ᠥᠪᠦᠷ ᠮᠣᠩᠭᠤᠯ ᠵᠠᠰᠠᠭ ᠤ᠋ᠨ ᠣᠷᠳᠤᠨ ᠤ᠋ ᠱᠢᠰᠲ᠋ᠧᠮ ᠦ᠋ᠨ ᠮᠣᠩᠭᠤᠯ ᠬᠡᠯᠡᠨ ᠦ᠌ ᠰᠦᠯᠵᠢᠶᠡᠨ ᠴᠤᠭᠯᠠᠷᠠᠯ ᠢ᠋ ᠪᠠᠢᠭᠤᠯᠪᠠ
ᠢᠷᠡᠯᠲᠡ᠄ ᠬᠥᠬᠡᠬᠤᠲᠠ ᠶ᠋ᠢᠨ ᠦᠨᠳᠦᠰᠦᠲᠡᠨ ᠦ᠌ ᠬᠡᠷᠡᠭ ᠡᠷᠬᠢᠯᠡᠬᠦ ᠵᠥᠪᠯᠡᠯ
2019.01.25

 

ᠣᠢᠷ᠎ᠠ ᠳ᠋ᠤ᠌ ᠥᠪᠦᠷ ᠮᠣᠩᠭᠤᠯ ᠤ᠋ᠨ ᠥᠪᠡᠷᠲᠡᠭᠡᠨ ᠵᠠᠰᠠᠬᠤ ᠣᠷᠤᠨ ᠨᠢᠭᠡᠨᠲᠡ ᠥᠪᠦᠷ ᠮᠣᠩᠭᠤᠯ ᠤ᠋ᠨ ᠥᠪᠡᠷᠲᠡᠭᠡᠨ ᠵᠠᠰᠠᠬᠤ ᠣᠷᠤᠨ ᠤ᠋ ᠵᠠᠰᠠᠭ ᠤ᠋ᠨ ᠣᠷᠳᠤᠨ ᠤ᠋ ᠮᠣᠩᠭᠤᠯ ᠬᠡᠯᠡᠨ ᠦ᠌ ᠰᠦᠯᠵᠢᠶ᠎ᠡ ᠪᠡᠷ ᠭᠣᠣᠯ ᠴᠡᠭ ᠪᠣᠯᠭᠠᠭᠰᠠᠨ᠂ 12 ᠠᠢᠮᠠᠭ ᠬᠣᠲᠠ᠂ 103 ᠬᠣᠱᠢᠭᠤ ᠱᠢᠶᠠᠨ ᠬᠣᠲᠠ ᠲᠣᠭᠤᠷᠢᠭ᠂ ᠠᠷᠠᠳ ᠤ᠋ᠨ ᠠᠮᠢᠳᠤᠷᠠᠯ ᠳ᠋ᠤ᠌ ᠨᠢᠭᠲᠠ ᠬᠣᠯᠪᠤᠭᠳᠠᠭᠰᠠᠨ 12 ᠲᠣᠪᠴᠢᠶ᠎ᠠ ᠲᠢᠩᠬᠢᠮ ᠢ᠋ ᠪᠠᠭᠲᠠᠭᠠᠭᠰᠠᠨ 128 ᠴᠡᠭ ᠦ᠋ᠨ ᠵᠠᠰᠠᠭ ᠤ᠋ᠨ ᠶᠠᠪᠤᠳᠠᠯ ᠤ᠋ᠨ ᠮᠣᠩᠭᠤᠯ ᠬᠡᠯᠡᠨ ᠦ᠌ ᠰᠦᠯᠵᠢᠶᠡᠨ ᠴᠤᠭᠯᠠᠷᠠᠯ ᠤ᠋ᠨ ᠪᠠᠢᠭᠤᠯᠤᠯᠲᠠ ᠶ᠋ᠢ ᠠᠩᠬ᠎ᠠ ᠠᠯᠬᠤᠮ ᠪᠡᠶᠡᠯᠡᠭᠦᠯᠪᠡ᠃ ᠲᠤᠰ ᠰᠦᠯᠵᠢᠶᠡᠨ ᠴᠤᠭᠯᠠᠷᠠᠯ ᠨᠢ ᠬᠠᠷᠢᠯᠴᠠᠨ ᠬᠣᠯᠪᠤᠯᠳᠤᠵᠤ ᠬᠠᠷᠢᠯᠴᠠᠨ ᠨᠡᠪᠲᠡᠷᠡᠯᠴᠡᠵᠦ᠂ ᠮᠣᠩᠭᠤᠯ ᠦᠨᠳᠦᠰᠦᠲᠡᠨ ᠦ᠌ ᠣᠯᠠᠨ ᠲᠦᠮᠡᠨ ᠦ᠌ ᠪᠠᠢᠳᠠᠯ ᠢ᠋ ᠮᠡᠳᠡᠬᠦ ᠡᠷᠬᠡ᠂ ᠣᠷᠤᠯᠴᠠᠬᠤ ᠡᠷᠬᠡ ᠪᠠ ᠬᠢᠨᠠᠯᠲᠠ ᠲᠠᠯᠪᠢᠬᠤ ᠡᠷᠬᠡ ᠶ᠋ᠢ ᠦᠨᠡᠨ ᠬᠦ᠌ ᠪᠠᠲᠤᠯᠠᠵᠠᠢ᠃

2017 ᠣᠨ ᠠ᠋ᠴᠠ ᠡᠬᠢᠯᠡᠨ ᠪᠦᠬᠦ ᠲᠠᠯ᠎ᠠ ᠪᠠᠷ ᠪᠦᠲᠦᠭᠡᠨ ᠪᠠᠢᠭᠤᠯᠤᠭᠰᠠᠨ ᠥᠪᠦᠷ ᠮᠣᠩᠭᠤᠯ ᠤ᠋ᠨ ᠵᠠᠰᠠᠭ ᠤ᠋ᠨ ᠣᠷᠳᠤᠨ ᠤ᠋ ᠱᠢᠰᠲ᠋ᠧᠮ ᠦ᠋ᠨ ᠮᠣᠩᠭᠤᠯ ᠬᠡᠯᠡᠨ ᠦ᠌ ᠰᠦᠯᠵᠢᠶᠡᠨ ᠴᠤᠭᠯᠠᠷᠠᠯ ᠨᠢ ᠡᠭᠦᠯᠡᠨ ᠬᠠᠳᠠᠭᠠᠯᠠᠮᠵᠢ᠂ ᠴᠤᠭᠯᠠᠷᠠᠯ ᠤ᠋ᠨ ᠬᠡᠯᠪᠡᠷᠢ᠂ ᠲᠥᠪᠯᠡᠷᠡᠭᠦᠯᠦᠨ ᠪᠠᠢᠭᠤᠯᠬᠤ᠂ ᠨᠢᠭᠡᠳᠦᠯᠲᠡᠢ ᠬᠠᠮᠢᠶᠠᠷᠬᠤ ᠠᠷᠭ᠎ᠠ ᠶ᠋ᠢ ᠬᠡᠷᠡᠭᠯᠡᠵᠦ᠂ ᠵᠠᠰᠠᠭ ᠤ᠋ᠨ ᠶᠠᠪᠤᠳᠠᠯ ᠪᠠ ᠰᠣᠨᠢᠨ ᠮᠡᠳᠡᠭᠡᠨ ᠦ᠌ ᠬᠣᠯᠪᠤᠭ᠎ᠠ᠂ ᠵᠠᠰᠠᠭ ᠤ᠋ᠨ ᠶᠠᠪᠤᠳᠠᠯ ᠤ᠋ᠨ ᠦᠢᠯᠡᠴᠢᠯᠡᠭᠡᠨ ᠦ᠌ ᠵᠦᠭᠯᠡᠭᠦᠷ᠂ ᠠᠢᠮᠠᠭ ᠬᠣᠲᠠ ᠪᠠ ᠬᠣᠱᠢᠭᠤ ᠱᠢᠶᠠᠨ ᠤ᠋ ᠵᠠᠰᠠᠭ ᠤ᠋ᠨ ᠶᠠᠪᠤᠳᠠᠯ ᠤ᠋ᠨ ᠰᠦᠯᠵᠢᠶᠡᠨ ᠦ᠌ ᠬᠣᠯᠪᠤᠭ᠎ᠠ ᠵᠡᠷᠭᠡ ᠪᠤᠯᠤᠩ ᠢ᠋ ᠲᠣᠬᠢᠷᠠᠭᠤᠯᠵᠤ᠂ ᠪᠦᠬᠦ ᠣᠷᠤᠨ ᠢ᠋ ᠬᠠᠮᠤᠷᠤᠭᠰᠠᠨ ᠨᠢᠭᠡᠳᠦᠯᠲᠡᠢ᠂ ᠳᠦᠷᠢᠮᠵᠢᠭᠰᠡᠨ᠂ ᠬᠠᠮᠲᠤ ᠪᠠᠷ ᠡᠳ᠋ᠯᠡᠬᠦ ᠮᠣᠩᠭᠤᠯ ᠬᠡᠯᠡᠨ ᠦ᠌ ᠰᠦᠯᠵᠢᠶᠡᠨ ᠲᠠᠪᠴᠠᠩ ᠪᠣᠯᠵᠠᠢ᠃ ᠥᠪᠦᠷ ᠮᠣᠩᠭᠤᠯ ᠤ᠋ᠨ ᠵᠠᠰᠠᠭ ᠤ᠋ᠨ ᠣᠷᠳᠤᠨ ᠤ᠋ ᠱᠢᠰᠲ᠋ᠧᠮ ᠦ᠋ᠨ ᠮᠣᠩᠭᠤᠯ ᠬᠡᠯᠡᠨ ᠦ᠌ ᠰᠦᠯᠵᠢᠶᠡᠨ ᠴᠤᠭᠯᠠᠷᠠᠯ ᠨᠡᠪᠲᠡᠷᠡᠭᠰᠡᠨ ᠶᠠᠪᠤᠳᠠᠯ ᠪᠣᠯ ᠬᠡᠯᠡ ᠦᠰᠦᠭ ᠪᠢᠴᠢᠭ ᠦ᠋ᠨ ᠮᠡᠳᠡᠭᠡ ᠵᠠᠩᠭᠢᠵᠢᠯᠲᠠ ᠶ᠋ᠢᠨ ᠲᠡᠩᠴᠡᠭᠦᠷᠢ ᠦᠭᠡᠢ ᠡᠴᠡ ᠪᠣᠯᠤᠭᠰᠠᠨ ᠮᠣᠩᠭᠤᠯ ᠦᠨᠳᠦᠰᠦᠲᠡᠨ ᠦ᠌ ᠨᠢᠭᠡ ᠪᠦᠯᠦᠭ ᠣᠯᠠᠨ ᠲᠦᠮᠡᠨ ᠵᠠᠰᠠᠭ ᠤ᠋ᠨ ᠶᠠᠪᠤᠳᠠᠯ ᠤ᠋ᠨ ᠮᠡᠳᠡᠭᠡ ᠵᠠᠩᠭᠢ ᠶ᠋ᠢᠨ ᠡᠬᠢ ᠪᠠᠶᠠᠯᠢᠭ ᠢ᠋ ᠬᠠᠮᠲᠤ ᠪᠠᠷ ᠡᠳ᠋ᠯᠡᠬᠦ ᠠᠷᠭ᠎ᠠ ᠦᠭᠡᠢ᠂ ᠵᠠᠰᠠᠭ ᠤ᠋ᠨ ᠶᠠᠪᠤᠳᠠᠯ ᠤ᠋ᠨ ᠦᠢᠯᠡᠴᠢᠯᠡᠭᠡ ᠶ᠋ᠢ ᠰᠦᠯᠵᠢᠶᠡᠨ ᠳᠡᠭᠡᠷ᠎ᠡ ᠭᠦᠢᠴᠡᠳᠬᠡᠵᠦ ᠳᠡᠢᠯᠬᠦ ᠦᠭᠡᠢ ᠪᠠᠢᠭᠰᠠᠨ ᠵᠡᠷᠭᠡ ᠠᠰᠠᠭᠤᠳᠠᠯ ᠢ᠋ ᠪᠦᠲᠦᠮᠵᠢᠲᠡᠢ ᠱᠢᠢᠳᠪᠦᠷᠢᠯᠡᠵᠦ᠂ ᠵᠠᠰᠠᠭ ᠤ᠋ᠨ ᠣᠷᠳᠤᠨ ᠤ᠋ ᠪᠠᠢᠭᠤᠯᠭ᠎ᠠ ᠶ᠋ᠢᠨ ᠮᠣᠩᠭᠤᠯ ᠦᠨᠳᠦᠰᠦᠲᠡᠨ ᠦ᠌ ᠣᠯᠠᠨ ᠲᠦᠮᠡᠨ ᠳ᠋ᠦ᠍ ᠦᠢᠯᠡᠴᠢᠯᠡᠬᠦ ᠴᠢᠨᠠᠷ ᠴᠢᠨᠰᠠᠭ᠎ᠠ ᠪᠠ ᠬᠢᠷᠢ ᠲᠦᠪᠱᠢᠨ ᠢ᠋ ᠳᠡᠭᠡᠭᠱᠢᠯᠡᠭᠦᠯᠵᠡᠢ᠃

 

 

ᠣᠷᠴᠢᠭᠤᠯᠤᠭᠴᠢ᠄ ᠯᠢᠶᠠᠩ ᠬᠠᠢ ᠢᠦᠢ

ᠬᠢᠨᠠᠭᠴᠢ᠄ ᠪᠤᠶᠠᠨ᠌ᠥ᠌ᠯᠵᠡᠢ

ᠬᠠᠷᠢᠭᠤᠴᠠᠭᠰᠠᠨ ᠨᠠᠢᠷᠠᠭᠤᠯᠤᠭᠴᠢ᠄ ᠯᠢᠶᠠᠩ ᠬᠠᠢ ᠢᠦᠢ

 

ᠸᠢᠴᠠᠲ ᠲᠤ ᠪᠠᠨ ᠬᠤᠪᠢᠶᠠᠯᠴᠠᠬᠤ