ᠮᠣᠩᠭᠤᠯ ᠬᠡᠯᠡᠨ ᠤ᠋ ᠪᠠᠷᠢᠮᠵᠢᠶ᠎ᠠ ᠠᠪᠢᠶᠠᠨ ᠤ᠋ ᠺᠣᠮᠢᠰ

ᠥᠪᠦᠷ ᠮᠣᠩᠭᠤᠯ ᠤ᠋ᠨ ᠥᠪᠡᠷᠲᠡᠭᠡᠨ ᠵᠠᠰᠠᠬᠤ ᠣᠷᠤᠨ ᠤ᠋ ᠮᠣᠩᠭᠤᠯ ᠬᠡᠯᠡᠨ ᠦ᠌

ᠪᠠᠷᠢᠮᠵᠢᠶ᠎ᠠ     ᠠᠪᠢᠶᠠᠨ ᠤ    ᠠᠵᠢᠯ ᠤᠨ    ᠺᠣᠮᠢᠰ ᠤᠨ      ᠳᠦᠷᠢᠮ

 

           (ᠥᠪᠦᠷ ᠦᠨᠳᠦᠰᠦᠲᠡᠨ ᠦ ᠵᠥᠪᠯᠡᠯ ᠲᠠᠷᠬᠠᠭᠠᠭᠰᠠᠨ〔2017〕8 ᠳ᠋ᠤᠭᠠᠷ ᠲᠣᠭᠠᠲᠤ)

 

ᠨᠢᠭᠡᠳᠦᠭᠡᠷ ᠪᠦᠯᠦᠭ  ᠶᠡᠷᠦᠩᠬᠡᠢ ᠳᠦᠷᠢᠮ

 

ᠨᠢᠭᠡᠳᠦᠭᠡᠷ ᠵᠦᠢᠯ  ᠮᠣᠩᠭᠤᠯ ᠦᠭᠡ ᠬᠡᠯᠡ ᠦᠰᠦᠭ ᠪᠢᠴᠢᠭ ᠦ᠋ᠨ ᠳᠦᠷᠢᠮᠵᠢᠭᠦᠯᠦᠯᠲᠡ᠂ ᠪᠠᠷᠢᠮᠵᠢᠶᠠᠵᠢᠭᠤᠯᠤᠯᠲᠠ᠂ ᠮᠡᠳᠡᠭᠡ ᠵᠠᠩᠭᠢᠵᠢᠯᠲᠠ ᠶᠢ ᠠᠬᠢᠭᠤᠯᠬᠤ ᠶᠢᠨ ᠲᠥᠯᠦᠭᠡ᠂ 《ᠥᠪᠦᠷ ᠮᠣᠩᠭᠤᠯ ᠤ᠋ᠨ ᠥᠪᠡᠷᠲᠡᠭᠡᠨ ᠵᠠᠰᠠᠬᠤ ᠣᠷᠤᠨ ᠤ᠋ ᠮᠣᠩᠭᠤᠯ ᠦᠭᠡ ᠬᠡᠯᠡ ᠦᠰᠦᠭ ᠪᠢᠴᠢᠭ ᠦ᠋ᠨ ᠠᠵᠢᠯ ᠤᠨ ᠳᠦᠷᠢᠮ》᠂ 《ᠥᠪᠦᠷ ᠮᠣᠩᠭᠤᠯ ᠤ᠋ᠨ ᠥᠪᠡᠷᠲᠡᠭᠡᠨ ᠵᠠᠰᠠᠬᠤ ᠣᠷᠤᠨ ᠤ᠋ ᠠᠷᠠᠳ ᠤᠨ ᠵᠠᠰᠠᠭ ᠤᠨ ᠣᠷᠳᠤᠨ ᠤ᠋ ᠠᠯᠪᠠᠨ ᠲᠢᠩᠬᠢᠮ ᠦ᠋ᠨ ᠥᠪᠡᠷᠲᠡᠭᠡᠨ ᠵᠠᠰᠠᠬᠤ ᠣᠷᠤᠨ ᠤ᠋ ᠮᠣᠩᠭᠤᠯ ᠨᠡᠷ᠎ᠡ ᠲᠣᠮᠢᠶᠠᠨ ᠤ᠋ ᠺᠣᠮᠢᠰ ᠲᠤ᠌ ᠲᠣᠬᠢᠷᠠᠭᠤᠯᠤᠯᠲᠠ ᠬᠢᠵᠦ᠂ ᠥᠪᠡᠷᠲᠡᠭᠡᠨ ᠵᠠᠰᠠᠬᠤ ᠣᠷᠤᠨ ᠤ᠋ ᠮᠣᠩᠭᠤᠯ ᠬᠡᠯᠡᠨ ᠦ᠌ ᠪᠠᠷᠢᠮᠵᠢᠶ᠎ᠠ ᠠᠪᠢᠶᠠᠨ ᠤ ᠠᠵᠢᠯ ᠤᠨ ᠺᠣᠮᠢᠰ ᠪᠠ ᠥᠪᠡᠷᠲᠡᠭᠡᠨ ᠵᠠᠰᠠᠬᠤ ᠣᠷᠤᠨ ᠤ᠋ ᠮᠣᠩᠭᠤᠯ ᠦᠰᠦᠭ ᠦ᠋ᠨ ᠵᠥᠪ ᠪᠢᠴᠢᠯᠭᠡ ᠶᠢᠨ ᠺᠣᠮᠢᠰ ᠪᠠᠢᠭᠤᠯᠬᠤ ᠶ᠋ᠢ ᠵᠥᠪᠰᠢᠶᠡᠷᠡᠭᠰᠡᠨ ᠴᠤᠬᠤᠯᠠᠪᠤᠷᠢ》(ᠥᠪᠦᠷ ᠵᠠᠰᠠᠭ ᠠᠯᠪᠠᠨ ᠦᠰᠦᠭ ᠦ᠋ᠨ〔1997〕80 ᠳ᠋ᠤᠭᠠᠷ ᠲᠣᠭᠠᠲᠤ) ᠶᠢᠨ ᠬᠣᠯᠪᠤᠭᠳᠠᠯ ᠪᠦᠬᠦᠢ ᠲᠣᠭᠲᠠᠭᠠᠯ ᠢ᠋ ᠦᠨᠳᠦᠰᠦᠯᠡᠵᠦ ᠲᠤᠰ ᠳᠦᠷᠢᠮ ᠢ᠋ ᠲᠣᠭᠲᠠᠭᠠᠪᠠ᠃

ᠬᠣᠶᠠᠳᠤᠭᠠᠷ ᠵᠦᠢᠯ  ᠥᠪᠦᠷ ᠮᠣᠩᠭᠤᠯ ᠤ᠋ᠨ ᠥᠪᠡᠷᠲᠡᠭᠡᠨ ᠵᠠᠰᠠᠬᠤ ᠣᠷᠤᠨ ᠤ᠋ ᠮᠣᠩᠭᠤᠯ ᠬᠡᠯᠡᠨ ᠦ᠌ ᠪᠠᠷᠢᠮᠵᠢᠶ᠎ᠠ ᠠᠪᠢᠶᠠᠨ ᠤ ᠠᠵᠢᠯ ᠤᠨ ᠺᠣᠮᠢᠰ(ᠳᠣᠷᠤᠭᠰᠢ ᠪᠠᠷᠢᠮᠵᠢᠶ᠎ᠠ ᠠᠪᠢᠶᠠᠨ ᠤ ᠺᠣᠮᠢᠰ ᠭᠡᠵᠦ ᠲᠣᠪᠴᠢᠯᠠᠨ᠎ᠠ)ᠪᠤᠯ ᠥᠪᠡᠷᠲᠡᠭᠡᠨ ᠵᠠᠰᠠᠬᠤ ᠣᠷᠤᠨ ᠤ᠋ ᠠᠷᠠᠳ ᠤᠨ ᠵᠠᠰᠠᠭ ᠤᠨ ᠣᠷᠳᠤᠨ ᠤ᠋ ᠵᠥᠪᠰᠢᠶᠡᠷᠡᠯ ᠢᠶᠡᠷ ᠪᠠᠢᠭᠤᠯᠤᠭᠳᠠᠵᠤ᠂ ᠥᠪᠡᠷᠲᠡᠭᠡᠨ ᠵᠠᠰᠠᠬᠤ ᠣᠷᠤᠨ ᠤ᠋ ᠦᠨᠳᠦᠰᠦᠲᠡᠨ ᠦ᠌ ᠬᠡᠷᠡᠭ ᠡᠷᠬᠢᠯᠡᠬᠦ ᠵᠥᠪᠯᠡᠯ(ᠮᠣᠩᠭᠤᠯ ᠬᠡᠯᠡ ᠪᠢᠴᠢᠭ ᠦ᠋ᠨ ᠠᠵᠢᠯ ᠤᠨ ᠵᠥᠪᠯᠡᠯ) ᠠᠴᠠ ᠤᠳᠤᠷᠢᠳᠤᠭᠰᠠᠨ ᠮᠣᠩᠭᠤᠯ ᠬᠡᠯᠡᠨ ᠦ᠌ ᠪᠠᠷᠢᠮᠵᠢᠶ᠎ᠠ ᠠᠪᠢᠶ᠎ᠠ ᠶᠢ ᠳᠡᠯᠭᠡᠷᠡᠭᠦᠯᠵᠦ ᠲᠦᠭᠡᠮᠡᠯᠵᠢᠭᠦᠯᠬᠦ ᠠᠵᠢᠯ ᠢ ᠲᠤᠰᠭᠠᠢ ᠬᠠᠷᠢᠭᠤᠴᠠᠬᠤ ᠲᠤᠰᠭᠠᠢ ᠮᠡᠷᠭᠡᠵᠢᠯ ᠦ᠋ᠨ ᠴᠢᠨᠠᠷᠲᠠᠢ ᠡᠷᠬᠡᠲᠦ ᠪᠠᠢᠭᠤᠯᠤᠮᠵᠢ ᠮᠥᠨ᠃

ᠭᠤᠷᠪᠠᠳᠤᠭᠠᠷ ᠵᠦᠢᠯ  ᠪᠠᠷᠢᠮᠵᠢᠶ᠎ᠠ ᠠᠪᠢᠶᠠᠨ ᠤ ᠺᠣᠮᠢᠰ  ᠨᠢ 《ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ ᠤᠨ ᠦᠨᠳᠦᠰᠦᠨ ᠬᠠᠤᠯᠢ》᠂ 《ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ ᠤᠨ ᠦᠨᠳᠦᠰᠦᠲᠡᠨ ᠦ᠌ ᠣᠷᠤᠨ ᠤ᠋ ᠥᠪᠡᠷᠲᠡᠭᠡᠨ ᠵᠠᠰᠠᠬᠤ ᠬᠠᠤᠯᠢ》᠂ 《ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠦ᠋ᠨ ᠬᠠᠤᠯᠢ》᠂ 《ᠥᠪᠦᠷ ᠮᠣᠩᠭᠤᠯ ᠤ᠋ᠨ ᠥᠪᠡᠷᠲᠡᠭᠡᠨ ᠵᠠᠰᠠᠬᠤ ᠣᠷᠤᠨ ᠤ᠋ ᠮᠣᠩᠭᠤᠯ ᠦᠭᠡ ᠬᠡᠯᠡ ᠦᠰᠦᠭ ᠪᠢᠴᠢᠭ ᠦ᠋ᠨ ᠠᠵᠢᠯ ᠤᠨ ᠳᠦᠷᠢᠮ》 ᠵᠢᠴᠢ ᠬᠣᠯᠪᠤᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠵᠢᠷᠤᠮᠯᠠᠵᠤ᠂ ᠬᠠᠤᠯᠢ ᠶᠣᠰᠣᠭᠠᠷ ᠠᠵᠢᠯ ᠢᠶᠠᠨ ᠥᠷᠨᠢᠭᠦᠯᠬᠦ ᠬᠡᠷᠡᠭᠲᠡᠢ᠃

ᠳᠥᠷᠪᠡᠳᠦᠭᠡᠷ ᠵᠦᠢᠯ  ᠪᠠᠷᠢᠮᠵᠢᠶ᠎ᠠ ᠠᠪᠢᠶᠠᠨ ᠤ ᠺᠣᠮᠢᠰ ᠤ᠋ᠨ ᠳᠦᠷᠢᠮᠵᠢᠭᠦᠯᠦᠭᠰᠡᠨ ᠮᠣᠩᠭᠤᠯ ᠬᠡᠯᠡᠨ ᠦ᠌ ᠪᠠᠷᠢᠮᠵᠢᠶ᠎ᠠ ᠠᠪᠢᠶᠠᠨ ᠤ ᠠᠪᠢᠶᠠᠯᠠᠪᠤᠷᠢ ᠶᠢᠨ ᠰᠢᠰᠲ᠋ᠧᠮ ᠨᠢ ᠡᠷᠬᠡᠲᠦ ᠴᠢᠨᠠᠷ ᠪᠠ ᠬᠢᠵᠠᠭᠠᠷᠯᠠᠬᠤ ᠬᠦᠴᠦᠨ ᠲᠡᠢ ᠪᠠᠢᠳᠠᠭ᠂ ᠪᠦᠬᠦ ᠣᠷᠤᠨ ᠤ᠋ ᠡᠯ᠎ᠡ ᠱᠠᠲᠤᠨ ᠤ ᠲᠥᠷᠦ ᠶ᠋ᠢᠨ ᠪᠠᠢᠭᠤᠯᠭ᠎ᠠ᠂ ᠠᠷᠠᠳ ᠤᠨ ᠪᠦᠯᠬᠦᠮ᠂ ᠠᠵᠤ ᠠᠬᠤᠢᠯᠠᠯ ᠠᠵᠢᠯ ᠦᠢᠯᠡᠰ ᠦ᠋ᠨ ᠨᠢᠭᠡᠴᠢ ᠪᠠ ᠬᠤᠪᠢ ᠬᠥᠮᠦᠨ ᠲᠣᠭᠲᠠᠭᠠᠯ ᠶᠣᠰᠣᠭᠠᠷ ᠵᠢᠷᠤᠮᠯᠠᠵᠤ ᠬᠡᠷᠡᠭᠯᠡᠬᠦ ᠬᠡᠷᠡᠭᠲᠡᠢ᠃

ᠲᠠᠪᠤᠳᠤᠭᠠᠷ ᠵᠦᠢᠯ  ᠪᠠᠷᠢᠮᠵᠢᠶ᠎ᠠ ᠠᠪᠢᠶᠠᠨ ᠤ ᠺᠣᠮᠢᠰ  ᠨᠢ ᠠᠵᠢᠯ ᠤᠨ ᠳᠤᠮᠳᠠ ᠪᠠᠨ ᠳᠣᠣᠷᠠᠬᠢ ᠵᠠᠷᠴᠢᠮ ᠢ ᠪᠠᠷᠢᠮᠲᠠᠯᠠᠬᠤ ᠬᠡᠷᠡᠭᠲᠡᠢ᠄

(ᠨᠢᠭᠡ) 《ᠥᠪᠦᠷ ᠮᠣᠩᠭᠤᠯ ᠤ᠋ᠨ ᠥᠪᠡᠷᠲᠡᠭᠡᠨ ᠵᠠᠰᠠᠬᠤ ᠣᠷᠤᠨ ᠤ᠋ ᠮᠣᠩᠭᠤᠯ ᠦᠭᠡ ᠬᠡᠯᠡ ᠦᠰᠦᠭ ᠪᠢᠴᠢᠭ ᠦ᠋ᠨ ᠠᠵᠢᠯ ᠤᠨ ᠳᠦᠷᠢᠮ》 ᠤᠨ ᠭᠤᠷᠪᠠᠳᠤᠭᠠᠷ ᠵᠦᠢᠯ ᠦ᠋ᠨ ᠲᠣᠭᠲᠠᠭᠠᠯ ᠪᠠ ᠥᠪᠡᠷᠲᠡᠭᠡᠨ ᠵᠠᠰᠠᠬᠤ ᠣᠷᠤᠨ ᠤ᠋ ᠵᠠᠰᠠᠭ ᠤᠨ ᠣᠷᠳᠤᠨ ᠤ᠋ 《ᠳᠤᠮᠳᠠ ᠬᠡᠰᠡᠭ ᠣᠷᠤᠨ ᠤ᠋ ᠨᠤᠲᠤᠭ ᠤᠨ ᠠᠶᠠᠯᠭᠤ ᠪᠠᠷ ᠮᠠᠨ ᠤ ᠤᠯᠤᠰ ᠤᠨ ᠮᠣᠩᠭᠤᠯ ᠬᠡᠯᠡᠨ ᠦ᠌ ᠰᠠᠭᠤᠷᠢ ᠠᠶᠠᠯᠭᠤ ᠪᠣᠯᠭᠠᠵᠤ᠂ ᠮᠠᠨ ᠤ ᠣᠷᠤᠨ ᠤ᠋ ᠰᠢᠯᠤᠭᠤᠨ ᠬᠥᠬᠡ ᠬᠣᠰᠢᠭᠤ ᠪᠠᠷ ᠲᠥᠯᠦᠭᠡᠯᠡᠭᠦᠯᠦᠭᠰᠡᠨ ᠴᠠᠬᠠᠷ ᠠᠮᠠᠨ ᠠᠶᠠᠯᠭᠤ ᠪᠠᠷ ᠪᠠᠷᠢᠮᠵᠢᠶ᠎ᠠ ᠠᠪᠢᠶ᠎ᠠ ᠪᠣᠯᠭᠠᠬᠤ》ᠲᠤᠬᠠᠢ ᠲᠣᠭᠲᠠᠭᠠᠯ ᠢ᠋ ᠵᠢᠷᠤᠮᠯᠠᠬᠤ ᠬᠡᠷᠡᠭᠲᠡᠢ᠃

(ᠬᠤᠶᠠᠷ) ᠠᠪᠢᠶᠠᠨ ᠤ ᠳᠦᠷᠢᠮᠵᠢᠯ ᠢ᠋ ᠰᠢᠢᠳᠪᠦᠷᠢᠯᠡᠬᠦ ᠪᠣᠳᠠᠲᠠᠢ ᠵᠠᠷᠴᠢᠮ ᠨᠢ ᠴᠠᠬᠠᠷ ᠠᠮᠠᠨ ᠠᠶᠠᠯᠭᠤ ᠪᠠᠷ ᠰᠠᠭᠤᠷᠢ ᠪᠣᠯᠭᠠᠨ᠎ᠠ᠂ ᠴᠠᠬᠠᠷ ᠠᠮᠠᠨ ᠠᠶᠠᠯᠭᠤ ᠶᠢᠨ ᠣᠨᠴᠠᠭᠠᠢ ᠦᠵᠡᠭᠳᠡᠯ ᠢ ᠰᠢᠢᠳᠪᠦᠷᠢᠯᠡᠬᠦ ᠳ᠋ᠡᠭᠡᠨ ᠤᠯᠠᠮᠵᠢᠯᠠᠯᠲᠤ ᠪᠢᠴᠢᠭ ᠦ᠋ᠨ ᠬᠡᠯᠡ ᠪᠤᠶᠤ ᠣᠳᠤ ᠦᠶ᠎ᠡ ᠶᠢᠨ ᠮᠣᠩᠭᠤᠯ ᠬᠡᠯᠡᠨ ᠦ᠌ ᠪᠤᠰᠤᠳ ᠨᠤᠲᠤᠭ ᠤᠨ ᠠᠶᠠᠯᠭᠤ ᠶᠢᠨ ᠲᠥᠯᠦᠭᠡᠯᠡᠬᠦ ᠴᠢᠨᠠᠷ ᠲᠠᠢ ᠣᠨᠴᠠᠯᠢᠭ ᠢ᠋ ᠬᠢᠨᠠᠯᠲᠠ ᠪᠣᠯᠭᠠᠨ᠎ᠠ᠃

 

ᠬᠣᠶᠠᠳᠤᠭᠠᠷ ᠪᠦᠯᠦᠭ  ᠠᠵᠢᠯ ᠤᠨ ᠡᠭᠦᠷᠭᠡ 

 

ᠵᠢᠷᠭᠤᠳᠤᠭᠠᠷ ᠵᠦᠢᠯ  ᠪᠠᠷᠢᠮᠵᠢᠶ᠎ᠠ ᠠᠪᠢᠶᠠᠨ ᠤ ᠺᠣᠮᠢᠰ  ᠨᠢ ᠳᠣᠣᠷᠠᠬᠢ ᠭᠣᠣᠯ ᠲᠤᠰᠢᠶᠠᠯ ᠬᠠᠷᠢᠭᠤᠴᠠᠯᠭ᠎ᠠ ᠲᠠᠢ᠄

(ᠨᠢᠭᠡ) ᠥᠪᠡᠷᠲᠡᠭᠡᠨ ᠵᠠᠰᠠᠬᠤ ᠣᠷᠤᠨ ᠤ᠋ ᠮᠣᠩᠭᠤᠯ ᠬᠡᠯᠡᠨ ᠦ᠌ ᠪᠠᠷᠢᠮᠵᠢᠶ᠎ᠠ ᠠᠪᠢᠶᠠᠨ ᠤ ᠠᠵᠢᠯ ᠤᠨ ᠴᠢᠭᠯᠡᠯᠲᠡ᠂ ᠲᠥᠷᠦ ᠶ᠋ᠢᠨ ᠪᠣᠳᠤᠯᠭ᠎ᠠ᠂ ᠵᠠᠷᠴᠢᠮ ᠢ ᠲᠣᠭᠲᠠᠭᠠᠨ ᠬᠡᠷᠡᠭᠵᠢᠭᠦᠯᠬᠦ ᠳ᠋ᠦ᠍ ᠠᠰᠠᠭᠤᠨ ᠯᠠᠪᠯᠠᠬᠤ ᠦᠢᠯᠡᠴᠢᠯᠡᠭᠡᠨ ᠢ ᠬᠠᠩᠭᠠᠬᠤ ᠶᠢᠨ ᠬᠠᠮᠲᠤ᠂ ᠮᠣᠩᠭᠤᠯ ᠬᠡᠯᠡᠨ ᠦ᠌ ᠪᠠᠷᠢᠮᠵᠢᠶ᠎ᠠ ᠠᠪᠢᠶᠠᠨ ᠤ ᠠᠵᠢᠯ ᠤᠨ ᠳᠤᠮᠳᠠ ᠤᠷᠲᠤ ᠬᠤᠭᠤᠴᠠᠭᠠᠨ ᠤ ᠲᠥᠯᠦᠪᠵᠢᠭᠦᠯᠬᠡ ᠶ᠋ᠢ ᠲᠣᠭᠲᠠᠭᠠᠨ ᠬᠡᠷᠡᠭᠵᠢᠭᠦᠯᠦᠨ᠎ᠡ᠃

(ᠬᠤᠶᠠᠷ) ᠮᠣᠩᠭᠤᠯ ᠬᠡᠯᠡᠨ ᠦ᠌ ᠪᠠᠷᠢᠮᠵᠢᠶ᠎ᠠ ᠠᠪᠢᠶᠠᠨ ᠤ ᠪᠣᠯᠪᠠᠰᠤᠷᠠᠯ ᠰᠢᠯᠭᠠᠯᠲᠠ ᠶᠢᠨ ᠠᠵᠢᠯ ᠢ ᠵᠣᠬᠢᠶᠠᠨ ᠪᠠᠢᠭᠤᠯᠵᠤ ᠥᠷᠨᠢᠭᠦᠯᠦᠨ᠎ᠡ᠃

(ᠭᠤᠷᠪᠠ) ᠮᠣᠩᠭᠤᠯ ᠬᠡᠯᠡᠨ ᠦ᠌ ᠪᠠᠷᠢᠮᠵᠢᠶ᠎ᠠ ᠠᠪᠢᠶ᠎ᠠ ᠶᠢ ᠤᠬᠠᠭᠤᠯᠵᠤ ᠳᠡᠯᠭᠡᠷᠡᠭᠦᠯᠬᠦ ᠪᠠ ᠬᠡᠷᠡᠭᠯᠡᠵᠦ ᠲᠦᠭᠡᠮᠡᠯᠵᠢᠭᠦᠯᠬᠦ ᠠᠵᠢᠯ ᠢ ᠵᠣᠬᠢᠶᠠᠨ ᠪᠠᠢᠭᠤᠯᠵᠤ᠂ ᠵᠣᠬᠢᠴᠠᠭᠤᠯᠵᠤ ᠵᠢᠯᠤᠭᠤᠳᠤᠨ᠎ᠠ᠃

(ᠳᠥᠷᠪᠡ) ᠮᠣᠩᠭᠤᠯ ᠬᠡᠯᠡᠨ ᠦ᠌ ᠪᠠᠷᠢᠮᠵᠢᠶ᠎ᠠ ᠠᠪᠢᠶ᠎ᠠ ᠶᠢ ᠬᠡᠷᠡᠭᠯᠡᠵᠦ ᠪᠦᠬᠦᠢ ᠪᠠᠢᠳᠠᠯ ᠳ᠋ᠤ᠌ ᠪᠠᠢᠴᠠᠭᠠᠨ ᠰᠤᠳᠤᠯᠬᠤ᠂ ᠬᠢᠨᠠᠯᠲᠠ ᠲᠠᠯᠪᠢᠬᠤ᠂ ᠪᠠᠢᠴᠠᠭᠠᠬᠤ ᠠᠵᠢᠯ ᠢ ᠥᠷᠨᠢᠭᠦᠯᠦᠨ᠎ᠡ᠃

(ᠲᠠᠪᠤ) ᠮᠣᠩᠭᠤᠯ ᠬᠡᠯᠡᠨ ᠦ᠌ ᠪᠠᠷᠢᠮᠵᠢᠶ᠎ᠠ ᠠᠪᠢᠶᠠᠨ ᠤ ᠣᠨᠤᠯ ᠪᠠ ᠬᠡᠷᠡᠭᠯᠡᠭᠡᠨ ᠦ᠌ ᠰᠤᠳᠤᠯᠭᠠᠨ ᠢ ᠥᠷᠨᠢᠭᠦᠯᠦᠨ᠎ᠡ᠃

(ᠵᠢᠷᠭᠤᠭ᠎ᠠ) ᠮᠣᠩᠭᠤᠯ ᠬᠡᠯᠡᠨ ᠦ᠌ ᠪᠠᠷᠢᠮᠵᠢᠶ᠎ᠠ ᠠᠪᠢᠶᠠᠨ ᠤ ᠮᠤᠵᠢ ᠣᠷᠤᠨ ᠠᠯᠤᠰᠯᠠᠭᠰᠠᠨ ᠰᠣᠯᠢᠯᠴᠠᠭ᠎ᠠ ᠪᠠ ᠬᠠᠮᠲᠤᠷᠠᠯᠴᠠᠭ᠎ᠠ ᠶᠢ ᠥᠷᠨᠢᠭᠦᠯᠦᠨ᠎ᠡ᠃

(ᠳᠣᠯᠤᠭ᠎ᠠ) ᠪᠦᠬᠦ ᠨᠡᠢᠭᠡᠮ ᠳ᠋ᠦ᠍ ᠮᠣᠩᠭᠤᠯ ᠬᠡᠯᠡᠨ ᠦ᠌ ᠪᠠᠷᠢᠮᠵᠢᠶ᠎ᠠ ᠠᠪᠢᠶᠠᠨ ᠤ ᠬᠣᠯᠪᠤᠭᠳᠠᠯ ᠪᠦᠬᠦᠢ ᠠᠰᠠᠭᠤᠨ ᠯᠠᠪᠯᠠᠬᠤ ᠦᠢᠯᠡᠴᠢᠯᠡᠭᠡᠨ ᠢ ᠬᠠᠩᠭᠠᠨ᠎ᠠ᠃

(ᠨᠠᠢ᠍ᠮᠠ) ᠥᠪᠡᠷᠲᠡᠭᠡᠨ ᠵᠠᠰᠠᠬᠤ ᠣᠷᠤᠨ ᠤ᠋ ᠠᠷᠠᠳ ᠤᠨ ᠵᠠᠰᠠᠭ ᠤᠨ ᠣᠷᠳᠤᠨ ᠪᠠ ᠲᠡᠭᠦᠨ ᠦ᠌ ᠬᠣᠯᠪᠤᠭᠳᠠᠯ ᠪᠦᠬᠦᠢ ᠰᠠᠯᠠᠭ᠎ᠠ ᠮᠥᠴᠢᠷ ᠦ᠋ᠨ ᠲᠤᠰᠢᠶᠠᠭᠰᠠᠨ ᠮᠣᠩᠭᠤᠯ ᠬᠡᠯᠡᠨ ᠦ᠌ ᠪᠠᠷᠢᠮᠵᠢᠶ᠎ᠠ ᠠᠪᠢᠶ᠎ᠠ ᠲᠠᠢ ᠬᠣᠯᠪᠤᠭᠳᠠᠭᠰᠠᠨ ᠪᠤᠰᠤᠳ ᠵᠦᠢᠯ ᠦᠳ ᠢ ᠳᠠᠭᠠᠭᠠᠴᠢᠯᠠᠨ᠎ᠠ᠃

 

ᠭᠤᠷᠪᠠᠳᠤᠭᠠᠷ ᠪᠦᠯᠦᠭ  ᠵᠣᠬᠢᠶᠠᠨ ᠪᠠᠢᠭᠤᠯᠤᠯᠲᠠ ᠶ᠋ᠢᠨ ᠪᠠᠢᠭᠤᠯᠤᠮᠵᠢ

 

ᠳᠣᠯᠤᠳᠤᠭᠠᠷ ᠵᠦᠢᠯ  ᠪᠠᠷᠢᠮᠵᠢᠶ᠎ᠠ ᠠᠪᠢᠶᠠᠨ ᠤ ᠺᠣᠮᠢᠰ  ᠨᠢ ᠡᠯ᠎ᠡ ᠠᠢᠮᠠᠭ ᠬᠣᠲᠠ ᠪᠠ ᠣᠷᠤᠨ ᠤ᠋ ᠰᠢᠭᠤᠳ ᠬᠠᠷᠢᠶ᠎ᠠ ᠡᠯ᠎ᠡ ᠬᠣᠯᠪᠤᠭᠳᠠᠯ ᠪᠦᠬᠦᠢ ᠰᠠᠯᠠᠭ᠎ᠠ ᠮᠥᠴᠢᠷ ᠦ᠋ᠨ ᠬᠠᠷᠢᠭᠤᠴᠠᠯᠭᠠᠲᠠᠨ᠂ ᠡᠯ᠎ᠡ ᠬᠣᠯᠪᠤᠭᠳᠠᠯ ᠪᠦᠬᠦᠢ ᠶᠡᠬᠡ ᠳᠡᠭᠡᠳᠦ ᠰᠤᠷᠭᠠᠭᠤᠯᠢ ᠪᠠ ᠡᠷᠳᠡᠮ ᠰᠢᠨᠵᠢᠯᠡᠭᠡᠨ ᠦ᠌ ᠪᠠᠢᠭᠤᠯᠤᠮᠵᠢ ᠶ᠋ᠢᠨ ᠨᠡᠯᠢᠶᠡᠳ ᠥᠨᠳᠦᠷ ᠡᠷᠳᠡᠮ ᠦ᠋ᠨ ᠲᠦᠪᠰᠢᠨ ᠲᠡᠢ ᠡᠷᠳᠡᠮᠲᠡᠳ ᠢ᠋ᠶ᠋ᠡᠷ ᠪᠦᠷᠢᠯᠳᠦᠨ᠎ᠡ᠃

ᠺᠣᠮᠢᠰ ᠤ᠋ᠨ ᠭᠡᠰᠢᠭᠦᠨ ᠢ᠋ ᠡᠩ ᠦ᠋ᠨ ᠪᠠᠢᠳᠠᠯ ᠳᠣᠣᠷ᠎ᠠ ᠬᠣᠯᠪᠤᠭᠳᠠᠯ ᠪᠦᠬᠦᠢ ᠪᠠᠢᠭᠤᠯᠭ᠎ᠠ ᠨᠢᠭᠡᠴᠢ ᠡᠴᠡ ᠲᠠᠨᠢᠯᠴᠠᠭᠤᠯᠵᠤ᠂ ᠪᠠᠷᠢᠮᠵᠢᠶ᠎ᠠ ᠠᠪᠢᠶᠠᠨ ᠤ ᠺᠣᠮᠢᠰ ᠤ᠋ᠨ ᠪᠦᠭᠦᠳᠡ ᠬᠤᠷᠠᠯ ᠢᠶᠠᠷ ᠰᠣᠩᠭᠤᠵᠤ᠂ ᠥᠪᠡᠷᠲᠡᠭᠡᠨ ᠵᠠᠰᠠᠬᠤ ᠣᠷᠤᠨ ᠤ᠋ ᠦᠨᠳᠦᠰᠦᠲᠡᠨ ᠦ᠌ ᠬᠡᠷᠡᠭ ᠡᠷᠬᠢᠯᠡᠬᠦ ᠵᠥᠪᠯᠡᠯ (ᠮᠣᠩᠭᠤᠯ ᠬᠡᠯᠡ ᠪᠢᠴᠢᠭ ᠦ᠋ᠨ ᠠᠵᠢᠯ ᠤᠨ ᠵᠥᠪᠯᠡᠯ) ᠢᠶᠠᠷ ᠳᠠᠮᠵᠢᠨ ᠥᠪᠡᠷᠲᠡᠭᠡᠨ ᠵᠠᠰᠠᠬᠤ ᠣᠷᠤᠨ ᠤ᠋ ᠠᠷᠠᠳ ᠤᠨ ᠵᠠᠰᠠᠭ ᠤᠨ ᠣᠷᠳᠤᠨ ᠳ᠋ᠤ᠌ ᠮᠡᠳᠡᠭᠦᠯᠦᠨ ᠵᠥᠪᠰᠢᠶᠡᠷᠡᠭᠦᠯᠵᠦ ᠤᠷᠢᠨ ᠲᠣᠮᠢᠯᠠᠨ᠎ᠠ᠃ ᠺᠣᠮᠢᠰ ᠤ᠋ᠨ ᠭᠡᠰᠢᠭᠦᠨ ᠦ᠌ ᠶᠡᠷᠦᠩᠬᠡᠢ ᠲᠣᠭ᠎ᠠ 80 ᠨᠡᠷᠡᠰ ᠡᠴᠡ ᠬᠡᠲᠦᠷᠡᠵᠦ ᠪᠣᠯᠬᠤ ᠦᠭᠡᠢ᠃

ᠨᠠᠢ᠍ᠮᠠᠳᠤᠭᠠᠷ ᠵᠦᠢᠯ  ᠺᠣᠮᠢᠰ ᠤ᠋ᠨ ᠭᠡᠰᠢᠭᠦᠳ ᠦ᠋ᠨ ᠲᠤᠰᠢᠶᠠᠯ ᠬᠠᠷᠢᠭᠤᠴᠠᠬᠤ ᠬᠢᠷᠢ ᠬᠡᠮ᠄

(ᠨᠢᠭᠡ) ᠮᠣᠩᠭᠤᠯ ᠬᠡᠯᠡᠨ ᠦ᠌ ᠪᠠᠷᠢᠮᠵᠢᠶ᠎ᠠ ᠠᠪᠢᠶᠠᠨ ᠤ ᠵᠢᠭᠠᠨ ᠰᠤᠷᠭᠠᠬᠤ᠂ ᠡᠷᠳᠡᠮ ᠰᠢᠨᠵᠢᠯᠡᠭᠡᠨ ᠦ᠌ ᠠᠵᠢᠯ ᠡᠷᠬᠢᠯᠡᠵᠦ ᠪᠠᠢᠭ᠎ᠠ ᠨᠡᠷ᠎ᠡ ᠲᠥᠷᠦ ᠲᠡᠢ ᠲᠤᠰᠭᠠᠢ ᠮᠡᠷᠭᠡᠵᠢᠯᠲᠡᠨ;

(ᠬᠤᠶᠠᠷ) ᠬᠣᠯᠪᠤᠭᠳᠠᠯ ᠪᠦᠬᠦᠢ ᠲᠤᠬᠠᠢᠯᠠᠭᠰᠠᠨ ᠠᠵᠢᠯ ᠡᠷᠬᠢᠯᠡᠵᠦ ᠪᠠᠢᠬᠤ ᠪᠥᠭᠡᠳ ᠨᠡᠯᠢᠶᠡᠳ ᠥᠨᠳᠦᠷ ᠨᠡᠢᠭᠡᠮ ᠦ᠋ᠨ ᠨᠦᠯᠦᠭᠡᠯᠡᠬᠦ ᠬᠦᠴᠦᠨ ᠲᠡᠢ ᠬᠥᠮᠦᠨ;

(ᠭᠤᠷᠪᠠ) ᠬᠣᠯᠪᠤᠭᠳᠠᠯ ᠪᠦᠬᠦᠢ ᠰᠠᠯᠠᠭ᠎ᠠ ᠮᠥᠴᠢᠷ ᠦ᠋ᠨ ᠬᠠᠷᠢᠭᠤᠴᠠᠯᠭᠠᠲᠠᠨ ᠪᠠ ᠪᠤᠰᠤᠳ ᠬᠣᠯᠪᠤᠭᠳᠠᠯ ᠪᠦᠬᠦᠢ ᠠᠵᠢᠯᠲᠠᠨ;

(ᠳᠥᠷᠪᠡ) ᠨᠠᠰᠤ ᠵᠢᠯ ᠨᠢ ᠡᠩ ᠦ᠋ᠨ ᠪᠠᠢᠳᠠᠯ ᠳᠣᠣᠷ᠎ᠠ ᠪᠦᠬᠦᠯᠢ 70 ᠨᠠᠰᠤ ᠠᠴᠠ ᠬᠡᠲᠦᠷᠡᠵᠦ ᠪᠣᠯᠬᠤ ᠦᠭᠡᠢ᠃

ᠶᠢᠰᠦᠳᠦᠭᠡᠷ ᠵᠦᠢᠯ  ᠪᠠᠷᠢᠮᠵᠢᠶ᠎ᠠ ᠠᠪᠢᠶᠠᠨ ᠤ ᠺᠣᠮᠢᠰ  ᠨᠢ ᠬᠤᠭᠤᠴᠠᠭᠠᠲᠤ ᠲᠤᠰᠢᠶᠠᠯ ᠤᠨ ᠳᠦᠷᠢᠮ ᠢ᠋ ᠬᠡᠷᠡᠭᠵᠢᠭᠦᠯᠦᠨ᠎ᠡ᠂ 5 ᠵᠢᠯ ᠪᠦᠷᠢ ᠨᠢᠭᠡ ᠬᠤᠭᠤᠴᠠᠭ᠎ᠠ᠂ ᠲᠤᠰᠢᠶᠠᠯ ᠤᠨ ᠬᠤᠭᠤᠴᠠᠭ᠎ᠠ ᠳᠠᠭᠤᠰᠬᠤ ᠠᠴᠠ ᠡᠮᠦᠨ᠎ᠡ ᠵᠣᠬᠢᠶᠠᠨ ᠪᠠᠢᠭᠤᠯᠤᠯᠲᠠ ᠶ᠋ᠢᠨ ᠵᠢᠷᠤᠮ ᠢ ᠦᠨᠳᠦᠰᠦᠯᠡᠵᠦ ᠬᠤᠭᠤᠴᠠᠭ᠎ᠠ ᠰᠣᠯᠢᠨ᠎ᠠ᠃

ᠠᠷᠪᠠᠳᠤᠭᠠᠷ ᠵᠦᠢᠯ  ᠳᠣᠣᠷᠠᠬᠢ ᠪᠠᠢᠳᠠᠯ ᠤ᠋ᠨ ᠨᠢᠭᠡ ᠨᠢ ᠪᠠᠢᠪᠠᠯ᠂ ᠺᠣᠮᠢᠰ ᠤᠨ ᠭᠡᠰᠢᠭᠦᠨ ᠦ᠌ ᠬᠢᠷᠢ ᠬᠡᠮ ᠢ ᠬᠦᠴᠦᠨ ᠦᠭᠡᠢ ᠪᠣᠯᠭᠠᠨ᠎ᠠ᠄

(ᠨᠢᠭᠡ) ᠨᠠᠮ ᠤᠨ ᠰᠠᠬᠢᠯᠭ᠎ᠠ ᠤᠯᠤᠰ ᠤᠨ ᠬᠠᠤᠯᠢ ᠠᠴᠠ ᠵᠥᠷᠢᠴᠡᠵᠦ᠂ ᠨᠠᠮ ᠤᠨ ᠰᠠᠬᠢᠯᠭ᠎ᠠ ᠵᠠᠰᠠᠭ ᠤᠨ ᠰᠠᠬᠢᠯᠭ᠎ᠠ ᠪᠤᠶᠤ ᠡᠷᠡᠭᠦᠦ ᠶ᠋ᠢᠨ ᠬᠡᠷᠡᠭ ᠦ᠋ᠨ ᠰᠢᠢᠳᠭᠡᠯ ᠣᠯᠣᠭᠰᠠᠨ;

(ᠬᠤᠶᠠᠷ) ᠬᠣᠯᠪᠤᠭᠳᠠᠯ ᠪᠦᠬᠦᠢ ᠠᠵᠢᠯ ᠤᠨ ᠪᠠᠢᠷᠢ ᠠ᠋ᠴᠠ ᠰᠢᠯᠵᠢᠭᠰᠡᠨ ᠪᠤᠶᠤ ᠬᠣᠯᠪᠤᠭᠳᠠᠯ ᠪᠦᠬᠦᠢ ᠠᠵᠢᠯ ᠢ ᠲᠠᠬᠢᠨ ᠡᠭᠦᠷᠭᠡᠯᠡᠬᠦ ᠦᠭᠡᠢ ᠪᠣᠯᠤᠭᠰᠠᠨ;

(ᠭᠤᠷᠪᠠ) ᠺᠣᠮᠢᠰ ᠤ᠋ᠨ ᠭᠡᠰᠢᠭᠦᠨ ᠦ᠌ ᠡᠭᠦᠷᠭᠡ ᠪᠡᠨ ᠪᠡᠶᠡᠯᠡᠭᠦᠯᠦᠭᠰᠡᠨ ᠦᠭᠡᠢ (ᠵᠢᠯ ᠳ᠋ᠡᠭᠡᠨ ᠰᠢᠯᠲᠠᠭᠠᠨ ᠥᠬᠡᠢ ᠪᠡᠷ ᠪᠠᠷᠢᠮᠵᠢᠶ᠎ᠠ ᠠᠪᠢᠶᠠᠨ ᠤ ᠺᠣᠮᠢᠰ ᠤ᠋ᠨ ᠵᠣᠬᠢᠶᠠᠨ ᠪᠠᠢᠭᠤᠯᠵᠤ ᠥᠷᠨᠢᠭᠦᠯᠦᠭᠰᠡᠨ ᠬᠣᠯᠪᠤᠭᠳᠠᠯ ᠪᠦᠬᠦᠢ ᠠᠵᠢᠯᠯᠠᠭᠠᠨ ᠳᠤ 2 ᠤᠳᠠᠭ᠎ᠠ ᠠᠴᠠ ᠳᠡᠭᠡᠭᠰᠢ ᠣᠷᠤᠯᠴᠠᠭᠰᠠᠨ ᠦᠭᠡᠢ)᠃

ᠠᠷᠪᠠᠨ ᠨᠢᠭᠡᠳᠦᠭᠡᠷ ᠵᠦᠢᠯ  ᠪᠠᠷᠢᠮᠵᠢᠶ᠎ᠠ ᠠᠪᠢᠶᠠᠨ ᠤ ᠺᠣᠮᠢᠰ ᠤ᠋ᠨ ᠡᠷᠬᠢᠯᠡᠭᠴᠢ ᠭᠡᠰᠢᠭᠦᠨ 1 ᠬᠥᠮᠦᠨ ᠢ᠋ ᠲᠣᠬᠢᠷᠠᠭᠤᠯᠤᠨ᠎ᠠ᠂ ᠥᠪᠡᠷᠲᠡᠭᠡᠨ ᠵᠠᠰᠠᠬᠤ ᠣᠷᠤᠨ ᠤ᠋ ᠦᠨᠳᠦᠰᠦᠲᠡᠨ ᠦ᠌ ᠬᠡᠷᠡᠭ ᠡᠷᠬᠢᠯᠡᠬᠦ ᠵᠥᠪᠯᠡᠯ (ᠮᠣᠩᠭᠤᠯ ᠬᠡᠯᠡ ᠪᠢᠴᠢᠭ ᠦ᠋ᠨ ᠠᠵᠢᠯ ᠤᠨ ᠵᠥᠪᠯᠡᠯ) ᠠᠴᠠ ᠨᠡᠷ᠎ᠡ ᠳᠤᠷᠠᠳᠴᠤ᠂ ᠪᠠᠷᠢᠮᠵᠢᠶ᠎ᠠ ᠠᠪᠢᠶᠠᠨ ᠤ ᠺᠣᠮᠢᠰ ᠤ᠋ᠨ ᠪᠠᠢᠩᠭᠤ ᠶ᠋ᠢᠨ ᠺᠣᠮᠢᠰ ᠤᠨ ᠬᠤᠷᠠᠯ ᠢᠶᠠᠷ ᠰᠣᠩᠭᠤᠵᠤ᠂ ᠥᠪᠡᠷᠲᠡᠭᠡᠨ ᠵᠠᠰᠠᠬᠤ ᠣᠷᠤᠨ ᠤ᠋ ᠠᠷᠠᠳ ᠤᠨ ᠵᠠᠰᠠᠭ ᠤᠨ ᠣᠷᠳᠤᠨ ᠳ᠋ᠤ᠌ ᠮᠡᠳᠡᠭᠦᠯᠦᠨ ᠵᠥᠪᠰᠢᠶᠡᠷᠡᠭᠦᠯᠵᠦ ᠤᠷᠢᠨ ᠲᠣᠮᠢᠯᠠᠨ᠎ᠠ᠃

ᠠᠷᠪᠠᠨ ᠬᠣᠶᠠᠳᠤᠭᠠᠷ ᠵᠦᠢᠯ  ᠪᠠᠷᠢᠮᠵᠢᠶ᠎ᠠ ᠠᠪᠢᠶᠠᠨ ᠤ ᠺᠣᠮᠢᠰ ᠲᠤ᠌ ᠳᠡᠳ᠋ ᠡᠷᠬᠢᠯᠡᠭᠴᠢ ᠭᠡᠰᠢᠭᠦᠨ᠂ ᠪᠠᠢᠩᠭᠤ ᠶ᠋ᠢᠨ ᠭᠡᠰᠢᠭᠦᠨ ᠢ᠋ ᠬᠡᠳᠦᠨ ᠨᠡᠷᠡᠰ ᠢ ᠲᠣᠬᠢᠷᠠᠭᠤᠯᠵᠤ᠂ ᠬᠣᠯᠪᠤᠭᠳᠠᠯ ᠪᠦᠬᠦᠢ ᠰᠠᠯᠠᠭ᠎ᠠ ᠮᠥᠴᠢᠷ ᠦ᠋ᠨ ᠬᠠᠷᠢᠭᠤᠴᠠᠯᠭᠠᠲᠠᠨ ᠪᠠ ᠬᠣᠯᠪᠤᠭᠳᠠᠯ ᠪᠦᠬᠦᠢ ᠶᠡᠬᠡ ᠳᠡᠭᠡᠳᠦ ᠰᠤᠷᠭᠠᠭᠤᠯᠢ᠂ ᠡᠷᠳᠡᠮ ᠰᠢᠨᠵᠢᠯᠡᠭᠡᠨ ᠦ᠌ ᠪᠠᠢᠭᠤᠯᠤᠮᠵᠢ ᠶ᠋ᠢᠨ ᠨᠡᠷ᠎ᠡ ᠲᠥᠷᠦ ᠲᠡᠢ ᠡᠷᠳᠡᠮᠲᠡᠳ ᠲᠤᠰᠢᠶᠠᠯ ᠡᠭᠦᠷᠭᠡᠯᠡᠨ᠎ᠡ᠃

ᠪᠠᠢᠩᠭᠤ ᠶ᠋ᠢᠨ ᠭᠡᠰᠢᠭᠦᠨ ᠢ᠋ ᠪᠠᠷᠢᠮᠵᠢᠶ᠎ᠠ ᠠᠪᠢᠶᠠᠨ ᠤ ᠺᠣᠮᠢᠰ ᠤ᠋ᠨ ᠪᠦᠭᠦᠳᠡ ᠬᠤᠷᠠᠯ ᠢᠶᠠᠷ ᠰᠣᠩᠭᠤᠵᠤ᠂ ᠥᠪᠡᠷᠲᠡᠭᠡᠨ ᠵᠠᠰᠠᠬᠤ ᠣᠷᠤᠨ ᠤ᠋ ᠦᠨᠳᠦᠰᠦᠲᠡᠨ ᠦ᠌ ᠬᠡᠷᠡᠭ ᠡᠷᠬᠢᠯᠡᠬᠦ ᠵᠥᠪᠯᠡᠯ (ᠮᠣᠩᠭᠤᠯ ᠬᠡᠯᠡ ᠪᠢᠴᠢᠭ ᠦ᠋ᠨ ᠠᠵᠢᠯ ᠤᠨ ᠵᠥᠪᠯᠡᠯ) ᠢᠶᠠᠷ ᠳᠠᠮᠵᠢᠨ ᠥᠪᠡᠷᠲᠡᠭᠡᠨ ᠵᠠᠰᠠᠬᠤ ᠣᠷᠤᠨ ᠤ᠋ ᠠᠷᠠᠳ ᠤᠨ ᠵᠠᠰᠠᠭ ᠤᠨ ᠣᠷᠳᠤᠨ ᠳ᠋ᠤ᠌ ᠮᠡᠳᠡᠭᠦᠯᠦᠨ ᠵᠥᠪᠰᠢᠶᠡᠷᠡᠭᠦᠯᠵᠦ ᠤᠷᠢᠨ ᠲᠣᠮᠢᠯᠠᠨ᠎ᠠ᠃

ᠳᠡᠳ᠋ ᠡᠷᠬᠢᠯᠡᠭᠴᠢ ᠭᠡᠰᠢᠭᠦᠨ ᠢ᠋ ᠪᠠᠷᠢᠮᠵᠢᠶ᠎ᠠ ᠠᠪᠢᠶᠠᠨ ᠤ ᠪᠠᠢᠩᠭᠤ ᠶ᠋ᠢᠨ ᠺᠣᠮᠢᠰ ᠤᠨ ᠬᠤᠷᠠᠯ ᠢᠶᠠᠷ ᠰᠣᠩᠭᠤᠵᠤ᠂ ᠥᠪᠡᠷᠲᠡᠭᠡᠨ ᠵᠠᠰᠠᠬᠤ ᠣᠷᠤᠨ ᠤ᠋ ᠦᠨᠳᠦᠰᠦᠲᠡᠨ ᠦ᠌ ᠬᠡᠷᠡᠭ ᠡᠷᠬᠢᠯᠡᠬᠦ ᠵᠥᠪᠯᠡᠯ (ᠮᠣᠩᠭᠤᠯ ᠬᠡᠯᠡ ᠪᠢᠴᠢᠭ ᠦ᠋ᠨ ᠠᠵᠢᠯ ᠤᠨ ᠵᠥᠪᠯᠡᠯ) ᠢᠶᠠᠷ ᠳᠠᠮᠵᠢᠨ ᠥᠪᠡᠷᠲᠡᠭᠡᠨ ᠵᠠᠰᠠᠬᠤ ᠣᠷᠤᠨ ᠤ᠋ ᠠᠷᠠᠳ ᠤᠨ ᠵᠠᠰᠠᠭ ᠤᠨ ᠣᠷᠳᠤᠨ ᠳ᠋ᠤ᠌ ᠮᠡᠳᠡᠭᠦᠯᠦᠨ ᠵᠥᠪᠰᠢᠶᠡᠷᠡᠭᠦᠯᠵᠦ ᠤᠷᠢᠨ ᠲᠣᠮᠢᠯᠠᠨ᠎ᠠ᠃

ᠠᠷᠪᠠᠨ ᠭᠤᠷᠪᠠᠳᠤᠭᠠᠷ ᠵᠦᠢᠯ  ᠪᠠᠷᠢᠮᠵᠢᠶ᠎ᠠ ᠠᠪᠢᠶᠠᠨ ᠤ ᠺᠣᠮᠢᠰ  ᠨᠢ ᠡᠷᠬᠢᠯᠡᠭᠴᠢ ᠭᠡᠰᠢᠭᠦᠨ ᠦ᠌ ᠬᠠᠷᠢᠭᠤᠴᠠᠬᠤ ᠳᠦᠷᠢᠮ ᠢ᠋ ᠬᠡᠷᠡᠭᠵᠢᠭᠦᠯᠦᠨ᠎ᠡ᠃ ᠡᠷᠬᠢᠯᠡᠭᠴᠢ ᠭᠡᠰᠢᠭᠦᠨ ᠡᠴᠡ ᠪᠠᠷᠢᠮᠵᠢᠶ᠎ᠠ ᠠᠪᠢᠶᠠᠨ ᠤ ᠺᠣᠮᠢᠰ ᠤ᠋ᠨ ᠡᠯ᠎ᠡ ᠵᠦᠢᠯ ᠦ᠋ᠨ ᠠᠵᠢᠯ ᠢ ᠡᠷᠬᠢᠯᠡᠨ ᠤᠳᠤᠷᠢᠳᠬᠤ ᠪᠥᠭᠡᠳ ᠪᠠᠷᠢᠮᠵᠢᠶ᠎ᠠ ᠠᠪᠢᠶᠠᠨ ᠤ ᠺᠣᠮᠢᠰ ᠤ᠋ᠨ ᠪᠦᠭᠦᠳᠡ ᠬᠤᠷᠠᠯ ᠳᠤ ᠬᠠᠷᠢᠭᠤᠴᠠᠯᠭ᠎ᠠ ᠭᠦᠢᠴᠡᠳᠭᠡᠨ᠎ᠡ᠃ ᠳᠡᠳ᠋ ᠡᠷᠬᠢᠯᠡᠭᠴᠢ ᠭᠡᠰᠢᠭᠦᠨ  ᠨᠢ ᠡᠷᠬᠢᠯᠡᠭᠴᠢ ᠭᠡᠰᠢᠭᠦᠨ ᠦ᠌ ᠠᠵᠢᠯ ᠳᠤ ᠬᠠᠮᠵᠢᠬᠤ ᠶᠢᠨ ᠬᠠᠮᠲᠤ ᠡᠷᠬᠢᠯᠡᠭᠴᠢ ᠭᠡᠰᠢᠭᠦᠨ ᠳ᠋ᠦ᠍ ᠬᠠᠷᠢᠭᠤᠴᠠᠨ᠎ᠠ᠃ ᠡᠷᠬᠢᠯᠡᠭᠴᠢ ᠭᠡᠰᠢᠭᠦᠨ ᠠᠵᠢᠯ ᠤᠨ ᠬᠡᠷᠡᠭᠴᠡᠭᠡ ᠶᠢ ᠦᠨᠳᠦᠰᠦᠯᠡᠵᠦ᠂ ᠪᠤᠰᠤᠳ ᠳᠡᠳ᠋ ᠡᠷᠬᠢᠯᠡᠭᠴᠢ ᠭᠡᠰᠢᠭᠦᠨ ᠳ᠋ᠦ᠍ ᠬᠣᠯᠪᠤᠭᠳᠠᠯ ᠪᠦᠬᠦᠢ ᠠᠵᠢᠯ ᠢ ᠬᠤᠪᠢᠶᠠᠵᠤ ᠬᠠᠮᠢᠶᠠᠷᠬᠤ ᠡᠷᠬᠡ ᠶᠢ ᠣᠯᠭᠤᠨ᠎ᠠ᠃

ᠠᠷᠪᠠᠨ ᠳᠥᠷᠪᠡᠳᠦᠭᠡᠷ ᠵᠦᠢᠯ  ᠡᠷᠬᠢᠯᠡᠭᠴᠢ ᠭᠡᠰᠢᠭᠦᠨ᠂ ᠳᠡᠳ᠋ ᠡᠷᠬᠢᠯᠡᠭᠴᠢ ᠭᠡᠰᠢᠭᠦᠨ ᠪᠠ ᠪᠠᠢᠩᠭᠤ ᠶ᠋ᠢᠨ ᠭᠡᠰᠢᠭᠦᠳ ᠨᠢ ᠪᠠᠷᠢᠮᠵᠢᠶ᠎ᠠ ᠠᠪᠢᠶᠠᠨ ᠤ ᠪᠠᠢᠩᠭᠤ ᠶ᠋ᠢᠨ ᠺᠣᠮᠢᠰ ᠢ᠋ ᠪᠦᠷᠢᠯᠳᠦᠭᠦᠯᠵᠦ᠂ ᠪᠠᠷᠢᠮᠵᠢᠶ᠎ᠠ ᠠᠪᠢᠶᠠᠨ ᠤ ᠡᠯ᠎ᠡ ᠵᠦᠢᠯ ᠦ᠋ᠨ ᠠᠵᠢᠯ ᠢ ᠵᠣᠬᠢᠶᠠᠨ ᠪᠠᠢᠭᠤᠯᠵᠤ ᠤᠳᠤᠷᠢᠳᠤᠨ᠎ᠠ᠃

ᠠᠷᠪᠠᠨ ᠲᠠᠪᠤᠳᠤᠭᠠᠷ ᠵᠦᠢᠯ  ᠪᠠᠷᠢᠮᠵᠢᠶ᠎ᠠ ᠠᠪᠢᠶᠠᠨ ᠤ ᠺᠣᠮᠢᠰ ᠲᠤ᠌ ᠣᠨᠴᠠ ᠤᠷᠢᠭᠰᠠᠨ ᠵᠥᠪᠯᠡᠭᠴᠢ ᠬᠡᠳᠦᠨ ᠨᠡᠷᠡᠰ ᠢ ᠲᠣᠬᠢᠷᠠᠭᠤᠯᠵᠤ᠂ ᠪᠠᠷᠢᠮᠵᠢᠶ᠎ᠠ ᠠᠪᠢᠶᠠᠨ ᠤ ᠺᠣᠮᠢᠰ ᠤ᠋ᠨ ᠪᠠᠢᠩᠭᠤ ᠶ᠋ᠢᠨ ᠺᠣᠮᠢᠰ ᠠ᠋ᠴᠠ ᠵᠠᠯᠠᠵᠤ᠂ ᠥᠪᠡᠷᠲᠡᠭᠡᠨ ᠵᠠᠰᠠᠬᠤ ᠣᠷᠤᠨ ᠤ᠋ ᠦᠨᠳᠦᠰᠦᠲᠡᠨ ᠦ᠌ ᠬᠡᠷᠡᠭ ᠡᠷᠬᠢᠯᠡᠬᠦ ᠵᠥᠪᠯᠡᠯ (ᠮᠣᠩᠭᠤᠯ ᠬᠡᠯᠡ ᠪᠢᠴᠢᠭ ᠦ᠋ᠨ ᠠᠵᠢᠯ ᠤᠨ ᠵᠥᠪᠯᠡᠯ) ᠢᠶᠠᠷ ᠳᠠᠮᠵᠢᠨ ᠥᠪᠡᠷᠲᠡᠭᠡᠨ ᠵᠠᠰᠠᠬᠤ ᠣᠷᠤᠨ ᠤ᠋ ᠠᠷᠠᠳ ᠤᠨ ᠵᠠᠰᠠᠭ ᠤᠨ ᠣᠷᠳᠤᠨ ᠳ᠋ᠤ᠌ ᠮᠡᠳᠡᠭᠦᠯᠦᠨ ᠵᠥᠪᠰᠢᠶᠡᠷᠡᠭᠦᠯᠵᠦ ᠤᠷᠢᠨ ᠲᠣᠮᠢᠯᠠᠨ᠎ᠠ᠃

ᠠᠷᠪᠠᠨ ᠵᠢᠷᠭᠤᠳᠤᠭᠠᠷ ᠵᠦᠢᠯ  ᠪᠠᠷᠢᠮᠵᠢᠶ᠎ᠠ ᠠᠪᠢᠶᠠᠨ ᠤ ᠺᠣᠮᠢᠰ ᠲᠤ᠌ ᠬᠠᠮᠵᠢᠯᠴᠠᠬᠤ ᠭᠡᠰᠢᠭᠦᠨ ᠬᠡᠳᠦᠨ ᠨᠡᠷᠡᠰ ᠢ ᠲᠣᠬᠢᠷᠠᠭᠤᠯᠤᠨ᠎ᠠ᠂ ᠡᠩ ᠦᠨ ᠪᠠᠢᠳᠠᠯ ᠳ᠋ᠤ᠌ ᠮᠣᠩᠭᠤᠯ ᠬᠡᠯᠡ ᠪᠢᠴᠢᠭ ᠦ᠋ᠨ ᠠᠵᠢᠯ ᠤᠨ ᠬᠠᠮᠵᠢᠯᠴᠠᠬᠤ ᠮᠤᠵᠢ ᠣᠷᠤᠨ ᠠ᠋ᠴᠠ ᠲᠠᠨᠢᠯᠴᠠᠭᠤᠯᠵᠤ᠂ ᠪᠠᠷᠢᠮᠵᠢᠶ᠎ᠠ ᠠᠪᠢᠶᠠᠨ ᠤ ᠺᠣᠮᠢᠰ ᠤ᠋ᠨ ᠪᠦᠭᠦᠳᠡ ᠬᠤᠷᠠᠯ ᠢᠶᠠᠷ ᠰᠣᠩᠭᠤᠵᠤ᠂ ᠲᠡᠭᠦᠨᠴᠢᠯᠡᠨ ᠥᠪᠡᠷᠲᠡᠭᠡᠨ ᠵᠠᠰᠠᠬᠤ ᠣᠷᠤᠨ ᠤ᠋ ᠦᠨᠳᠦᠰᠦᠲᠡᠨ ᠦ᠌ ᠬᠡᠷᠡᠭ ᠡᠷᠬᠢᠯᠡᠬᠦ ᠵᠥᠪᠯᠡᠯ (ᠮᠣᠩᠭᠤᠯ ᠬᠡᠯᠡ ᠪᠢᠴᠢᠭ ᠦ᠋ᠨ ᠠᠵᠢᠯ ᠤᠨ ᠵᠥᠪᠯᠡᠯ) ᠢᠶᠠᠷ ᠳᠠᠮᠵᠢᠨ ᠥᠪᠡᠷᠲᠡᠭᠡᠨ ᠵᠠᠰᠠᠬᠤ ᠣᠷᠤᠨ ᠤ᠋ ᠠᠷᠠᠳ ᠤᠨ ᠵᠠᠰᠠᠭ ᠤᠨ ᠣᠷᠳᠤᠨ ᠳ᠋ᠤ᠌ ᠮᠡᠳᠡᠭᠦᠯᠦᠨ ᠵᠥᠪᠰᠢᠶᠡᠷᠡᠭᠦᠯᠵᠦ ᠤᠷᠢᠨ ᠲᠣᠮᠢᠯᠠᠨ᠎ᠠ᠃ ᠬᠠᠮᠵᠢᠯᠴᠠᠬᠤ ᠭᠡᠰᠢᠭᠦᠳ  ᠨᠢ ᠮᠤᠵᠢ ᠣᠷᠤᠨ ᠠᠯᠤᠰᠯᠠᠭᠰᠠᠨ ᠮᠣᠩᠭᠤᠯ ᠬᠡᠯᠡᠨ ᠦ᠌ ᠪᠠᠷᠢᠮᠵᠢᠶ᠎ᠠ ᠠᠪᠢᠶᠠᠨ ᠤ ᠠᠵᠢᠯ ᠤᠨ ᠰᠣᠯᠢᠯᠴᠠᠭ᠎ᠠ ᠪᠠ ᠬᠠᠮᠲᠤᠷᠠᠯᠴᠠᠭ᠎ᠠ ᠶᠢ ᠢᠳᠡᠪᠬᠢᠲᠡᠢ ᠵᠣᠬᠢᠴᠠᠭᠤᠯᠬᠤ ᠬᠡᠷᠡᠭᠲᠡᠢ᠃

 

ᠳᠥᠷᠪᠡᠳᠦᠭᠡᠷ ᠪᠦᠯᠦᠭ  ᠬᠤᠷᠠᠯ ᠤᠨ ᠳᠦᠷᠢᠮ

 

ᠠᠷᠪᠠᠨ ᠳᠣᠯᠤᠳᠤᠭᠠᠷ ᠵᠦᠢᠯ  ᠪᠠᠷᠢᠮᠵᠢᠶ᠎ᠠ ᠠᠪᠢᠶᠠᠨ ᠤ ᠺᠣᠮᠢᠰ  ᠨᠢ ᠪᠦᠭᠦᠳᠡ ᠬᠤᠷᠠᠯ ᠪᠠ ᠪᠠᠢᠩᠭᠤ ᠶ᠋ᠢᠨ ᠺᠣᠮᠢᠰ ᠤᠨ ᠬᠤᠷᠠᠯ ᠤᠨ ᠳᠦᠷᠢᠮ ᠢ᠋ ᠬᠡᠷᠡᠭᠵᠢᠭᠦᠯᠦᠨ᠎ᠡ᠃

ᠠᠷᠪᠠᠨ ᠨᠠᠢ᠍ᠮᠠᠳᠤᠭᠠᠷ ᠵᠦᠢᠯ  ᠪᠠᠷᠢᠮᠵᠢᠶ᠎ᠠ ᠠᠪᠢᠶᠠᠨ ᠤ ᠺᠣᠮᠢᠰ ᠤ᠋ᠨ ᠪᠦᠭᠦᠳᠡ ᠬᠤᠷᠠᠯ ᠪᠣᠯ ᠪᠠᠷᠢᠮᠵᠢᠶ᠎ᠠ ᠠᠪᠢᠶᠠᠨ ᠤ ᠺᠣᠮᠢᠰ ᠤ᠋ᠨ ᠬᠠᠮᠤᠭ ᠤᠨ ᠳᠡᠭᠡᠳᠦ ᠵᠣᠬᠢᠶᠠᠨ ᠪᠠᠢᠭᠤᠯᠤᠯᠲᠠ ᠶ᠋ᠢᠨ ᠬᠡᠯᠪᠡᠷᠢ ᠮᠥᠨ᠃

ᠠᠷᠪᠠ ᠶᠢᠰᠦᠳᠦᠭᠡᠷ ᠵᠦᠢᠯ  ᠪᠠᠷᠢᠮᠵᠢᠶ᠎ᠠ ᠠᠪᠢᠶᠠᠨ ᠤ ᠺᠣᠮᠢᠰ ᠤ᠋ᠨ ᠬᠤᠷᠠᠯ ᠢ 5 ᠵᠢᠯ ᠪᠦᠷᠢ ᠳ᠋ᠦ᠍ ᠨᠢᠭᠡ ᠤᠳᠠᠭ᠎ᠠ ᠬᠤᠷᠠᠯᠳᠤᠭᠤᠯᠤᠨ᠎ᠠ᠃ ᠠᠵᠢᠯ ᠤᠨ ᠬᠡᠷᠡᠭᠴᠡᠭᠡ ᠶᠢ ᠦᠨᠳᠦᠰᠦᠯᠡᠵᠦ᠂ ᠪᠠᠢᠩᠭᠤ ᠶ᠋ᠢᠨ ᠺᠣᠮᠢᠰ ᠤᠨ ᠰᠠᠨᠠᠭᠤᠯᠭ᠎ᠠ ᠪᠠᠷ ᠲᠦᠷ ᠴᠠᠭ ᠤᠨ ᠬᠤᠷᠠᠯ ᠬᠤᠷᠠᠯᠳᠤᠭᠤᠯᠵᠤ ᠴᠢᠬᠤᠯᠠ ᠬᠡᠷᠡᠭ ᠶᠠᠪᠤᠳᠠᠯ ᠢ ᠰᠤᠳᠤᠯᠤᠨ᠎ᠠ᠃ ᠪᠦᠭᠦᠳᠡ ᠬᠤᠷᠠᠯ ᠨᠢ ᠳᠣᠣᠷᠠᠬᠢ ᠭᠣᠣᠯ ᠲᠤᠰᠢᠶᠠᠯ ᠬᠠᠷᠢᠭᠤᠴᠠᠯᠭ᠎ᠠ ᠶᠢ ᠭᠦᠢᠴᠡᠳᠭᠡᠨ᠎ᠡ᠄

(ᠨᠢᠭᠡ) ᠪᠠᠷᠢᠮᠵᠢᠶ᠎ᠠ ᠠᠪᠢᠶᠠᠨ ᠤ ᠺᠣᠮᠢᠰ ᠤ᠋ᠨ ᠪᠠᠢᠩᠭᠤ ᠶ᠋ᠢᠨ ᠺᠣᠮᠢᠰ ᠤ᠋ᠨ ᠠᠵᠢᠯ ᠤᠨ ᠮᠡᠳᠡᠭᠦᠯᠦᠯᠲᠡ ᠶ᠋ᠢ ᠬᠢᠨᠠᠨ ᠵᠥᠪᠯᠡᠨ᠎ᠡ᠃

(ᠬᠤᠶᠠᠷ) ᠪᠠᠷᠢᠮᠵᠢᠶ᠎ᠠ ᠠᠪᠢᠶᠠᠨ ᠤ ᠺᠣᠮᠢᠰ ᠤ᠋ᠨ ᠳᠤᠮᠳᠠ ᠤᠷᠲᠤ ᠬᠤᠭᠤᠴᠠᠭᠠᠨ ᠤ ᠬᠥᠭᠵᠢᠯᠲᠡ ᠶ᠋ᠢᠨ ᠲᠥᠯᠦᠪᠵᠢᠭᠦᠯᠬᠡ ᠪᠠ ᠲᠤᠰ ᠬᠤᠭᠤᠴᠠᠭᠠᠨ ᠤ ᠪᠠᠷᠢᠮᠵᠢᠶ᠎ᠠ ᠠᠪᠢᠶᠠᠨ ᠤ ᠺᠣᠮᠢᠰ ᠤ᠋ᠨ ᠠᠵᠢᠯ ᠤᠨ ᠲᠥᠯᠦᠪᠵᠢᠭᠦᠯᠬᠡ ᠶ᠋ᠢ ᠬᠢᠨᠠᠨ ᠵᠥᠪᠯᠡᠨ᠎ᠡ᠃

(ᠭᠤᠷᠪᠠ) ᠪᠠᠷᠢᠮᠵᠢᠶ᠎ᠠ ᠠᠪᠢᠶᠠᠨ ᠤ ᠺᠣᠮᠢᠰ ᠤ᠋ᠨ ᠴᠢᠬᠤᠯᠠ ᠶᠡᠬᠡ ᠬᠥᠭᠵᠢᠯᠲᠡ ᠥᠭᠡᠷᠡᠴᠢᠯᠡᠯᠲᠡ ᠶ᠋ᠢᠨ ᠠᠷᠭ᠎ᠠ ᠬᠡᠮᠵᠢᠶ᠎ᠡ᠂ ᠴᠢᠬᠤᠯᠠ ᠶᠡᠬᠡ ᠲᠣᠭᠲᠠᠭᠠᠯ ᠪᠠ ᠴᠢᠬᠤᠯᠠ ᠲᠥᠷᠦ ᠶ᠋ᠢᠨ ᠪᠣᠳᠤᠯᠭ᠎ᠠ ᠶ᠋ᠢᠨ ᠪᠢᠴᠢᠭ ᠮᠠᠲ᠋ᠧᠷᠢᠶᠠᠯ ᠢ ᠬᠢᠨᠠᠨ ᠵᠥᠪᠯᠡᠨ᠎ᠡ᠃

(ᠳᠥᠷᠪᠡ) ᠪᠠᠷᠢᠮᠵᠢᠶ᠎ᠠ ᠠᠪᠢᠶᠠᠨ ᠤ ᠺᠣᠮᠢᠰ ᠤ᠋ᠨ ᠠᠵᠢᠯ ᠤᠨ ᠪᠦᠬᠦ ᠲᠠᠯ᠎ᠠ ᠳᠤ ᠬᠣᠯᠪᠤᠭᠳᠠᠭᠰᠠᠨ ᠴᠢᠬᠤᠯᠠ ᠰᠠᠨᠠᠭᠤᠯᠭ᠎ᠠ ᠶᠢ ᠳᠤᠷᠠᠳᠤᠨ᠎ᠠ᠃

(ᠲᠠᠪᠤ) ᠤᠯᠤᠰ ᠤᠨ ᠳᠣᠲᠤᠭᠠᠳᠤ ᠭᠠᠳᠠᠭᠠᠳᠤ ᠶ᠋ᠢᠨ ᠡᠷᠳᠡᠮ ᠰᠢᠨᠵᠢᠯᠡᠭᠡᠨ ᠦ᠌ ᠰᠣᠯᠢᠯᠴᠠᠭ᠎ᠠ ᠪᠠ ᠰᠤᠳᠤᠯᠤᠨ ᠶᠠᠷᠢᠯᠴᠠᠬᠤ ᠠᠵᠢᠯᠯᠠᠭᠠᠨ ᠢ ᠥᠷᠨᠢᠭᠦᠯᠦᠨ᠎ᠡ᠃

(ᠵᠢᠷᠭᠤᠭ᠎ᠠ) ᠪᠠᠷᠢᠮᠵᠢᠶ᠎ᠠ ᠠᠪᠢᠶᠠᠨ ᠤ ᠺᠣᠮᠢᠰ ᠤ᠋ᠨ ᠳᠦᠷᠢᠮ ᠢ᠋ ᠲᠣᠭᠲᠠᠭᠠᠵᠤ ᠵᠠᠰᠠᠪᠤᠷᠢ ᠣᠷᠤᠭᠤᠯᠤᠨ᠎ᠠ᠃

ᠬᠣᠷᠢᠳᠤᠭᠠᠷ ᠵᠦᠢᠯ  ᠪᠠᠷᠢᠮᠵᠢᠶ᠎ᠠ ᠠᠪᠢᠶᠠᠨ ᠤ ᠺᠣᠮᠢᠰ ᠤ᠋ᠨ ᠪᠦᠭᠦᠳᠡ ᠬᠤᠷᠠᠯ ᠤᠨ ᠬᠤᠷᠠᠯ ᠲᠡᠭᠦᠰᠦᠭᠰᠡᠨ ᠬᠤᠭᠤᠴᠠᠭᠠᠨ ᠳᠤ᠂ ᠪᠠᠢᠩᠭᠤ ᠶ᠋ᠢᠨ ᠺᠣᠮᠢᠰ ᠠ᠋ᠴᠠ ᠪᠠᠷᠢᠮᠵᠢᠶ᠎ᠠ ᠠᠪᠢᠶᠠᠨ ᠤ ᠺᠣᠮᠢᠰ ᠤᠨ ᠡᠷᠬᠡ ᠲᠤᠰᠢᠶᠠᠯ ᠢ ᠬᠡᠷᠡᠭᠵᠢᠭᠦᠯᠦᠨ᠎ᠡ᠃

ᠬᠣᠷᠢᠨ ᠨᠢᠭᠡᠳᠦᠭᠡᠷ ᠵᠦᠢᠯ  ᠪᠠᠷᠢᠮᠵᠢᠶ᠎ᠠ ᠠᠪᠢᠶᠠᠨ ᠤ ᠺᠣᠮᠢᠰ ᠤ᠋ᠨ ᠪᠠᠢᠩᠭᠤ ᠶ᠋ᠢᠨ ᠺᠣᠮᠢᠰ ᠤᠨ ᠬᠤᠷᠠᠯ ᠢ ᠡᠩ ᠦᠨ ᠪᠠᠢᠳᠠᠯ ᠳ᠋ᠤ᠌ ᠵᠢᠯ ᠪᠦᠷᠢ ᠶᠢᠨ ᠬᠠᠪᠤᠷ ᠤᠨ ᠤᠯᠠᠷᠢᠯ ᠳᠤ ᠨᠢᠭᠡ ᠤᠳᠠᠭ᠎ᠠ ᠬᠤᠷᠠᠯᠳᠤᠭᠤᠯᠤᠨ᠎ᠠ᠃ ᠡᠷᠬᠢᠯᠡᠭᠴᠢ ᠭᠡᠰᠢᠭᠦᠨ ᠦ᠌ ᠰᠠᠨᠠᠭᠤᠯᠭ᠎ᠠ ᠪᠠᠷ ᠲᠦᠷ ᠴᠠᠭ ᠤᠨ ᠪᠠᠢᠩᠭᠤ ᠶ᠋ᠢᠨ ᠺᠣᠮᠢᠰ ᠤᠨ ᠬᠤᠷᠠᠯ ᠢ ᠬᠤᠷᠠᠯᠳᠤᠭᠤᠯᠵᠤ ᠪᠣᠯᠤᠨ᠎ᠠ᠃ ᠪᠠᠢᠩᠭᠤ ᠶ᠋ᠢᠨ ᠺᠣᠮᠢᠰ ᠤᠨ ᠬᠤᠷᠠᠯ ᠨᠢ ᠳᠣᠣᠷᠠᠬᠢ ᠭᠣᠣᠯ ᠡᠭᠦᠷᠭᠡ ᠬᠠᠷᠢᠭᠤᠴᠠᠯᠭ᠎ᠠ ᠶᠢ ᠭᠦᠢᠴᠡᠳᠭᠡᠨ᠎ᠡ᠄

(ᠨᠢᠭᠡ) ᠮᠣᠩᠭᠤᠯ ᠬᠡᠯᠡᠨ ᠦ᠌ ᠪᠠᠷᠢᠮᠵᠢᠶ᠎ᠠ ᠠᠪᠢᠶᠠᠨ ᠤ ᠳᠦᠷᠢᠮᠵᠢᠭᠦᠯᠦᠯᠲᠡ᠂ ᠪᠠᠷᠢᠮᠵᠢᠶᠠᠵᠢᠭᠤᠯᠤᠯᠲᠠ᠂ ᠮᠡᠳᠡᠭᠡ ᠵᠠᠩᠭᠢᠵᠢᠯᠲᠠ ᠶᠢᠨ ᠠᠵᠢᠯ ᠢ ᠥᠷᠨᠢᠭᠦᠯᠦᠨ᠎ᠡ᠃

(ᠬᠤᠶᠠᠷ) ᠮᠣᠩᠭᠤᠯ ᠬᠡᠯᠡᠨ ᠦ᠌ ᠪᠠᠷᠢᠮᠵᠢᠶ᠎ᠠ ᠠᠪᠢᠶᠠᠨ ᠤ ᠠᠵᠢᠯ ᠤᠨ ᠬᠥᠭᠵᠢᠯᠲᠡ ᠶ᠋ᠢᠨ ᠪᠠᠢᠯᠳᠤᠬᠤ ᠪᠣᠳᠤᠯᠭ᠎ᠠ᠂ ᠳᠤᠮᠳᠠ ᠤᠷᠲᠤ ᠬᠤᠭᠤᠴᠠᠭᠠᠨ ᠤ ᠬᠥᠭᠵᠢᠯᠲᠡ ᠶ᠋ᠢᠨ ᠲᠥᠯᠦᠪᠵᠢᠭᠦᠯᠬᠡ᠂ ᠴᠢᠬᠤᠯᠠ ᠶᠡᠬᠡ ᠬᠥᠭᠵᠢᠯᠲᠡ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠵᠡᠷᠭᠡ ᠵᠦᠢᠯ ᠦᠳ ᠢ ᠳᠤᠷᠠᠳᠤᠨ᠎ᠠ᠃

(ᠭᠤᠷᠪᠠ) ᠪᠠᠷᠢᠮᠵᠢᠶ᠎ᠠ ᠠᠪᠢᠶᠠᠨ ᠤ ᠺᠣᠮᠢᠰ ᠤ᠋ᠨ ᠳᠡᠭᠡᠷ᠎ᠡ ᠵᠢᠯ ᠦ᠋ᠨ ᠠᠵᠢᠯ ᠤᠨ ᠳ᠋ᠦᠩᠨᠡᠯᠲᠡ ᠶᠢ ᠬᠢᠨᠠᠨ ᠵᠥᠪᠯᠡᠵᠦ᠂ ᠲᠤᠰ ᠵᠢᠯ ᠦ᠋ᠨ ᠠᠵᠢᠯ ᠤᠨ ᠲᠥᠯᠦᠪᠯᠡᠭᠡ ᠶ᠋ᠢ ᠲᠤᠭᠤᠷᠪᠢᠨ ᠲᠣᠭᠲᠠᠭᠠᠨ᠎ᠠ᠃

(ᠳᠥᠷᠪᠡ) ᠪᠠᠷᠢᠮᠵᠢᠶ᠎ᠠ ᠠᠪᠢᠶᠠᠨ ᠤ ᠺᠣᠮᠢᠰ ᠤ᠋ᠨ ᠱᠠᠲᠤ ᠦᠶ᠎ᠡ ᠶᠢᠨ ᠠᠵᠢᠯ ᠤᠨ ᠭᠣᠣᠯᠳᠠᠯᠭ᠎ᠠ ᠶ᠋ᠢ ᠲᠣᠭᠲᠠᠭᠠᠨ᠎ᠠ᠃

(ᠲᠠᠪᠤ) ᠪᠠᠷᠢᠮᠵᠢᠶ᠎ᠠ ᠠᠪᠢᠶᠠᠨ ᠤ ᠺᠣᠮᠢᠰ ᠤ᠋ᠨ ᠬᠠᠮᠢᠶᠠᠷᠤᠯᠲᠠ ᠶᠢᠨ ᠳᠦᠷᠢᠮ ᠲᠣᠭᠲᠠᠭᠠᠯ ᠢ᠋ ᠬᠢᠨᠠᠨ ᠵᠥᠪᠯᠡᠨ᠎ᠡ᠃

(ᠵᠢᠷᠭᠤᠭ᠎ᠠ) ᠪᠠᠢᠩᠭᠤ ᠶ᠋ᠢᠨ ᠺᠣᠮᠢᠰ ᠲᠣᠭᠲᠠᠭᠠᠬᠤ ᠶᠣᠰᠣᠲᠠᠢ ᠪᠤᠰᠤᠳ ᠵᠦᠢᠯ ᠦᠳ ᠢ ᠬᠢᠨᠠᠨ ᠵᠥᠪᠯᠡᠨ᠎ᠡ᠃

ᠬᠣᠷᠢᠨ ᠬᠣᠶᠠᠳᠤᠭᠠᠷ ᠵᠦᠢᠯ  ᠪᠠᠷᠢᠮᠵᠢᠶ᠎ᠠ ᠠᠪᠢᠶᠠᠨ ᠤ ᠺᠣᠮᠢᠰ ᠤ᠋ᠨ ᠪᠦᠭᠦᠳᠡ ᠬᠤᠷᠠᠯ ᠪᠠ ᠪᠠᠢᠩᠭᠤ ᠶ᠋ᠢᠨ ᠺᠣᠮᠢᠰ ᠤᠨ ᠬᠤᠷᠠᠯ ᠤᠨ ᠬᠠᠤᠯᠢ ᠪᠠᠷ ᠲᠣᠭᠲᠠᠭᠠᠭᠰᠠᠨ ᠬᠤᠷᠠᠯ ᠳᠤ ᠣᠷᠤᠯᠴᠠᠬᠤ ᠬᠥᠮᠦᠨ ᠦ᠌ ᠲᠣᠭ᠎ᠠ  ᠨᠢ ᠬᠤᠷᠠᠯ ᠳᠤ ᠣᠷᠤᠯᠴᠠᠬᠤ ᠶᠣᠰᠣᠲᠠᠢ ᠬᠥᠮᠦᠨ ᠦ᠌ ᠲᠣᠭᠠᠨ ᠤ᠋ ᠬᠠᠭᠠᠰ ᠠᠴᠠ ᠳᠡᠭᠡᠭᠰᠢ ᠪᠠᠢᠬᠤ ᠬᠡᠷᠡᠭᠲᠡᠢ᠃ ᠡᠯ᠎ᠡ ᠵᠦᠢᠯ ᠦ᠋ᠨ ᠰᠢᠢᠳᠪᠦᠷᠢ  ᠨᠢ ᠬᠤᠷᠠᠯ ᠳᠤ ᠣᠷᠤᠯᠴᠠᠭᠰᠠᠳ ᠤ᠋ᠨ ᠬᠠᠭᠠᠰ ᠠᠴᠠ ᠳᠡᠭᠡᠭᠰᠢ ᠳ᠋ᠦ᠍ ᠪᠠᠲᠤᠯᠠᠭᠳᠠᠭᠰᠠᠨ ᠪᠠᠢᠬᠤ ᠬᠡᠷᠡᠭᠲᠡᠢ᠃

 

ᠲᠠᠪᠤᠳᠤᠭᠠᠷ ᠪᠦᠯᠦᠭ  ᠬᠡᠷᠡᠭ ᠡᠷᠬᠢᠯᠡᠬᠦ ᠪᠠᠢᠭᠤᠯᠤᠮᠵᠢ

 

ᠬᠣᠷᠢᠨ ᠭᠤᠷᠪᠠᠳᠤᠭᠠᠷ ᠵᠦᠢᠯ  ᠪᠠᠷᠢᠮᠵᠢᠶ᠎ᠠ ᠠᠪᠢᠶᠠᠨ ᠤ ᠺᠣᠮᠢᠰ ᠤ᠋ᠨ ᠪᠠᠢᠩᠭᠤ ᠶ᠋ᠢᠨ ᠺᠣᠮᠢᠰ ᠤᠨ ᠳᠣᠣᠷ᠎ᠠ ᠠᠯᠪᠠᠨ ᠭᠡᠷ ᠭᠠᠷᠭᠠᠨ᠎ᠠ᠃ ᠠᠯᠪᠠᠨ ᠭᠡᠷ ᠢ ᠥᠪᠡᠷᠲᠡᠭᠡᠨ ᠵᠠᠰᠠᠬᠤ ᠣᠷᠤᠨ ᠤ᠋ ᠦᠨᠳᠦᠰᠦᠲᠡᠨ ᠦ᠌ ᠬᠡᠷᠡᠭ ᠡᠷᠬᠢᠯᠡᠬᠦ ᠵᠥᠪᠯᠡᠯ (ᠮᠣᠩᠭᠤᠯ ᠬᠡᠯᠡ ᠪᠢᠴᠢᠭ ᠦ᠋ᠨ ᠠᠵᠢᠯ ᠤᠨ ᠵᠥᠪᠯᠡᠯ) ᠤᠨ ᠮᠣᠩᠭᠤᠯ ᠬᠡᠯᠡ ᠪᠢᠴᠢᠭ ᠦ᠋ᠨ ᠡᠷᠳᠡᠮ ᠰᠢᠨᠵᠢᠯᠡᠭᠡᠨ ᠦ᠌ ᠬᠠᠮᠢᠶᠠᠷᠤᠯᠲᠠ ᠶᠢᠨ ᠭᠠᠵᠠᠷ ᠲᠤ ᠪᠠᠢᠭᠤᠯᠵᠤ᠂ ᠭᠣᠣᠯᠳᠠᠭᠤ ᠪᠠᠢᠩᠭᠤ ᠶ᠋ᠢᠨ ᠺᠣᠮᠢᠰ ᠤ᠋ᠨ ᠡᠯ᠎ᠡ ᠵᠦᠢᠯ ᠦ᠋ᠨ ᠰᠢᠢᠳᠪᠦᠷᠢ ᠪᠠ ᠪᠤᠰᠤᠳ ᠡᠳᠦᠷ ᠲᠤᠲᠤᠮ ᠤᠨ ᠬᠡᠷᠡᠭ ᠶᠠᠪᠤᠳᠠᠯ ᠤ᠋ᠳ ᠢ᠋ ᠬᠠᠷᠢᠭᠤᠴᠠᠨ ᠬᠡᠷᠡᠭᠵᠢᠭᠦᠯᠦᠨ᠎ᠡ᠃

ᠬᠣᠷᠢᠨ ᠳᠥᠷᠪᠡᠳᠦᠭᠡᠷ ᠵᠦᠢᠯ  ᠪᠠᠷᠢᠮᠵᠢᠶ᠎ᠠ ᠠᠪᠢᠶᠠᠨ ᠤ ᠺᠣᠮᠢᠰ ᠤ᠋ᠨ ᠪᠠᠢᠩᠭᠤ ᠶ᠋ᠢᠨ ᠺᠣᠮᠢᠰ ᠤ᠋ᠨ ᠠᠯᠪᠠᠨ ᠭᠡᠷ ᠦ᠋ᠨ ᠡᠷᠬᠢᠯᠡᠭᠴᠢ ᠶᠢ ᠥᠪᠡᠷᠲᠡᠭᠡᠨ ᠵᠠᠰᠠᠬᠤ ᠣᠷᠤᠨ ᠤ᠋ ᠦᠨᠳᠦᠰᠦᠲᠡᠨ ᠦ᠌ ᠬᠡᠷᠡᠭ ᠡᠷᠬᠢᠯᠡᠬᠦ ᠵᠥᠪᠯᠡᠯ (ᠮᠣᠩᠭᠤᠯ ᠬᠡᠯᠡ ᠪᠢᠴᠢᠭ ᠦ᠋ᠨ ᠠᠵᠢᠯ ᠤᠨ ᠵᠥᠪᠯᠡᠯ) ᠤᠨ ᠮᠣᠩᠭᠤᠯ ᠬᠡᠯᠡ ᠪᠢᠴᠢᠭ ᠦ᠋ᠨ ᠡᠷᠳᠡᠮ ᠰᠢᠨᠵᠢᠯᠡᠭᠡᠨ ᠦ᠌ ᠬᠠᠮᠢᠶᠠᠷᠤᠯᠲᠠ ᠶᠢᠨ ᠭᠠᠵᠠᠷ ᠤᠨ ᠬᠠᠷᠢᠭᠤᠴᠠᠯᠭᠠᠲᠠᠨ ᠲᠤᠰᠢᠶᠠᠯ ᠬᠠᠪᠰᠤᠷᠭᠠᠵᠤ᠂ ᠪᠠᠢᠩᠭᠤ ᠶ᠋ᠢᠨ ᠺᠣᠮᠢᠰ ᠲᠤ᠌ ᠬᠠᠷᠢᠭᠤᠴᠠᠨ᠎ᠠ᠃

 

ᠵᠢᠷᠭᠤᠳᠤᠭᠠᠷ ᠪᠦᠯᠦᠭ  ᠳᠠᠭᠠᠯᠲᠠ ᠳᠦᠷᠢᠮ

 

ᠬᠣᠷᠢᠨ ᠲᠠᠪᠤᠳᠤᠭᠠᠷ ᠵᠦᠢᠯ  ᠲᠤᠰ ᠳᠦᠷᠢᠮ ᠨᠡᠢᠲᠡᠯᠡᠭᠳᠡᠭᠰᠡᠨ ᠡᠳᠦᠷ ᠡᠴᠡ ᠡᠬᠢᠯᠡᠵᠦ ᠬᠦᠴᠦᠨ ᠲᠡᠢ ᠪᠣᠯᠤᠨ᠎ᠠ᠃