ᠮᠠᠨ ᠤ ᠤᠯᠤᠰ ᠤᠨ ᠴᠦ᠋ᠬᠡᠨ ᠲᠣᠭᠠᠲᠤ ᠦᠨᠳᠦᠰᠦᠲᠡᠨ ᠤ᠋ ᠰᠤᠳᠤᠷ ᠪᠢᠴᠢᠭ ᠦ᠋ᠨ ᠬᠠᠮᠠᠭᠠᠯᠠᠯᠲᠠ ᠶᠢᠨ ᠠᠵᠢᠯ ᠤ᠋ᠨ ᠲᠠᠪᠤᠨ ᠵᠢᠯ ᠦ᠋ᠨ ᠲᠥᠯᠦᠪᠵᠢᠭᠦᠯᠭᠡ ᠶᠢ ᠨᠡᠢᠲᠡᠯᠡᠪᠡ
ᠢᠷᠡᠯᠲᠡ᠄ ᠠᠷᠠᠳ ᠤᠨ ᠡᠳᠦᠷ ᠦᠨ ᠰᠣᠨᠢᠨ
2017.10.11

 

ᠣᠢᠷ᠎ᠠ ᠳᠤ᠂ ᠰᠣᠶᠤᠯ ᠤᠨ ᠶᠠᠮᠤᠨ 《ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠦᠪᠵᠢᠭᠦᠯᠭᠡ  ᠶᠢᠨ ᠬᠤᠭᠤᠴᠠᠭᠠᠨ ᠤ ᠪᠦᠬᠦ ᠤᠯᠤᠰ ᠤᠨ  ᠴᠦ᠋ᠬᠡᠨ ᠲᠣᠭᠠᠲᠤ ᠦᠨᠳᠦᠰᠦᠲᠡᠨ ᠤ᠋ ᠰᠤᠳᠤᠷ ᠪᠢᠴᠢᠭ  ᠤᠨ ᠬᠠᠮᠠᠭᠠᠯᠠᠯᠲᠠ ᠶᠢᠨ ᠠᠵᠢᠯ ᠤᠨ ᠲᠥᠯᠦᠪᠵᠢᠭᠦᠯᠭᠡ 》 ᠶ᠋ᠢ ᠨᠡᠢᠲᠡᠯᠡᠪᠡ᠂ ᠡᠨᠡ ᠪᠣᠯ ᠮᠠᠨ ᠤ ᠤᠯᠤᠰ ᠤᠨ ᠰᠤᠳᠤᠷ ᠪᠢᠴᠢᠭ  ᠤᠨ ᠬᠠᠮᠠᠭᠠᠯᠠᠯᠲᠠ ᠶᠢᠨ ᠠᠵᠢᠯ  ᠤᠨ ᠠᠩᠬᠠᠳᠠᠭᠴᠢ ᠲᠠᠪᠤᠨ ᠵᠢᠯ ᠦ᠋ᠨ ᠲᠥᠯᠦᠪᠵᠢᠭᠦᠯᠭᠡ ᠪᠣᠯᠤᠨ᠎ᠠ᠃      

《ᠲᠥᠯᠦᠪᠵᠢᠭᠦᠯᠭᠡ 》 ᠳᠤ᠂ 2020 ᠤᠨ ᠪᠣᠯᠬᠤ ᠳ᠋ᠤ᠌᠂ ᠪᠦᠬᠦ ᠤᠯᠤᠰ ᠤᠨ ᠰᠤᠳᠤᠷ ᠪᠢᠴᠢᠭ  ᠤᠨ ᠡᠬᠢ ᠪᠠᠶᠠᠯᠢᠭ ᠪᠠ ᠬᠠᠮᠠᠭᠠᠯᠠᠨ ᠬᠠᠳᠠᠭᠠᠯᠠᠵᠤ ᠪᠠᠢᠭ᠎ᠠ ᠪᠠᠢᠳᠠᠯ ᠢ ᠦᠨᠳᠦᠰᠦᠨ ᠳᠡᠭᠡᠨ ᠲᠣᠳᠤᠷᠬᠠᠢ  ᠪᠣᠯᠭᠠᠵᠤ᠂  ᠤᠯᠤᠰ  ᠤᠨ ᠲᠡᠰ ᠦᠨ ᠪᠠ ᠮᠤᠵᠢ ᠶᠢᠨ ᠲᠡᠰ ᠦᠨ ᠬᠣᠪᠤᠷ ᠨᠠᠨᠳᠢᠨ ᠰᠤᠳᠤᠷ ᠪᠢᠴᠢᠭ  ᠤᠨ ᠬᠠᠮᠠᠭᠠᠯᠠᠯᠲᠠ ᠶᠢᠨ ᠪᠠᠢᠳᠠᠯ ᠢ ᠢᠯᠡᠳᠲᠡ ᠰᠠᠢᠵᠢᠷᠠᠭᠤᠯᠤᠨ᠂ ᠬᠣᠪᠤᠷ ᠨᠠᠨᠳᠢᠨ ᠡᠷᠲᠡᠨ ᠦ ᠨᠣᠮ ᠰᠤᠳᠤᠷ ᠢ ᠵᠠᠰᠠᠵᠤ ᠰᠡᠷᠭᠦᠭᠡᠬᠦ ᠵᠦᠢᠯᠡᠰ  ᠵᠡᠷᠭᠡ  ᠬᠠᠷᠠᠯᠲᠠ  ᠶᠢ  ᠨᠢᠭᠡ ᠪᠦᠯᠦᠭ ᠬᠡᠷᠡᠭᠵᠢᠭᠦᠯᠦᠨ᠎ᠡ ᠭᠡᠵᠦ ᠳᠤᠷᠠᠳᠤᠭᠰᠠᠨ ᠪᠥᠭᠡᠳ ᠰᠤᠳᠤᠷ ᠪᠢᠴᠢᠭ  ᠢ  ᠨᠡᠢᠳᠡᠮ  ᠪᠠᠢᠴᠠᠭᠠᠵᠤ  ᠳᠠᠩᠰᠠᠯᠠᠬᠤ ᠠᠵᠢᠯ ᠢ ᠪᠡᠶᠡᠯᠡᠭᠦᠯᠬᠦ ᠰᠤᠳᠤᠷ ᠪᠢᠴᠢᠭ ᠬᠣᠷᠢᠶᠠᠨ ᠬᠠᠳᠠᠭᠠᠯᠠᠬᠤ  ᠪᠠᠢᠭᠤᠯᠤᠮᠵᠢ  ᠶᠢᠨ  ᠲᠣᠭ᠎ᠠ  ᠬᠡᠮᠵᠢᠶ᠎ᠡ᠂  ᠬᠣᠪᠤᠷ ᠨᠠᠨᠳᠢᠨ ᠰᠤᠳᠤᠷ ᠪᠢᠴᠢᠭ  ᠢ ᠵᠠᠰᠠᠵᠤ ᠰᠡᠷᠭᠦᠭᠡᠬᠦ ᠲᠣᠭ᠎ᠠ ᠬᠡᠮᠵᠢᠶ᠎ᠡ᠂ ᠲᠣᠭᠠᠵᠢᠭᠤᠯᠤᠭᠰᠠᠨ ᠰᠤᠳᠤᠷ ᠪᠢᠴᠢᠭ ᠦ᠋ᠨ ᠡᠬᠢ ᠪᠠᠶᠠᠯᠢᠭ ᠢ ᠨᠡᠢᠲᠡᠯᠡᠬᠦ  ᠲᠣᠭ᠎ᠠ  ᠬᠡᠮᠵᠢᠶ᠎ᠡ᠂ ᠰᠤᠳᠤᠷ ᠪᠢᠴᠢᠭ  ᠬᠣᠷᠢᠶᠠᠨ  ᠬᠠᠳᠠᠭᠠᠯᠠᠬᠤ  ᠨᠢᠭᠡᠴᠡ  ᠶᠢᠨ ᠠᠵᠢᠯᠯᠠᠭᠴᠢᠳ ᠢ ᠪᠣᠯᠪᠠᠰᠤᠷᠠᠭᠤᠯᠬᠤ ᠲᠣᠭ᠎ᠠ ᠬᠡᠮᠵᠢᠶ᠎ᠡ ᠵᠡᠷᠭᠡ ᠲᠠᠯ᠎ᠠ ᠪᠠᠷ  ᠴᠤ  ᠪᠣᠳᠠᠲᠠᠢ ᠭᠦᠢᠴᠡᠳᠬᠡᠬᠦ ᠲᠣᠭᠠᠨ ᠤ᠋ ᠱᠠᠭᠠᠷᠳᠠᠯᠭ᠎ᠠ ᠳᠤᠷᠠᠳᠤᠭᠰᠠᠨ ᠪᠠᠢᠨ᠎ᠠ᠃      

ᠣᠢᠯᠠᠭᠠᠭᠰᠠᠨ ᠢᠶᠠᠷ᠂ 2007 ᠣᠨ ᠳ᠋ᠤ᠌ 《ᠳᠤᠮᠳᠠᠳᠤ ᠶᠢᠨ ᠰᠤᠳᠤᠷ ᠪᠢᠴᠢᠭ ᠤᠨ ᠬᠠᠮᠠᠭᠠᠯᠠᠯᠲᠠ ᠶᠢᠨ ᠲᠥᠯᠦᠪᠯᠡᠭᠡ》 ᠶᠢ ᠬᠡᠷᠡᠭᠵᠢᠭᠦᠯᠦᠭᠰᠡᠨ ᠡᠴᠡ ᠨᠠᠰᠢ᠂ ᠢᠯᠠᠩᠭᠤᠶ᠎ᠠ ᠨᠠᠮ ᠤᠨ ᠠᠷᠪᠠᠨ ᠨᠠᠢ᠍ᠮᠠᠳᠤᠭᠠᠷ ᠶᠡᠬᠡ ᠬᠤᠷᠠᠯ ᠠᠴᠠ ᠨᠠᠰᠢ᠂ ᠮᠠᠨ ᠤ ᠤᠯᠤᠰ ᠤᠨ ᠡᠷᠲᠡᠨ ᠦ ᠨᠣᠮ ᠪᠢᠴᠢᠭ  ᠤᠨ ᠬᠠᠮᠠᠭᠠᠯᠠᠯᠲᠠ ᠶᠢᠨ ᠠᠵᠢᠯ ᠡᠯᠪᠡᠭ ᠳᠡᠯᠪᠡᠭ ᠦᠷ᠎ᠡ ᠪᠦᠲᠦᠭᠡᠯ  ᠣᠯᠪᠠ᠃ 2016 ᠣᠨ ᠤ᠋ ᠡᠴᠦᠰ ᠪᠣᠯᠲᠠᠯ᠎ᠠ᠂ ᠪᠦᠬᠦ ᠤᠯᠤᠰ ᠲᠤ ᠨᠡᠢᠲᠡ 200 ᠲᠦᠮᠡᠨ ᠡᠷᠲᠡᠨ ᠦ ᠨᠣᠮ  ᠰᠤᠳᠤᠷ  ᠢ ᠨᠡᠢᠳᠡᠮ ᠪᠠᠢᠴᠠᠭᠠᠵᠤ ᠳᠠᠩᠰᠠᠯᠠᠬᠤ ᠠᠵᠢᠯ ᠢ ᠪᠡᠶᠡᠯᠡᠭᠦᠯᠵᠦ᠂ ᠤᠯᠤᠰ ᠤᠨ ᠲᠡᠰ ᠦᠨ ᠰᠤᠳᠤᠷ ᠪᠢᠴᠢᠭ  ᠢ ᠵᠠᠰᠠᠵᠤ ᠰᠡᠷᠭᠦᠭᠡᠬᠦ ᠲᠥᠪ ᠢ 12 ᠨᠡᠷᠡᠢᠳᠦᠭᠰᠡᠨ ᠪᠠᠢᠨ᠎ᠠ᠃

 

 

ᠬᠢᠨᠠᠭᠴᠢ᠄  ᠠᠯᠲᠠᠨ᠌ᠣ᠋ᠳᠣ

ᠬᠠᠷᠢᠭᠤᠴᠠᠭᠰᠠᠨ ᠨᠠᠢᠷᠠᠭᠤᠯᠤᠭᠴᠢ᠄ ᠡᠷᠳᠡᠨᠢᠴᠡᠴᠡᠭ

ᠸᠢᠴᠠᠲ ᠲᠤ ᠪᠠᠨ ᠬᠤᠪᠢᠶᠠᠯᠴᠠᠬᠤ
ᠳᠠᠷᠠᠭᠠᠬᠢ ᠵᠣᠬᠢᠶᠠᠯᠵᠣᠬᠢᠶᠠᠯ ᠦᠭᠡᠢ ᠪᠣᠯᠵᠠᠢ

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )