ᠠᠷᠪᠠᠳᠤᠭᠠᠷ ᠬᠤᠭᠤᠴᠠᠭᠠᠨ ᠤ᠋ ᠪᠦᠬᠦ ᠤᠯᠤᠰ ᠤᠨ ᠦᠨᠳᠦᠰᠦᠲᠡᠨ ᠦ᠌ ᠬᠡᠯᠡ ᠪᠢᠴᠢᠭ ᠦ᠋ᠨ ᠣᠷᠴᠢᠭᠤᠯᠭ᠎ᠠ ᠶ᠋ᠢᠨ ᠪᠣᠯᠪᠠᠰᠤᠷᠠᠯ ᠳ᠋ᠤ᠌ ᠣᠷᠤᠯᠴᠠᠬᠤ ᠠᠵᠢᠯᠲᠠᠨ ᠢ᠋ ᠮᠡᠳᠡᠭᠦᠯᠬᠦ ᠲᠤᠬᠠᠢ ᠮᠡᠳᠡᠭᠳᠡᠯ
ᠢᠷᠡᠯᠲᠡ᠄ ᠦᠨᠳᠦᠰᠦᠲᠡᠨ ᠤ᠋ ᠬᠡᠯᠡ ᠪᠢᠴᠢᠭ ᠤ᠋ᠨ ᠭᠠᠵᠠᠷ
2017.08.15

                                                                                ᠥᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠤᠨ ᠤ᠋ ᠨᠠᠮ ᠤ᠋ᠨ ᠬᠣᠷᠢᠶ᠎ᠠ᠂ ᠠᠷᠠᠳ ᠤ᠋ᠨ ᠲᠥᠯᠦᠭᠡᠯᠡᠭᠴᠢᠳ ᠦ᠋ᠨ ᠶᠡᠬᠡ ᠬᠤᠷᠠᠯ᠂ ᠵᠠᠰᠠᠭ ᠤᠨ ᠣᠷᠳᠤᠨ᠂ ᠤᠯᠤᠰ ᠲᠥᠷᠦ ᠶ᠋ᠢᠨ ᠵᠥᠪᠯᠡᠯᠭᠡᠨ᠂ ᠰᠠᠬᠢᠯᠭ᠎ᠠ ᠪᠠᠲᠤ ᠪᠠᠢᠴᠠᠭᠠᠬᠤ ᠬᠣᠷᠢᠶᠠᠨ ᠤ᠋ 《 ᠴᠠᠭ ᠦᠶ᠎ᠡ ᠶ᠋ᠢᠨ ᠬᠡᠪ ᠰᠠᠬᠢᠯᠭ᠎ᠠ》 ᠰᠡᠳᠭᠦᠯ ᠦ᠋ᠨ ᠬᠣᠷᠢᠶ᠎ᠠ᠂ ᠥᠨᠳᠦᠷ ᠵᠡᠷᠭᠡ ᠶ᠋ᠢᠨ ᠰᠢᠭᠦᠬᠦ ᠬᠣᠷᠢᠶ᠎ᠠ᠂ ᠠᠷᠠᠳ ᠤ᠋ᠨ ᠪᠠᠢᠴᠠᠭᠠᠬᠤ ᠬᠣᠷᠢᠶ᠎ᠠ᠂ ᠳᠣᠲᠤᠭᠠᠳᠤ ᠶ᠋ᠢ ᠬᠠᠮᠠᠭᠠᠯᠠᠬᠤ ᠬᠢᠯᠢ ᠶ᠋ᠢᠨ ᠬᠠᠮᠠᠭᠠᠯᠠᠯᠲᠠ ᠶ᠋ᠢᠨ ᠶᠡᠷᠦᠩᠬᠡᠢ ᠠᠩᠭᠢ᠂ ᠳᠣᠲᠤᠭᠠᠳᠤ ᠶ᠋ᠢ ᠬᠠᠮᠠᠭᠠᠯᠠᠬᠤ ᠲᠢᠩᠬᠢᠮ ᠦ᠋ᠨ ᠣᠷᠴᠢᠭᠤᠯᠭ᠎ᠠ ᠶ᠋ᠢᠨ ᠭᠠᠵᠠᠷ᠂ ᠡᠯ᠎ᠡ ᠠᠢᠮᠠᠭ ᠬᠣᠲᠠ ᠶ᠋ᠢᠨ ᠦᠨᠳᠦᠰᠦᠲᠡᠨ ᠦ᠌ ᠵᠥᠪᠯᠡᠯ᠂ ᠡᠷᠢᠶᠡᠨ ᠬᠣᠲᠠ᠂ ᠮᠠᠨᠵᠤᠤᠷ ᠬᠣᠲᠠ ᠶ᠋ᠢᠨ ᠦᠨᠳᠦᠰᠦᠲᠡᠨ ᠱᠠᠰᠢᠨ ᠰᠤᠷᠲᠠᠬᠤᠨ ᠤ᠋ ᠲᠣᠪᠴᠢᠶ᠎ᠠ ᠳ᠋ᠤ᠌᠄

ᠪᠦᠬᠦ ᠤᠯᠤᠰ ᠤ᠋ᠨ ᠦᠨᠳᠦᠰᠦᠲᠡᠨ ᠦ᠌ ᠬᠡᠯᠡ ᠪᠢᠴᠢᠭ ᠦ᠋ᠨ ᠣᠷᠴᠢᠭᠤᠯᠭ᠎ᠠ ᠶ᠋ᠢᠨ ᠲᠤᠰᠭᠠᠢ ᠮᠡᠷᠭᠡᠵᠢᠯ ᠦ᠋ᠨ ᠳᠡᠭᠡᠳᠦ ᠳᠡᠰ ᠦ᠋ᠨ ᠴᠢᠳᠠᠪᠤᠷᠢᠲᠠᠨ ᠤ᠋ ᠮᠡᠳᠡᠯᠭᠡ ᠶ᠋ᠢ ᠰᠢᠨᠡᠴᠢᠯᠡᠵᠦ᠂ ᠶᠡᠷᠦᠩᠬᠡᠢᠯᠡᠭᠰᠡᠨ ᠬᠡᠪ ᠴᠢᠨᠠᠷ ᠢ᠋ ᠴᠢᠩᠭᠠᠳᠭᠠᠬᠤ ᠪᠠ ᠲᠤᠬᠠᠢᠯᠠᠭᠰᠠᠨ ᠠᠵᠢᠯ ᠤ᠋ᠨ ᠴᠢᠳᠠᠪᠤᠷᠢ ᠶ᠋ᠢ ᠳᠡᠭᠡᠭᠰᠢᠯᠡᠭᠦᠯᠵᠦ᠂ ᠦᠨᠳᠦᠰᠦᠲᠡᠨ ᠦ᠌ ᠬᠡᠯᠡ ᠪᠢᠴᠢᠭ ᠦ᠋ᠨ ᠣᠷᠴᠢᠭᠤᠯᠭ᠎ᠠ ᠶ᠋ᠢᠨ ᠦᠢᠯᠡᠰ ᠦ᠋ᠨ ᠬᠥᠭᠵᠢᠯᠲᠡ ᠶ᠋ᠢ ᠠᠬᠢᠭᠤᠯᠬᠤ ᠶ᠋ᠢᠨ ᠲᠥᠯᠦᠭᠡ᠂ ᠬᠥᠮᠦᠨ ᠦ᠌ ᠬᠦᠴᠦᠨ ᠦ᠌ ᠡᠬᠢ ᠪᠠᠶᠠᠯᠢᠭ ᠨᠡᠢᠭᠡᠮ ᠦ᠋ᠨ ᠪᠠᠲᠤᠯᠠᠭ᠎ᠠ ᠶ᠋ᠢᠨ ᠶᠠᠮᠤᠨ᠂ ᠤᠯᠤᠰ ᠤ᠋ᠨ ᠦᠨᠳᠦᠰᠦᠲᠡᠨ ᠦ᠌ ᠵᠥᠪᠯᠡᠯ ᠬᠠᠮᠲᠤᠷᠠᠨ ᠠᠷᠪᠠᠳᠤᠭᠠᠷ ᠬᠤᠭᠤᠴᠠᠭᠠᠨ ᠤ᠋ ᠪᠦᠬᠦ ᠤᠯᠤᠰ ᠤ᠋ᠨ ᠦᠨᠳᠦᠰᠦᠲᠡᠨ ᠦ᠌ ᠬᠡᠯᠡ ᠪᠢᠴᠢᠭ ᠦ᠋ᠨ ᠣᠷᠴᠢᠭᠤᠯᠭ᠎ᠠ ᠶ᠋ᠢᠨ ᠠᠵᠢᠯ ᠤ᠋ᠨ ᠭᠣᠣᠯᠯᠠᠭᠴᠢ ᠴᠢᠳᠠᠪᠤᠷᠢᠲᠠᠨ ᠤ᠋ ᠳᠡᠭᠡᠳᠦ ᠳᠡᠰ ᠦ᠋ᠨ ᠪᠣᠯᠪᠠᠰᠤᠷᠠᠯ ᠤ᠋ᠨ ᠠᠩᠭᠢ ᠡᠷᠬᠢᠯᠡᠬᠦ ᠪᠡᠷ ᠲᠣᠭᠲᠠᠪᠠ᠃ ᠲᠤᠰ ᠬᠤᠭᠤᠴᠠᠭᠠᠨ ᠤ᠋ ᠪᠣᠯᠪᠠᠰᠤᠷᠠᠯ ᠤ᠋ᠨ ᠠᠩᠭᠢ ᠨᠢ ᠮᠣᠩᠭᠤᠯ ᠬᠡᠯᠡ ᠪᠢᠴᠢᠭ ᠦ᠋ᠨ ᠣᠷᠴᠢᠭᠤᠯᠭ᠎ᠠ ᠪᠠᠷ ᠭᠣᠣᠯ ᠴᠢᠭᠯᠡᠯ ᠪᠣᠯᠭᠠᠨ᠎ᠠ᠃ ᠮᠠᠨ ᠤ᠋ ᠣᠷᠤᠨ ᠤ᠋ ᠬᠠᠮᠢᠭ᠎ᠠ ᠪᠥᠬᠦᠢ ᠬᠥᠮᠦᠰ ᠦ᠋ᠨ ᠨᠡᠷ᠎ᠡ ᠮᠡᠳᠡᠭᠦᠯᠬᠦ ᠵᠡᠷᠭᠡ ᠶᠠᠪᠤᠳᠠᠯ ᠢ᠋ ᠳᠣᠣᠷᠠᠬᠢ ᠮᠡᠲᠦ ᠮᠡᠳᠡᠭᠳᠡᠶ᠎ᠡ᠄

ᠨᠢᠭᠡ᠂ ᠪᠣᠯᠪᠠᠰᠤᠷᠠᠯ ᠤ᠋ᠨ ᠭᠣᠣᠯ ᠠᠭᠤᠯᠭ᠎ᠠ

(ᠨᠢᠭᠡ) ᠦᠨᠳᠦᠰᠦᠲᠡᠨ ᠦ᠌ ᠣᠨᠤᠯ ᠪᠠ ᠦᠨᠳᠦᠰᠦᠲᠡᠨ ᠦ᠌ ᠲᠥᠷᠦ ᠶ᠋ᠢᠨ ᠪᠣᠳᠤᠯᠭ᠎ᠠ

(ᠬᠣᠶᠠᠷ) ᠦᠨᠳᠦᠰᠦᠲᠡᠨ ᠦ᠌ ᠬᠡᠯᠡ ᠪᠢᠴᠢᠭ ᠦ᠋ᠨ ᠬᠠᠤᠯᠢ ᠴᠠᠭᠠᠵᠠ ᠲᠥᠷᠦ ᠶ᠋ᠢᠨ ᠪᠣᠳᠤᠯᠭ᠎ᠠ ᠵᠢᠴᠢ ᠲᠤᠬᠠᠢᠯᠠᠭᠰᠠᠨ ᠠᠵᠢᠯ ᠤ᠋ᠨ ᠮᠡᠳᠡᠯᠭᠡ

(ᠭᠤᠷᠪᠠ) ᠦᠨᠳᠦᠰᠦᠲᠡᠨ ᠦ᠌ ᠬᠡᠯᠡ ᠪᠢᠴᠢᠭ ᠦ᠋ᠨ ᠠᠵᠢᠯ ᠤ᠋ᠨ ᠣᠨᠤᠯ ᠪᠠ ᠦᠢᠯᠡᠳᠦᠯᠭᠡ

(ᠳᠥᠷᠪᠡ) ᠮᠣᠩᠭᠤᠯ ᠬᠡᠯᠡ ᠪᠢᠴᠢᠭ ᠦ᠋ᠨ ᠣᠷᠴᠢᠭᠤᠯᠭ᠎ᠠ ᠶ᠋ᠢᠨ ᠣᠨᠤᠯ ᠪᠠ ᠦᠢᠯᠡᠳᠦᠯᠭᠡ

(ᠲᠠᠪᠤ) ᠳᠤᠮᠳᠠᠳᠤ ᠤᠯᠤᠰ ᠤ᠋ᠨ ᠦᠨᠳᠦᠰᠦᠲᠡᠨ ᠦ᠌ ᠬᠡᠯᠡ ᠪᠢᠴᠢᠭ ᠦ᠋ᠨ ᠣᠷᠴᠢᠭᠤᠯᠭ᠎ᠠ ᠶ᠋ᠢᠨ ᠲᠥᠪ (ᠲᠣᠪᠴᠢᠶ᠎ᠠ)᠂ ᠳᠤᠮᠳᠠᠳᠤ ᠤᠯᠤᠰ ᠤ᠋ᠨ ᠦᠨᠳᠦᠰᠦᠲᠡᠨ ᠦ᠌ ᠶᠡᠬᠡ ᠰᠤᠷᠭᠠᠭᠤᠯᠢ ᠵᠡᠷᠭᠡ ᠪᠠᠢᠭᠤᠯᠤᠮᠵᠢ ᠳ᠋ᠤ᠌ ᠴᠦ᠋ᠬᠡᠨ ᠲᠣᠭᠠᠲᠤ ᠦᠨᠳᠦᠰᠦᠲᠡᠨ ᠦ᠌ ᠬᠡᠯᠡᠨ ᠦ᠌ ᠣᠷᠴᠢᠭᠤᠯᠭ᠎ᠠ᠂ ᠵᠢᠭᠠᠨ ᠰᠤᠷᠭᠠᠯᠲᠠ ᠵᠢᠴᠢ ᠦᠨᠳᠦᠰᠦᠲᠡᠨ ᠦ᠌ ᠬᠡᠯᠡ ᠪᠠ ᠬᠢᠲᠠᠳ ᠬᠡᠯᠡ ᠬᠤᠶᠠᠷ ᠬᠡᠯᠡᠨ ᠦ᠌ ᠴᠢᠳᠠᠪᠤᠷᠢᠲᠠᠨ ᠤ᠋ ᠪᠣᠯᠪᠠᠰᠤᠷᠠᠯ ᠵᠡᠷᠭᠡ ᠠᠵᠢᠯ ᠢ᠋ ᠰᠤᠷᠤᠯᠴᠠᠨ ᠣᠢᠯᠠᠭᠠᠨ᠎ᠠ᠃

ᠬᠣᠶᠠᠷ᠂ ᠴᠠᠭ ᠪᠠ ᠭᠠᠵᠠᠷ ᠣᠷᠤᠨ

ᠴᠠᠭ ᠬᠤᠭᠤᠴᠠᠭ᠎ᠠ᠄ 2017 ᠣᠨ ᠤ᠋ 9 ᠰᠠᠷ᠎ᠠ ᠶ᠋ᠢᠨ 17 ᠤ᠋ ᠡᠳᠦᠷ ᠡᠴᠡ 23 ᠤ᠋ ᠡᠳᠦᠷ ᠪᠣᠯᠲᠠᠯ᠎ᠠ ( 9 ᠰᠠᠷ᠎ᠠ ᠶ᠋ᠢᠨ 17 ᠤ᠋ ᠡᠳᠦᠷ ᠦ᠋ᠨ ᠦᠳᠡ ᠶ᠋ᠢᠨ ᠬᠣᠢᠨ᠎ᠠ ᠨᠡᠷ᠎ᠡ ᠮᠡᠳᠡᠭᠦᠯᠵᠦ᠂ 9 ᠰᠠᠷ᠎ᠠ ᠶ᠋ᠢᠨ 23 ᠤ᠋ ᠡᠳᠦᠷ ᠦ᠋ᠨ ᠦᠳᠡ ᠶ᠋ᠢᠨ ᠡᠮᠦᠨ᠎ᠡ ᠪᠤᠴᠠᠨ᠎ᠠ)᠃

ᠭᠠᠵᠠᠷ ᠄ ᠪᠡᠭᠡᠵᠢᠩ ᠬᠣᠲᠠ ᠶ᠋ᠢᠨ ᠬᠠᠢ ᠳ᠋ᠢᠶᠠᠨ ᠲᠣᠭᠤᠷᠢᠭ ᠤ᠋ᠨ ᠵᠦᠩ ᠭᠤᠸᠠᠨ ᠼᠦᠨ ᠡᠮᠦᠨ᠎ᠡ ᠶᠡᠬᠡ ᠵᠡᠭᠡᠯᠢ ᠶ᠋ᠢᠨ 27 ᠳ᠋ᠤᠭᠠᠷ ᠨᠣᠮᠧᠷ ᠲᠥᠪ ᠦ᠋ᠨ ᠦᠨᠳᠦᠰᠦᠲᠡᠨ ᠦ᠌ ᠶᠡᠬᠡ ᠰᠤᠷᠭᠠᠭᠤᠯᠢ ( 9 ᠰᠠᠷ᠎ᠠ ᠶ᠋ᠢᠨ 17 ᠤ᠋ ᠡᠳᠦᠷ ᠦ᠋ᠨ ᠦᠳᠡ ᠶ᠋ᠢᠨ ᠬᠣᠢᠨ᠎ᠠ ᠪᠡᠭᠡᠵᠢᠩ ᠬᠣᠲᠠ ᠶ᠋ᠢᠨ ᠬᠠᠢ ᠳ᠋ᠢᠶᠠᠨ ᠲᠣᠭᠤᠷᠢᠭ ᠤ᠋ᠨ ᠹᠠ ᠬᠤᠸᠠ ᠰᠧ ᠵᠡᠭᠡᠯᠢ ᠶ᠋ᠢᠨ 22 ᠳ᠋ᠤᠭᠠᠷ ᠨᠣᠮᠧᠷ ᠦ᠋ᠨ ᠵᠦᠩ ᠰᠢᠶᠧ ᠪᠠᠭᠤᠳᠠᠯ ᠳ᠋ᠤ᠌ ᠨᠡᠷ᠎ᠡ ᠮᠡᠳᠡᠭᠦᠯᠦᠨ᠎ᠡ᠂ ᠵᠦᠩ ᠰᠢᠶᠧ ᠪᠠᠭᠤᠳᠠᠯ ᠤ᠋ᠨ ᠤᠲᠠᠰᠤ᠄ 010 —— 68413355)᠃

ᠭᠤᠷᠪᠠ᠂ ᠬᠠᠮᠢᠶ᠎ᠠ ᠪᠥᠬᠦᠢ ᠱᠠᠭᠠᠷᠳᠠᠯᠭ᠎ᠠ

(ᠨᠢᠭᠡ) ᠠᠵᠢᠯ ᠤ᠋ᠨ ᠣᠪᠤᠷ ᠰᠤᠷᠲᠠᠯ ᠢ᠋ ᠰᠠᠢᠵᠢᠷᠠᠭᠤᠯᠵᠤ᠂ ᠠᠷᠠᠳ ᠲᠦᠮᠡᠨ ᠲᠠᠢ ᠨᠢᠭᠲᠠ ᠬᠠᠷᠢᠯᠴᠠᠬᠤ ᠲᠥᠪ ᠦ᠋ᠨ ᠨᠠᠢ᠍ᠮᠠᠨ ᠲᠣᠭᠲᠠᠭᠠᠯ ᠤ᠋ᠨ ᠵᠣᠷᠢᠭ ᠰᠠᠨᠠᠭ᠎ᠠ ᠶ᠋ᠢ ᠨᠠᠷᠢᠨ ᠬᠢᠨᠠᠮᠠᠭᠠᠢ ᠲᠤᠭᠤᠰᠢᠯᠠᠭᠤᠯᠵᠤ᠂ ᠰᠤᠷᠤᠯᠴᠠᠬᠤ ᠰᠤᠷᠲᠠᠯ ᠤ᠋ᠨ ᠪᠦᠲᠦᠭᠡᠨ ᠪᠠᠢᠭᠤᠯᠤᠯᠲᠠ ᠶ᠋ᠢ ᠴᠢᠩᠭᠠᠳᠭᠠᠵᠤ᠂ ᠪᠣᠯᠪᠠᠰᠤᠷᠠᠯ ᠤ᠋ᠨ ᠰᠠᠬᠢᠯᠭ᠎ᠠ ᠪᠠᠲᠤ ᠶ᠋ᠢ ᠴᠢᠩᠭᠠᠳᠭᠠᠵᠤ᠂ ᠪᠣᠳᠠᠲᠠᠢ ᠦᠷ᠎ᠡ ᠪᠦᠲᠦᠭᠡᠯ ᠣᠯᠬᠤ ᠪᠠᠷ ᠴᠢᠷᠮᠠᠢᠨ᠎ᠠ᠃ ᠬᠡᠷᠪᠡ ᠲᠣᠭᠲᠠᠭᠠᠯ ᠢ᠋ ᠵᠥᠷᠢᠴᠡᠭᠰᠡᠨ ᠠᠵᠢᠯᠯᠠᠭ᠎ᠠ ᠪᠠᠢᠪᠠᠯ ᠲᠣᠮᠢᠯᠠᠭᠰᠠᠨ ᠪᠠᠢᠭᠤᠯᠭ᠎ᠠ ᠳ᠋ᠤ᠌ ᠮᠡᠳᠡᠭᠳᠡᠨ᠎ᠡ᠃

(ᠬᠣᠶᠠᠷ) ᠪᠣᠯᠪᠠᠰᠤᠷᠠᠯ ᠳ᠋ᠤ᠌ ᠣᠷᠤᠯᠴᠠᠭᠰᠠᠨ ᠬᠥᠮᠦᠨ ᠪᠣᠯᠭᠠᠨ ᠨᠢᠭᠡ ᠬᠤᠪᠢ ᠪᠣᠯᠪᠠᠰᠤᠷᠠᠯ ᠤ᠋ᠨ ᠥᠭᠦᠯᠡᠯ ᠪᠢᠴᠢᠬᠦ ᠬᠡᠷᠡᠭᠲᠡᠢ᠂ ᠦᠵᠡᠯ ᠣᠨᠣᠯᠲᠠ ᠲᠣᠳᠤᠷᠬᠠᠢ᠂ ᠠᠭᠤᠯᠭ᠎ᠠ ᠪᠦᠷᠢᠨ᠂ ᠢᠯᠡᠳᠭᠡᠬᠦ ᠨᠢ ᠣᠨᠤᠪᠴᠢᠲᠠᠢ᠂ ᠵᠠᠳᠠᠯᠤᠯᠲᠠ ᠨᠡᠪᠲᠡᠷᠬᠡᠢ ᠪᠠᠢᠬᠤ ᠶ᠋ᠢ ᠱᠠᠭᠠᠷᠳᠠᠵᠤ᠂ ᠦᠰᠦᠭ ᠦ᠋ᠨ ᠲᠣᠭ᠎ᠠ 5000 ᠣᠷᠴᠢᠮ᠂ ᠪᠣᠯᠪᠠᠰᠤᠷᠠᠯ ᠤ᠋ᠨ ᠠᠩᠭᠢ ᠲᠡᠭᠦᠰᠬᠦ ᠡᠴᠡ ᠡᠮᠦᠨ᠎ᠡ ᠥᠭᠦᠯᠡᠯ ᠢ᠋ᠶ᠋ᠡᠨ mzyw66508418@163.com  ᠬᠠᠶᠢᠭ ᠲᠤ᠌ ᠶᠠᠪᠤᠭᠤᠯᠤᠨ᠎ᠠ᠃

ᠳᠥᠷᠪᠡ᠂ ᠪᠤᠰᠤᠳ ᠶᠠᠪᠤᠳᠠᠯ ᠤ᠋ᠳ

(ᠨᠢᠭᠡ) ᠪᠣᠯᠪᠠᠰᠤᠷᠠᠯ ᠤ᠋ᠨ ᠬᠥᠮᠦᠰ ᠲᠣᠭᠲᠠᠭᠰᠠᠨ ᠬᠢᠴᠢᠶᠡᠯ ᠢ᠋ᠶ᠋ᠡᠨ ᠰᠤᠷᠴᠤ ᠪᠠᠷᠠᠭᠰᠠᠨ ᠤ᠋ ᠳᠠᠷᠠᠭ᠎ᠠ᠂ ᠰᠢᠯᠭᠠᠨ ᠬᠢᠨᠠᠯᠲᠠ ᠪᠡᠷ ᠬᠢᠷᠢ ᠲᠡᠩᠴᠡᠪᠡᠯ ᠰᠤᠷᠤᠯᠭ᠎ᠠ ᠲᠡᠭᠦᠰᠦᠭᠰᠡᠨ ᠦᠨᠡᠮᠯᠡᠯ ᠣᠯᠭᠤᠨ᠎ᠠ᠃

(ᠬᠣᠶᠠᠷ) ᠪᠣᠯᠪᠠᠰᠤᠷᠠᠯ ᠤ᠋ᠨ ᠬᠥᠮᠦᠰ ᠦ᠋ᠨ ᠢᠷᠡᠵᠦ ᠶᠠᠪᠤᠬᠤ ᠵᠠᠷᠤᠳᠠᠯ ᠢ᠋ ᠶᠠᠪᠤᠭᠤᠯᠤᠭᠰᠠᠨ ᠪᠠᠢᠭᠤᠯᠭ᠎ᠠ ᠬᠠᠷᠢᠭᠤᠴᠠᠵᠤ᠂ ᠰᠠᠭᠤᠵᠤ ᠢᠳᠡᠬᠦ ᠵᠠᠷᠤᠳᠠᠯ ᠢ᠋ ᠭᠣᠣᠯᠯᠠᠨ ᠡᠷᠬᠢᠯᠡᠭᠰᠡᠨ ᠪᠠᠢᠭᠤᠯᠭ᠎ᠠ ᠬᠠᠷᠢᠭᠤᠴᠠᠵᠤ᠂ ᠨᠡᠷ᠎ᠡ ᠮᠡᠳᠡᠭᠦᠯᠬᠦ ᠳ᠋ᠡᠭᠡᠨ ᠨᠢᠭᠡ ᠢᠮᠠᠬᠤ ᠶ᠋ᠢᠨ ᠮᠠᠯᠠᠭᠠᠢ ᠦᠭᠡᠢ ᠪᠤᠳᠤᠭᠲᠤ ᠰᠡᠭᠦᠳᠡᠷ 2 ᠲᠤᠰᠢᠶᠠᠬᠤ ᠬᠡᠷᠡᠭᠲᠡᠢ᠃

(ᠭᠤᠷᠪᠠ) ᠰᠤᠷᠤᠭᠴᠢᠳ ᠨᠡᠷ᠎ᠡ ᠮᠡᠳᠡᠭᠦᠯᠵᠦ ᠳᠠᠩᠰᠠᠯᠠᠬᠤ ᠬᠦᠰᠦᠨᠦᠭ ᠪᠠ ᠨᠡᠷ᠎ᠡ ᠮᠡᠳᠡᠭᠦᠯᠬᠦ ᠬᠠᠷᠢᠭᠤ ᠪᠠᠷᠢᠮᠲᠠ ᠶ᠋ᠢᠨ ᠬᠦᠰᠦᠨᠦᠭ ᠲᠠᠭᠯᠠᠭᠰᠠᠨ ᠤ᠋ ᠳᠠᠷᠠᠭ᠎ᠠ 8 ᠰᠠᠷ᠎ᠠ ᠶ᠋ᠢᠨ 18 ᠤ᠋ ᠡᠳᠦᠷ ᠡᠴᠡ ᠡᠮᠦᠨ᠎ᠡ nrs2014@163.com ᠬᠠᠶᠢᠭ ᠲᠤ᠌ ᠶᠠᠪᠤᠭᠤᠯᠤᠭᠠᠷᠠᠢ᠃

(ᠳᠥᠷᠪᠡ) ᠬᠠᠷᠢᠯᠴᠠᠬᠤ ᠬᠥᠮᠦᠨ᠄ ᠪᠠᠢ ᠴᠢᠩ ᠰᠦᠩ᠂ ᠬᠠᠷᠢᠯᠴᠠᠬᠤ ᠤᠲᠠᠰᠤ᠄ 15848396786᠃

 

        

     ᠥᠪᠦᠷ ᠮᠣᠩᠭᠤᠯ ᠤ᠋ᠨ ᠥᠪᠡᠷᠲᠡᠭᠡᠨ ᠵᠠᠰᠠᠬᠤ ᠣᠷᠤᠨ ᠤ᠋ ᠦᠨᠳᠦᠰᠦᠲᠡᠨ ᠦ᠌ ᠬᠡᠷᠡᠭ ᠡᠷᠬᠢᠯᠡᠬᠦ ᠵᠥᠪᠯᠡᠯ

                     2017 ᠣᠨ ᠤ᠋ 8 ᠰᠠᠷ᠎ᠠ ᠶ᠋ᠢᠨ 15 ᠤ᠋ ᠡᠳᠦᠷ

 

ᠣᠷᠴᠢᠭᠤᠯᠤᠭᠴᠢ᠄ ᠲᠥᠷᠦᠴᠢᠨ

ᠬᠢᠨᠠᠭᠴᠢ᠄ ᠠᠯᠲᠠᠨ᠌ᠣ᠋ᠳᠣ

ᠬᠠᠷᠢᠭᠤᠴᠠᠭᠰᠠᠨ ᠨᠠᠢᠷᠠᠭᠤᠯᠤᠭᠴᠢ᠄ ᠯᠢᠶᠠᠩ ᠬᠠᠢ ᠢᠦᠢ

ᠳᠠᠭᠠᠯᠲᠠ ᠮᠠᠲ᠋ᠧᠷᠢᠶᠠᠯ᠄ 第10期全国民族语文翻译工作业务骨干高级研修班名额分配表.docx
ᠸᠢᠴᠠᠲ ᠲᠤ ᠪᠠᠨ ᠬᠤᠪᠢᠶᠠᠯᠴᠠᠬᠤ