ᠰᠢ ᠶ᠋ᠢᠨ ᠫᠢᠩ ᠦ᠋ᠨ ᠰᠢᠨ᠎ᠡ ᠴᠠᠭ ᠦᠶ᠎ᠡ ᠶ᠋ᠢᠨ ᠳᠤᠮᠳᠠᠳᠤ ᠤᠯᠤᠰ ᠤ᠋ᠨ ᠣᠨᠴᠠᠯᠢᠭ ᠪᠦᠬᠦᠢ ᠨᠡᠢᠭᠡᠮ ᠵᠢᠷᠤᠮ ᠤ᠋ᠨ ᠦᠵᠡᠯ ᠰᠠᠨᠠᠭ᠎ᠠ ᠶ᠋ᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ ᠪᠦᠬᠦ ᠣᠷᠤᠨ ᠤ᠋ ᠮᠣᠩᠭᠤᠯ ᠬᠡᠯᠡ ᠪᠢᠴᠢᠭ ᠦ᠋ᠨ ᠠᠵᠢᠯ ᠢ᠋ ᠬᠦᠴᠦᠲᠡᠢ ᠠᠬᠢᠭᠤᠯᠤᠶ᠎ᠠ

2019.01.15

 

ᠥᠪᠡᠷᠲᠡᠭᠡᠨ ᠵᠠᠰᠠᠬᠤ ᠣᠷᠤᠨ ᠤ᠋ ᠦᠨᠳᠦᠰᠦᠲᠡᠨ ᠦ᠌ ᠬᠡᠷᠡᠭ ᠡᠷᠬᠢᠯᠡᠬᠦ ᠵᠥᠪᠯᠡᠯ ᠦ᠋ᠨ ᠳᠡᠳ᠋ ᠡᠷᠬᠢᠯᠡᠭᠴᠢ ᠰᠠᠴᠤᠷᠠᠯᠲᠤ     

                                                                    ᠨᠥᠬᠦᠳ ᠡ ᠄ 

ᠡᠨᠡ ᠤᠳᠠᠭᠠᠨ ᠤ᠋ ᠬᠤᠷᠠᠯ ᠤ᠋ᠨ ᠭᠣᠣᠯ ᠡᠭᠦᠷᠭᠡ ᠪᠣᠯ ᠰᠢ ᠶ᠋ᠢᠨ ᠫᠢᠩ ᠶᠡᠷᠦᠩᠬᠡᠢ ᠱᠦᠵᠢ ᠶ᠋ᠢᠨ ᠦᠨᠳᠦᠰᠦᠲᠡᠨ ᠦ᠌ ᠬᠡᠯᠡ ᠪᠢᠴᠢᠭ ᠦ᠋ᠨ ᠠᠵᠢᠯ ᠤ᠋ᠨ ᠲᠤᠬᠠᠢ ᠴᠢᠬᠤᠯᠠ ᠶᠠᠷᠢᠶᠠᠨ ᠤ᠋ ᠵᠣᠷᠢᠭ ᠰᠠᠨᠠᠭ᠎ᠠ᠂ ᠦᠨᠳᠦᠰᠦᠲᠡᠨ ᠦ᠌ ᠬᠡᠯᠡ ᠪᠢᠴᠢᠭ ᠦ᠋ᠨ ᠲᠤᠬᠠᠢ ᠨᠠᠮ ᠪᠠ ᠤᠯᠤᠰ ᠤ᠋ᠨ ᠲᠥᠷᠦ ᠶ᠋ᠢᠨ ᠪᠣᠳᠤᠯᠭ᠎ᠠ ᠬᠠᠤᠯᠢ ᠲᠣᠭᠲᠠᠭᠠᠯ ᠢ᠋ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠠᠮᠵᠢᠯᠲᠠ ᠪᠠᠨ ᠳ᠋ᠦᠩᠨᠡᠨ ᠲᠤᠷᠰᠢᠯᠭ᠎ᠠ ᠪᠠᠨ ᠰᠣᠯᠢᠯᠴᠠᠵᠤ᠂ ᠦᠵᠡᠯ ᠰᠠᠨᠠᠭ᠎ᠠ ᠪᠠᠨ ᠨᠢᠭᠡᠳᠬᠡᠨ ᠰᠢᠨ᠎ᠡ ᠴᠠᠭ ᠦᠶ᠎ᠡ ᠶ᠋ᠢᠨ ᠮᠣᠩᠭᠤᠯ ᠬᠡᠯᠡ ᠪᠢᠴᠢᠭ ᠦ᠋ᠨ ᠠᠵᠢᠯ ᠤ᠋ᠨ ᠰᠢᠨ᠎ᠡ ᠪᠠᠢᠳᠠᠯ ᠢ᠋ ᠴᠢᠷᠮᠠᠢᠨ ᠡᠭᠦᠳᠬᠦ ᠶᠠᠪᠤᠳᠠᠯ ᠮᠥᠨ᠃ 

2012 ᠣᠨ ᠠ᠋ᠴᠠ ᠨᠠᠭᠠᠰᠢ ᠪᠢᠳᠡ ᠪᠦᠬᠦ ᠣᠷᠤᠨ ᠤ᠋ ᠮᠣᠩᠭᠤᠯ ᠬᠡᠯᠡ ᠪᠢᠴᠢᠭ ᠦ᠋ᠨ ᠠᠵᠢᠯ ᠤ᠋ᠨ ᠲᠤᠷᠰᠢᠯᠭ᠎ᠠ ᠰᠣᠯᠢᠯᠴᠠᠬᠤ ᠠᠬᠤᠢ ᠲᠠᠯᠠᠪᠠᠢ ᠶ᠋ᠢᠨ ᠬᠤᠷᠠᠯ ᠢ᠋ ᠲᠠᠪᠤ ᠤᠳᠠᠭ᠎ᠠ ᠬᠤᠷᠠᠯᠳᠤᠭᠤᠯᠤᠭᠠᠳ ᠢᠯᠡᠷᠬᠡᠢ ᠠᠮᠵᠢᠯᠲᠠ ᠣᠯᠤᠭᠰᠠᠨ ᠪᠠᠢᠨ᠎ᠠ᠃ ᠣᠷᠴᠢᠮ ᠤ᠋ᠨ ᠬᠡᠳᠦᠨ ᠵᠢᠯ ᠦ᠋ᠨ ᠠᠵᠢᠯ ᠢ᠋ ᠡᠷᠭᠢᠴᠡᠭᠦᠯᠬᠦ ᠳ᠋ᠦ᠍ ᠪᠢᠳᠡᠨ ᠦ᠌ ᠬᠤᠷᠠᠮᠳᠤᠭᠤᠯᠤᠭᠰᠠᠨ ᠦᠨᠳᠦᠰᠦᠨ ᠲᠤᠷᠰᠢᠯᠭ᠎ᠠ ᠭᠡᠪᠡᠯ᠄ ᠨᠢᠭᠡ ᠳ᠋ᠦ᠍᠂ ᠮᠣᠩᠭᠤᠯ ᠬᠡᠯᠡ ᠪᠢᠴᠢᠭ ᠦ᠋ᠨ ᠠᠵᠢᠯ ᠳ᠋ᠠᠬᠢ ᠨᠠᠮ ᠤ᠋ᠨ ᠪᠦᠬᠦ ᠲᠠᠯ᠎ᠠ ᠶ᠋ᠢᠨ ᠤᠳᠤᠷᠢᠳᠤᠯᠭ᠎ᠠ ᠶ᠋ᠢ ᠡᠷᠡᠰ ᠪᠠᠷᠢᠮᠲᠠᠯᠠᠬᠤ ᠬᠡᠷᠡᠭᠲᠡᠢ᠃ ᠮᠣᠩᠭᠤᠯ ᠬᠡᠯᠡ ᠪᠢᠴᠢᠭ ᠦ᠋ᠨ ᠠᠵᠢᠯ ᠢ᠋ ᠰᠠᠢᠲᠤᠷ ᠬᠢᠬᠦ ᠳ᠋ᠦ᠍ ᠨᠠᠮ ᠤ᠋ᠨ ᠤᠳᠤᠷᠢᠳᠤᠯᠭ᠎ᠠ ᠶ᠋ᠢ ᠪᠠᠷᠢᠮᠲᠠᠯᠠᠬᠤ ᠪᠣᠯ ᠵᠠᠩᠭᠢᠯᠠᠭ᠎ᠠ ᠪᠣᠯᠬᠤ ᠶᠤᠮ᠃ ᠨᠠᠮ ᠤ᠋ᠨ ᠤᠳᠤᠷᠢᠳᠤᠯᠭ᠎ᠠ ᠶ᠋ᠢ ᠪᠠᠷᠢᠮᠲᠠᠯᠠᠪᠠᠯ   ᠰᠠᠶᠢ ᠵᠥᠪ ᠴᠢᠭᠯᠡᠯ ᠢ᠋ ᠪᠠᠲᠤᠯᠠᠨ ᠶᠡᠬᠡ ᠲᠠᠯ᠎ᠠ ᠶ᠋ᠢ ᠰᠡᠳᠬᠢᠵᠦ᠂ ᠠᠷᠭ᠎ᠠ ᠪᠣᠳᠤᠯᠭ᠎ᠠ ᠶ᠋ᠢ ᠲᠣᠭᠲᠠᠭᠠᠵᠤ᠂ ᠬᠥᠭᠵᠢᠯᠲᠡ ᠶ᠋ᠢ ᠰᠠᠢᠲᠤᠷ ᠠᠬᠢᠭᠤᠯᠵᠤ ᠴᠢᠳᠠᠨ᠎ᠠ; ᠬᠣᠶᠠᠷ ᠲᠤ᠌᠂ ᠰᠢ ᠶ᠋ᠢᠨ ᠫᠢᠩ ᠶᠡᠷᠦᠩᠬᠡᠢ ᠱᠦᠵᠢ ᠶ᠋ᠢᠨ ᠦᠨᠳᠦᠰᠦᠲᠡᠨ ᠦ᠌ ᠬᠡᠯᠡ ᠪᠢᠴᠢᠭ ᠦ᠋ᠨ ᠠᠵᠢᠯ ᠤ᠋ᠨ ᠲᠤᠬᠠᠢ ᠴᠢᠬᠤᠯᠠ ᠶᠠᠷᠢᠶᠠᠨ ᠤ᠋ ᠵᠣᠷᠢᠭ ᠰᠠᠨᠠᠭ᠎ᠠ ᠶ᠋ᠢ ᠲᠤᠭᠤᠰᠢᠲᠠᠢ ᠪᠠᠷᠢᠮᠲᠠᠯᠠᠬᠤ ᠬᠡᠷᠡᠭᠲᠡᠢ᠃ ᠡᠨᠡ ᠪᠣᠯ ᠮᠠᠨ ᠤ᠋ ᠨᠠᠮ ᠤ᠋ᠨ ᠰᠢᠨ᠎ᠡ ᠲᠡᠦᠬᠡᠨ ᠴᠠᠭ ᠦᠶ᠎ᠡ ᠳ᠋ᠡᠬᠢ ᠴᠢᠬᠤᠯᠠ ᠣᠨᠤᠯ ᠤ᠋ᠨ ᠦᠷ᠎ᠡ ᠪᠦᠲᠦᠭᠡᠯ ᠦ᠋ᠨ ᠪᠦᠷᠢᠯᠳᠦᠬᠦᠨ ᠬᠡᠰᠡᠭ ᠮᠥᠨ ᠪᠥᠭᠡᠳ ᠰᠢᠨ᠎ᠡ ᠴᠠᠭ ᠦᠶ᠎ᠡ ᠶ᠋ᠢᠨ ᠮᠣᠩᠭᠤᠯ ᠬᠡᠯᠡ ᠪᠢᠴᠢᠭ ᠦ᠋ᠨ ᠠᠵᠢᠯ ᠢ᠋ ᠬᠢᠬᠦ ᠳ᠋ᠦ᠍ ᠤᠷᠲᠤ ᠬᠤᠭᠤᠴᠠᠭ᠎ᠠ ᠪᠠᠷ ᠴᠢᠩᠭ᠎ᠠ ᠪᠠᠷᠢᠮᠲᠠᠯᠠᠭᠤᠰᠢᠲᠠᠢ ᠵᠢᠯᠤᠭᠤᠳᠭᠤ ᠦᠵᠡᠯ ᠰᠠᠨᠠᠭ᠎ᠠ ᠪᠣᠯᠬᠤ ᠶᠤᠮ; ᠭᠤᠷᠪᠠ ᠳ᠋ᠤ᠌᠂ ᠦᠨᠳᠦᠰᠦᠲᠡᠨ ᠦ᠌ ᠬᠡᠯᠡ ᠪᠢᠴᠢᠭ ᠦ᠋ᠨ ᠲᠤᠬᠠᠢ ᠨᠠᠮ ᠪᠠ ᠤᠯᠤᠰ ᠤ᠋ᠨ ᠲᠥᠷᠦ ᠶ᠋ᠢᠨ ᠪᠣᠳᠤᠯᠭ᠎ᠠ ᠬᠠᠤᠯᠢ ᠲᠣᠭᠲᠠᠭᠠᠯ ᠢ᠋ ᠡᠷᠬᠡᠪᠰᠢ ᠪᠠᠷᠢᠮᠲᠠᠯᠠᠨ ᠲᠤᠭᠤᠰᠢᠯᠠᠭᠤᠯᠬᠤ ᠬᠡᠷᠡᠭᠲᠡᠢ᠃ ᠦᠨᠳᠦᠰᠦᠲᠡᠨ ᠦ᠌ ᠬᠡᠯᠡ ᠪᠢᠴᠢᠭ ᠦ᠋ᠨ ᠲᠤᠬᠠᠢ ᠨᠠᠮ ᠪᠠ ᠤᠯᠤᠰ ᠤ᠋ᠨ ᠲᠥᠷᠦ ᠶ᠋ᠢᠨ ᠪᠣᠳᠤᠯᠭ᠎ᠠ ᠬᠠᠤᠯᠢ ᠲᠣᠭᠲᠠᠭᠠᠯ ᠢ᠋ ᠨᠠᠢᠳᠠᠪᠤᠷᠢᠵᠢᠭᠤᠯᠪᠠᠯ ᠰᠠᠶᠢ ᠰᠢᠨ᠎ᠡ ᠴᠠᠭ ᠦᠶ᠎ᠡ ᠶ᠋ᠢᠨ ᠮᠣᠩᠭᠤᠯ ᠬᠡᠯᠡ ᠪᠢᠴᠢᠭ ᠦ᠋ᠨ ᠠᠵᠢᠯ ᠢ᠋ ᠰᠠᠢᠲᠤᠷ ᠬᠢᠵᠦ᠂ ᠡᠯ᠎ᠡ ᠦᠨᠳᠦᠰᠦᠲᠡᠨ ᠦ᠌ ᠦᠭᠡ ᠬᠡᠯᠡ ᠦᠰᠦᠭ ᠪᠢᠴᠢᠭ ᠢ᠋ᠶ᠋ᠡᠨ ᠰᠤᠷᠴᠤ ᠬᠡᠷᠡᠭᠯᠡᠬᠦ ᠬᠠᠤᠯᠢ ᠶᠣᠰᠤᠨ ᠤ᠋ ᠡᠷᠬᠡ ᠠᠰᠢᠭ ᠢ᠋ ᠪᠠᠲᠤᠯᠠᠵᠤ ᠴᠢᠳᠠᠨ᠎ᠠ; ᠳᠥᠷᠪᠡ ᠳ᠋ᠦ᠍᠂ ᠰᠢᠨᠵᠢᠯᠡᠬᠦ ᠤᠬᠠᠭᠠᠨᠴᠢ ᠪᠠᠷ ᠲᠥᠯᠦᠪᠵᠢᠭᠦᠯᠬᠦ ᠶ᠋ᠢ ᠴᠢᠩᠭ᠎ᠠ ᠪᠠᠷᠢᠮᠲᠠᠯᠠᠬᠤ ᠬᠡᠷᠡᠭᠲᠡᠢ᠃ ᠰᠢᠨᠵᠢᠯᠡᠬᠦ ᠤᠬᠠᠭᠠᠨᠴᠢ ᠪᠠᠷ ᠲᠥᠯᠦᠪᠵᠢᠭᠦᠯᠪᠡᠯ ᠰᠠᠶᠢ ᠰᠡᠳᠬᠢᠮᠵᠢ ᠲᠣᠳᠤᠷᠬᠠᠢ᠂ ᠠᠷᠭ᠎ᠠ ᠪᠠᠷᠢᠯ ᠪᠦᠲᠦᠮᠵᠢᠲᠡᠢ ᠪᠣᠯᠵᠤ᠂ ᠡᠯ᠎ᠡ ᠲᠠᠯ᠎ᠠ ᠶ᠋ᠢᠨ ᠠᠵᠢᠯ ᠢ᠋ᠶ᠋ᠠᠨ ᠰᠠᠢᠲᠤᠷ ᠬᠢᠵᠦ᠂ ᠰᠢᠯᠢᠳᠡᠭ ᠪᠦᠲᠦᠮᠵᠢ ᠭᠠᠷᠭᠠᠵᠤ ᠴᠢᠳᠠᠨ᠎ᠠ; ᠲᠠᠪᠤ ᠳ᠋ᠤ᠌᠂ ᠠᠵᠢᠯ ᠤ᠋ᠨ ᠲᠣᠭᠲᠠᠴᠠ ᠪᠠᠨ ᠪᠦᠷᠢᠨᠰᠢᠭᠦᠯᠬᠦ  ᠶ᠋ᠢ  ᠡᠷᠬᠡᠪᠰᠢ ᠴᠢᠩᠭ᠎ᠠ ᠪᠠᠷᠢᠮᠲᠠᠯᠠᠬᠤ ᠬᠡᠷᠡᠭᠲᠡᠢ᠃ ᠠᠵᠢᠯ ᠤ᠋ᠨ ᠪᠠᠢᠭᠤᠯᠤᠮᠵᠢ ᠪᠠᠨ ᠲᠡᠭᠦᠯᠳᠡᠷᠵᠢᠭᠦᠯᠪᠡᠯ ᠰᠠᠶᠢ ᠰᠢᠨ᠎ᠡ ᠶ᠋ᠢ ᠡᠭᠦᠳᠬᠦ᠂ ᠵᠣᠬᠢᠴᠠᠭᠤᠯᠬᠤ ᠪᠠ ᠬᠥᠬᠢᠭᠦᠯᠦᠨ ᠵᠣᠷᠢᠭᠵᠢᠭᠤᠯᠬᠤ ᠵᠡᠷᠭᠡ ᠠᠵᠢᠯ ᠤ᠋ᠨ ᠲᠣᠭᠲᠠᠴᠠ ᠪᠦᠷᠢᠨᠰᠢᠵᠤ᠂ ᠡᠯ᠎ᠡ ᠲᠠᠯ᠎ᠠ ᠶ᠋ᠢᠨ ᠠᠵᠢᠯ  ᠡᠭᠦᠷᠭᠡ ᠪᠡᠨ ᠤᠷᠤᠭᠰᠢᠲᠠᠢ ᠪᠡᠶᠡᠯᠡᠭᠦᠯᠬᠦ ᠶ᠋ᠢ ᠪᠠᠲᠤᠯᠠᠵᠤ ᠴᠢᠳᠠᠨ᠎ᠠ; ᠵᠢᠷᠭᠤᠭ᠎ᠠ ᠳ᠋ᠤ᠌᠂ ᠺᠠᠳ᠋ᠷ ᠪᠣᠯᠤᠨ ᠴᠢᠳᠠᠪᠤᠷᠢᠲᠠᠨ ᠤ᠋ ᠡᠩᠨᠡᠭᠡᠨ ᠦ᠌ ᠪᠦᠲᠦᠭᠡᠨ ᠪᠠᠢᠭᠤᠯᠤᠯᠲᠠ ᠶ᠋ᠢ ᠴᠢᠩᠭᠠᠳᠭᠠᠬᠤ ᠶ᠋ᠢ ᠴᠢᠩᠭ᠎ᠠ ᠪᠠᠷᠢᠮᠲᠠᠯᠠᠬᠤ ᠬᠡᠷᠡᠭᠲᠡᠢ᠃ ᠮᠣᠩᠭᠤᠯ ᠬᠡᠯᠡ ᠪᠢᠴᠢᠭ ᠦ᠋ᠨ ᠠᠵᠢᠯ ᠢ᠋ ᠰᠠᠢᠲᠤᠷ ᠬᠢᠬᠦ ᠳ᠋ᠦ᠍ ᠬᠥᠮᠦᠨ ᠢ᠋ ᠬᠥᠮᠦᠵᠢᠭᠦᠯᠬᠦ ᠪᠣᠯ ᠪᠠᠰᠠ ᠨᠢᠭᠡᠨ ᠵᠠᠩᠭᠢᠯᠠᠭ᠎ᠠ ᠪᠣᠯᠬᠤ ᠶᠤᠮ᠃ ᠺᠠᠳ᠋ᠷ ᠤ᠋ᠨ ᠡᠩᠨᠡᠭᠡᠨ ᠦ᠌ ᠶᠡᠷᠦᠩᠬᠡᠢ ᠬᠡᠪ ᠪᠣᠯᠪᠠᠰᠤᠷᠠᠯ ᠪᠣᠯᠤᠨ ᠲᠤᠬᠠᠢᠯᠠᠭᠰᠠᠨ ᠠᠵᠢᠯ ᠤ᠋ᠨ ᠴᠢᠳᠠᠪᠤᠷᠢ ᠶ᠋ᠢ ᠨᠢ ᠳᠡᠭᠡᠭᠰᠢᠯᠡᠭᠦᠯᠵᠦ᠂ ᠠᠮᠢᠳᠤᠯᠢᠭ ᠬᠦᠴᠦᠨ ᠪᠠ ᠪᠦᠲᠦᠭᠡᠯᠴᠢ ᠴᠢᠳᠠᠪᠤᠷᠢ ᠶ᠋ᠢ ᠨᠢ ᠴᠢᠩᠭᠠᠳᠭᠠᠪᠠᠯ ᠰᠠᠶᠢ ᠤᠯᠠᠮ ᠪᠦᠲᠦᠭᠡᠯᠴᠢ ᠪᠡᠷ ᠠᠵᠢᠯᠯᠠᠵᠤ᠂ ᠭᠢᠯᠠᠯᠵᠠᠭᠰᠠᠨ ᠬᠢᠷᠢ ᠪᠦᠲᠦᠮᠵᠢ ᠭᠠᠷᠭᠠᠵᠤ ᠴᠢᠳᠠᠨ᠎ᠠ᠃ ᠮᠠᠨ ᠤ᠋ ᠣᠯᠤᠭᠰᠠᠨ ᠭᠣᠣᠯ ᠠᠮᠵᠢᠯᠲᠠ ᠭᠡᠪᠡᠯ᠄ ᠨᠢᠭᠡ ᠳ᠋ᠦ᠍᠂ ᠪᠠᠢᠴᠠᠭᠠᠨ ᠰᠤᠳᠤᠯᠤᠯᠲᠠ ᠪᠠᠷ ᠳᠠᠮᠵᠢᠭᠤᠯᠵᠤ ᠪᠦᠬᠦ ᠣᠷᠤᠨ ᠤ᠋ ᠮᠣᠩᠭᠤᠯ ᠬᠡᠯᠡ ᠪᠢᠴᠢᠭ ᠦ᠋ᠨ ᠠᠵᠢᠯ ᠤ᠋ᠨ ᠭᠣᠣᠯ ᠰᠡᠳᠦᠪ᠂ ᠭᠣᠣᠯ ᠱᠤᠭᠤᠮ᠂ ᠵᠠᠷᠴᠢᠮ ᠪᠣᠯᠤᠨ ᠭᠣᠣᠯᠳᠠᠯᠭᠠᠲᠤ ᠡᠭᠦᠷᠭᠡ ᠪᠡᠨ ᠲᠣᠳᠤᠷᠬᠠᠢ ᠲᠣᠭᠲᠠᠭᠠᠪᠠ; ᠬᠣᠶᠠᠷ ᠲᠤ᠌᠂ ᠲᠥᠪᠯᠡᠷᠡᠭᠦᠯᠦᠨ ᠪᠠᠢᠴᠠᠭᠠᠬᠤ᠂ ᠲᠤᠰᠭᠠᠢ ᠴᠡᠭᠴᠡᠯᠡᠬᠦ ᠪᠣᠯᠤᠨ ᠲᠤᠷᠰᠢᠯᠭ᠎ᠠ ᠰᠣᠯᠢᠯᠴᠠᠬᠤ ᠪᠠᠷ ᠳᠠᠮᠵᠢᠭᠤᠯᠤᠨ ᠪᠦᠬᠦ ᠣᠷᠤᠨ ᠤ᠋ ᠨᠡᠢᠭᠡᠮ ᠦ᠋ᠨ ᠭᠠᠳᠠᠷ ᠬᠡᠷᠡᠭᠯᠡᠭᠡᠨ ᠦ᠌ ᠮᠣᠩᠭᠤᠯ ᠬᠢᠲᠠᠳ ᠬᠣᠶᠠᠷ ᠲᠥᠷᠦᠯ ᠦ᠋ᠨ ᠦᠰᠦᠭ ᠪᠢᠴᠢᠭ ᠢ᠋   ᠵᠡᠷᠭᠡ ᠪᠡᠷ ᠬᠡᠷᠡᠭᠯᠡᠬᠦ ᠴᠢᠳᠠᠪᠤᠷᠢ ᠪᠠ ᠲᠦᠪᠰᠢᠨ ᠢ᠋ ᠢᠯᠡᠷᠬᠡᠢ ᠳᠡᠭᠡᠭᠰᠢᠯᠡᠭᠦᠯᠪᠡ; ᠭᠤᠷᠪᠠ ᠳ᠋ᠤ᠌᠂ ᠮᠣᠩᠭᠤᠯ ᠬᠢᠲᠠᠳ ᠬᠣᠣᠰ ᠬᠡᠯᠡᠨ ᠦ᠌ ᠡᠶ᠎ᠡ ᠵᠣᠬᠢᠴᠠᠩᠭᠤᠢ ᠰᠢᠶᠠᠩ ᠲᠣᠰᠭᠤᠨ ᠤ᠋ ᠲᠤᠷᠰᠢᠯᠲᠠ ᠶ᠋ᠢᠨ ᠴᠡᠭ ᠢ᠋ ᠪᠠᠢᠭᠤᠯᠬᠤ ᠠᠵᠢᠯᠯᠠᠭ᠎ᠠ ᠶ᠋ᠢ ᠥᠷᠨᠢᠭᠦᠯᠬᠦ ᠪᠡᠷ ᠳᠠᠮᠵᠢᠭᠤᠯᠤᠨ ᠮᠠᠨ ᠤ᠋ ᠣᠷᠤᠨ ᠤ᠋ ᠡᠶ᠎ᠡ ᠵᠣᠬᠢᠴᠠᠩᠭᠤᠢ ᠬᠡᠯᠡᠨ ᠦ᠌ ᠠᠮᠢᠳᠤᠷᠠᠯ ᠤ᠋ᠨ ᠴᠣᠭᠴᠠᠯᠠᠯᠲᠠ ᠶ᠋ᠢ ᠠᠬᠢᠭᠤᠯᠪᠠ;ᠳᠥᠷᠪᠡ ᠳ᠋ᠦ᠍᠂ ᠮᠣᠩᠭᠤᠯ ᠬᠡᠯᠡ ᠪᠢᠴᠢᠭ ᠦ᠋ᠨ ᠰᠤᠳᠤᠯᠭᠠᠨ ᠤ᠋ ᠲᠥᠰᠦᠯ ᠢ᠋ᠶ᠋ᠡᠷ ᠮᠣᠩᠭᠤᠯ ᠨᠡᠷ᠎ᠡ ᠲᠣᠮᠢᠶ᠎ᠠ ᠶ᠋ᠢ ᠬᠢᠨᠠᠨ ᠲᠣᠭᠲᠠᠭᠠᠬᠤ᠂ ᠮᠣᠩᠭᠤᠯ ᠬᠡᠯᠡᠨ ᠦ᠌ ᠪᠠᠷᠢᠮᠵᠢᠶ᠎ᠠ ᠠᠪᠢᠶ᠎ᠠ ᠶ᠋ᠢ ᠲᠦᠭᠡᠮᠡᠯᠵᠢᠭᠦᠯᠬᠦ᠂ ᠮᠣᠩᠭᠤᠯ ᠪᠢᠴᠢᠭ ᠦ᠋ᠨ ᠵᠥᠪ ᠪᠢᠴᠢᠯᠭᠡ ᠶ᠋ᠢ ᠳᠦᠷᠢᠮᠵᠢᠯ ᠲᠡᠢ ᠬᠡᠷᠡᠭᠯᠡᠬᠦ ᠶᠠᠪᠤᠳᠠᠯ ᠢ᠋ ᠠᠬᠢᠭᠤᠯᠵᠤ᠂ ᠮᠣᠩᠭᠤᠯ ᠬᠡᠯᠡ ᠪᠢᠴᠢᠭ ᠦ᠋ᠨ ᠳᠦᠷᠢᠮᠵᠢᠯ ᠪᠠᠷᠢᠮᠵᠢᠶᠠᠵᠢᠯ ᠢ᠋ ᠴᠢᠩᠭᠠᠳᠭᠠᠪᠠ; ᠲᠠᠪᠤ ᠳ᠋ᠤ᠌᠂ ᠮᠣᠩᠭᠤᠯ ᠬᠡᠯᠡ ᠪᠢᠴᠢᠭ ᠦ᠋ᠨ ᠰᠤᠷᠠᠭ ᠵᠠᠩᠭᠢᠵᠢᠯᠲᠠ ᠶ᠋ᠢᠨ ᠲᠤᠰᠭᠠᠢ ᠲᠥᠰᠦᠯ ᠪᠣᠯᠤᠨ 《ᠮᠣᠩᠭᠤᠯ ᠬᠡᠯᠡ ᠪᠢᠴᠢᠭ ᠦ᠋ᠨ ᠲᠣᠭᠠᠴᠢᠯᠠᠭᠰᠠᠨ ᠡᠬᠢ ᠪᠠᠶᠠᠯᠢᠭ ᠤ᠋ᠨ ᠪᠠᠢᠭᠤᠯᠤᠯᠲᠠ ᠪᠠ ᠬᠠᠮᠲᠤ ᠪᠠᠷ ᠡᠳ᠋ᠯᠡᠬᠦ ᠢᠨᠵᠧᠨᠧᠷᠢᠩ》 ᠢ᠋ ᠬᠡᠷᠡᠭᠵᠢᠭᠦᠯᠬᠦ ᠪᠡᠷ ᠳᠠᠮᠵᠢᠭᠤᠯᠤᠨ ᠰᠠᠭᠤᠷᠢ ᠰᠤᠳᠤᠯᠭᠠᠨ ᠢ᠋ ᠠᠬᠢᠭᠤᠯᠬᠤ᠂ ᠴᠢᠳᠠᠪᠤᠷᠢᠲᠠᠨ ᠢ᠋ ᠬᠥᠮᠦᠵᠢᠭᠦᠯᠬᠦ᠂ ᠮᠡᠷᠭᠡᠵᠢᠯ ᠪᠣᠯᠤᠨ ᠡᠬᠢ ᠪᠠᠶᠠᠯᠢᠭ ᠢ᠋ ᠨᠡᠭᠡᠭᠡᠨ ᠠᠰᠢᠭᠯᠠᠬᠤ ᠵᠡᠷᠭᠡ ᠬᠦᠷᠢᠶ᠎ᠡ ᠴᠠᠷᠠᠭᠠᠨ ᠤ᠋ ᠵᠣᠬᠢᠴᠠᠩᠭᠤᠢ ᠬᠥᠭᠵᠢᠯᠲᠡ ᠶ᠋ᠢ ᠠᠬᠢᠭᠤᠯᠵᠤ᠂ ᠮᠣᠩᠭᠤᠯ ᠬᠡᠯᠡ ᠪᠢᠴᠢᠭ ᠦ᠋ᠨ ᠰᠤᠷᠠᠭ ᠵᠠᠩᠭᠢᠵᠢᠯᠲᠠ ᠶ᠋ᠢᠨ ᠦᠷ᠎ᠡ ᠪᠦᠲᠦᠭᠡᠯ ᠢ᠋ ᠡᠯ᠎ᠡ ᠦᠨᠳᠦᠰᠦᠲᠡᠨ ᠦ᠌ ᠠᠷᠠᠳ ᠲᠦᠮᠡᠨ ᠳ᠋ᠦ᠍ ᠬᠦᠷᠲᠡᠭᠡᠭᠰᠡᠨ ᠪᠠᠢᠨ᠎ᠠ; ᠵᠢᠷᠭᠤᠭ᠎ᠠ ᠳ᠋ᠤ᠌᠂ ᠮᠣᠩᠭᠤᠯ ᠬᠡᠯᠡ ᠪᠢᠴᠢᠭ ᠦ᠋ᠨ ᠰᠦᠯᠵᠢᠶ᠎ᠡ ᠪᠣᠯᠤᠨ ᠲᠤᠬᠠᠢᠯᠠᠭᠰᠠᠨ ᠠᠵᠢᠯ ᠤ᠋ᠨ ᠬᠠᠮᠢᠶᠠᠷᠤᠯᠲᠠ ᠶ᠋ᠢᠨ ᠦᠢᠯᠡᠴᠢᠯᠡᠭᠡᠨ ᠦ᠌ ᠲᠠᠪᠴᠠᠩ ᠢ᠋ ᠪᠠᠢᠭᠤᠯᠵᠤ᠂ ᠮᠣᠩᠭᠤᠯ ᠬᠡᠯᠡ ᠪᠢᠴᠢᠭ ᠦ᠋ᠨ ᠠᠵᠢᠯ ᠤ᠋ᠨ ᠰᠦᠯᠵᠢᠶᠡᠴᠢᠯᠡᠭᠰᠡᠨ᠂ ᠰᠤᠷᠠᠭ ᠵᠠᠩᠭᠢᠴᠢᠯᠠᠭᠰᠠᠨ ᠬᠠᠮᠢᠶᠠᠷᠤᠯᠲᠠ ᠶ᠋ᠢᠨ ᠰᠢᠨ᠎ᠡ ᠵᠠᠭᠪᠤᠷ ᠢ᠋ ᠪᠦᠷᠢᠯᠳᠦᠭᠦᠯᠦᠨ ᠬᠥᠭᠵᠢᠭᠦᠯᠪᠡ; ᠳᠣᠯᠤᠭ᠎ᠠ ᠳ᠋ᠤ᠌᠂ ᠮᠤᠵᠢ ᠣᠷᠤᠨ ᠬᠠᠮᠵᠢᠯᠴᠠᠨ ᠠᠵᠢᠯᠯᠠᠬᠤ᠂ ᠦᠨᠳᠦᠰᠦᠲᠡᠨ ᠦ᠌ ᠰᠤᠷᠪᠤᠯᠵᠢ ᠪᠢᠴᠢᠭ ᠢ᠋ ᠴᠤᠭᠯᠠᠭᠤᠯᠤᠨ ᠡᠮᠬᠢᠳᠬᠡᠬᠦ᠂ 《ᠮᠣᠩᠭᠤᠯ ᠬᠡᠯᠡ ᠪᠢᠴᠢᠭ》 ᠰᠡᠳᠬᠦᠯ ᠢ᠋ ᠨᠠᠢᠷᠠᠭᠤᠯᠬᠤ ᠠᠵᠢᠯ ᠥᠷᠨᠢᠩᠭᠦᠢ ᠶᠠᠪᠤᠭᠳᠠᠪᠠ; ᠨᠠᠢ᠍ᠮᠠ ᠳ᠋ᠤ᠌᠂ ᠮᠣᠩᠭᠤᠯ ᠬᠡᠯᠡ ᠪᠢᠴᠢᠭ ᠦ᠋ᠨ ᠬᠡᠷᠡᠭᠯᠡᠭᠡᠨ ᠦ᠌ ᠲᠤᠬᠠᠢ ᠭᠤᠷᠪᠠᠳᠠᠬᠢ ᠡᠲᠡᠭᠡᠳ ᠦᠨᠡᠯᠡᠨ ᠵᠢᠱ᠌ᠢᠬᠦ ᠵᠡᠷᠭᠡ ᠲᠣᠭᠲᠠᠴᠠ ᠶ᠋ᠢ ᠪᠣᠢ ᠪᠣᠯᠭᠠᠵᠤ᠂ ᠵᠠᠷᠢᠮ ᠭᠠᠵᠠᠷ ᠣᠷᠤᠨ ᠳ᠋ᠤ᠌ ᠬᠠᠤᠯᠢ ᠬᠡᠷᠡᠭᠵᠢᠭᠦᠯᠬᠦ ᠪᠠᠢᠴᠠᠭᠠᠬᠤ ᠪᠠᠢᠭᠤᠯᠤᠮᠵᠢ ᠶ᠋ᠢ ᠪᠠᠢᠭᠤᠯᠵᠤ᠂ ᠮᠣᠩᠭᠤᠯ ᠬᠡᠯᠡ ᠪᠢᠴᠢᠭ ᠦ᠋ᠨ ᠠᠵᠢᠯ ᠤ᠋ᠨ ᠲᠣᠭᠲᠠᠴᠠ ᠪᠣᠯᠤᠨ ᠪᠠᠢᠭᠤᠯᠤᠮᠵᠢ ᠶ᠋ᠢ ᠲᠡᠭᠦᠯᠳᠡᠷᠵᠢᠭᠦᠯᠪᠡ᠃ ᠡᠳᠡᠭᠡᠷ ᠠᠮᠵᠢᠯᠲᠠ ᠪᠦᠲᠦᠮᠵᠢ ᠪᠣᠯ ᠡᠯ᠎ᠡ ᠱᠠᠲᠤᠨ ᠤ᠋ ᠨᠠᠮ ᠤ᠋ᠨ ᠬᠣᠷᠢᠶ᠎ᠠ᠂ ᠵᠠᠰᠠᠭ ᠤ᠋ᠨ ᠣᠷᠳᠤᠨ ᠤ᠋ ᠵᠥᠪ ᠣᠨᠤᠪᠴᠢᠲᠠᠢ ᠤᠳᠤᠷᠢᠳᠤᠯᠭ᠎ᠠ᠂ ᠮᠣᠩᠭᠤᠯ ᠬᠡᠯᠡ ᠪᠢᠴᠢᠭ ᠦ᠋ᠨ ᠠᠵᠢᠯᠲᠠᠨ ᠤ᠋ ᠬᠠᠲᠠᠭᠤᠵᠢᠯᠲᠠᠢ ᠴᠢᠷᠮᠠᠢᠯᠭ᠎ᠠ᠂ ᠨᠡᠢᠭᠡᠮ ᠦ᠋ᠨ ᠡᠯ᠎ᠡ ᠡᠲᠡᠭᠡᠳ ᠦ᠋ᠨ ᠬᠠᠯᠠᠭᠤᠨ ᠳᠡᠮᠵᠢᠯᠭᠡ ᠡᠴᠡ ᠰᠠᠯᠵᠤ ᠴᠢᠳᠠᠰᠢ ᠦᠭᠡᠢ ᠶᠤᠮ᠃ ᠡ᠊ᠨᠳᠡ ᠪᠢ ᠥᠪᠡᠷᠲᠡᠭᠡᠨ ᠵᠠᠰᠠᠬᠤ ᠣᠷᠤᠨ ᠤ᠋ ᠦᠨᠳᠦᠰᠦᠲᠡᠨ ᠦ᠌ ᠬᠡᠷᠡᠭ ᠡᠷᠬᠢᠯᠡᠬᠦ ᠵᠥᠪᠯᠡᠯ᠂ ᠮᠣᠩᠭᠤᠯ ᠬᠡᠯᠡ ᠪᠢᠴᠢᠭ ᠦ᠋ᠨ ᠠᠵᠢᠯ ᠤ᠋ᠨ ᠵᠥᠪᠯᠡᠯ ᠦ᠋ᠨ ᠡᠮᠦᠨ᠎ᠡ ᠡᠴᠡ ᠪᠠᠶᠠᠷ ᠲᠠᠯᠠᠷᠬᠠᠯ ᠢ᠋ᠶ᠋ᠠᠨ ᠳᠡᠪᠰᠢᠭᠦᠯᠦᠶ᠎ᠡ! 

ᠪᠢᠳᠡ ᠠᠵᠢᠯ ᠤ᠋ᠨ ᠠᠮᠵᠢᠯᠲᠠ ᠪᠣᠯᠤᠨ ᠲᠤᠷᠰᠢᠯᠭ᠎ᠠ ᠪᠠᠨ ᠪᠦᠬᠦ ᠲᠠᠯ᠎ᠠ ᠪᠠᠷ ᠳ᠋ᠦᠩᠨᠡᠬᠦ ᠶ᠋ᠢᠨ ᠵᠡᠷᠭᠡᠴᠡᠭᠡ ᠣᠷᠤᠰᠢᠵᠤ ᠪᠦᠬᠦᠢ ᠠᠰᠠᠭᠤᠳᠠᠯ ᠪᠣᠯᠤᠨ ᠳᠤᠲᠠᠭᠳᠠᠯ ᠢ᠋ᠶ᠋ᠠᠨ ᠴᠤ᠌ ᠰᠡᠷᠭᠡᠭ ᠢ᠋ᠶ᠋ᠡᠷ ᠲᠠᠨᠢᠵᠤ ᠮᠡᠳᠡᠷᠡᠬᠦ ᠬᠡᠷᠡᠭᠲᠡᠢ ᠶᠤᠮ᠃ ᠨᠢᠭᠡ ᠳ᠋ᠦ᠍᠂ ᠮᠣᠩᠭᠤᠯ ᠬᠡᠯᠡ ᠪᠢᠴᠢᠭ ᠦ᠋ᠨ ᠠᠵᠢᠯ ᠤ᠋ᠨ ᠬᠠᠤᠯᠢᠵᠢᠯ ᠤ᠋ᠨ ᠲᠠᠯ᠎ᠠ ᠪᠠᠷ ᠮᠥᠨ ᠬᠣᠴᠤᠷᠤᠩᠭᠤᠢ ᠪᠠᠢᠭ᠎ᠠ ᠲᠤᠯᠠ ᠬᠠᠤᠯᠢ ᠶᠣᠰᠤ ᠪᠠᠷ ᠵᠠᠰᠠᠭ ᠶᠠᠪᠤᠭᠤᠯᠬᠤ ᠴᠢᠳᠠᠪᠤᠷᠢ ᠪᠣᠯᠤᠨ ᠲᠦᠪᠰᠢᠨ ᠢ᠋ᠶ᠋ᠡᠨ ᠳᠡᠭᠡᠭᠰᠢᠯᠡᠭᠦᠯᠬᠦ ᠴᠢᠬᠤᠯᠠᠲᠠᠢ ᠪᠠᠢᠨ᠎ᠠ; ᠬᠣᠶᠠᠷ ᠲᠤ᠌᠂ ᠮᠣᠩᠭᠤᠯ ᠬᠡᠯᠡ ᠪᠢᠴᠢᠭ ᠦ᠋ᠨ ᠳᠦᠷᠢᠮᠵᠢᠯ ᠪᠠᠷᠢᠮᠵᠢᠶᠠᠵᠢᠯ᠂ ᠰᠤᠷᠠᠭ ᠵᠠᠩᠭᠢᠵᠢᠯᠲᠠ ᠶ᠋ᠢᠨ ᠣᠨᠤᠯ ᠤ᠋ᠨ ᠰᠤᠳᠤᠯᠭᠠᠨ ᠬᠠᠷᠠᠬᠠᠨ ᠰᠢᠰᠲ᠋ᠧᠮᠵᠢᠵᠦ ᠭᠦᠨᠵᠡᠭᠡᠢᠷᠡᠵᠦ ᠴᠢᠳᠠᠭ᠎ᠠ ᠦᠭᠡᠢ ᠲᠤᠯᠠ ᠪᠣᠳᠠᠲᠠᠢ ᠠᠵᠢᠯ ᠳ᠋ᠤ᠌ ᠦᠵᠡᠭᠦᠯᠬᠦ ᠣᠨᠤᠯ ᠮᠡᠷᠭᠡᠵᠢᠯ ᠦ᠋ᠨ ᠲᠠᠯ᠎ᠠ ᠪᠠᠷ ᠬᠢ ᠦᠢᠯᠡᠳᠦᠯ ᠢ᠋ ᠨᠢ ᠴᠢᠩᠭᠠᠳᠭᠠᠬᠤ ᠴᠢᠬᠤᠯᠠᠲᠠᠢ; ᠭᠤᠷᠪᠠ ᠳ᠋ᠤ᠌᠂ ᠮᠣᠩᠭᠤᠯ ᠬᠡᠯᠡ ᠪᠢᠴᠢᠭ ᠦ᠋ᠨ ᠠᠵᠢᠯᠲᠠᠨ᠂ ᠣᠨᠴᠠᠭᠠᠢᠯᠠᠨ ᠦᠨᠳᠦᠰᠦᠨ ᠱᠠᠲᠤᠨ ᠤ᠋ ᠮᠣᠩᠭᠤᠯ ᠬᠡᠯᠡ ᠪᠢᠴᠢᠭ ᠦ᠋ᠨ ᠠᠵᠢᠯᠲᠠᠨ ᠤ᠋ ᠠᠵᠢᠯ ᠤ᠋ᠨ ᠳᠠᠷᠤᠭᠠᠰᠤ ᠶᠡᠬᠡ᠂ ᠨᠠᠰᠤᠨ ᠤ᠋ ᠪᠦᠲᠦᠴᠡ ᠵᠣᠬᠢᠰ ᠦᠭᠡᠢ ᠪᠣᠯᠵᠤ ᠪᠤᠢ᠃ ᠡᠢᠮᠦ ᠡᠴᠡ ᠺᠠᠳ᠋ᠷ ᠠᠵᠢᠯᠲᠠᠨ ᠤ᠋ ᠡᠩᠨᠡᠭᠡᠨ ᠦ᠌   ᠪᠠᠢᠭᠤᠯᠤᠯᠲᠠ ᠶ᠋ᠢ ᠴᠢᠩᠭᠠᠳᠭᠠᠬᠤ ᠴᠢᠬᠤᠯᠠᠲᠠᠢ ᠪᠠᠢᠨ᠎ᠠ᠃ ᠮᠠᠨ ᠤ᠋ ᠣᠷᠤᠨ ᠤ᠋ ᠦᠨᠳᠦᠰᠦᠲᠡᠨ ᠦ᠌ ᠪᠦᠯᠬᠦᠮᠳᠡᠯ᠂ ᠬᠢᠯᠢ ᠬᠢᠵᠠᠭᠠᠷ ᠤ᠋ᠨ ᠠᠮᠤᠷ ᠲᠣᠭᠲᠠᠭᠤᠨ ᠪᠣᠯᠤᠨ ᠠᠵᠤ ᠠᠬᠤᠢ ᠨᠡᠢᠭᠡᠮ ᠦ᠋ᠨ ᠬᠥᠭᠵᠢᠯᠲᠡ ᠳ᠋ᠦ᠍ ᠦᠵᠡᠭᠦᠯᠵᠦ ᠪᠠᠢᠭ᠎ᠠ ᠮᠣᠩᠭᠤᠯ ᠬᠡᠯᠡ ᠪᠢᠴᠢᠭ ᠦ᠋ᠨ ᠠᠵᠢᠯ ᠤ᠋ᠨ ᠴᠢᠬᠤᠯᠠ ᠦᠢᠯᠡᠳᠦᠯ ᠢ᠋ ᠪᠢᠳᠡ ᠡᠷᠬᠡᠪᠰᠢ ᠭᠦᠢᠴᠡᠳ ᠲᠠᠨᠢᠬᠤ ᠬᠡᠷᠡᠭᠲᠡᠢ᠃ 《ᠥᠪᠦᠷ ᠮᠣᠩᠭᠤᠯ ᠤ᠋ᠨ ᠥᠪᠡᠷᠲᠡᠭᠡᠨ ᠵᠠᠰᠠᠬᠤ ᠣᠷᠤᠨ ᠤ᠋ ᠮᠣᠩᠭᠤᠯ ᠦᠭᠡ ᠬᠡᠯᠡ ᠦᠰᠦᠭ ᠪᠢᠴᠢᠭ ᠦ᠋ᠨ ᠠᠵᠢᠯ ᠤ᠋ᠨ ᠳᠦᠷᠢᠮ》 ᠲᠡᠢ ᠬᠣᠯᠪᠤᠭᠳᠠᠯ ᠪᠦᠬᠦᠢ ᠲᠥᠷᠦ ᠶ᠋ᠢᠨ ᠪᠣᠳᠤᠯᠭ᠎ᠠ ᠬᠠᠤᠯᠢ ᠲᠣᠭᠲᠠᠭᠠᠯ ᠢ᠋ ᠲᠣᠭᠲᠠᠭᠠᠨ ᠬᠡᠷᠡᠭᠵᠢᠭᠦᠯᠬᠦ᠂ 《ᠮᠣᠩᠭᠤᠯ ᠬᠡᠯᠡ ᠪᠢᠴᠢᠭ ᠦ᠋ᠨ ᠲᠣᠭᠠᠴᠢᠯᠠᠭᠰᠠᠨ ᠡᠬᠢ ᠪᠠᠶᠠᠯᠢᠭ ᠤ᠋ᠨ ᠪᠠᠢᠭᠤᠯᠤᠯᠲᠠ ᠪᠠ ᠬᠠᠮᠲᠤ ᠪᠠᠷ ᠡᠳ᠋ᠯᠡᠬᠦ ᠢᠨᠵᠧᠨᠧᠷᠢᠩ》 ᠦ᠋ᠨ ᠪᠠᠢᠭᠤᠯᠤᠯᠲᠠ ᠶ᠋ᠢ ᠠᠬᠢᠭᠤᠯᠬᠤ᠂ 《ᠮᠣᠩᠭᠤᠯ ᠵᠥᠪ ᠪᠢᠴᠢᠯᠭᠡ ᠶ᠋ᠢᠨ ᠲᠣᠯᠢ》 ᠪᠠ 《ᠮᠣᠩᠭᠤᠯ ᠬᠡᠯᠡᠨ ᠦ᠌ ᠪᠠᠷᠢᠮᠵᠢᠶ᠎ᠠ ᠠᠪᠢᠶᠠᠨ ᠤ᠋ ᠬᠢᠷᠢ ᠭᠡᠮ ᠢ᠋ ᠰᠢᠯᠭᠠᠬᠤ ᠬᠥᠲᠦᠯᠪᠦᠷᠢ》 ᠶ᠋ᠢ ᠵᠠᠰᠠᠵᠤ ᠲᠡᠭᠦᠯᠳᠡᠷᠵᠢᠭᠦᠯᠬᠦ᠂ ᠮᠣᠩᠭᠤᠯ ᠬᠡᠯᠡ ᠪᠢᠴᠢᠭ ᠦ᠋ᠨ ᠰᠦᠯᠵᠢᠶ᠎ᠡ ᠪᠣᠯᠤᠨ ᠲᠤᠬᠠᠢᠯᠠᠭᠰᠠᠨ ᠠᠵᠢᠯ ᠤ᠋ᠨ ᠬᠠᠮᠢᠶᠠᠷᠤᠯᠲᠠ ᠶ᠋ᠢᠨ ᠦᠢᠯᠡᠴᠢᠯᠡᠭᠡᠨ ᠦ᠌ ᠲᠠᠪᠴᠠᠩ ᠢ᠋ ᠪᠠᠢᠭᠤᠯᠬᠤ ᠪᠠ ᠳᠡᠯᠭᠡᠷᠡᠭᠦᠯᠦᠨ ᠠᠰᠢᠭᠯᠠᠬᠤ ᠵᠡᠷᠭᠡ ᠦᠢᠯᠡ ᠠᠵᠢᠯᠯᠠᠭ᠎ᠠ᠂ ᠳᠤᠮᠳᠠᠳᠤ ᠤᠯᠤᠰ ᠤ᠋ᠨ ᠮᠣᠩᠭᠤᠯ ᠬᠡᠯᠡᠨ ᠦ᠌ ᠪᠠᠷᠢᠮᠵᠢᠶ᠎ᠠ ᠠᠪᠢᠶ᠎ᠠ ᠲᠣᠭᠲᠠᠭᠠᠭᠳᠠᠭᠰᠠᠨ ᠤ᠋ ᠳᠥᠴᠢᠨ ᠵᠢᠯ ᠦ᠋ᠨ ᠣᠢ ᠪᠣᠯᠤᠨ ᠥᠪᠦᠷ ᠮᠣᠩᠭᠤᠯ ᠤ᠋ᠨ ᠥᠪᠡᠷᠲᠡᠭᠡᠨ ᠵᠠᠰᠠᠬᠤ ᠣᠷᠤᠨ ᠤ᠋ ᠴᠥᠭᠡᠨ ᠲᠣᠭᠠᠲᠤ ᠦᠨᠳᠦᠰᠦᠲᠡᠨ ᠦ᠌ ᠰᠤᠳᠤᠷ ᠪᠢᠴᠢᠭ ᠢ᠋ ᠡᠮᠬᠢᠳᠬᠡᠨ ᠰᠤᠳᠤᠯᠬᠤ ᠠᠯᠪᠠᠨ ᠭᠡᠷ ᠪᠠᠢᠭᠤᠯᠤᠭᠳᠠᠭᠰᠠᠨ ᠤ᠋ ᠭᠤᠴᠢᠨ ᠲᠠᠪᠤᠨ ᠵᠢᠯ ᠦ᠋ᠨ ᠣᠢ ᠶ᠋ᠢ ᠪᠡᠯᠭᠡᠯᠡᠬᠦ ᠰᠢᠷᠢᠰ ᠠᠵᠢᠯᠯᠠᠭ᠎ᠠ᠂ ᠵᠢᠴᠢ ᠮᠣᠩᠭᠤᠯ ᠬᠡᠯᠡ ᠪᠢᠴᠢᠭ ᠦ᠋ᠨ ᠺᠠᠳ᠋ᠷ ᠠᠵᠢᠯᠲᠠᠨ ᠤ᠋ ᠪᠣᠯᠪᠠᠰᠤᠷᠠᠯ ᠬᠥᠮᠦᠵᠢᠯ ᠵᠡᠷᠭᠡ ᠡᠯ᠎ᠡ ᠲᠠᠯ᠎ᠠ ᠶ᠋ᠢᠨ ᠠᠵᠢᠯ ᠢ᠋ ᠢᠳᠡᠪᠬᠢᠲᠡᠢ ᠠᠬᠢᠭᠤᠯᠬᠤ ᠬᠡᠷᠡᠭᠲᠡᠢ᠃ ᠣᠳᠤ ᠪᠢ ᠥᠪᠡᠷᠲᠡᠭᠡᠨ ᠵᠠᠰᠠᠬᠤ ᠣᠷᠤᠨ ᠤ᠋ ᠦᠨᠳᠦᠰᠦᠲᠡᠨ ᠦ᠌ ᠵᠥᠪᠯᠡᠯ ᠦ᠋ᠨ ᠡᠷᠬᠢᠯᠡᠭᠴᠢ ᠴᠢ ᠶ᠋ᠢᠨ ᠢᠦᠢ ᠨᠥᠬᠦᠷ ᠦ᠋ᠨ ᠨᠠᠢᠳᠠᠯᠭ᠎ᠠ ᠪᠠᠷ ᠰᠢᠨ᠎ᠡ ᠴᠠᠭ ᠦᠶ᠎ᠡ ᠶ᠋ᠢᠨ ᠮᠣᠩᠭᠤᠯ ᠬᠡᠯᠡ ᠪᠢᠴᠢᠭ ᠦ᠋ᠨ ᠠᠵᠢᠯ ᠢ᠋ ᠬᠡᠷᠬᠢᠨ ᠰᠠᠢᠲᠤᠷ ᠬᠢᠬᠦ ᠲᠤᠬᠠᠢ ᠬᠡᠳᠦᠨ  ᠰᠠᠨᠠᠯ ᠳᠤᠷᠠᠳᠤᠶ᠎ᠠ᠃ 

ᠨᠢᠭᠡ ᠳ᠋ᠦ᠍᠂ ᠤᠯᠤᠰ ᠲᠥᠷᠦ ᠶ᠋ᠢ ᠴᠢᠬᠤᠯᠠᠴᠢᠯᠠᠨ ᠶᠡᠬᠡ ᠲᠠᠯ᠎ᠠ ᠳ᠋ᠤ᠌ ᠦᠢᠯᠡᠴᠢᠯᠡᠬᠦ ᠬᠡᠷᠡᠭᠲᠡᠢ᠃ ᠦᠭᠡ ᠬᠡᠯᠡ ᠦᠰᠦᠭ ᠪᠢᠴᠢᠭ ᠪᠣᠯ ᠤᠯᠤᠰ ᠪᠠ ᠦᠨᠳᠦᠰᠦᠲᠡᠨ ᠢ᠋ᠶ᠋ᠡᠨ ᠲᠠᠨᠢᠨ ᠮᠡᠳᠡᠷᠡᠬᠦ ᠴᠢᠬᠤᠯᠠ ᠡᠯᠧᠮᠧᠨ᠋ᠲ ᠮᠥᠨ᠃ ᠬᠡᠯᠡ ᠪᠢᠴᠢᠭ ᠦ᠋ᠨ ᠦᠢᠯᠡᠰ ᠨᠢ ᠰᠠᠭᠤᠷᠢ ᠰᠢᠨᠵᠢ᠂ ᠪᠦᠬᠦ ᠲᠠᠯᠠᠲᠤ ᠰᠢᠨᠵᠢ᠂ ᠨᠡᠢᠭᠡᠮᠴᠢ ᠰᠢᠨᠵᠢ᠂ ᠠᠷᠠᠳᠴᠢ ᠰᠢᠨᠵᠢ ᠲᠡᠢ ᠪᠠᠢᠳᠠᠭ ᠪᠥᠭᠡᠳ ᠤᠯᠤᠰ ᠣᠷᠤᠨ ᠤ᠋ ᠬᠥᠭᠵᠢᠯᠲᠡ ᠶ᠋ᠢᠨ ᠳᠤᠮᠳᠠ ᠴᠢᠬᠤᠯᠠ ᠪᠠᠢᠷᠢ ᠰᠠᠭᠤᠷᠢ ᠪᠠ ᠦᠢᠯᠡᠳᠦᠯ ᠲᠡᠢ ᠪᠠᠢᠳᠠᠭ᠃ ᠴᠥᠭᠡᠨ ᠲᠣᠭᠠᠲᠤ ᠦᠨᠳᠦᠰᠦᠲᠡᠨ ᠦ᠌ ᠬᠡᠯᠡ ᠪᠢᠴᠢᠭ ᠦ᠋ᠨ ᠦᠢᠯᠡᠰ ᠲᠦ᠍ ᠴᠦ᠍ ᠳᠡᠭᠡᠷᠡᠬᠢ ᠮᠡᠲᠦ ᠳᠥᠷᠪᠡᠨ ᠵᠦᠢᠯ ᠦ᠋ᠨ ᠣᠨᠴᠠᠯᠢᠭ ᠰᠢᠨᠵᠢ ᠪᠠᠢᠳᠠᠭ ᠢ᠋ᠶ᠋ᠠᠷ ᠦᠯᠦ ᠪᠠᠷᠠᠮ ᠤᠷᠲᠤ ᠬᠤᠭᠤᠴᠠᠭᠠᠲᠤ ᠰᠢᠨᠵᠢ᠂ ᠤᠯᠤᠰ ᠲᠥᠷᠦᠴᠢ ᠰᠢᠨᠵᠢ᠂ ᠲᠥᠷᠦ ᠶ᠋ᠢᠨ ᠪᠣᠳᠤᠯᠭ᠎ᠠ ᠶ᠋ᠢᠨ ᠰᠢᠨᠵᠢ ᠲᠡᠢ ᠪᠠᠢᠳᠠᠭ ᠪᠥᠭᠡᠳ ᠦᠨᠳᠦᠰᠦᠲᠡᠨ ᠦ᠌ ᠪᠦᠯᠬᠦᠮᠳᠡᠯ᠂ ᠤᠯᠤᠰ ᠣᠷᠤᠨ ᠤ᠋ ᠨᠢᠭᠡᠳᠦᠯ ᠳ᠋ᠦ᠍ ᠴᠢᠬᠤᠯᠠ ᠪᠠᠢᠷᠢ ᠰᠠᠭᠤᠷᠢ ᠪᠠ ᠦᠢᠯᠡᠳᠦᠯ ᠲᠡᠢ ᠪᠠᠢᠳᠠᠭ᠃ ᠪᠢᠳᠡ ᠡᠷᠬᠡᠪᠰᠢ ᠤᠯᠤᠰ ᠲᠥᠷᠦ ᠶ᠋ᠢᠨ ᠤᠬᠠᠮᠰᠠᠷ᠂ ᠶᠡᠬᠡ ᠲᠠᠯ᠎ᠠ ᠶ᠋ᠢᠨ ᠤᠬᠠᠮᠰᠠᠷ᠂ ᠭᠣᠣᠯᠯᠠᠬᠤ ᠤᠬᠠᠮᠰᠠᠷ ᠪᠣᠯᠤᠨ ᠨᠢᠭᠡᠳᠦᠯᠲᠡᠢ ᠪᠠᠢᠬᠤ ᠤᠬᠠᠮᠰᠠᠷ ᠢ᠋ ᠪᠣᠢ ᠪᠣᠯᠭᠠᠵᠤ᠂ ᠨᠠᠮ ᠤ᠋ᠨ ᠲᠥᠪ ᠬᠣᠷᠢᠶᠠᠨ ᠤ᠋ ᠡᠷᠬᠡ ᠰᠦᠷ ᠪᠣᠯᠤᠨ ᠲᠥᠪᠯᠡᠷᠡᠭᠰᠡᠨ ᠨᠢᠭᠡᠳᠦᠯᠲᠡᠢ ᠤᠳᠤᠷᠢᠳᠤᠯᠭ᠎ᠠ ᠶ᠋ᠢ ᠭᠤᠢᠪᠢᠰᠢ ᠦᠭᠡᠢ ᠬᠠᠮᠠᠭᠠᠯᠠᠵᠤ᠂ ᠦᠵᠡᠯ ᠰᠠᠨᠠᠭ᠎ᠠ᠂ ᠤᠯᠤᠰ ᠲᠥᠷᠦ᠂ ᠦᠢᠯᠡ ᠠᠵᠢᠯᠯᠠᠭ᠎ᠠ ᠳᠡᠭᠡᠷ᠎ᠡ ᠪᠡᠨ ᠰᠢ ᠶ᠋ᠢᠨ ᠫᠢᠩ ᠶᠡᠷᠦᠩᠬᠡᠢ ᠱᠦᠵᠢ ᠪᠡᠷ ᠭᠣᠣᠯᠯᠠᠭᠴᠢ ᠪᠣᠯᠭᠠᠭᠰᠠᠨ ᠨᠠᠮ ᠤ᠋ᠨ ᠲᠥᠪ ᠬᠣᠷᠢᠶ᠎ᠠ ᠲᠠᠢ ᠳᠡᠭᠡᠳᠦ ᠬᠡᠮᠵᠢᠶ᠎ᠡ ᠪᠡᠷ ᠨᠢᠭᠡᠳᠦᠯᠲᠡᠢ ᠪᠠᠢᠬᠤ ᠬᠡᠷᠡᠭᠲᠡᠢ᠃ ᠨᠠᠮ ᠢ᠋ ᠪᠦᠬᠦ ᠲᠠᠯ᠎ᠠ ᠪᠠᠷ ᠴᠢᠩᠭ᠎ᠠ ᠵᠠᠰᠠᠬᠤ ᠲᠤᠬᠠᠢ ᠰᠢᠨ᠎ᠡ ᠴᠠᠭ ᠦᠶ᠎ᠡ ᠶ᠋ᠢᠨ ᠰᠢᠨ᠎ᠡ ᠱᠠᠭᠠᠷᠳᠠᠯᠭ᠎ᠠ ᠶ᠋ᠢ ᠭᠦᠨᠵᠡᠭᠡᠢ ᠨᠠᠢᠳᠠᠪᠤᠷᠢᠵᠢᠭᠤᠯᠵᠤ᠂ ᠨᠠᠮ ᠤ᠋ᠨ ᠰᠤᠷᠲᠠᠯ ᠴᠢᠬᠡᠴᠢ ᠵᠠᠰᠠᠭ ᠤ᠋ᠨ  ᠪᠠᠢᠭᠤᠯᠤᠯᠲᠠ ᠶ᠋ᠢ ᠤᠯᠤᠰ ᠲᠥᠷᠦ ᠶ᠋ᠢᠨ ᠴᠢᠬᠤᠯᠠ ᠡᠭᠦᠷᠭᠡ ᠪᠣᠯᠭᠠᠨ ᠪᠠᠷᠢᠮᠲᠠᠯᠠᠵᠤ᠂ ᠲᠤᠬᠠᠢᠯᠠᠭᠰᠠᠨ ᠠᠵᠢᠯ ᠲᠠᠢ ᠪᠠᠨ ᠨᠢᠭᠡᠳᠦᠯᠲᠡᠢ ᠰᠤᠳᠤᠯᠵᠤ᠂ ᠨᠢᠭᠡᠳᠦᠯᠲᠡᠢ ᠪᠠᠢᠷᠢᠰᠢᠭᠤᠯᠵᠤ᠂ ᠨᠢᠭᠡᠳᠦᠯᠲᠡᠢ ᠨᠠᠢᠳᠠᠪᠤᠷᠢᠵᠢᠭᠤᠯᠬᠤ ᠬᠡᠷᠡᠭᠲᠡᠢ᠃ ᠤᠯᠤᠰ ᠤ᠋ᠨ 《ᠨᠢᠭᠡ ᠪᠦᠰᠡ ᠨᠢᠭᠡ ᠵᠠᠮ》 ᠤ᠋ᠨ ᠤᠷᠢᠶᠠᠯᠠᠭ᠎ᠠ ᠶ᠋ᠢ ᠭᠦᠨᠵᠡᠭᠡᠢ   ᠲᠤᠭᠤᠰᠢᠯᠠᠭᠤᠯᠵᠤ᠂ ᠡᠷᠳᠡᠮ ᠰᠢᠨᠵᠢᠯᠡᠭᠡᠨ ᠦ᠌ ᠠᠵᠢᠯ ᠪᠠ ᠬᠡᠯᠡ ᠰᠣᠶᠤᠯ ᠤ᠋ᠨ ᠰᠣᠯᠢᠯᠴᠠᠭ᠎ᠠ ᠶ᠋ᠢ   ᠴᠢᠩᠭᠠᠳᠭᠠᠬᠤ ᠶ᠋ᠢ ᠤᠯᠠᠮ ᠨᠢᠭᠡ ᠠᠯᠬᠤᠮ ᠠᠬᠢᠭᠤᠯᠬᠤ ᠬᠡᠷᠡᠭᠲᠡᠢ᠃ ᠠᠷᠠᠳ ᠤ᠋ᠨ ᠰᠡᠳᠬᠢᠯ ᠭᠡᠳᠡᠭ ᠬᠠᠮᠤᠭ ᠤ᠋ᠨ ᠲᠣᠮᠤ ᠤᠯᠤᠰ ᠲᠥᠷᠦ ᠶ᠋ᠢᠨ ᠰᠡᠳᠦᠪ ᠦ᠋ᠨ ᠲᠣᠭᠤᠷᠢᠨ ᠳ᠋ᠤ᠌ ᠬᠡᠯᠡᠨ ᠦ᠌ ᠡᠷᠬᠡ ᠲᠡᠭᠰᠢ ᠪᠠ ᠴᠢᠯᠦᠭᠡᠲᠡᠢ ᠪᠠᠢᠬᠤ ᠲᠤᠬᠠᠢ ᠨᠠᠮ ᠤ᠋ᠨ ᠲᠥᠷᠦ ᠶ᠋ᠢᠨ ᠪᠣᠳᠤᠯᠭ᠎ᠠ ᠶ᠋ᠢ ᠭᠦᠨᠵᠡᠭᠡᠢ ᠨᠠᠢᠳᠠᠪᠤᠷᠢᠵᠢᠭᠤᠯᠵᠤ᠂ ᠡᠯ᠎ᠡ ᠦᠨᠳᠦᠰᠦᠲᠡᠨ ᠦ᠌ ᠠᠷᠠᠳ ᠲᠦᠮᠡᠨ ᠦ᠌ ᠦᠭᠡ ᠬᠡᠯᠡ ᠦᠰᠦᠭ ᠪᠢᠴᠢᠭ ᠢ᠋ᠶ᠋ᠡᠨ ᠬᠡᠷᠡᠭᠯᠡᠵᠦ ᠬᠥᠭᠵᠢᠭᠦᠯᠬᠦ ᠡᠷᠬᠡ ᠮᠡᠳᠡᠯ ᠢ᠋ ᠬᠠᠮᠠᠭᠠᠯᠠᠵᠤ᠂ ᠦᠨᠳᠦᠰᠦᠲᠡᠨ ᠦ᠌ ᠪᠦᠯᠬᠦᠮᠳᠡᠯ ᠳᠠᠪᠰᠢᠯᠲᠠ ᠶ᠋ᠢ ᠪᠡᠬᠢᠵᠢᠭᠦᠯᠦᠨ ᠬᠥᠭᠵᠢᠭᠦᠯᠬᠦ ᠳ᠋ᠦ᠍ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠢ᠃ 

ᠬᠣᠶᠠᠷ ᠲᠤ᠌᠂ ᠵᠣᠬᠢᠰᠲᠠᠢ ᠲᠥᠯᠦᠪᠵᠢᠭᠦᠯᠦᠨ ᠰᠠᠢᠲᠤᠷ ᠨᠠᠢᠳᠠᠪᠤᠷᠢᠵᠢᠭᠤᠯᠬᠤ ᠬᠡᠷᠡᠭᠲᠡᠢ᠃ ᠪᠢ ᠨᠢᠳᠤᠨᠤᠨ ᠤ᠋ ᠠᠬᠤᠢ ᠲᠠᠯᠠᠪᠠᠢ ᠶ᠋ᠢᠨ ᠬᠤᠷᠠᠯᠳᠤᠭᠠᠨ ᠳᠡᠭᠡᠷ᠎ᠡ ᠲᠥᠯᠦᠪᠵᠢᠭᠦᠯᠬᠦ ᠪᠠ ᠨᠠᠢᠳᠠᠪᠤᠷᠢᠵᠢᠭᠤᠯᠬᠤ ᠠᠰᠠᠭᠤᠳᠠᠯ ᠢ᠋ ᠳᠤᠷᠠᠳᠴᠤ ᠥᠩᠭᠡᠷᠡᠭᠰᠡᠨ ᠶᠤᠮ᠂ ᠥᠨᠦᠳᠦᠷ ᠡᠨᠡ ᠠᠵᠢᠯ ᠢ᠋ ᠳᠠᠬᠢᠨᠲᠠ ᠱᠠᠭᠠᠷᠳᠠᠶ᠎ᠠ᠃ ᠲᠥᠯᠦᠪᠵᠢᠭᠦᠯᠭᠡ ᠨᠢ ᠪᠢᠳᠡᠨ ᠦ᠌ ᠠᠵᠢᠯ ᠢ᠋ᠶ᠋ᠠᠨ ᠰᠠᠢᠲᠤᠷ ᠬᠢᠬᠦ ᠳ᠋ᠦ᠍ ᠵᠢᠯᠤᠭᠤᠳᠤᠮᠵᠢ ᠪᠣᠯᠳᠠᠭ᠃ ᠲᠥᠯᠦᠪᠵᠢᠭᠦᠯᠬᠦ ᠦᠭᠡᠢ ᠪᠣᠯᠪᠠᠯ ᠠᠵᠢᠯ ᠨᠢ ᠬᠠᠷᠠᠯᠲᠠ ᠪᠣᠯᠤᠨ ᠵᠢᠷᠤᠮᠯᠠᠯ ᠢ᠋ᠶ᠋ᠠᠨ ᠠᠯᠳᠠᠵᠤ᠂ ᠰᠣᠬᠤᠷ ᠪᠠᠯᠠᠢ ᠰᠢᠨᠵᠢ ᠲᠡᠢ ᠪᠣᠯᠤᠨ᠎ᠠ᠃ ᠪᠢᠳᠡ ᠣᠢᠷ᠎ᠠ ᠶ᠋ᠢᠨ ᠬᠡᠳᠦᠨ ᠵᠢᠯ ᠳ᠋ᠦ᠍ 《ᠥᠪᠦᠷ ᠮᠣᠩᠭᠤᠯ ᠤ᠋ᠨ ᠥᠪᠡᠷᠲᠡᠭᠡᠨ ᠵᠠᠰᠠᠬᠤ ᠣᠷᠤᠨ ᠤ᠋ ᠳᠤᠮᠳᠠ ᠤᠷᠲᠤ ᠬᠤᠭᠤᠴᠠᠭᠠᠨ ᠤ᠋ ᠬᠡᠯᠡ ᠪᠢᠴᠢᠭ ᠦ᠋ᠨ ᠦᠢᠯᠡᠰ ᠦ᠋ᠨ ᠥᠭᠡᠷᠡᠴᠢᠯᠡᠯᠲᠡ ᠪᠠ ᠬᠥᠭᠵᠢᠭᠦᠯᠦᠯᠲᠡ ᠶ᠋ᠢᠨ ᠲᠥᠯᠦᠪᠵᠢᠭᠦᠯᠭᠡ ᠶ᠋ᠢᠨ ᠬᠥᠲᠦᠯᠪᠦᠷᠢ (2014—2020)》᠂ 《ᠥᠪᠦᠷ ᠮᠣᠩᠭᠤᠯ ᠤ᠋ᠨ ᠥᠪᠡᠷᠲᠡᠭᠡᠨ ᠵᠠᠰᠠᠬᠤ ᠣᠷᠤᠨ ᠤ᠋ ᠮᠣᠩᠭᠤᠯ ᠬᠡᠯᠡ ᠪᠢᠴᠢᠭ ᠦ᠋ᠨ ᠠᠵᠢᠯ ᠤ᠋ᠨ〈ᠠᠷᠪᠠᠨ ᠭᠤᠷᠪᠠᠳᠤᠭᠠᠷ  ᠲᠠᠪᠤᠨ ᠵᠢᠯ〉 ᠦ᠋ᠨ  ᠲᠥᠯᠦᠪᠵᠢᠭᠦᠯᠭᠡ》᠂ 《ᠥᠪᠦᠷ ᠮᠣᠩᠭᠤᠯ ᠤ᠋ᠨ ᠥᠪᠡᠷᠲᠡᠭᠡᠨ ᠵᠠᠰᠠᠬᠤ ᠣᠷᠤᠨ ᠤ᠋ ᠮᠣᠩᠭᠤᠯ ᠬᠡᠯᠡ ᠪᠢᠴᠢᠭ ᠦ᠋ᠨ ᠰᠤᠷᠠᠭ ᠵᠠᠩᠭᠢᠵᠢᠯᠲᠠ ᠶ᠋ᠢᠨ ᠪᠠᠢᠭᠤᠯᠤᠯᠲᠠ ᠶ᠋ᠢᠨ ᠳᠤᠮᠳᠠ ᠤᠷᠲᠤ ᠬᠤᠭᠤᠴᠠᠭᠠᠨ ᠤ᠋ ᠲᠥᠯᠦᠪᠵᠢᠭᠦᠯᠭᠡ (2014—2020)》᠂ 《ᠥᠪᠦᠷ ᠮᠣᠩᠭᠤᠯ ᠤ᠋ᠨ ᠥᠪᠡᠷᠲᠡᠭᠡᠨ ᠵᠠᠰᠠᠬᠤ ᠣᠷᠤᠨ ᠤ᠋ ᠴᠥᠭᠡᠨ ᠲᠣᠭᠠᠲᠤ ᠦᠨᠳᠦᠰᠦᠲᠡᠨ ᠦ᠌ ᠰᠤᠳᠤᠷ ᠪᠢᠴᠢᠭ ᠪᠣᠯᠤᠨ〈ᠭᠡᠰᠡᠷ〉 ᠦ᠋ᠨ ᠭᠤᠷᠪᠠᠨ ᠵᠢᠯ ᠦ᠋ᠨ ᠲᠥᠯᠦᠪᠵᠢᠭᠦᠯᠭᠡ (2018 —2020)》 ᠪᠣᠯᠤᠨ 《ᠨᠠᠢ᠍ᠮᠠᠨ ᠮᠤᠵᠢ ᠣᠷᠤᠨ ᠤ᠋ ᠮᠣᠩᠭᠤᠯ ᠬᠡᠯᠡ ᠪᠢᠴᠢᠭ ᠦ᠋ᠨ ᠬᠠᠮᠵᠢᠯᠴᠠᠭᠠᠨ ᠤ᠋ ᠠᠵᠢᠯ ᠤ᠋ᠨ ᠲᠥᠯᠦᠪᠵᠢᠭᠦᠯᠭᠡ (2018—2020)》 ᠶ᠋ᠢ ᠤᠷᠢᠳ ᠬᠣᠵᠢᠳ ᠲᠣᠭᠲᠠᠭᠠᠨ ᠬᠡᠷᠡᠭᠵᠢᠭᠦᠯᠪᠡ᠃ ᠲᠥᠯᠦᠪᠵᠢᠭᠦᠯᠭᠡ ᠪᠠᠢᠭᠠᠳ ᠬᠡᠷᠡᠭᠵᠢᠭᠦᠯᠬᠦ ᠦᠭᠡᠢ ᠪᠣᠯ ᠬᠡᠢ ᠬᠣᠭᠤᠰᠤᠨ ᠦᠭᠡ ᠪᠣᠯᠵᠤ᠂ ᠶᠠᠮᠠᠷ ᠴᠤ᠌ ᠤᠳᠭ᠎ᠠ ᠠᠭᠤᠯᠭ᠎ᠠ ᠦᠭᠡᠢ ᠪᠣᠯᠬᠤ ᠶᠤᠮ᠃ ᠡᠢᠮᠦ ᠡᠴᠡ ᠪᠢᠳᠡᠨ ᠦ᠌ ᠬᠣᠢᠰᠢᠳᠠ ᠶ᠋ᠢᠨ ᠬᠡᠰᠡᠭ ᠬᠤᠭᠤᠴᠠᠭᠠᠨ ᠤ᠋ ᠠᠵᠢᠯ ᠤ᠋ᠨ ᠭᠣᠣᠯᠳᠠᠯᠭ᠎ᠠ ᠪᠣᠯ ᠡᠳᠡᠭᠡᠷ ᠲᠥᠯᠦᠪᠵᠢᠭᠦᠯᠭᠡ ᠶ᠋ᠢ ᠬᠡᠷᠬᠢᠨ ᠨᠠᠢᠳᠠᠪᠤᠷᠢᠵᠢᠭᠤᠯᠬᠤ ᠳ᠋ᠤ᠌ ᠣᠷᠤᠰᠢᠨ᠎ᠠ᠃ ᠡᠳᠡᠭᠡᠷ ᠲᠥᠯᠦᠪᠵᠢᠭᠦᠯᠭᠡ ᠶ᠋ᠢ ᠡᠷᠬᠡᠪᠰᠢ ᠠᠵᠢᠯ ᠤ᠋ᠨ ᠪᠦᠬᠦ ᠴᠣᠭᠴᠠ ᠶ᠋ᠢᠨ ᠥᠨᠳᠤᠷᠴᠡ ᠡᠴᠡ ᠭᠦᠨᠵᠡᠭᠡᠢ ᠰᠤᠷᠤᠯᠴᠠᠵᠤ᠂ ᠤᠬᠠᠭᠤᠯᠵᠤ ᠨᠠᠢᠳᠠᠪᠤᠷᠢᠵᠢᠭᠤᠯᠬᠤ ᠶ᠋ᠢᠨ ᠵᠡᠷᠭᠡᠴᠡᠭᠡ ᠲᠤᠬᠠᠢ ᠶ᠋ᠢᠨ ᠭᠠᠵᠠᠷ ᠣᠷᠤᠨ ᠤ᠋ ᠪᠠᠨ ᠪᠣᠳᠠᠲᠠᠢ ᠪᠠᠢᠳᠠᠯ ᠲᠠᠢ ᠤᠶᠠᠯᠳᠤᠭᠤᠯᠵᠤ ᠪᠠᠢᠭᠠᠳ ᠬᠠᠷᠠᠭᠠᠯᠵᠠᠭᠰᠠᠨ ᠲᠥᠰᠦᠯ ᠲᠥᠰᠦᠪ ᠲᠣᠭᠲᠠᠭᠠᠨ ᠬᠡᠷᠡᠭᠵᠢᠭᠦᠯᠵᠦ᠂ ᠠᠵᠢᠯ ᠤ᠋ᠨ ᠭᠣᠣᠯᠳᠠᠯᠭ᠎ᠠ ᠶ᠋ᠢᠨ ᠲᠣᠭᠤᠷᠢᠨ ᠳ᠋ᠤ᠌ ᠶᠡᠬᠡ ᠲᠠᠯ᠎ᠠ ᠳ᠋ᠤ᠌ ᠦᠢᠯᠡᠴᠢᠯᠡᠵᠦ᠂ ᠪᠣᠳᠠᠲᠠᠢ ᠪᠠᠷ ᠠᠵᠢᠯᠯᠠᠵᠤ ᠦᠨᠡᠨ ᠬᠦ᠌ ᠨᠠᠢᠳᠠᠪᠤᠷᠢᠵᠢᠭᠤᠯᠬᠤ ᠬᠡᠷᠡᠭᠲᠡᠢ᠃ 

ᠭᠤᠷᠪᠠ ᠳ᠋ᠤ᠌᠂ ᠢᠳᠡᠪᠬᠢᠲᠡᠢ ᠬᠠᠷᠢᠭᠤᠴᠠᠵᠤ   ᠵᠣᠷᠢᠭᠲᠠᠢ ᠡᠭᠦᠷᠭᠡᠯᠡᠬᠦ ᠬᠡᠷᠡᠭᠲᠡᠢ᠃ ᠬᠡᠯᠡ ᠪᠣᠯ ᠰᠣᠶᠤᠯ ᠤ᠋ᠨ ᠴᠢᠬᠤᠯᠠ ᠪᠦᠷᠢᠯᠳᠦᠬᠦᠨ ᠪᠥᠭᠡᠳ ᠠᠴᠢᠶᠠᠯᠠᠪᠤᠷᠢ ᠮᠥᠨ᠃ ᠨᠢᠭᠡ ᠤᠯᠤᠰ ᠤ᠋ᠨ ᠰᠣᠶᠤᠯ ᠤ᠋ᠨ ᠷᠢᠳᠢ ᠰᠢᠳᠢ ᠪᠣᠯᠤᠨ ᠨᠢᠭᠡ ᠦᠨᠳᠦᠰᠦᠲᠡᠨ ᠦ᠌ ᠨᠢᠭᠲᠠᠷᠠᠯ ᠤ᠋ᠨ   ᠬᠦᠴᠦᠨ ᠭᠣᠣᠯᠳᠠᠭᠤ ᠬᠡᠯᠡ ᠪᠡᠷ ᠳᠠᠮᠵᠢᠨ ᠢᠯᠡᠷᠡᠳᠡᠭ᠃ ᠮᠣᠩᠭᠤᠯ ᠬᠡᠯᠡ ᠪᠢᠴᠢᠭ ᠪᠣᠯ ᠮᠠᠨ ᠤ᠋ ᠣᠷᠤᠨ ᠤ᠋ ᠬᠠᠤᠯᠢ ᠪᠠᠷ ᠲᠣᠭᠲᠠᠭᠠᠭᠰᠠᠨ ᠨᠡᠢᠳᠡᠮ ᠬᠡᠷᠡᠭᠯᠡᠬᠦ ᠬᠡᠯᠡ ᠪᠢᠴᠢᠭ ᠮᠥᠨ᠃ ᠮᠣᠩᠭᠤᠯ ᠬᠡᠯᠡ ᠪᠢᠴᠢᠭ ᠪᠣᠯ ᠦᠨᠳᠦᠰᠦᠲᠡᠨ ᠦ᠌ ᠤᠯᠠᠮᠵᠢᠯᠠᠯᠲᠤ ᠰᠣᠶᠤᠯ ᠢ᠋ ᠤᠯᠠᠮᠵᠢᠯᠠᠨ ᠵᠠᠯᠭᠠᠮᠵᠢᠯᠠᠵᠤ᠂ ᠴᠥᠭᠡᠨ ᠲᠣᠭᠠᠲᠤ ᠦᠨᠳᠦᠰᠦᠲᠡᠨ ᠦ᠌ ᠪᠣᠯᠤᠨ ᠴᠥᠭᠡᠨ ᠲᠣᠭᠠᠲᠤ ᠦᠨᠳᠦᠰᠦᠲᠡᠨ  ᠲᠥᠪᠯᠡᠷᠡᠨ ᠰᠠᠭᠤᠷᠢᠰᠢᠭᠰᠠᠨ ᠭᠠᠵᠠᠷ ᠣᠷᠤᠨ ᠤ᠋ ᠠᠵᠤ ᠠᠬᠤᠢ ᠨᠡᠢᠭᠡᠮ ᠦ᠋ᠨ ᠬᠥᠭᠵᠢᠯᠲᠡ ᠶ᠋ᠢ ᠠᠬᠢᠭᠤᠯᠤᠨ ᠮᠣᠩᠭᠤᠯ ᠬᠡᠯᠡ ᠪᠢᠴᠢᠭ ᠢ᠋ ᠰᠤᠷᠴᠤ ᠬᠡᠷᠡᠭᠯᠡᠵᠦ ᠪᠦᠬᠦᠢ ᠡᠯ᠎ᠡ ᠦᠨᠳᠦᠰᠦᠲᠡᠨ ᠦ᠌ ᠠᠷᠠᠳ   ᠲᠦᠮᠡᠨ ᠦ᠌ ᠰᠣᠶᠤᠯ ᠪᠣᠯᠪᠠᠰᠤᠷᠠᠯ ᠢ᠋ ᠳᠡᠭᠡᠭᠰᠢᠯᠡᠭᠦᠯᠬᠦ ᠳ᠋ᠦ᠍ ᠴᠢᠬᠤᠯᠠ ᠦᠢᠯᠡᠳᠦᠯ ᠦᠵᠡᠭᠦᠯᠵᠦ ᠪᠤᠢ ᠶᠤᠮ᠃ 

ᠮᠣᠩᠭᠤᠯ ᠬᠡᠯᠡ ᠪᠢᠴᠢᠭ ᠦ᠋ᠨ ᠠᠵᠢᠯ ᠪᠣᠯ ᠨᠠᠮ ᠤ᠋ᠨ ᠦᠨᠳᠦᠰᠦᠲᠡᠨ ᠦ᠌ ᠠᠵᠢᠯ ᠪᠣᠯᠤᠨ ᠦᠨᠳᠦᠰᠦᠲᠡᠨ ᠦ᠌ ᠬᠡᠯᠡ ᠪᠢᠴᠢᠭ ᠦ᠋ᠨ ᠠᠵᠢᠯ ᠤ᠋ᠨ ᠴᠢᠬᠤᠯᠠ ᠪᠦᠷᠢᠯᠳᠦᠬᠦᠨ ᠬᠡᠰᠡᠭ ᠮᠥᠨ᠃ ᠨᠠᠮ ᠤ᠋ᠨ ᠺᠠᠳ᠋ᠷ ᠪᠠ ᠦᠨᠳᠦᠰᠦᠲᠡᠨ ᠦ᠌ ᠬᠡᠯᠡ ᠪᠢᠴᠢᠭ ᠦ᠋ᠨ ᠠᠵᠢᠯᠲᠠᠨ ᠪᠣᠯᠤᠭᠰᠠᠨ ᠤ᠋ ᠬᠤᠪᠢ ᠳ᠋ᠤ᠌ ᠪᠢᠳᠡ ᠡᠷᠬᠡᠪᠰᠢ ᠨᠠᠮ ᠪᠣᠯᠤᠨ ᠠᠷᠠᠳ ᠲᠦᠮᠡᠨ ᠳ᠋ᠡᠭᠡᠨ ᠬᠠᠷᠢᠭᠤᠴᠠᠬᠤ᠂ ᠦᠨᠳᠦᠰᠦᠲᠡᠨ ᠪᠣᠯᠤᠨ ᠴᠠᠭ ᠦᠶ᠎ᠡ ᠳ᠋ᠡᠭᠡᠨ ᠬᠠᠷᠢᠭᠤᠴᠠᠬᠤ ᠣᠪᠤᠷ ᠢ᠋ᠶ᠋ᠠᠷ 《ᠬᠣᠶᠠᠷ ᠢ᠋ ᠰᠤᠷᠤᠯᠴᠠᠨ ᠬᠢᠷᠢ ᠲᠡᠩᠴᠡᠭᠰᠡᠨ ᠨᠠᠮ ᠤ᠋ᠨ ᠭᠡᠰᠢᠭᠦᠨ ᠪᠣᠯᠬᠤ》ᠰᠤᠷᠤᠯᠴᠠᠯᠭ᠎ᠠ ᠬᠥᠮᠦᠵᠢᠯ ᠪᠣᠯᠤᠨ 《ᠲᠤᠯᠭᠤᠷ ᠵᠣᠷᠢᠯᠲᠠ ᠪᠠᠨ ᠦᠯᠦ ᠮᠠᠷᠲᠠᠨ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ》 ᠭᠣᠣᠯ ᠰᠡᠳᠦᠪᠲᠦ ᠬᠥᠮᠦᠵᠢᠯ ᠢ᠋ ᠲᠠᠰᠤᠷᠠᠯᠲᠠ ᠦᠭᠡᠢ ᠭᠦᠨᠵᠡᠭᠡᠢᠷᠡᠭᠦᠯᠵᠦ᠂ ᠨᠠᠮ ᠤ᠋ᠨ ᠣᠯᠠᠨ ᠲᠦᠮᠡᠨᠴᠢ ᠱᠤᠭᠤᠮ ᠢ᠋ ᠰᠠᠨᠠᠭᠠᠴᠢᠯᠠᠭ᠎ᠠ ᠠ᠋ᠴᠠ ᠪᠠᠨ ᠦᠢᠯᠡᠳᠦᠯᠭᠡᠵᠢᠭᠦᠯᠦᠨ ᠭᠣᠣᠯ ᠵᠣᠷᠢᠯᠲᠠ ᠶ᠋ᠢᠨ ᠤᠬᠠᠮᠰᠠᠷ ᠢ᠋ᠶ᠋ᠠᠨ ᠪᠠᠲᠤᠳᠭᠠᠵᠤ᠂ ᠠᠵᠢᠯ ᠤ᠋ᠨ ᠰᠤᠷᠲᠠᠯ ᠢ᠋ᠶ᠋ᠠᠨ ᠲᠠᠰᠤᠷᠠᠯᠲᠠ ᠦᠭᠡᠢ ᠰᠠᠢᠵᠢᠷᠠᠭᠤᠯᠵᠤ᠂ ᠶᠡᠷᠦᠩᠬᠡᠢ ᠬᠡᠪ ᠪᠣᠯᠪᠠᠰᠤᠷᠠᠯ ᠪᠣᠯᠤᠨ ᠲᠤᠬᠠᠢᠯᠠᠭᠰᠠᠨ ᠠᠵᠢᠯ ᠤ᠋ᠨ ᠴᠢᠳᠠᠪᠤᠷᠢ ᠪᠠᠨ ᠦᠨᠡᠨ ᠬᠦ᠌ ᠳᠡᠭᠡᠭᠰᠢᠯᠡᠭᠦᠯᠵᠦ᠂ ᠡᠯ᠎ᠡ ᠦᠨᠳᠦᠰᠦᠲᠡᠨ ᠦ᠌ ᠺᠠᠳ᠋ᠷ ᠣᠯᠠᠨ ᠲᠦᠮᠡᠨ ᠦ᠌ ᠮᠣᠩᠭᠤᠯ ᠬᠡᠯᠡ ᠪᠢᠴᠢᠭ ᠢ᠋ ᠰᠤᠷᠴᠤ ᠬᠡᠷᠡᠭᠯᠡᠬᠦ ᠪᠠ  ᠬᠥᠭᠵᠢᠭᠦᠯᠬᠦ ᠲᠤᠬᠠᠢ ᠬᠦᠰᠡᠯ ᠱᠠᠭᠠᠷᠳᠠᠯᠭ᠎ᠠ ᠶ᠋ᠢ ᠪᠠᠲᠤ ᠴᠡᠭᠡᠵᠢᠯᠡᠵᠦ᠂ ᠵᠣᠷᠢᠭᠲᠠᠢ ᠪᠠᠷ ᠬᠠᠷᠢᠭᠤᠴᠠᠯᠭ᠎ᠠ   ᠡᠭᠦᠷᠭᠡᠯᠡᠬᠦ ᠡᠵᠡᠨ ᠬᠥᠮᠦᠨ ᠦ᠌ ᠣᠪᠤᠷ ᠪᠣᠯᠤᠨ ᠬᠦᠴᠢᠷ ᠪᠡᠷᠬᠡᠰᠢᠶᠡᠯ ᠢ᠋ ᠳᠠᠭᠠᠭᠠᠵᠤ  ᠴᠢᠳᠠᠳᠠᠭ ᠮᠣᠩᠭᠤᠯ ᠮᠣᠷᠢᠨ ᠤ᠋ ᠰᠢᠨᠳᠠᠰᠤ᠂ ᠤᠷᠠᠨ ᠳᠠᠷᠬᠠᠨ ᠤ᠋ ᠨᠠᠷᠢᠨ ᠬᠢᠨᠠᠮᠠᠭᠠᠢ ᠵᠣᠷᠢᠭ ᠰᠠᠨᠠᠭ᠎ᠠ ᠪᠠᠷ ᠰᠢᠨ᠎ᠡ ᠴᠠᠭ ᠦᠶ᠎ᠡ ᠶ᠋ᠢᠨ ᠮᠣᠩᠭᠤᠯ ᠬᠡᠯᠡ ᠪᠢᠴᠢᠭ ᠦ᠋ᠨ ᠠᠵᠢᠯ ᠢ᠋ ᠯᠠᠪᠳᠠᠭᠤᠨ ᠪᠠᠲᠤᠲᠠᠢ ᠬᠢᠵᠦ᠂ ᠮᠣᠩᠭᠤᠯ ᠬᠡᠯᠡ ᠪᠢᠴᠢᠭ ᠢ᠋ ᠰᠤᠷᠴᠤ ᠬᠡᠷᠡᠭᠯᠡᠬᠦ ᠪᠠ ᠬᠥᠭᠵᠢᠭᠦᠯᠬᠦ ᠦᠢᠯᠡᠰ ᠢ᠋ ᠲᠠᠰᠤᠷᠠᠯᠲᠠ ᠦᠭᠡᠢ ᠠᠬᠢᠭᠤᠯᠵᠤ᠂ ᠡᠪ ᠬᠠᠮᠲᠤ ᠨᠠᠮ ᠤ᠋ᠨ ᠭᠡᠰᠢᠭᠦᠨ ᠦ᠌ ᠲᠤᠯᠭᠤᠷ ᠵᠣᠷᠢᠯᠲᠠ ᠪᠣᠯᠤᠨ ᠬᠠᠷᠢᠭᠤᠴᠠᠯᠭ᠎ᠠ ᠪᠠᠨ ᠦᠨᠡᠨ ᠬᠦ᠌ ᠡᠭᠦᠷᠭᠡᠯᠡᠵᠦ᠂ ᠤᠯᠤᠰ ᠦᠨᠳᠦᠰᠦᠲᠡᠨ ᠦ᠌ ᠪᠡᠨ ᠬᠦᠰᠡᠯ ᠨᠠᠢᠳᠠᠯᠭ᠎ᠠ ᠪᠣᠯᠤᠨ ᠮᠠᠨ ᠤ᠋ ᠡᠨᠡ ᠨᠢᠭᠡ ᠦᠶ᠎ᠡ ᠶ᠋ᠢᠨ ᠬᠥᠮᠦᠰ ᠦ᠋ᠨ ᠡᠭᠦᠷᠭᠡ ᠬᠠᠷᠢᠭᠤᠴᠠᠯᠭ᠎ᠠ ᠪᠠᠨ ᠦᠨᠡᠨ ᠬᠦ᠌ ᠡᠭᠦᠷᠭᠡᠯᠡᠵᠦ᠂ ᠮᠣᠩᠭᠤᠯ ᠬᠡᠯᠡ ᠪᠢᠴᠢᠭ ᠦ᠋ᠨ ᠦᠢᠯᠡᠰ ᠦ᠋ᠨ ᠭᠣᠯᠤᠮᠲᠠ ᠶ᠋ᠢ ᠪᠠᠳᠠᠷᠠᠭᠠᠵᠤ᠂ ᠬᠥᠮᠦᠨ ᠲᠥᠷᠦᠯᠬᠢᠲᠡᠨ ᠦ᠌ ᠰᠣᠶᠤᠯ ᠤ᠋ᠨ ᠣᠯᠠᠨ ᠲᠠᠯᠠᠲᠤ ᠬᠥᠭᠵᠢᠯᠲᠡ ᠳ᠋ᠦ᠍ ᠬᠤᠪᠢ ᠨᠡᠮᠡᠷᠢ ᠪᠡᠨ ᠦᠵᠡᠭᠦᠯᠬᠦ ᠬᠡᠷᠡᠭᠲᠡᠢ᠃ 

ᠳᠥᠷᠪᠡ ᠳ᠋ᠦ᠍᠂ ᠵᠥᠪ ᠴᠢᠭᠯᠡᠯ ᠢ᠋ ᠪᠠᠷᠢᠮᠲᠠᠯᠠᠵᠤ᠂ ᠰᠠᠭᠤᠷᠢᠨ ᠭᠠᠵᠠᠷ ᠢ᠋ᠶ᠋ᠠᠨ ᠪᠠᠲᠤ ᠰᠠᠬᠢᠬᠤ ᠬᠡᠷᠡᠭᠲᠡᠢ᠃ ᠦᠵᠡᠯ ᠤᠬᠠᠮᠰᠠᠷ ᠤ᠋ᠨ ᠬᠡᠯᠪᠡᠷᠢ ᠶ᠋ᠢᠨ ᠠᠵᠢᠯ ᠪᠣᠯ ᠨᠠᠮ ᠤ᠋ᠨ ᠲᠤᠢᠯ ᠤ᠋ᠨ ᠴᠢᠬᠤᠯᠠ ᠠᠵᠢᠯ ᠮᠥᠨ ᠭᠡᠵᠦ ᠰᠢ ᠶ᠋ᠢᠨ ᠫᠢᠩ ᠶᠡᠷᠦᠩᠬᠡᠢ ᠱᠦᠵᠢ ᠴᠢᠬᠤᠯᠠᠴᠢᠯᠠᠨ ᠳᠤᠷᠠᠳᠤᠭᠰᠠᠨ ᠶᠤᠮ᠃ ᠦᠵᠡᠯ ᠤᠬᠠᠮᠰᠠᠷ ᠤ᠋ᠨ ᠬᠡᠯᠪᠡᠷᠢ ᠶ᠋ᠢᠨ ᠠᠵᠢᠯ ᠢ᠋ ᠰᠠᠢᠲᠤᠷ ᠬᠢᠬᠦ ᠨᠢ ᠦᠵᠡᠯ ᠤᠬᠠᠮᠰᠠᠷ ᠤ᠋ᠨ ᠬᠡᠯᠪᠡᠷᠢ ᠶ᠋ᠢᠨ ᠬᠦᠷᠢᠶᠡᠨ ᠳ᠋ᠡᠬᠢ ᠮᠠᠷᠺᠰ ᠤ᠋ᠨ ᠦᠵᠡᠯ ᠦ᠋ᠨ ᠵᠢᠯᠤᠭᠤᠳᠭᠤ ᠪᠠᠢᠷᠢ ᠰᠠᠭᠤᠷᠢ ᠶ᠋ᠢ ᠪᠠᠲᠤᠳᠭᠠᠬᠤ ᠪᠣᠯᠤᠨ ᠪᠦᠬᠦ ᠨᠠᠮ ᠪᠦᠬᠦ ᠤᠯᠤᠰ ᠤ᠋ᠨ ᠠᠷᠠᠳ ᠲᠦᠮᠡᠨ ᠦ᠌ ᠪᠦᠯᠬᠦᠮᠳᠡᠨ ᠲᠡᠮᠡᠴᠡᠬᠦ ᠬᠠᠮᠲᠤ ᠶ᠋ᠢᠨ ᠦᠵᠡᠯ ᠰᠠᠨᠠᠭᠠᠨ ᠤ᠋ ᠰᠠᠭᠤᠷᠢ ᠶ᠋ᠢ ᠪᠡᠬᠢᠵᠢᠭᠦᠯᠬᠦ ᠳ᠋ᠦ᠍ ᠲᠤᠢᠯ ᠤ᠋ᠨ ᠴᠢᠬᠤᠯᠠ   ᠠᠴᠢ ᠬᠣᠯᠪᠤᠭᠳᠠᠯ ᠲᠠᠢ ᠪᠠᠢᠳᠠᠭ᠃ 

ᠪᠢᠳᠡ ᠮᠠᠷᠺᠰ ᠤ᠋ᠨ ᠦᠵᠡᠯ ᠦ᠋ᠨ ᠦᠨᠳᠦᠰᠦᠲᠡᠨ ᠦ᠌ ᠣᠨᠤᠯ ᠢ᠋ ᠰᠢᠰᠲ᠋ᠧᠮ ᠲᠡᠢ ᠡᠵᠡᠮᠰᠢᠵᠦ᠂ ᠮᠠᠷᠺᠰ ᠤ᠋ᠨ ᠦᠵᠡᠯ᠂ ᠮᠠᠤ ᠽᠧ ᠳ᠋ᠦᠩ ᠦ᠋ᠨ ᠦᠵᠡᠯ ᠰᠠᠨᠠᠭ᠎ᠠ᠂ ᠳ᠋ᠧᠩ ᠰᠢᠶᠤᠤ ᠫᠢᠩ ᠦ᠋ᠨ ᠣᠨᠤᠯ᠂ 《ᠭᠤᠷᠪᠠ ᠶ᠋ᠢ ᠲᠥᠯᠦᠭᠡᠯᠡᠬᠦ》 ᠴᠢᠬᠤᠯᠠ ᠦᠵᠡᠯ ᠰᠠᠨᠠᠭ᠎ᠠ᠂ ᠰᠢᠨᠵᠢᠯᠡᠬᠦ ᠤᠬᠠᠭᠠᠨᠴᠢ ᠬᠥᠭᠵᠢᠯᠲᠡ ᠶ᠋ᠢᠨ ᠦᠵᠡᠯᠲᠡ᠂ ᠰᠢ ᠶ᠋ᠢᠨ ᠫᠢᠩ ᠦ᠋ᠨ ᠰᠢᠨ᠎ᠡ ᠴᠠᠭ ᠦᠶ᠎ᠡ ᠶ᠋ᠢᠨ ᠳᠤᠮᠳᠠᠳᠤ ᠤᠯᠤᠰ ᠤ᠋ᠨ ᠣᠨᠴᠠᠯᠢᠭ ᠪᠦᠬᠦᠢ ᠨᠡᠢᠭᠡᠮ ᠵᠢᠷᠤᠮ ᠤ᠋ᠨ ᠦᠵᠡᠯ ᠰᠠᠨᠠᠭ᠎ᠠ ᠶ᠋ᠢ ᠭᠦᠨᠵᠡᠭᠡᠢ ᠰᠤᠷᠤᠯᠴᠠᠵᠤ᠂ ᠮᠠᠷᠺᠰ ᠤ᠋ᠨ ᠦᠵᠡᠯ ᠪᠣᠯᠤᠨ ᠡᠪ ᠬᠠᠮᠲᠤ ᠶᠣᠰᠤᠨ ᠤ᠋ ᠢᠲᠡᠭᠡᠯ ᠪᠢᠰᠢᠷᠡᠯ ᠢ᠋ᠶ᠋ᠡᠨ ᠪᠠᠲᠤᠳᠭᠠᠵᠤ᠂ ᠦᠨᠡᠨ ᠬᠤᠳᠠᠯ ᠵᠥᠪ ᠪᠤᠷᠤᠭᠤ ᠶ᠋ᠢ ᠰᠡᠷᠭᠡᠭ ᠢ᠋ᠶ᠋ᠡᠷ ᠢᠯᠭᠠᠨ ᠲᠠᠨᠢᠬᠤ ᠳ᠋ᠤ᠌ ᠪᠠᠲᠤ ᠵᠣᠭᠰᠤᠯᠲᠠ ᠲᠠᠢ ᠪᠠᠢᠬᠤ ᠬᠡᠷᠡᠭᠲᠡᠢ ᠪᠥᠭᠡᠳ ᠦᠨᠳᠦᠰᠦᠲᠡᠨ ᠦ᠌ ᠪᠦᠯᠬᠦᠮᠳᠡᠯ ᠢ᠋ ᠬᠠᠮᠠᠭᠠᠯᠠᠨ ᠪᠡᠬᠢᠵᠢᠭᠦᠯᠵᠦ ᠡᠯ᠎ᠡ ᠦᠨᠳᠦᠰᠦᠲᠡᠨ ᠦ᠌ ᠣᠯᠠᠨ ᠲᠦᠮᠡᠨ ᠳ᠋ᠡᠭᠡᠨ ᠭᠦᠨ ᠵᠤᠵᠠᠭᠠᠨ ᠬᠠᠢᠷ᠎ᠠ ᠰᠡᠳᠬᠢᠯᠭᠡ ᠲᠡᠢ ᠪᠠᠢᠬᠤ ᠬᠡᠷᠡᠭᠲᠡᠢ᠃ ᠦᠨᠳᠦᠰᠦᠲᠡᠨ ᠦ᠌ ᠬᠡᠯᠡ ᠪᠢᠴᠢᠭ ᠦ᠋ᠨ ᠲᠤᠬᠠᠢ ᠨᠠᠮ ᠪᠠ ᠤᠯᠤᠰ ᠤ᠋ᠨ ᠲᠥᠷᠦ ᠶ᠋ᠢᠨ ᠪᠣᠳᠤᠯᠭ᠎ᠠ ᠬᠠᠤᠯᠢ ᠲᠣᠭᠲᠠᠭᠠᠯ ᠢ᠋ ᠭᠦᠨᠵᠡᠭᠡᠢ ᠰᠤᠷᠤᠯᠴᠠᠨ ᠤᠬᠠᠭᠤᠯᠵᠤ᠂ ᠪᠦᠬᠦ ᠣᠷᠤᠨ ᠤ᠋ ᠡᠯ᠎ᠡ ᠦᠨᠳᠦᠰᠦᠲᠡᠨ ᠦ᠌ ᠠᠷᠠᠳ ᠲᠦᠮᠡᠨ ᠦ᠌ ᠠᠭᠤᠤ ᠶᠡᠬᠡ ᠡᠬᠡ ᠤᠯᠤᠰ᠂ ᠳᠤᠮᠳᠠᠳᠤ ᠶ᠋ᠢᠨ ᠦᠨᠳᠦᠰᠦᠲᠡᠨ᠂ ᠳᠤᠮᠳᠠᠳᠤ ᠶ᠋ᠢᠨ ᠰᠣᠶᠤᠯ᠂ ᠳᠤᠮᠳᠠᠳᠤ ᠤᠯᠤᠰ ᠤ᠋ᠨ ᠡᠪ ᠬᠠᠮᠲᠤ ᠨᠠᠮ ᠪᠣᠯᠤᠨ ᠳᠤᠮᠳᠠᠳᠤ ᠤᠯᠤᠰ ᠤ᠋ᠨ ᠣᠨᠴᠠᠯᠢᠭ ᠪᠦᠬᠦᠢ ᠨᠡᠢᠭᠡᠮ ᠵᠢᠷᠤᠮ ᠤ᠋ᠨ ᠵᠠᠮ ᠢ᠋ ᠲᠠᠨᠢᠨ ᠮᠡᠳᠡᠷᠡᠬᠦ ᠤᠬᠠᠮᠰᠠᠷ ᠢ᠋ ᠲᠠᠰᠤᠷᠠᠯᠲᠠ   ᠦᠭᠡᠢ ᠴᠢᠩᠭᠠᠳᠭᠠᠵᠤ᠂ ᠠᠵᠢᠯ ᠤ᠋ᠨ ᠪᠠᠢᠷᠢ ᠪᠠᠨ ᠪᠠᠲᠤ ᠰᠠᠬᠢᠨ ᠬᠠᠷᠢᠭᠤᠴᠠᠯᠭ᠎ᠠ ᠪᠠᠨ   ᠭᠦᠢᠴᠡᠳᠬᠡᠵᠦ᠂ ᠰᠢᠨ᠎ᠡ ᠴᠠᠭ ᠦᠶ᠎ᠡ ᠶ᠋ᠢᠨ ᠮᠣᠩᠭᠤᠯ ᠬᠡᠯᠡ ᠪᠢᠴᠢᠭ ᠦ᠋ᠨ ᠠᠵᠢᠯ ᠢ᠋ ᠰᠠᠢᠲᠤᠷ ᠬᠢᠬᠦ ᠣᠯᠠᠨ ᠲᠦᠮᠡᠨᠴᠢ ᠰᠠᠭᠤᠷᠢ ᠶ᠋ᠢ ᠲᠠᠰᠤᠷᠠᠯᠲᠠ ᠦᠭᠡᠢ ᠪᠡᠬᠢᠵᠢᠭᠦᠯᠬᠦ ᠬᠡᠷᠡᠭᠲᠡᠢ᠃ 

ᠲᠠᠪᠤ ᠳ᠋ᠤ᠌᠂ ᠡᠭᠦᠳᠬᠦ ᠶ᠋ᠢ ᠡᠷᠬᠢᠮᠯᠡᠵᠦ᠂ ᠦᠷ᠎ᠡ ᠪᠦᠲᠦᠮᠵᠢ ᠶ᠋ᠢ ᠬᠥᠭᠡᠭᠡᠴᠡᠯᠳᠦᠬᠦ ᠬᠡᠷᠡᠭᠲᠡᠢ᠃ ᠰᠢᠨ᠎ᠡ ᠶ᠋ᠢ ᠡᠭᠦᠳᠬᠦ ᠪᠣᠯ ᠨᠢᠭᠡ ᠦᠨᠳᠦᠰᠦᠲᠡᠨ ᠦ᠌ ᠤᠷᠤᠭᠰᠢ ᠳᠠᠪᠰᠢᠬᠤ ᠶ᠋ᠢᠨ ᠰᠦᠭ ᠰᠦᠨᠡᠰᠦ ᠮᠥᠨ ᠪᠥᠭᠡᠳ ᠤᠯᠤᠰ ᠭᠦᠷᠦᠨ ᠢ᠋ ᠮᠠᠨᠳᠤᠭᠤᠯᠬᠤ ᠬᠥᠳᠡᠯᠭᠡᠬᠦ ᠬᠦᠴᠦᠨ ᠮᠥᠨ᠂ ᠪᠠᠰᠠ ᠴᠤ᠌ ᠳᠤᠮᠳᠠᠳᠤ ᠶ᠋ᠢᠨ ᠦᠨᠳᠦᠰᠦᠲᠡᠨ ᠦ᠌ ᠬᠠᠮᠤᠭ ᠤ᠋ᠨ ᠳᠣᠪᠤᠢᠮ᠎ᠠ ᠲᠥᠷᠦᠯᠬᠢ ᠠᠪᠢᠶᠠᠰ ᠮᠥᠨ᠂ ᠳᠡᠯᠡᠬᠡᠢ ᠶ᠋ᠢᠨ ᠬᠤᠷᠴᠠ ᠰᠢᠷᠦᠭᠦᠨ ᠥᠷᠢᠰᠦᠯᠳᠦᠭᠡᠨ ᠦ᠌ ᠳᠤᠮᠳᠠ ᠰᠢᠨ᠎ᠡ ᠶ᠋ᠢ ᠡᠭᠦᠳᠦᠨ ᠪᠦᠲᠦᠭᠡᠭᠴᠢ ᠪᠠᠢᠪᠠᠯ ᠰᠠᠶᠢ ᠤᠷᠤᠭᠰᠢᠯᠠᠭᠴᠢ᠂ ᠬᠦᠴᠦᠷᠬᠡᠭᠵᠢᠭᠴᠢ᠂ ᠢᠯᠠᠭᠴᠢ ᠪᠣᠯᠵᠤ ᠴᠢᠳᠠᠨ᠎ᠠ ᠭᠡᠵᠦ ᠰᠢ ᠶ᠋ᠢᠨ   ᠫᠢᠩ ᠶᠡᠷᠦᠩᠬᠡᠢ ᠱᠦᠵᠢ ᠴᠢᠬᠤᠯᠠᠴᠢᠯᠠᠨ ᠳᠤᠷᠠᠳᠤᠭᠰᠠᠨ ᠶᠤᠮ᠃ ᠰᠢᠨ᠎ᠡ ᠴᠠᠭ ᠦᠶ᠎ᠡ ᠶ᠋ᠢᠨ ᠮᠣᠩᠭᠤᠯ ᠬᠡᠯᠡ ᠪᠢᠴᠢᠭ ᠦ᠋ᠨ ᠠᠵᠢᠯ ᠢ᠋ ᠰᠠᠢᠲᠤᠷ ᠬᠢᠵᠦ᠂ ᠮᠣᠩᠭᠤᠯ ᠬᠡᠯᠡ ᠪᠢᠴᠢᠭ ᠦ᠋ᠨ ᠦᠢᠯᠡᠰ ᠢ᠋ ᠴᠡᠴᠡᠭᠯᠡᠭᠦᠯᠦᠨ ᠬᠥᠭᠵᠢᠭᠦᠯᠬᠦ ᠳ᠋ᠦ᠍ ᠰᠢᠨ᠎ᠡ ᠶ᠋ᠢ ᠡᠭᠦᠳᠬᠦ ᠪᠣᠯ ᠲᠡᠷᠢᠭᠦᠨ ᠴᠢᠬᠤᠯᠠ ᠬᠥᠳᠡᠯᠭᠡᠭᠦᠷ ᠬᠦᠴᠦᠨ ᠮᠥᠨ᠃ ᠪᠦᠲᠦᠭᠡᠯᠴᠢ ᠪᠡᠷ ᠠᠵᠢᠯᠯᠠᠪᠠᠯ ᠰᠠᠶᠢ ᠮᠣᠩᠭᠤᠯ ᠬᠡᠯᠡ ᠪᠢᠴᠢᠭ ᠦ᠋ᠨ ᠬᠠᠤᠯᠢᠵᠢᠯ ᠪᠣᠯᠤᠨ ᠳᠦᠷᠢᠮᠵᠢᠯ᠂ ᠪᠠᠷᠢᠮᠵᠢᠶᠠᠵᠢᠯ᠂ ᠰᠤᠷᠠᠭ ᠵᠠᠩᠭᠢᠵᠢᠯᠲᠠ ᠶ᠋ᠢ ᠪᠦᠲᠦᠮᠵᠢᠲᠡᠢ ᠠᠬᠢᠭᠤᠯᠵᠤ᠂ ᠮᠣᠩᠭᠤᠯ ᠬᠡᠯᠡ ᠪᠢᠴᠢᠭ ᠦ᠋ᠨ ᠰᠤᠷᠤᠯᠴᠠᠯᠭ᠎ᠠ᠂ ᠬᠡᠷᠡᠭᠯᠡᠭᠡ᠂ ᠰᠤᠳᠤᠯᠭᠠᠨ ᠪᠠ ᠬᠥᠭᠵᠢᠯᠲᠡ ᠶ᠋ᠢ ᠲᠠᠰᠤᠷᠠᠯᠲᠠ ᠦᠭᠡᠢ ᠠᠬᠢᠭᠤᠯᠵᠤ ᠴᠢᠳᠠᠨ᠎ᠠ᠃ 

ᠪᠢᠳᠡ ᠰᠢᠨ᠎ᠡ ᠶ᠋ᠢ ᠡᠭᠦᠳᠴᠦ ᠬᠥᠭᠵᠢᠭᠦᠯᠬᠦ ᠣᠢᠯᠠᠭᠠᠭᠳᠠᠬᠤᠨ ᠢ᠋ ᠪᠣᠢ ᠪᠣᠯᠭᠠᠨ ᠭᠦᠨᠵᠡᠭᠡᠢ ᠲᠤᠭᠤᠰᠢᠯᠠᠭᠤᠯᠵᠤ᠂ ᠮᠣᠩᠭᠤᠯ ᠬᠡᠯᠡ ᠪᠢᠴᠢᠭ ᠦ᠋ᠨ ᠰᠦᠯᠵᠢᠶ᠎ᠡ ᠪᠣᠯᠤᠨ ᠲᠤᠬᠠᠢᠯᠠᠭᠰᠠᠨ ᠠᠵᠢᠯ ᠤ᠋ᠨ ᠬᠠᠮᠢᠶᠠᠷᠤᠯᠲᠠ ᠶ᠋ᠢᠨ ᠦᠢᠯᠡᠴᠢᠯᠡᠭᠡᠨ ᠦ᠌ ᠲᠠᠪᠴᠠᠩ᠂ ᠰᠦᠯᠵᠢᠶ᠎ᠡ ᠪᠡᠷ ᠰᠤᠷᠤᠯᠴᠠᠬᠤ ᠲᠠᠪᠴᠠᠩ ᠢ᠋ ᠦᠷᠭᠦᠯᠵᠢᠯᠡᠨ ᠰᠠᠢᠵᠢᠷᠠᠭᠤᠯᠵᠤ᠂  ᠮᠣᠩᠭᠤᠯ ᠬᠡᠯᠡ ᠪᠢᠴᠢᠭ ᠦ᠋ᠨ ᠠᠵᠢᠯ ᠤ᠋ᠨ ᠰᠦᠯᠵᠢᠶᠡᠴᠢᠯᠡᠭᠰᠡᠨ᠂ ᠰᠤᠷᠠᠭ ᠵᠠᠩᠭᠢᠴᠢᠯᠠᠭᠰᠠᠨ ᠬᠠᠮᠢᠶᠠᠷᠤᠯᠲᠠ ᠶ᠋ᠢᠨ ᠦᠢᠯᠡᠴᠢᠯᠡᠭᠡᠨ ᠦ᠌ ᠴᠢᠳᠠᠪᠤᠷᠢ ᠪᠣᠯᠤᠨ ᠲᠦᠪᠰᠢᠨ ᠢ᠋ ᠦᠨᠡᠨ ᠬᠦ᠌ ᠳᠡᠭᠡᠭᠰᠢᠯᠡᠭᠦᠯᠬᠦ ᠬᠡᠷᠡᠭᠲᠡᠢ᠃ ᠮᠣᠩᠭᠤᠯ ᠬᠡᠯᠡ ᠪᠢᠴᠢᠭ ᠦ᠋ᠨ ᠲᠤᠰᠭᠠᠢ ᠮᠡᠷᠭᠡᠵᠢᠯᠲᠡᠨ ᠪᠣᠯᠤᠨ ᠮᠣᠩᠭᠤᠯ ᠬᠢᠲᠠᠳ ᠣᠯᠠᠨ ᠲᠥᠷᠦᠯ ᠦ᠋ᠨ ᠬᠡᠯᠡᠨ ᠦ᠌ ᠴᠢᠳᠠᠪᠤᠷᠢᠲᠠᠨ ᠤ᠋ ᠬᠥᠮᠦᠷᠭᠡ ᠶ᠋ᠢ ᠪᠠᠢᠭᠤᠯᠤᠨ ᠲᠡᠭᠦᠯᠳᠡᠷᠵᠢᠭᠦᠯᠵᠦ᠂ ᠲᠤᠰᠭᠠᠢ ᠮᠡᠷᠭᠡᠵᠢᠯᠲᠡᠨ ᠦ᠌ ᠣᠢ ᠤᠬᠠᠭᠠᠨ ᠪᠠ ᠬᠦᠴᠦᠨ ᠢ᠋ ᠦᠷ᠎ᠡ ᠪᠦᠲᠦᠮᠵᠢ ᠲᠡᠢ ᠨᠢᠭᠲᠠᠷᠠᠭᠤᠯᠵᠤ᠂ ᠦᠨᠳᠦᠰᠦᠲᠡᠨ ᠦ᠌ ᠬᠡᠷᠡᠭ ᠡᠷᠬᠢᠯᠡᠬᠦ ᠵᠥᠪᠯᠡᠯ ᠦ᠋ᠨ ᠭᠡᠰᠢᠭᠦᠨ ᠪᠠᠢᠭᠤᠯᠭ᠎ᠠ᠂ ᠲᠤᠰᠭᠠᠢ ᠮᠡᠷᠭᠡᠵᠢᠯ ᠦ᠋ᠨ ᠠᠵᠢᠯ ᠤ᠋ᠨ ᠺᠣᠮᠢᠰ᠂ ᠲᠤᠰᠭᠠᠢ ᠠᠵᠢᠯ ᠤ᠋ᠨ ᠳᠤᠭᠤᠢᠯᠠᠩ ᠪᠣᠯᠤᠨ ᠭᠤᠷᠪᠠᠳᠠᠬᠢ ᠡᠲᠡᠭᠡᠳ ᠡᠴᠡ ᠦᠨᠡᠯᠡᠨ ᠵᠢᠱ᠌ᠢᠬᠦ ᠵᠡᠷᠭᠡ ᠲᠣᠭᠲᠠᠴᠠ ᠶ᠋ᠢᠨ ᠦᠢᠯᠡᠳᠦᠯ ᠢ᠋ ᠦᠷᠭᠦᠯᠵᠢᠯᠡᠨ ᠪᠠᠳᠠᠷᠠᠭᠤᠯᠵᠤ᠂ 《ᠨᠠᠮ ᠤ᠋ᠨ ᠬᠣᠷᠢᠶᠠᠨ ᠤ᠋ ᠤᠳᠤᠷᠢᠳᠤᠯᠭ᠎ᠠ ᠳᠣᠣᠷ᠎ᠠ ᠨᠠᠮ ᠵᠠᠰᠠᠭ ᠬᠠᠮᠲᠤ ᠪᠠᠷ ᠬᠠᠮᠢᠶᠠᠷᠴᠤ᠂ ᠦᠨᠳᠦᠰᠦᠲᠡᠨ ᠦ᠌ ᠵᠥᠪᠯᠡᠯ ᠨᠢᠭᠡᠳᠦᠯᠲᠡᠢ ᠲᠣᠬᠢᠷᠠᠭᠤᠯᠵᠤ᠂ ᠬᠣᠯᠪᠤᠭᠳᠠᠬᠤ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂  ᠨᠡᠢᠭᠡᠮ ᠦ᠋ᠨ ᠡᠯ᠎ᠡ ᠡᠲᠡᠭᠡᠳ ᠢᠳᠡᠪᠬᠢᠯᠡᠨ ᠣᠷᠤᠯᠴᠠᠭᠰᠠᠨ》 ᠮᠣᠩᠭᠤᠯ ᠬᠡᠯᠡ ᠪᠢᠴᠢᠭ ᠦ᠋ᠨ ᠠᠵᠢᠯ ᠤ᠋ᠨ  ᠲᠣᠭᠲᠠᠴᠠ ᠶ᠋ᠢ ᠴᠢᠷᠮᠠᠢᠨ ᠪᠣᠢ ᠪᠣᠯᠭᠠᠵᠤ᠂ ᠰᠢᠨ᠎ᠡ ᠴᠠᠭ ᠦᠶ᠎ᠡ ᠶ᠋ᠢᠨ ᠮᠣᠩᠭᠤᠯ ᠬᠡᠯᠡ ᠪᠢᠴᠢᠭ ᠦ᠋ᠨ ᠠᠵᠢᠯ ᠢ᠋ ᠰᠠᠢᠲᠤᠷ ᠬᠢᠬᠦ ᠳ᠋ᠦ᠍ ᠬᠦᠴᠦᠨ ᠲᠡᠭᠦᠯᠳᠡᠷ ᠵᠣᠬᠢᠶᠠᠨ ᠪᠠᠢᠭᠤᠯᠤᠯᠲᠠ ᠶ᠋ᠢᠨ ᠪᠠᠲᠤᠯᠠᠭ᠎ᠠ ᠶ᠋ᠢ ᠬᠠᠩᠭᠠᠬᠤ ᠬᠡᠷᠡᠭᠲᠡᠢ᠃ 

ᠵᠢᠷᠭᠤᠭ᠎ᠠ ᠳ᠋ᠤ᠌᠂ ᠡᠩᠨᠡᠭᠡ ᠪᠡᠨ ᠴᠢᠩᠭᠠᠳᠭᠠᠵᠤ᠂ ᠬᠡᠪ   ᠪᠣᠯᠪᠠᠰᠤᠷᠠᠯ ᠢ᠋ ᠨᠢ ᠳᠡᠭᠡᠭᠰᠢᠯᠡᠭᠦᠯᠬᠦ ᠬᠡᠷᠡᠭᠲᠡᠢ᠃ ᠨᠢᠳᠤᠨᠤᠨ ᠤ᠋ ᠠᠬᠤᠢ ᠲᠠᠯᠠᠪᠠᠢ ᠶ᠋ᠢᠨ ᠬᠤᠷᠠᠯ ᠳᠡᠭᠡᠷ᠎ᠡ ᠨᠥᠬᠦᠷ ᠴᠢ ᠶ᠋ᠢᠨ ᠢᠦᠢ ᠶᠠᠷᠢᠬᠤ ᠳ᠋ᠠᠭᠠᠨ 《〈ᠤᠯᠤᠰ ᠲᠥᠷᠦ ᠶ᠋ᠢᠨ ᠱᠤᠭᠤᠮ ᠲᠣᠭᠲᠠᠭᠠᠭᠳᠠᠭᠰᠠᠨ ᠤ᠋ ᠳᠠᠷᠠᠭ᠎ᠠ ᠺᠠᠳ᠋ᠷ ᠪᠣᠯ ᠰᠢᠢᠳᠪᠦᠷᠢᠯᠡᠭᠴᠢ ᠬᠦᠴᠦᠨ ᠵᠦᠢᠯ ᠮᠥᠨ〉᠂ ᠮᠣᠩᠭᠤᠯ ᠬᠡᠯᠡ ᠪᠢᠴᠢᠭ ᠦ᠋ᠨ ᠠᠵᠢᠯᠲᠠᠨ ᠤ᠋ ᠡᠩᠨᠡᠭᠡ ᠶ᠋ᠢ ᠴᠢᠩᠭᠠᠳᠭᠠᠵᠤ᠂   ᠺᠠᠳ᠋ᠷᠴᠤᠳ ᠤ᠋ᠨ ᠶᠡᠷᠦᠩᠬᠡᠢᠯᠡᠭᠰᠡᠨ ᠬᠡᠪ ᠪᠣᠯᠪᠠᠰᠤᠷᠠᠯ ᠢ᠋ ᠳᠡᠭᠡᠭᠰᠢᠯᠡᠭᠦᠯᠬᠦ ᠪᠣᠯ ᠦᠨᠳᠦᠰᠦᠲᠡᠨ ᠦ᠌ ᠬᠡᠯᠡ ᠪᠢᠴᠢᠭ ᠦ᠋ᠨ ᠲᠤᠬᠠᠢ ᠨᠠᠮ ᠪᠠ ᠤᠯᠤᠰ ᠤ᠋ᠨ ᠲᠥᠷᠦ ᠶ᠋ᠢᠨ ᠪᠣᠳᠤᠯᠭ᠎ᠠ ᠬᠠᠤᠯᠢ ᠲᠣᠭᠲᠠᠭᠠᠯ ᠢ᠋ ᠬᠢᠨᠠᠮᠠᠭᠠᠢ ᠲᠤᠭᠤᠰᠢᠯᠠᠭᠤᠯᠵᠤ᠂ ᠰᠢᠨ᠎ᠡ ᠴᠠᠭ ᠦᠶ᠎ᠡ ᠶ᠋ᠢᠨ ᠮᠣᠩᠭᠤᠯ ᠬᠡᠯᠡ ᠪᠢᠴᠢᠭ ᠦ᠋ᠨ ᠠᠵᠢᠯ ᠢ᠋ ᠰᠠᠢᠲᠤᠷ   ᠬᠢᠬᠦ ᠶ᠋ᠢᠨ ᠪᠤᠰᠤᠳᠴᠢ ᠱᠠᠭᠠᠷᠳᠠᠯᠭ᠎ᠠ ᠪᠠ ᠴᠢᠬᠤᠯᠠ ᠰᠠᠭᠤᠷᠢ ᠮᠥᠨ》 ᠭᠡᠵᠡᠢ᠃ ᠪᠢᠳᠡ ᠮᠣᠩᠭᠤᠯ ᠬᠡᠯᠡ ᠪᠢᠴᠢᠭ ᠦ᠋ᠨ ᠠᠵᠢᠯᠲᠠᠨ ᠤ᠋ ᠡᠩᠨᠡᠭᠡᠨ ᠦ᠌ ᠪᠦᠲᠦᠭᠡᠨ ᠪᠠᠢᠭᠤᠯᠤᠯᠲᠠ ᠶ᠋ᠢ ᠴᠢᠩᠭᠠᠳᠭᠠᠬᠤ ᠪᠠᠷ ᠰᠠᠭᠤᠷᠢ ᠪᠣᠯᠭᠠᠵᠤ᠂ ᠡᠨᠡ ᠬᠦ᠌ ᠠᠵᠢᠯ ᠢ᠋ ᠢᠷᠡᠭᠡᠳᠦᠢ ᠶ᠋ᠢᠨ ᠬᠥᠭᠵᠢᠯᠲᠡ ᠲᠡᠢ ᠬᠣᠯᠪᠤᠭᠳᠠᠭᠰᠠᠨ ᠲᠣᠮᠤ ᠶᠠᠪᠤᠳᠠᠯ ᠪᠣᠯᠭᠠᠨ ᠴᠢᠬᠤᠯᠠᠴᠢᠯᠠᠵᠤ᠂ ᠴᠢᠳᠠᠪᠤᠷᠢᠲᠠᠨ ᠤ᠋ ᠲᠤᠬᠠᠢ ᠰᠢᠨᠵᠢᠯᠡᠬᠦ ᠤᠬᠠᠭᠠᠨᠴᠢ ᠦᠵᠡᠯᠲᠡ ᠶ᠋ᠢ ᠪᠣᠢ ᠪᠣᠯᠭᠠᠨ ᠬᠥᠮᠦᠨ ᠰᠣᠩᠭᠤᠵᠤ ᠬᠡᠷᠡᠭᠯᠡᠬᠦ ᠲᠤᠬᠠᠢ ᠳᠦᠷᠢᠮ ᠲᠣᠭᠲᠠᠭᠠᠯ ᠢ᠋ ᠲᠥᠪ ᠴᠢᠩᠭ᠎ᠠ ᠨᠠᠢᠳᠠᠪᠤᠷᠢᠵᠢᠭᠤᠯᠵᠤ᠂ ᠲᠥᠷᠦ ᠶ᠋ᠢᠨ ᠪᠣᠳᠤᠯᠭ᠎ᠠ ᠬᠠᠤᠯᠢ ᠳᠦᠷᠢᠮ ᠦ᠋ᠨ ᠬᠥᠮᠦᠵᠢᠯ᠂ ᠣᠨᠤᠯ ᠪᠣᠯᠤᠨ ᠲᠤᠬᠠᠢᠯᠠᠭᠰᠠᠨ ᠠᠵᠢᠯ ᠤ᠋ᠨ ᠪᠣᠯᠪᠠᠰᠤᠷᠠᠯ ᠢ᠋ ᠪᠠᠢᠩᠭᠤ ᠶ᠋ᠢᠨ ᠴᠢᠨᠠᠷᠲᠠᠢ ᠡᠷᠬᠢᠯᠡᠵᠦ᠂ ᠠᠵᠢᠯᠲᠠᠨ ᠤ᠋ ᠡᠩᠨᠡᠭᠡᠨ ᠦ᠌ ᠪᠡᠨ ᠤᠯᠤᠰ ᠲᠥᠷᠦ ᠶ᠋ᠢᠨ ᠬᠡᠪ ᠴᠢᠨᠠᠷ᠂ ᠣᠨᠤᠯ ᠤ᠋ᠨ ᠬᠡᠪ ᠪᠣᠯᠪᠠᠰᠤᠷᠠᠯ ᠪᠣᠯᠤᠨ ᠲᠤᠬᠠᠢᠯᠠᠭᠰᠠᠨ ᠠᠵᠢᠯ ᠤ᠋ᠨ ᠴᠢᠳᠠᠪᠤᠷᠢ ᠶ᠋ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠠᠷᠢᠭᠤᠴᠠᠯᠭ᠎ᠠ ᠲᠠᠢ᠂ ᠰᠢᠨ᠎ᠡ ᠶ᠋ᠢ ᠡᠭᠦᠳᠬᠦ ᠵᠣᠷᠢᠭ ᠰᠠᠨᠠᠭ᠎ᠠ ᠲᠠᠢ᠂ ᠣᠷᠤᠯᠳᠤᠯᠭ᠎ᠠ ᠰᠠᠢᠲᠠᠢ ᠮᠣᠩᠭᠤᠯ ᠬᠡᠯᠡ ᠪᠢᠴᠢᠭ ᠦ᠋ᠨ ᠠᠵᠢᠯᠲᠠᠨ ᠤ᠋ ᠡᠩᠨᠡᠭᠡ ᠶ᠋ᠢ ᠬᠥᠮᠦᠵᠢᠭᠦᠯᠵᠦ᠂ ᠴᠢᠳᠠᠪᠤᠷᠢᠲᠠᠨ ᠤ᠋ ᠡᠩᠨᠡᠭᠡᠨ ᠦ᠌ ᠪᠠᠲᠤ ᠪᠡᠬᠢ ᠰᠠᠭᠤᠷᠢ ᠲᠠᠢ ᠪᠣᠯᠬᠤ ᠬᠡᠷᠡᠭᠲᠡᠢ᠃ 

ᠪᠢᠳᠡ ᠡᠩᠨᠡᠭᠡᠨ ᠦ᠌ ᠪᠠᠢᠭᠤᠯᠤᠯᠲᠠ ᠪᠠᠨ ᠴᠢᠩᠭᠠᠳᠭᠠᠬᠤ ᠶ᠋ᠢᠨ ᠲᠥᠯᠦᠭᠡ ᠵᠢᠯ ᠪᠦᠷᠢ ᠶ᠋ᠢᠨ ᠠᠬᠤᠢ ᠲᠠᠯᠠᠪᠠᠢ ᠶ᠋ᠢᠨ ᠬᠤᠷᠠᠯ ᠢ᠋ ᠲᠣᠬᠢᠶᠠᠯᠳᠤᠭᠤᠯᠤᠨ ᠮᠣᠩᠭᠤᠯ ᠬᠡᠯᠡ ᠪᠢᠴᠢᠭ ᠦ᠋ᠨ ᠠᠵᠢᠯ ᠤ᠋ᠨ ᠪᠣᠯᠪᠠᠰᠤᠷᠠᠯ ᠢ᠋ ᠡᠷᠬᠢᠯᠡᠭᠰᠡᠭᠡᠷ ᠢᠷᠡᠭᠰᠡᠨ ᠪᠥᠭᠡᠳ ᠪᠣᠯᠪᠠᠰᠤᠷᠠᠯ ᠳ᠋ᠠᠭᠠᠨ ᠣᠷᠤᠨ ᠤ᠋ ᠳᠣᠲᠤᠨ᠎ᠠ ᠭᠠᠳᠠᠨ᠎ᠠ ᠠ᠋ᠴᠠ ᠬᠣᠯᠪᠤᠭᠳᠠᠯ ᠪᠦᠬᠦᠢ ᠲᠤᠰᠭᠠᠢ ᠮᠡᠷᠭᠡᠵᠢᠯᠲᠡᠨ ᠢ᠋ ᠤᠷᠢᠵᠤ᠂ ᠲᠥᠷᠦ ᠶ᠋ᠢᠨ ᠪᠣᠳᠤᠯᠭ᠎ᠠ ᠬᠠᠤᠯᠢ ᠲᠣᠭᠲᠠᠭᠠᠯ ᠪᠣᠯᠤᠨ ᠰᠢᠨ᠎ᠡ ᠣᠨᠤᠯ ᠮᠡᠳᠡᠯᠭᠡ ᠶ᠋ᠢᠨ ᠲᠤᠬᠠᠢ ᠢᠯᠡᠳᠬᠡᠯ ᠲᠠᠢᠯᠤᠮᠵᠢ ᠬᠢᠯᠭᠡᠭᠰᠡᠭᠡᠷ ᠢᠷᠡᠪᠡ᠃ ᠮᠠᠷᠭᠠᠰᠢ ᠶ᠋ᠢᠨ ᠬᠢᠴᠢᠶᠡᠯᠯᠡᠭᠡ ᠶ᠋ᠢ ᠣᠯᠠᠨ ᠢ᠋ᠶ᠋ᠠᠷ ᠢ᠋ᠶ᠋ᠠᠨ ᠰᠡᠳᠬᠢᠯ ᠲᠠᠯᠪᠢᠨ ᠰᠣᠨᠤᠰᠴᠤ᠂ ᠮᠡᠳᠡᠯᠭᠡ ᠪᠣᠯᠤᠨ ᠲᠠᠨᠢᠯᠲᠠ ᠪᠠᠨ ᠰᠢᠨᠡᠴᠢᠯᠡᠵᠦ᠂ ᠴᠢᠳᠠᠪᠤᠷᠢ ᠪᠠᠨ ᠳᠡᠭᠡᠭᠰᠢᠯᠡᠭᠦᠯᠬᠦ ᠪᠡᠷ ᠴᠢᠷᠮᠠᠢᠬᠤ ᠬᠡᠷᠡᠭᠲᠡᠢ᠃ ᠨᠥᠭᠦᠭᠡᠳᠦᠷ ᠦ᠋ᠨ ᠰᠤᠳᠤᠯᠤᠨ ᠶᠠᠷᠢᠯᠴᠠᠬᠤ ᠬᠤᠷᠠᠯ ᠳᠡᠭᠡᠷ᠎ᠡ ᠡᠯ᠎ᠡ ᠠᠢᠮᠠᠭ ᠬᠣᠲᠠ ᠶ᠋ᠢᠨ ᠦᠨᠳᠦᠰᠦᠲᠡᠨ ᠦ᠌ ᠵᠥᠪᠯᠡᠯ ᠪᠣᠯᠤᠨ ᠥᠪᠡᠷᠲᠡᠭᠡᠨ ᠵᠠᠰᠠᠬᠤ ᠣᠷᠤᠨ ᠤ᠋ ᠦᠨᠳᠦᠰᠦᠲᠡᠨ ᠦ᠌ ᠵᠥᠪᠯᠡᠯ ᠦ᠋ᠨ ᠬᠣᠯᠪᠤᠭᠳᠠᠯ ᠪᠦᠬᠦᠢ ᠭᠠᠵᠠᠷ ᠤ᠋ᠨ ᠬᠠᠷᠢᠭᠤᠴᠠᠯᠭᠠᠲᠠᠨ ᠠᠵᠢᠯ ᠤ᠋ᠨ ᠪᠣᠳᠠᠲᠠᠢ ᠲᠠᠢ ᠪᠠᠨ ᠤᠶᠠᠯᠳᠤᠭᠤᠯᠤᠨ ᠰᠢᠨ᠎ᠡ ᠴᠠᠭ ᠦᠶ᠎ᠡ ᠶ᠋ᠢᠨ ᠮᠣᠩᠭᠤᠯ ᠬᠡᠯᠡ ᠪᠢᠴᠢᠭ ᠦ᠋ᠨ ᠠᠵᠢᠯ ᠢ᠋ ᠬᠡᠷᠬᠢᠨ ᠰᠠᠢᠲᠤᠷ ᠬᠢᠬᠦ ᠲᠤᠬᠠᠢ ᠲᠤᠷᠰᠢᠯᠭ᠎ᠠ ᠪᠣᠯᠤᠨ ᠰᠡᠳᠬᠢᠭᠳᠡᠯ ᠢ᠋ᠶ᠋ᠡᠨ ᠶᠠᠷᠢᠯᠴᠠᠬᠤ ᠶ᠋ᠢ ᠬᠦᠰᠡᠵᠦ ᠪᠠᠢᠨ᠎ᠠ᠃ 

ᠨᠥᠬᠦᠳ ᠡ ᠂ ᠰᠢᠨ᠎ᠡ ᠴᠠᠭ ᠦᠶ᠎ᠡ ᠶ᠋ᠢᠨ ᠮᠣᠩᠭᠤᠯ ᠬᠡᠯᠡ ᠪᠢᠴᠢᠭ ᠦ᠋ᠨ ᠠᠵᠢᠯ ᠢ᠋ ᠰᠠᠢᠲᠤᠷ ᠬᠢᠬᠦ ᠳ᠋ᠦ᠍ ᠲᠡᠦᠬᠡ ᠶ᠋ᠢᠨ ᠡᠭᠦᠷᠭᠡ ᠮᠠᠨᠢ ᠥᠩᠭᠡ ᠭᠡᠷᠡᠯᠳᠡᠢ᠂ ᠬᠠᠷᠢᠭᠤᠴᠠᠯᠭ᠎ᠠ ᠮᠠᠨᠢ ᠬᠦᠨᠳᠦ ᠬᠠᠲᠠᠭᠤᠵᠢᠯᠲᠠᠢ᠂ ᠠᠶᠠᠨ ᠵᠠᠮ ᠬᠣᠯᠠ ᠪᠠᠢᠭ᠎ᠠ ᠶᠤᠮ᠃ ᠪᠢᠳᠡ ᠥᠪᠡᠷᠲᠡᠭᠡᠨ ᠵᠠᠰᠠᠬᠤ ᠣᠷᠤᠨ ᠤ᠋ ᠨᠠᠮ ᠤ᠋ᠨ ᠬᠣᠷᠢᠶ᠎ᠠ᠂ ᠵᠠᠰᠠᠭ ᠤ᠋ᠨ ᠣᠷᠳᠤᠨ ᠤ᠋ ᠵᠥᠪ ᠣᠨᠤᠪᠴᠢᠲᠠᠢ ᠤᠳᠤᠷᠢᠳᠤᠯᠭ᠎ᠠ ᠳᠣᠣᠷ᠎ᠠ ᠰᠢ ᠶ᠋ᠢᠨ ᠫᠢᠩ ᠦ᠋ᠨ ᠰᠢᠨ᠎ᠡ ᠴᠠᠭ ᠦᠶ᠎ᠡ ᠶ᠋ᠢᠨ ᠳᠤᠮᠳᠠᠳᠤ ᠤᠯᠤᠰ ᠤ᠋ᠨ ᠣᠨᠴᠠᠯᠢᠭ ᠪᠦᠬᠦᠢ ᠨᠡᠢᠭᠡᠮ ᠵᠢᠷᠤᠮ ᠤ᠋ᠨ ᠦᠵᠡᠯ ᠰᠠᠨᠠᠭ᠎ᠠ ᠶ᠋ᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠮᠣᠩᠭᠤᠯ ᠬᠡᠯᠡ ᠪᠢᠴᠢᠭ ᠢ᠋ ᠰᠤᠷᠴᠤ ᠬᠡᠷᠡᠭᠯᠡᠬᠦ ᠪᠠ ᠴᠡᠴᠡᠭᠯᠡᠭᠦᠯᠦᠨ ᠬᠥᠭᠵᠢᠭᠦᠯᠬᠦ ᠶ᠋ᠢ ᠪᠦᠲᠦᠮᠵᠢᠲᠡᠢ ᠠᠬᠢᠭᠤᠯᠬᠤ ᠪᠠᠷ ᠭᠣᠣᠯ ᠰᠡᠳᠦᠪ ᠪᠣᠯᠭᠠᠵᠤ᠂ ᠦᠨᠳᠦᠰᠦᠲᠡᠨ ᠦ᠌ ᠬᠡᠯᠡ ᠪᠢᠴᠢᠭ ᠦ᠋ᠨ ᠲᠤᠬᠠᠢ ᠨᠠᠮ ᠪᠠ ᠤᠯᠤᠰ ᠤ᠋ᠨ ᠲᠥᠷᠦ ᠶ᠋ᠢᠨ ᠪᠣᠳᠤᠯᠭ᠎ᠠ ᠬᠠᠤᠯᠢ ᠲᠣᠭᠲᠠᠭᠠᠯ ᠢ᠋ ᠭᠦᠨᠵᠡᠭᠡᠢ ᠲᠤᠭᠤᠰᠢᠯᠠᠭᠤᠯᠬᠤ ᠪᠠᠷ ᠭᠣᠣᠯ ᠰᠢᠵᠢᠮ ᠪᠣᠯᠭᠠᠵᠤ᠂ ᠰᠤᠷᠲᠠᠯ ᠤᠬᠠᠭᠤᠯᠭ᠎ᠠ ᠶ᠋ᠢ ᠴᠢᠩᠭᠠᠳᠭᠠᠬᠤ ᠪᠠᠷ ᠰᠢᠪᠲᠤᠯᠤᠯᠲᠠ ᠪᠣᠯᠭᠠᠵᠤ᠂ ᠭᠡᠰᠢᠭᠦᠨ ᠪᠠᠢᠭᠤᠯᠭ᠎ᠠ ᠶ᠋ᠢᠨ ᠳᠦᠷᠢᠮ ᠢ᠋ ᠲᠡᠭᠦᠯᠳᠡᠷᠵᠢᠭᠦᠯᠬᠦ ᠪᠠ ᠬᠣᠣᠰ ᠬᠡᠯᠡᠨ ᠦ᠌ ᠡᠶ᠎ᠡ ᠵᠣᠬᠢᠴᠠᠩᠭᠤᠢ ᠲᠤᠷᠰᠢᠯᠲᠠ ᠶ᠋ᠢᠨ ᠴᠡᠭ ᠢ᠋ ᠪᠠᠢᠭᠤᠯᠬᠤ   ᠠᠵᠢᠯᠯᠠᠭ᠎ᠠ ᠶ᠋ᠢ ᠰᠠᠢᠲᠤᠷ ᠠᠳᠭᠤᠵᠤ᠂ ᠪᠦᠲᠦᠭᠡᠯᠴᠢ ᠪᠡᠷ ᠬᠠᠮᠢᠶᠠᠷᠬᠤ ᠪᠣᠯᠤᠨ ᠲᠦᠷᠦᠯᠵᠢᠭᠦᠯᠦᠨ ᠵᠢᠯᠤᠭᠤᠳᠭᠤ ᠪᠠᠷ ᠵᠠᠷᠴᠢᠮ ᠪᠣᠯᠭᠠᠬᠤ ᠶ᠋ᠢ ᠦᠷᠭᠦᠯᠵᠢᠯᠡᠨ ᠪᠠᠷᠢᠮᠲᠠᠯᠠᠵᠤ᠂ ᠭᠣᠣᠯᠳᠠᠯᠭ᠎ᠠ ᠶ᠋ᠢ ᠲᠣᠪᠤᠢᠯᠭᠠᠵᠤ᠂ ᠨᠠᠢᠳᠠᠪᠤᠷᠢᠵᠢᠭᠤᠯᠬᠤ ᠶ᠋ᠢ ᠴᠢᠩᠭ᠎ᠠ ᠠᠳᠭᠤᠵᠤ᠂ ᠰᠢᠨ᠎ᠡ ᠴᠠᠭ ᠦᠶ᠎ᠡ ᠶ᠋ᠢᠨ ᠮᠣᠩᠭᠤᠯ ᠬᠡᠯᠡ ᠪᠢᠴᠢᠭ ᠦ᠋ᠨ ᠠᠵᠢᠯ ᠤ᠋ᠨ ᠰᠢᠨ᠎ᠡ ᠪᠠᠢᠳᠠᠯ ᠢ᠋ ᠴᠢᠷᠮᠠᠢᠨ ᠡᠭᠦᠳᠴᠦ᠂ ᠦᠨᠳᠦᠰᠦᠲᠡᠨ ᠦ᠌ ᠪᠦᠯᠬᠦᠮᠳᠡᠯ ᠳᠠᠪᠰᠢᠯᠲᠠ ᠶ᠋ᠢ ᠠᠬᠢᠭᠤᠯᠬᠤ᠂ ᠴᠢᠨᠡᠭᠡᠯᠢᠭ ᠨᠡᠢᠭᠡᠮ ᠢ᠋ ᠪᠦᠬᠦ ᠲᠠᠯ᠎ᠠ ᠪᠠᠷ ᠪᠠᠢᠭᠤᠯᠬᠤ ᠪᠠ ᠳᠤᠮᠳᠠᠳᠤ ᠶ᠋ᠢᠨ ᠦᠨᠳᠦᠰᠦᠲᠡᠨ ᠦ᠌ ᠠᠭᠤᠤ ᠶᠡᠬᠡ ᠰᠡᠷᠭᠦᠨ ᠮᠠᠨᠳᠤᠯᠲᠠ ᠶ᠋ᠢ ᠪᠡᠶᠡᠯᠡᠭᠦᠯᠬᠦ ᠳ᠋ᠦ᠍ ᠦᠵᠡᠭᠦᠯᠪᠡᠰᠦ ᠵᠣᠬᠢᠬᠤ ᠬᠤᠪᠢ ᠨᠡᠮᠡᠷᠢ ᠪᠡᠨ ᠦᠵᠡᠭᠦᠯᠬᠦ ᠬᠡᠷᠡᠭᠲᠡᠢ᠃ 

 

ᠡᠨᠡ ᠪᠣᠯ ᠵᠣᠬᠢᠶᠠᠭᠴᠢ ᠶ᠋ᠢᠨ 2018 ᠣᠨ ᠤ᠋ 11 ᠰᠠᠷ᠎ᠠ ᠶ᠋ᠢᠨ 12 ᠳᠤ ᠬᠢᠩᠭᠠᠨ ᠠᠢᠮᠠᠭ ᠲᠤ᠌ ᠪᠣᠯᠤᠭᠰᠠᠨ ᠪᠦᠬᠦ ᠣᠷᠤᠨ ᠤ᠋ ᠵᠢᠷᠭᠤᠳᠤᠭᠠᠷ ᠤᠳᠠᠭᠠᠨ ᠤ᠋ ᠮᠣᠩᠭᠤᠯ ᠬᠡᠯᠡ ᠪᠢᠴᠢᠭ ᠦ᠋ᠨ ᠠᠵᠢᠯ ᠤ᠋ᠨ ᠲᠤᠷᠰᠢᠯᠭ᠎ᠠ ᠰᠣᠯᠢᠯᠴᠠᠬᠤ ᠠᠬᠤᠢ ᠲᠠᠯᠠᠪᠠᠢ ᠶ᠋ᠢᠨ ᠬᠤᠷᠠᠯ ᠳᠡᠭᠡᠷ᠎ᠡ ᠲᠠᠯᠪᠢᠭᠰᠠᠨ ᠶᠠᠷᠢᠶ᠎ᠠ ᠮᠥᠨ ( ᠬᠢᠲᠠᠳ ᠡᠬᠡ ᠪᠢᠴᠢᠭ ᠡᠴᠡ ᠴᠢᠩ ᠯᠢᠨ ᠣᠷᠴᠢᠭᠤᠯᠵᠤ᠂ ᠪᠠᠶᠠᠠᠴᠢᠮᠡᠭ ᠲᠤᠯᠭᠠᠨ ᠬᠢᠨᠠᠪᠠ )  ᠃

 

《ᠮᠣᠩᠭᠤᠯ ᠬᠡᠯᠡ ᠪᠢᠴᠢᠭ》ᠰᠡᠳᠬᠦᠯ     2019 ᠣᠨ ᠤ᠋ ᠨᠢᠭᠡᠳᠦᠭᠡᠷ ᠬᠤᠭᠤᠴᠠᠭ᠎ᠠ  

 

ᠬᠠᠷᠢᠭᠤᠴᠠᠭᠰᠠᠨ ᠨᠠᠢᠷᠠᠭᠤᠯᠤᠭᠴᠢ:ᠡᠷᠳᠡᠨᠢᠴᠡᠴᠡᠭ           

 

ᠸᠢᠴᠠᠲ ᠲᠤ ᠪᠠᠨ ᠬᠤᠪᠢᠶᠠᠯᠴᠠᠬᠤ