ᠮᠣᠩᠭᠤᠯ ᠬᠡᠯᠡᠨ ᠤ᠋ ᠲᠣᠯᠢ ᠪᠢᠴᠢᠭ ᠰᠣᠳᠤᠯᠠᠬᠤ ᠲᠥᠪ

  

ᠮᠤᠩᠭᠤᠯ ᠬᠡᠯᠡᠨ ᠤ ᠪᠠᠶᠠᠯᠢᠭ ᠦᠭᠡ ᠶᠢᠨ ᠰᠠᠩ ᠤᠨ ᠬᠤᠷᠠᠮᠳᠤᠯᠭ᠎ᠠ ᠪᠤᠯᠬᠤ ᠲᠤᠯᠢ ᠪᠢᠴᠢᠭ ᠤᠨ ᠬᠡᠷᠡᠭᠯᠡᠭᠡᠨ ᠤ ᠰᠢᠨᠵᠢ᠂ ᠮᠡᠳᠡᠯᠭᠡ ᠶᠢᠨ ᠰᠢᠨᠵᠢ᠂ ᠰᠢᠨᠵᠢᠯᠡᠬᠦ ᠤᠬᠠᠭᠠᠨᠴᠢ ᠰᠢᠨᠵᠢ ᠶᠢ ᠲᠡᠭᠦᠯᠳᠡᠷᠵᠢᠭᠦᠯᠵᠦ᠂ ᠬᠡᠯᠡ ᠪᠢᠴᠢᠭ ᠤᠨ ᠰᠤᠳᠤᠯᠤᠯ ᠰᠢᠨᠵᠢᠯᠡᠯ ᠪᠤᠯᠤᠨ ᠲᠤᠯᠢ ᠪᠢᠴᠢᠭ ᠨᠠᠢᠷᠠᠭᠤᠯᠤᠨ ᠬᠡᠪᠯᠡᠭᠦᠯᠬᠦ᠂ ᠰᠤᠳᠤᠯᠵᠤ ᠰᠢᠨᠵᠢᠯᠡᠬᠦ ᠡᠯ᠎ᠡ ᠬᠦᠷᠢᠶ᠎ᠡ ᠴᠠᠷᠠᠭᠠᠨ ᠳᠠᠬᠢ ᠠᠵᠢᠯ ᠤᠨ ᠠᠬᠢᠴᠠ᠂ ᠰᠤᠳᠤᠯᠭᠠᠨ ᠤ ᠦᠷ᠎ᠡ ᠪᠦᠳᠦᠮᠵᠢ ᠶᠢ ᠠᠬᠢᠭᠤᠯᠬᠤ ᠵᠤᠷᠢᠯᠭ᠎ᠠ ᠪᠠᠷ《ᠮᠤᠩᠭᠤᠯ ᠲᠤᠯᠢ ᠪᠢᠴᠢᠭ ᠰᠤᠳᠤᠯᠬᠤ ᠲᠦᠪ》 ᠨᠢ ᠪᠠᠢᠭᠤᠯᠤᠭᠳᠠᠭᠰᠠᠨ ᠶᠤᠮ᠃ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠦᠨᠳᠦᠰᠦᠲᠡᠨ ᠤ  ᠬᠡᠷᠡᠭ ᠡᠷᠬᠢᠯᠡᠬᠦ ᠵᠦᠪᠯᠡᠯ ᠤᠨ ᠵᠢᠯᠤᠭᠤᠳᠤᠯᠭ᠎ᠠ ᠳᠡᠮᠵᠢᠯᠭᠡ ᠳᠤᠤᠷ᠎ᠠ ᠦᠪᠦᠷ ᠮᠤᠩᠭᠤᠯ ᠤᠨ ᠠᠷᠠᠳ ᠤᠨ ᠬᠡᠪᠯᠡᠯ ᠤᠨ ᠬᠤᠷᠢᠶ᠎ᠠ ᠨᠢ ᠲᠤᠯᠢ ᠪᠢᠴᠢᠭ ᠨᠠᠢᠷᠠᠭᠤᠯᠵᠤ ᠬᠡᠪᠯᠡᠭᠦᠯᠵᠦ ᠢᠷᠡᠭᠰᠡᠨ ᠲᠤᠷᠰᠢᠯᠭ᠎ᠠ ᠴᠢᠳᠠᠮᠵᠢ ᠪᠠᠨ ᠭᠦᠢᠴᠡᠳ ᠪᠠᠳᠠᠷᠠᠭᠤᠯᠵᠤ᠂ ᠲᠤᠯᠢ ᠪᠢᠴᠢᠭ ᠢ ᠨᠠᠢᠷᠠᠭᠤᠯᠵᠤ ᠬᠡᠪᠯᠡᠭᠦᠯᠵᠦ ᠪᠠᠢᠭᠰᠠᠨ ᠠᠴᠠ  ᠪᠠᠨ ᠰᠤᠳᠤᠯᠵᠤ ᠰᠢᠨᠵᠢᠯᠡᠬᠦ  ᠵᠦᠭ ᠭᠦᠨᠵᠡᠭᠡᠢᠷᠡᠭᠦᠯᠵᠦ᠂ 2017 ᠤᠨ ᠤ 6 ᠰᠠᠷ᠎ᠠ ᠶᠢᠨ 20  ᠤ ᠡᠳᠦᠷ   ᠪᠠᠢᠭᠤᠯᠤᠭᠳᠠᠭᠰᠠᠨ ᠠᠴᠠ ᠨᠠᠭᠠᠰᠢ᠂ ᠲᠤᠯᠢ ᠪᠢᠴᠢᠭ ᠨᠠᠢᠷᠠᠭᠤᠯᠵᠤ ᠬᠡᠪᠯᠡᠭᠦᠯᠬᠦ ᠵᠢᠴᠢ ᠲᠤᠯᠢ ᠵᠦᠢ᠂ ᠤᠨᠤᠯ ᠵᠠᠷᠴᠢᠮ ᠤᠨ ᠰᠤᠳᠤᠯᠤᠯ ᠢ ᠤᠶᠠᠯᠳᠤᠭᠤᠯᠵᠤ᠂ ᠮᠤᠩᠭᠤᠯ ᠲᠤᠯᠢ ᠪᠢᠴᠢᠭ ᠨᠠᠢᠷᠠᠭᠤᠯᠵᠤ ᠬᠡᠪᠯᠡᠭᠦᠯᠬᠦ ᠠᠷᠭ᠎ᠠ ᠵᠦᠢ᠂ ᠲᠦᠰᠦᠯ ᠲᠦᠯᠦᠪᠵᠢᠭᠦᠯᠭᠡ ᠵᠢᠴᠢ ᠰᠢᠰᠲ᠋ᠧᠮᠲᠦ ᠬᠠᠮᠢᠶᠠᠷᠤᠯᠲᠠ ᠶᠢ ᠮᠤᠩᠭᠤᠯ ᠬᠡᠯᠡ ᠪᠢᠴᠢᠭ ᠤᠨ ᠲᠦᠷᠢᠮᠵᠢᠯ ᠪᠠᠷᠢᠮᠵᠢᠶᠠᠵᠢᠯ᠂ ᠳᠤᠭᠠᠵᠢᠭᠤᠯᠬᠤ ᠠᠵᠢᠯ ᠲᠠᠢ ᠤᠶᠠᠯᠳᠤᠭᠤᠯᠤᠨ᠂ ᠬᠡᠷᠡᠭᠯᠡᠭᠴᠢᠳ ᠤᠨ ᠰᠤᠷᠴᠤ ᠬᠡᠷᠡᠭᠯᠡᠬᠦ᠂ ᠰᠤᠳᠤᠯᠤᠭᠴᠢᠳ ᠤᠨ ᠰᠤᠳᠤᠯᠤᠨ ᠰᠢᠨᠵᠢᠯᠡᠬᠦ ᠳᠤ ᠦᠢᠯᠡᠴᠢᠯᠡᠭᠦᠯᠵᠦ᠂ ᠲᠤᠯᠢ ᠪᠢᠴᠢᠭ ᠤᠨ ᠡᠭᠦᠷᠭᠡ ᠴᠢᠳᠠᠮᠵᠢ ᠶᠢ ᠭᠦᠢᠴᠡᠳ ᠪᠠᠳᠠᠷᠠᠭᠤᠯᠬᠤ ᠪᠠᠷ ᠬᠠᠷᠠᠯᠲᠠ ᠵᠤᠷᠢᠯᠭ᠎ᠠ ᠪᠠᠨ ᠪᠤᠯᠭᠠᠵᠤ ᠢᠷᠡᠵᠡᠢ᠃ ᠥᠩᠭᠡᠷᠡᠭᠰᠡᠨ ᠤ᠋ ᠬᠡᠪᠯᠡᠭᠳᠡᠭᠰᠡᠨ ᠲᠤᠯᠢ ᠪᠢᠴᠢᠭ ᠨᠦᠭᠦᠳ ᠢ ᠪᠦᠷᠢᠳᠬᠡᠬᠦ᠂ ᠲᠤᠯᠢᠴᠢ ᠨᠠᠢᠷᠠᠭᠤᠯᠤᠭᠴᠢᠳ ᠤᠨ ᠡᠩᠨᠡᠭᠡ ᠶᠢ  ᠪᠤᠵᠠᠭᠠᠢᠷᠠᠭᠤᠯᠵᠤ᠂ ᠰᠤᠳᠤᠯᠭᠠᠨ ᠤ ᠦᠷ᠎ᠡ ᠪᠦᠲᠦᠭᠡᠯ ᠢ ᠬᠤᠪᠢᠶᠠᠯᠴᠠᠬᠤ᠂ ᠵᠢᠴᠢ ᠡᠯ᠎ᠡ ᠶᠡᠭᠡ ᠳᠡᠭᠡᠳᠦ ᠰᠤᠷᠭᠠᠭᠤᠯᠢ ᠪᠤᠯᠤᠨ ᠬᠡᠷᠡᠭᠯᠡᠭᠴᠢ ᠤᠩᠰᠢᠭᠴᠢᠳ ᠠᠴᠠ ᠰᠠᠨᠠᠯ ᠬᠤᠷᠢᠶᠠᠬᠤ ᠵᠡᠷᠭᠡ ᠠᠵᠢᠯ ᠢ ᠭᠦᠢᠴᠡᠳᠬᠡᠬᠦ ᠵᠡᠷᠭᠡ ᠲᠤᠯᠢ  ᠪᠢᠴᠢᠭ  ᠤᠨ ᠰᠤᠳᠤᠯᠭᠠᠨ ᠤ ᠠᠵᠢᠯ  ᠢ ᠭᠦᠨᠵᠡᠭᠡᠢᠷᠡᠭᠦᠯᠵᠦ  ᠪᠠᠢᠨ᠎ᠠ᠃᠃