᠢᠭᠢᠷᠠᠭ ᠪᠣᠯᠤᠨ ᠬᠠᠮᠤᠭ ᠬᠦᠰᠡᠯ ᠨᠢ ᠰᠡᠳᠬᠢᠯᠴᠢᠯᠡᠨ ᠪᠡᠶᠡᠯᠡᠭᠳᠡᠬᠦ ᠶ᠋ᠢ ᠢᠷᠦᠭᠡᠶ᠎ᠡ!    

(ᠡᠨᠡ ᠪᠣᠯ ᠵᠣᠬᠢᠶᠠᠭᠴᠢ ᠶ᠋ᠢᠨ 2018 ᠣᠨ ᠤ᠋ 7 ᠰᠠᠷ᠎ᠠ ᠶ᠋ᠢᠨ 30 ᠳᠤ ᠪᠣᠯᠤᠭᠰᠠᠨ ᠥᠪᠦᠷ ᠮᠣᠩᠭᠤᠯ ᠤ᠋ᠨ ᠮᠣᠩᠭᠤᠯ ᠣᠷᠴᠢᠭᠤᠯᠭ᠎ᠠ ᠶ᠋ᠢᠨ ᠨᠡᠢᠭᠡᠮᠯᠢᠭ ᠪᠠᠢᠭᠤᠯᠤᠭᠳᠠᠬᠤ ᠬᠤᠷᠠᠯ ᠳᠡᠭᠡᠷ᠎ᠡ ᠲᠠᠯᠪᠢᠭᠰᠠᠨ ᠶᠠᠷᠢᠶ᠎ᠠ ᠮᠥᠨ᠃ ᠡ᠊ᠨᠳᠡ ᠪᠢᠳᠡ ᠰᠡᠳᠦᠪ ᠬᠠᠲᠠᠵᠤ ᠪᠦᠬᠦ ᠤᠳᠭ᠎ᠠ ᠪᠠᠷ ᠨᠢ ᠨᠡᠢᠲᠡᠯᠡᠪᠡ᠃)

《ᠮᠣᠩᠭᠤᠯ ᠬᠡᠯᠡ ᠪᠢᠴᠢᠭ》ᠰᠡᠳᠬᠦᠯ   2018 ᠣᠨ ᠤ᠋ ᠠᠷᠪᠠᠳᠤᠭᠠᠷ ᠬᠤᠭᠤᠴᠠᠭ᠎ᠠ

ᠬᠢᠲᠠᠳ ᠡᠬᠡ ᠡᠴᠡ ᠪᠠᠶᠠᠠᠴᠢᠮᠡᠭ ᠣᠷᠴᠢᠭᠤᠯᠵᠤ᠂ ᠯᠤᠪᠰᠠᠩᠳᠤᠩᠷᠤᠪ ᠬᠢᠨᠠᠪᠠ᠃ 

 

ᠬᠠᠷᠢᠭᠤᠴᠠᠭᠰᠠᠨ ᠨᠠᠢᠷᠠᠭᠤᠯᠤᠭᠴᠢ᠄ ᠡᠷᠳᠡᠨᠢᠴᠡᠴᠡᠭ