ᠮᠣᠩᠭᠤᠯ ᠵᠥᠪ ᠪᠢᠴᠢᠯᠭᠡ ᠢ᠋ᠢᠨ ᠺᠣᠮᠢᠰ

 

ᠥᠪᠦᠷ  ᠮᠣᠩᠭᠤᠯ ᠤ᠋ᠨ ᠥᠪᠡᠷᠲᠡᠭᠡᠨ  ᠵᠠᠰᠠᠬᠤ  ᠣᠷᠤᠨ ᠤ᠋

ᠮᠣᠩᠭᠤᠯ ᠦᠰᠦᠭ ᠦ᠋ᠨ ᠵᠥᠪ ᠪᠢᠴᠢᠯᠭᠡ ᠶᠢᠨ ᠺᠣᠮᠢᠰ ᠤᠨ ᠳᠦᠷᠢᠮ


          (ᠥᠪᠦᠷ ᠦᠨᠳᠦᠰᠦᠲᠡᠨ ᠦ ᠵᠥᠪᠯᠡᠯ ᠲᠠᠷᠬᠠᠭᠠᠭᠰᠠᠨ 〔2017〕 8 ᠳ᠋ᠤᠭᠠᠷ ᠲᠣᠭᠠᠲᠤ)

                                                                                ᠨᠢᠭᠡᠳᠦᠭᠡᠷ ᠪᠦᠯᠦᠭ  ᠶᠡᠷᠦᠩᠬᠡᠢ ᠳᠦᠷᠢᠮ

 

ᠨᠢᠭᠡᠳᠦᠭᠡᠷ ᠵᠦᠢᠯ  ᠮᠣᠩᠭᠤᠯ ᠦᠭᠡ ᠬᠡᠯᠡ ᠦᠰᠦᠭ ᠪᠢᠴᠢᠭ ᠦ᠋ᠨ ᠳᠦᠷᠢᠮᠵᠢᠭᠦᠯᠦᠯᠲᠡ᠂ ᠪᠠᠷᠢᠮᠵᠢᠶᠠᠵᠢᠭᠤᠯᠤᠯᠲᠠ᠂ ᠮᠡᠳᠡᠭᠡ ᠵᠠᠩᠭᠢᠵᠢᠯᠲᠠ ᠶᠢ ᠠᠬᠢᠭᠤᠯᠬᠤ ᠶᠢᠨ ᠲᠥᠯᠦᠭᠡ᠂ 《ᠥᠪᠦᠷ ᠮᠣᠩᠭᠤᠯ ᠤ᠋ᠨ ᠥᠪᠡᠷᠲᠡᠭᠡᠨ ᠵᠠᠰᠠᠬᠤ ᠣᠷᠤᠨ ᠤ᠋ ᠮᠣᠩᠭᠤᠯ ᠦᠭᠡ ᠬᠡᠯᠡ ᠦᠰᠦᠭ ᠪᠢᠴᠢᠭ ᠦ᠋ᠨ ᠠᠵᠢᠯ ᠤᠨ ᠳᠦᠷᠢᠮ》᠂ 《ᠥᠪᠦᠷ ᠮᠣᠩᠭᠤᠯ ᠤ᠋ᠨ ᠥᠪᠡᠷᠲᠡᠭᠡᠨ ᠵᠠᠰᠠᠬᠤ ᠣᠷᠤᠨ ᠤ᠋ ᠠᠷᠠᠳ ᠤᠨ ᠵᠠᠰᠠᠭ ᠤᠨ ᠣᠷᠳᠤᠨ ᠤ᠋ ᠠᠯᠪᠠᠨ ᠲᠢᠩᠬᠢᠮ ᠦ᠋ᠨ ᠥᠪᠡᠷᠲᠡᠭᠡᠨ ᠵᠠᠰᠠᠬᠤ ᠣᠷᠤᠨ ᠤ᠋ ᠮᠣᠩᠭᠤᠯ ᠨᠡᠷ᠎ᠡ ᠲᠣᠮᠢᠶᠠᠨ ᠤ᠋ ᠺᠣᠮᠢᠰ ᠲᠤ᠌ ᠲᠣᠬᠢᠷᠠᠭᠤᠯᠤᠯᠲᠠ ᠬᠢᠵᠦ᠂ ᠥᠪᠡᠷᠲᠡᠭᠡᠨ ᠵᠠᠰᠠᠬᠤ ᠣᠷᠤᠨ ᠤ᠋ ᠮᠣᠩᠭᠤᠯ ᠬᠡᠯᠡᠨ ᠦ᠌ ᠪᠠᠷᠢᠮᠵᠢᠶ᠎ᠠ ᠠᠪᠢᠶᠠᠨ ᠤ ᠠᠵᠢᠯ ᠤᠨ ᠺᠣᠮᠢᠰ ᠪᠠ ᠥᠪᠡᠷᠲᠡᠭᠡᠨ ᠵᠠᠰᠠᠬᠤ ᠣᠷᠤᠨ ᠤ᠋ ᠮᠣᠩᠭᠤᠯ ᠦᠰᠦᠭ ᠦ᠋ᠨ ᠵᠥᠪ ᠪᠢᠴᠢᠯᠭᠡ ᠶᠢᠨ ᠺᠣᠮᠢᠰ ᠪᠠᠢᠭᠤᠯᠬᠤ ᠶ᠋ᠢ ᠵᠥᠪᠰᠢᠶᠡᠷᠡᠭᠰᠡᠨ ᠴᠤᠬᠤᠯᠠᠪᠤᠷᠢ》(ᠥᠪᠦᠷ ᠵᠠᠰᠠᠭ ᠠᠯᠪᠠᠨ ᠦᠰᠦᠭ ᠦ᠋ᠨ 〔1997〕80 ᠳ᠋ᠤᠭᠠᠷ ᠲᠣᠭᠠᠲᠤ) ᠶᠢᠨ ᠬᠣᠯᠪᠤᠭᠳᠠᠯ ᠪᠦᠬᠦᠢ ᠲᠣᠭᠲᠠᠭᠠᠯ ᠢ᠋ ᠦᠨᠳᠦᠰᠦᠯᠡᠵᠦ ᠲᠤᠰ ᠳᠦᠷᠢᠮ ᠢ᠋ ᠲᠣᠭᠲᠠᠭᠠᠪᠠ᠃

ᠬᠣᠶᠠᠳᠤᠭᠠᠷ ᠵᠦᠢᠯ  ᠥᠪᠦᠷ ᠮᠣᠩᠭᠤᠯ ᠤ᠋ᠨ ᠥᠪᠡᠷᠲᠡᠭᠡᠨ ᠵᠠᠰᠠᠬᠤ ᠣᠷᠤᠨ ᠤ᠋ ᠮᠣᠩᠭᠤᠯ ᠦᠰᠦᠭ ᠦ᠋ᠨ ᠵᠥᠪ ᠪᠢᠴᠢᠯᠭᠡ  ᠶᠢᠨ ᠺᠣᠮᠢᠰ (ᠳᠣᠷᠤᠭᠰᠢ ᠵᠥᠪ ᠪᠢᠴᠢᠯᠭᠡ ᠶᠢᠨ ᠺᠣᠮᠢᠰ ᠭᠡᠵᠦ ᠲᠣᠪᠴᠢᠯᠠᠨ᠎ᠠ) ᠪᠣᠯ ᠥᠪᠡᠷᠲᠡᠭᠡᠨ ᠵᠠᠰᠠᠬᠤ ᠣᠷᠤᠨ ᠤ᠋ ᠠᠷᠠᠳ ᠤᠨ ᠵᠠᠰᠠᠭ ᠤᠨ ᠣᠷᠳᠤᠨ ᠤ᠋ ᠵᠥᠪᠰᠢᠶᠡᠷᠡᠯ ᠢᠶᠡᠷ ᠪᠠᠢᠭᠤᠯᠤᠭᠳᠠᠵᠤ᠂ ᠥᠪᠡᠷᠲᠡᠭᠡᠨ ᠵᠠᠰᠠᠬᠤ ᠣᠷᠤᠨ ᠤ᠋ ᠦᠨᠳᠦᠰᠦᠲᠡᠨ ᠦ᠌ ᠬᠡᠷᠡᠭ ᠡᠷᠬᠢᠯᠡᠬᠦ ᠵᠥᠪᠯᠡᠯ (ᠮᠣᠩᠭᠤᠯ ᠬᠡᠯᠡ ᠪᠢᠴᠢᠭ ᠦ᠋ᠨ ᠠᠵᠢᠯ ᠤᠨ ᠵᠥᠪᠯᠡᠯ) ᠠᠴᠠ ᠤᠳᠤᠷᠢᠳᠤᠭᠰᠠᠨ ᠮᠣᠩᠭᠤᠯ ᠦᠰᠦᠭ ᠦ᠋ᠨ ᠪᠢᠴᠢᠯᠭᠡ ᠶᠢᠨ ᠬᠡᠯᠪᠡᠷᠢ ᠪᠠ ᠲᠡᠭᠦᠨ ᠦ ᠳᠦᠷᠢᠮ ᠢ᠋ ᠲᠤᠰᠭᠠᠢ ᠬᠠᠷᠢᠭᠤᠴᠠᠨ ᠳᠦᠷᠢᠮᠵᠢᠭᠦᠯᠬᠦ ᠲᠤᠰᠭᠠᠢ ᠮᠡᠷᠭᠡᠵᠢᠯ ᠦ᠋ᠨ ᠴᠢᠨᠠᠷ ᠲᠠᠢ ᠡᠷᠬᠡᠲᠦ ᠪᠠᠢᠭᠤᠯᠤᠮᠵᠢ ᠮᠥᠨ᠃

ᠭᠤᠷᠪᠠᠳᠤᠭᠠᠷ ᠵᠦᠢᠯ  ᠵᠥᠪ ᠪᠢᠴᠢᠯᠭᠡ ᠶᠢᠨ ᠺᠣᠮᠢᠰ 《ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ ᠤᠨ ᠦᠨᠳᠦᠰᠦᠨ ᠬᠠᠤᠯᠢ》᠂ 《ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ ᠤᠨ ᠦᠨᠳᠦᠰᠦᠲᠡᠨ ᠦ᠌ ᠣᠷᠤᠨ ᠤ᠋ ᠥᠪᠡᠷᠲᠡᠭᠡᠨ ᠵᠠᠰᠠᠬᠤ ᠬᠠᠤᠯᠢ》᠂ 《ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠦ᠋ᠨ ᠬᠠᠤᠯᠢ》᠂ 《ᠥᠪᠦᠷ ᠮᠣᠩᠭᠤᠯ ᠤ᠋ᠨ ᠥᠪᠡᠷᠲᠡᠭᠡᠨ ᠵᠠᠰᠠᠬᠤ ᠣᠷᠤᠨ ᠤ᠋ ᠮᠣᠩᠭᠤᠯ ᠦᠭᠡ ᠬᠡᠯᠡ ᠦᠰᠦᠭ ᠪᠢᠴᠢᠭ ᠦ᠋ᠨ ᠠᠵᠢᠯ ᠤᠨ ᠳᠦᠷᠢᠮ》 ᠵᠢᠴᠢ ᠬᠣᠯᠪᠤᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠵᠢᠷᠤᠮᠯᠠᠵᠤ᠂ ᠬᠠᠤᠯᠢ ᠶᠣᠰᠣᠭᠠᠷ ᠠᠵᠢᠯ ᠢᠶᠠᠨ ᠥᠷᠨᠢᠭᠦᠯᠬᠦ ᠬᠡᠷᠡᠭᠲᠡᠢ᠃

ᠳᠥᠷᠪᠡᠳᠦᠭᠡᠷ ᠵᠦᠢᠯ  ᠵᠥᠪ ᠪᠢᠴᠢᠯᠭᠡ ᠶᠢᠨ ᠺᠣᠮᠢᠰ ᠤᠨ ᠳᠦᠷᠢᠮᠵᠢᠭᠦᠯᠦᠭᠰᠡᠨ ᠮᠣᠩᠭᠤᠯ ᠦᠰᠦᠭ ᠦ᠋ᠨ ᠪᠢᠴᠢᠯᠭᠡ ᠶᠢᠨ ᠬᠡᠯᠪᠡᠷᠢ ᠪᠠ ᠲᠡᠭᠦᠨ ᠦ᠌ ᠳᠦᠷᠢᠮ  ᠨᠢ ᠡᠷᠬᠡᠲᠦ ᠴᠢᠨᠠᠷ ᠪᠠ ᠬᠢᠵᠠᠭᠠᠷᠯᠠᠬᠤ ᠬᠦᠴᠦᠨ ᠲᠡᠢ ᠪᠠᠢᠳᠠᠭ᠂ ᠪᠦᠬᠦ ᠣᠷᠤᠨ ᠤ᠋ ᠡᠯ᠎ᠡ ᠱᠠᠲᠤᠨ ᠤ ᠲᠥᠷᠦ ᠶ᠋ᠢᠨ ᠪᠠᠢᠭᠤᠯᠭ᠎ᠠ᠂ ᠠᠷᠠᠳ ᠤᠨ ᠪᠦᠯᠬᠦᠮ᠂ ᠠᠵᠤ ᠠᠬᠤᠢᠯᠠᠯ ᠠᠵᠢᠯ ᠦᠢᠯᠡᠰ ᠦ᠋ᠨ ᠨᠢᠭᠡᠴᠢ ᠵᠢᠷᠤᠮᠯᠠᠨ ᠬᠡᠷᠡᠭᠯᠡᠬᠦ ᠬᠡᠷᠡᠭᠲᠡᠢ᠃

ᠲᠠᠪᠤᠳᠤᠭᠠᠷ ᠵᠦᠢᠯ  ᠵᠥᠪ ᠪᠢᠴᠢᠯᠭᠡ ᠶᠢᠨ ᠺᠣᠮᠢᠰ ᠤᠨ ᠠᠵᠢᠯ ᠳᠤ ᠳᠣᠣᠷᠠᠬᠢ ᠵᠠᠷᠴᠢᠮ ᠢ ᠪᠠᠷᠢᠮᠲᠠᠯᠠᠬᠤ ᠬᠡᠷᠡᠭᠲᠡᠢ᠄

(ᠨᠢᠭᠡ) ᠮᠣᠩᠭᠤᠯ ᠦᠰᠦᠭ ᠦ᠋ᠨ ᠪᠢᠴᠢᠯᠭᠡ ᠶᠢᠨ ᠬᠡᠯᠪᠡᠷᠢ ᠪᠠ ᠲᠡᠭᠦᠨ ᠦ᠌ ᠳᠦᠷᠢᠮ  ᠨᠢ ᠥᠷᠭᠡᠨ ᠤᠯᠠᠨ ᠠᠷᠠᠳ ᠲᠦᠮᠡᠨ ᠦ᠌ ᠮᠣᠩᠭᠤᠯ ᠬᠡᠯᠡ ᠶᠢ ᠰᠤᠷᠴᠤ ᠬᠡᠷᠡᠭᠯᠡᠬᠦ ᠳ᠋ᠦ᠍ ᠠᠰᠢᠭᠲᠠᠢ ᠪᠠᠢᠬᠤ ᠬᠡᠷᠡᠭᠲᠡᠢ᠂ ᠮᠣᠩᠭᠤᠯ ᠦᠨᠳᠦᠰᠦᠲᠡᠨ ᠦ᠌ ᠰᠢᠨᠵᠢᠯᠡᠬᠦ ᠤᠬᠠᠭᠠᠨ ᠰᠣᠶᠤᠯ ᠤ᠋ᠨ ᠬᠢᠷᠢ ᠲᠦᠪᠰᠢᠨ ᠢ ᠳᠡᠭᠡᠭᠰᠢᠯᠡᠭᠦᠯᠬᠦ  ᠳᠤ ᠠᠰᠢᠭᠲᠠᠢ ᠪᠠᠢᠬᠤ ᠬᠡᠷᠡᠭᠲᠡᠢ᠃

(ᠬᠤᠶᠠᠷ) ᠮᠣᠩᠭᠤᠯ ᠦᠰᠦᠭ ᠦ᠋ᠨ ᠪᠢᠴᠢᠯᠭᠡ ᠶᠢᠨ ᠬᠡᠯᠪᠡᠷᠢ ᠪᠠ ᠲᠡᠭᠦᠨ ᠦ᠌ ᠳᠦᠷᠢᠮ ᠢ᠋ ᠳᠦᠷᠢᠮᠵᠢᠭᠦᠯᠬᠦ ᠳ᠋ᠦ᠍ ᠪᠡᠨ ᠣᠳᠤ ᠬᠡᠷᠡᠭᠯᠡᠵᠦ ᠪᠠᠢᠭ᠎ᠠ ᠮᠣᠩᠭᠤᠯ ᠦᠰᠦᠭ ᠦ᠋ᠨ ᠲᠣᠭᠲᠠᠯᠴᠠᠭ᠎ᠠ ᠶ᠋ᠢᠨ ᠬᠡᠪᠴᠢᠶᠡᠨ ᠳ᠋ᠦ᠍ ᠤᠯᠠᠮᠵᠢᠯᠠᠯᠲᠤ ᠵᠥᠪ ᠪᠢᠴᠢᠯᠭᠡ ᠶᠢᠨ ᠳᠦᠷᠢᠮ ᠢ᠋ ᠬᠦᠨᠳᠦᠳᠭᠡᠵᠦ᠂ ᠴᠠᠭᠠᠨ ᠲᠣᠯᠤᠭᠠᠢ ᠶ᠋ᠢᠨ ᠰᠢᠰᠲ᠋ᠧᠮ ᠲᠡᠢ ᠦᠯᠦ ᠬᠣᠯᠪᠤᠭᠳᠠᠭᠤᠯᠬᠤ ᠰᠠᠭᠤᠷᠢᠨ ᠳᠡᠭᠡᠷ᠎ᠡ ᠶᠠᠪᠤᠭᠳᠠᠭᠤᠯᠤᠨ᠎ᠠ᠃

(ᠭᠤᠷᠪᠠ) ᠮᠣᠩᠭᠤᠯ ᠦᠰᠦᠭ ᠦ᠋ᠨ ᠵᠥᠪ ᠪᠢᠴᠢᠯᠭᠡ ᠶᠢᠨ ᠳᠦᠷᠢᠮ ᠢ᠋ ᠭᠦᠨᠵᠡᠭᠡᠢ ᠰᠤᠳᠤᠯᠬᠤ ᠪᠥᠭᠡᠳ ᠤᠯᠠᠨ ᠲᠦᠮᠡᠨ ᠦ᠌ ᠰᠠᠨᠠᠯ ᠢ ᠥᠷᠭᠡᠨ ᠢ᠋ᠶ᠋ᠡᠷ ᠬᠦᠯᠢᠶᠡᠨ ᠠᠪᠤᠭᠰᠠᠨ ᠰᠠᠭᠤᠷᠢᠨ ᠳᠡᠭᠡᠷ᠎ᠡ ᠪᠦᠷᠢᠨ ᠭᠦᠢᠴᠡᠳ ᠶᠠᠷᠢᠯᠴᠠᠭᠰᠠᠨ ᠤ ᠰᠡᠭᠦᠯᠡᠷ ᠰᠠᠶᠢ ᠨᠡᠢᠭᠡᠮ ᠨᠡᠢᠲᠡ ᠳ᠋ᠦ᠍ ᠨᠡᠢᠲᠡᠯᠡᠨ᠎ᠡ᠃

 

ᠬᠣᠶᠠᠳᠤᠭᠠᠷ ᠪᠦᠯᠦᠭ  ᠠᠵᠢᠯ ᠤᠨ ᠡᠭᠦᠷᠭᠡ

 

ᠵᠢᠷᠭᠤᠳᠤᠭᠠᠷ ᠵᠦᠢᠯ  ᠵᠥᠪ ᠪᠢᠴᠢᠯᠭᠡ ᠶᠢᠨ ᠺᠣᠮᠢᠰ ᠤᠨ ᠭᠣᠣᠯ ᠡᠭᠦᠷᠭᠡ ᠬᠠᠷᠢᠭᠤᠴᠠᠯᠭ᠎ᠠ ᠪᠣᠯ ᠳᠣᠣᠷᠠᠬᠢ ᠮᠡᠲᠦ᠄

(ᠨᠢᠭᠡ) ᠥᠪᠡᠷᠲᠡᠭᠡᠨ ᠵᠠᠰᠠᠬᠤ ᠣᠷᠤᠨ ᠤ᠋ ᠮᠣᠩᠭᠤᠯ ᠦᠰᠦᠭ ᠦ᠋ᠨ ᠵᠥᠪ ᠪᠢᠴᠢᠯᠭᠡ ᠶᠢᠨ ᠠᠵᠢᠯ ᠤᠨ ᠴᠢᠭᠯᠡᠯᠲᠡ᠂ ᠲᠥᠷᠦ ᠶ᠋ᠢᠨ ᠪᠣᠳᠤᠯᠭ᠎ᠠ᠂ ᠵᠠᠷᠴᠢᠮ ᠢ ᠲᠣᠭᠲᠠᠭᠠᠨ ᠬᠡᠷᠡᠭᠵᠢᠭᠦᠯᠬᠦ ᠳ᠋ᠦ᠍ ᠠᠰᠠᠭᠤᠨ ᠯᠠᠪᠯᠠᠬᠤ ᠦᠢᠯᠡᠴᠢᠯᠡᠭᠡᠨ ᠢ ᠬᠠᠩᠭᠠᠵᠤ᠂ ᠮᠣᠩᠭᠤᠯ ᠦᠰᠦᠭ ᠦ᠋ᠨ ᠵᠥᠪ ᠪᠢᠴᠢᠯᠭᠡ ᠶᠢᠨ ᠠᠵᠢᠯ ᠤᠨ ᠳᠤᠮᠳᠠ ᠤᠷᠲᠤ ᠬᠤᠭᠤᠴᠠᠭᠠᠨ ᠤ ᠲᠥᠯᠦᠪᠵᠢᠭᠦᠯᠬᠡ ᠶ᠋ᠢ ᠰᠤᠳᠤᠯᠤᠨ ᠲᠣᠭᠲᠠᠭᠠᠨ᠎ᠠ᠃

(ᠬᠤᠶᠠᠷ) ᠮᠣᠩᠭᠤᠯ ᠦᠰᠦᠭ ᠦ᠋ᠨ ᠪᠢᠴᠢᠯᠭᠡ ᠶᠢᠨ ᠬᠡᠯᠪᠡᠷᠢ ᠪᠠ ᠲᠡᠭᠦᠨ ᠦ᠌ ᠳᠦᠷᠢᠮ ᠢ᠋ ᠳᠦᠷᠢᠮᠵᠢᠭᠦᠯᠵᠦ᠂ ᠮᠣᠩᠭᠤᠯ ᠦᠰᠦᠭ ᠦ᠋ᠨ ᠵᠥᠪ ᠪᠢᠴᠢᠯᠭᠡ ᠶᠢᠨ ᠳᠦᠷᠢᠮ ᠢ᠋ ᠲᠡᠭᠦᠯᠳᠡᠷᠵᠢᠭᠦᠯᠵᠦ᠂《ᠮᠣᠩᠭᠤᠯ ᠦᠰᠦᠭ ᠦ᠋ᠨ ᠵᠥᠪ ᠪᠢᠴᠢᠯᠭᠡ ᠶᠢᠨ ᠲᠣᠯᠢ ᠪᠢᠴᠢᠭ》 ᠢ ᠨᠠᠢᠷᠠᠭᠤᠯᠤᠨ ᠪᠢᠴᠢᠵᠦ ᠵᠠᠰᠠᠪᠤᠷᠢ ᠣᠷᠤᠭᠤᠯᠤᠨ᠎ᠠ᠃

(ᠭᠤᠷᠪᠠ) ᠮᠣᠩᠭᠤᠯ ᠦᠰᠦᠭ ᠦ᠋ᠨ ᠵᠥᠪ ᠪᠢᠴᠢᠯᠭᠡ ᠶᠢᠨ ᠳᠦᠷᠢᠮ ᠢ᠋ ᠤᠬᠠᠭᠤᠯᠵᠤ ᠳᠡᠯᠭᠡᠷᠡᠭᠦᠯᠬᠦ ᠪᠠ ᠬᠡᠷᠡᠭᠯᠡᠵᠦ ᠲᠦᠭᠡᠮᠡᠯᠵᠢᠭᠦᠯᠬᠦ ᠠᠵᠢᠯ ᠢ ᠵᠣᠬᠢᠶᠠᠨ ᠪᠠᠢᠭᠤᠯᠵᠤ᠂ ᠵᠣᠬᠢᠴᠠᠭᠤᠯᠵᠤ ᠵᠢᠯᠤᠭᠤᠳᠤᠨ᠎ᠠ᠃

(ᠳᠥᠷᠪᠡ) ᠮᠣᠩᠭᠤᠯ ᠦᠰᠦᠭ ᠦ᠋ᠨ ᠵᠥᠪ ᠪᠢᠴᠢᠯᠭᠡ ᠶᠢᠨ ᠳᠦᠷᠢᠮ ᠢ᠋ ᠬᠡᠷᠡᠭᠯᠡᠵᠦ ᠪᠠᠢᠭ᠎ᠠ ᠪᠠᠢᠳᠠᠯ ᠳ᠋ᠤ᠌ ᠪᠠᠢᠴᠠᠭᠠᠨ ᠰᠤᠳᠤᠯᠤᠯᠲᠠ ᠬᠢᠬᠦ᠂ ᠬᠢᠨᠠᠯᠲᠠ ᠲᠠᠯᠪᠢᠬᠤ᠂ ᠪᠠᠢᠴᠠᠭᠠᠬᠤ ᠠᠵᠢᠯ ᠢ ᠥᠷᠨᠢᠭᠦᠯᠦᠨ᠎ᠡ᠃

(ᠲᠠᠪᠤ) ᠮᠣᠩᠭᠤᠯ ᠦᠰᠦᠭ ᠦ᠋ᠨ ᠵᠥᠪ ᠪᠢᠴᠢᠯᠭᠡ ᠶᠢᠨ ᠳᠦᠷᠢᠮ ᠦ᠋ᠨ ᠣᠨᠤᠯ ᠪᠠ ᠬᠡᠷᠡᠭᠯᠡᠭᠡᠨ ᠦ᠌ ᠲᠤᠬᠠᠢ ᠰᠤᠳᠤᠯᠭᠠᠨ ᠢ ᠥᠷᠨᠢᠭᠦᠯᠦᠨ᠎ᠡ᠃

(ᠵᠢᠷᠭᠤᠭ᠎ᠠ) ᠮᠣᠩᠭᠤᠯ ᠦᠰᠦᠭ ᠦ᠋ᠨ ᠵᠥᠪ ᠪᠢᠴᠢᠯᠭᠡ ᠶᠢᠨ ᠳᠦᠷᠢᠮ ᠦ᠋ᠨ ᠮᠤᠵᠢ ᠣᠷᠤᠨ ᠠᠯᠤᠰᠯᠠᠭᠰᠠᠨ ᠰᠣᠯᠢᠯᠴᠠᠭ᠎ᠠ ᠪᠠ ᠬᠠᠮᠲᠤᠷᠠᠯᠴᠠᠭ᠎ᠠ ᠶᠢ ᠥᠷᠨᠢᠭᠦᠯᠦᠨ᠎ᠡ᠃

(ᠳᠣᠯᠤᠭ᠎ᠠ) ᠪᠦᠬᠦ ᠨᠡᠢᠭᠡᠮ ᠳ᠋ᠦ᠍ ᠮᠣᠩᠭᠤᠯ ᠦᠰᠦᠭ ᠦ᠋ᠨ ᠵᠥᠪ ᠪᠢᠴᠢᠯᠭᠡ ᠶᠢᠨ ᠳᠦᠷᠢᠮ ᠦ᠋ᠨ ᠬᠣᠯᠪᠤᠭᠳᠠᠯ ᠪᠦᠬᠦᠢ ᠠᠰᠠᠭᠤᠨ ᠯᠠᠪᠯᠠᠬᠤ ᠦᠢᠯᠡᠴᠢᠯᠡᠭᠡᠨ ᠢ ᠬᠠᠩᠭᠠᠨ᠎ᠠ᠃

(ᠨᠠᠢ᠍ᠮᠠ) ᠥᠪᠡᠷᠲᠡᠭᠡᠨ ᠵᠠᠰᠠᠬᠤ ᠣᠷᠤᠨ ᠤ᠋ ᠠᠷᠠᠳ ᠤᠨ ᠵᠠᠰᠠᠭ ᠤᠨ ᠣᠷᠳᠤᠨ ᠪᠠ ᠲᠡᠭᠦᠨ ᠦ᠌ ᠬᠣᠯᠪᠤᠭᠳᠠᠯ ᠪᠦᠬᠦᠢ ᠰᠠᠯᠠᠭ᠎ᠠ ᠮᠥᠴᠢᠷ ᠦ᠋ᠨ ᠲᠤᠰᠢᠶᠠᠭᠰᠠᠨ ᠮᠣᠩᠭᠤᠯ ᠦᠰᠦᠭ ᠦ᠋ᠨ ᠵᠥᠪ ᠪᠢᠴᠢᠯᠭᠡ ᠶᠢᠨ ᠳᠦᠷᠢᠮ ᠳ᠋ᠦ᠍ ᠬᠣᠯᠪᠤᠭᠳᠠᠭᠰᠠᠨ ᠪᠤᠰᠤᠳ ᠵᠦᠢᠯ ᠦᠳ ᠢ ᠳᠠᠭᠠᠭᠠᠴᠢᠯᠠᠨ᠎ᠠ᠃

 

 ᠭᠤᠷᠪᠠᠳᠤᠭᠠᠷ ᠪᠦᠯᠦᠭ  ᠵᠣᠬᠢᠶᠠᠨ ᠪᠠᠢᠭᠤᠯᠤᠯᠲᠠ ᠶ᠋ᠢᠨ ᠪᠠᠢᠭᠤᠯᠤᠮᠵᠢ

 

ᠳᠣᠯᠤᠳᠤᠭᠠᠷ ᠵᠦᠢᠯ  ᠵᠥᠪ ᠪᠢᠴᠢᠯᠭᠡ ᠶᠢᠨ ᠺᠣᠮᠢᠰ ᠨᠢ ᠡᠯ᠎ᠡ ᠠᠢᠮᠠᠭ ᠬᠣᠲᠠ ᠪᠠ ᠣᠷᠤᠨ ᠤ᠋ ᠰᠢᠭᠤᠳ ᠬᠠᠷᠢᠶ᠎ᠠ ᠡᠯ᠎ᠡ ᠬᠣᠯᠪᠤᠭᠳᠠᠯ ᠪᠦᠬᠦᠢ ᠰᠠᠯᠠᠭ᠎ᠠ ᠮᠥᠴᠢᠷ ᠦ᠋ᠨ ᠬᠠᠷᠢᠭᠤᠴᠠᠯᠭᠠᠲᠠᠨ᠂ ᠡᠯ᠎ᠡ ᠬᠣᠯᠪᠤᠭᠳᠠᠯ ᠪᠦᠬᠦᠢ ᠶᠡᠬᠡ ᠳᠡᠭᠡᠳᠦ ᠰᠤᠷᠭᠠᠭᠤᠯᠢ ᠪᠠ ᠡᠷᠳᠡᠮ ᠰᠢᠨᠵᠢᠯᠡᠭᠡᠨ ᠦ᠌ ᠪᠠᠢᠭᠤᠯᠤᠮᠵᠢ ᠶ᠋ᠢᠨ ᠨᠡᠯᠢᠶᠡᠳ ᠥᠨᠳᠦᠷ ᠡᠷᠳᠡᠮ ᠦ᠋ᠨ ᠲᠦᠪᠰᠢᠨ ᠲᠡᠢ ᠡᠷᠳᠡᠮᠲᠡᠳ ᠢ᠋ᠶ᠋ᠡᠷ ᠪᠦᠷᠢᠯᠳᠦᠨ᠎ᠡ᠃

ᠺᠣᠮᠢᠰ ᠤ᠋ᠨ ᠭᠡᠰᠢᠭᠦᠨ ᠢ᠋ ᠡᠩ ᠦ᠋ᠨ ᠪᠠᠢᠳᠠᠯ ᠳᠣᠣᠷ᠎ᠠ ᠬᠣᠯᠪᠤᠭᠳᠠᠯ ᠪᠦᠬᠦᠢ ᠪᠠᠢᠭᠤᠯᠭ᠎ᠠ ᠨᠢᠭᠡᠴᠢ ᠡᠴᠡ ᠲᠠᠨᠢᠯᠴᠠᠭᠤᠯᠵᠤ᠂ ᠵᠥᠪ ᠪᠢᠴᠢᠯᠭᠡ ᠶᠢᠨ ᠺᠣᠮᠢᠰ ᠤᠨ ᠪᠦᠭᠦᠳᠡ ᠬᠤᠷᠠᠯ ᠢᠶᠠᠷ ᠰᠣᠩᠭᠤᠵᠤ᠂ ᠥᠪᠡᠷᠲᠡᠭᠡᠨ ᠵᠠᠰᠠᠬᠤ ᠣᠷᠤᠨ ᠤ᠋ ᠦᠨᠳᠦᠰᠦᠲᠡᠨ ᠦ᠌ ᠬᠡᠷᠡᠭ ᠡᠷᠬᠢᠯᠡᠬᠦ ᠵᠥᠪᠯᠡᠯ (ᠮᠣᠩᠭᠤᠯ ᠬᠡᠯᠡ ᠪᠢᠴᠢᠭ ᠦ᠋ᠨ ᠠᠵᠢᠯ ᠤᠨ ᠵᠥᠪᠯᠡᠯ) ᠢᠶᠠᠷ ᠳᠠᠮᠵᠢᠨ ᠥᠪᠡᠷᠲᠡᠭᠡᠨ ᠵᠠᠰᠠᠬᠤ ᠣᠷᠤᠨ ᠤ᠋ ᠠᠷᠠᠳ ᠤᠨ ᠵᠠᠰᠠᠭ ᠤᠨ ᠣᠷᠳᠤᠨ ᠳ᠋ᠤ᠌ ᠮᠡᠳᠡᠭᠦᠯᠦᠨ ᠵᠥᠪᠰᠢᠶᠡᠷᠡᠭᠦᠯᠵᠦ ᠤᠷᠢᠨ ᠲᠣᠮᠢᠯᠠᠨ᠎ᠠ᠃ ᠺᠣᠮᠢᠰ ᠤ᠋ᠨ ᠭᠡᠰᠢᠭᠦᠨ ᠦ᠌ ᠶᠡᠷᠦᠩᠬᠡᠢ ᠲᠣᠭ᠎ᠠ 50 ᠬᠥᠮᠦᠨ ᠡᠴᠡ ᠬᠡᠲᠦᠷᠡᠵᠦ ᠪᠣᠯᠬᠤ ᠦᠭᠡᠢ᠃

ᠨᠠᠢ᠍ᠮᠠᠳᠤᠭᠠᠷ ᠵᠦᠢᠯ  ᠭᠡᠰᠢᠭᠦᠳ ᠦ᠋ᠨ ᠲᠤᠰᠢᠶᠠᠯ ᠬᠠᠷᠢᠭᠤᠴᠠᠬᠤ ᠬᠢᠷᠢ ᠬᠡᠮ᠄

(ᠨᠢᠭᠡ) ᠮᠣᠩᠭᠤᠯ ᠦᠰᠦᠭ ᠦ᠋ᠨ ᠵᠥᠪ ᠪᠢᠴᠢᠯᠭᠡ ᠶᠢᠨ ᠳᠦᠷᠢᠮ ᠦ᠋ᠨ ᠵᠢᠭᠠᠨ ᠰᠤᠷᠭᠠᠬᠤ᠂ ᠡᠷᠳᠡᠮ ᠰᠢᠨᠵᠢᠯᠡᠭᠡᠨ ᠦ᠌ ᠠᠵᠢᠯ ᠡᠷᠬᠢᠯᠡᠵᠦ ᠪᠠᠢᠭ᠎ᠠ ᠨᠡᠷ᠎ᠡ ᠲᠥᠷᠦ ᠲᠡᠢ ᠲᠤᠰᠭᠠᠢ ᠮᠡᠷᠭᠡᠵᠢᠯᠲᠡᠨ;

(ᠬᠤᠶᠠᠷ) ᠬᠣᠯᠪᠤᠭᠳᠠᠯ ᠪᠦᠬᠦᠢ ᠠᠵᠢᠯ ᠡᠷᠬᠢᠯᠡᠵᠦ ᠪᠠᠢᠬᠤ ᠪᠥᠭᠡᠳ ᠨᠡᠯᠢᠶᠡᠳ ᠥᠨᠳᠦᠷ ᠨᠡᠢᠭᠡᠮ ᠦ᠋ᠨ ᠨᠦᠯᠦᠭᠡᠯᠡᠬᠦ ᠬᠦᠴᠦᠨ ᠲᠡᠢ ᠬᠥᠮᠦᠨ;

(ᠭᠤᠷᠪᠠ) ᠬᠣᠯᠪᠤᠭᠳᠠᠯ ᠪᠦᠬᠦᠢ ᠰᠠᠯᠠᠭ᠎ᠠ ᠮᠥᠴᠢᠷ ᠦ᠋ᠨ ᠬᠠᠷᠢᠭᠤᠴᠠᠯᠭᠠᠲᠠᠨ ᠪᠠ ᠪᠤᠰᠤᠳ ᠬᠣᠯᠪᠤᠭᠳᠠᠯ ᠪᠦᠬᠦᠢ ᠠᠵᠢᠯᠲᠠᠨ;

(ᠳᠥᠷᠪᠡ) ᠡᠩ ᠦ᠋ᠨ ᠪᠠᠢᠳᠠᠯ ᠳᠣᠣᠷ᠎ᠠ ᠨᠠᠰᠤ ᠵᠢᠯ ᠨᠢ ᠪᠦᠬᠦᠯᠢ 70 ᠨᠠᠰᠤ ᠠᠴᠠ ᠬᠡᠲᠦᠷᠡᠵᠦ ᠪᠣᠯᠬᠤ ᠦᠭᠡᠢ᠃

ᠶᠢᠰᠦᠳᠦᠭᠡᠷ ᠵᠦᠢᠯ  ᠵᠥᠪ ᠪᠢᠴᠢᠯᠭᠡ ᠶᠢᠨ ᠺᠣᠮᠢᠰ ᠨᠢ ᠬᠤᠭᠤᠴᠠᠭᠠᠲᠤ ᠲᠤᠰᠢᠶᠠᠯ ᠤᠨ ᠳᠦᠷᠢᠮ ᠢ᠋ ᠬᠡᠷᠡᠭᠵᠢᠭᠦᠯᠦᠨ᠎ᠡ᠂ 5 ᠵᠢᠯ ᠪᠦᠷᠢ ᠨᠢᠭᠡ ᠬᠤᠭᠤᠴᠠᠭ᠎ᠠ᠂ ᠲᠤᠰᠢᠶᠠᠯ ᠤᠨ ᠬᠤᠭᠤᠴᠠᠭ᠎ᠠ ᠳᠠᠭᠤᠰᠬᠤ ᠠᠴᠠ ᠡᠮᠦᠨ᠎ᠡ ᠵᠣᠬᠢᠶᠠᠨ ᠪᠠᠢᠭᠤᠯᠤᠯᠲᠠ ᠶ᠋ᠢᠨ ᠵᠢᠷᠤᠮ ᠢ ᠦᠨᠳᠦᠰᠦᠯᠡᠵᠦ ᠬᠤᠭᠤᠴᠠᠭ᠎ᠠ ᠰᠣᠯᠢᠨ᠎ᠠ᠃

ᠠᠷᠪᠠᠳᠤᠭᠠᠷ ᠵᠦᠢᠯ  ᠳᠣᠣᠷᠠᠬᠢ ᠪᠠᠢᠳᠠᠯ ᠤ᠋ᠨ ᠨᠢᠭᠡ ᠨᠢ ᠪᠠᠢᠪᠠᠯ᠂ ᠵᠥᠪ ᠪᠢᠴᠢᠯᠭᠡ ᠶᠢᠨ ᠺᠣᠮᠢᠰ ᠤᠨ ᠭᠡᠰᠢᠭᠦᠨ ᠦ᠌ ᠬᠢᠷᠢ ᠬᠡᠮ ᠢ ᠬᠦᠴᠦᠨ ᠦᠭᠡᠢ ᠪᠣᠯᠭᠠᠨ᠎ᠠ᠄

(ᠨᠢᠭᠡ) ᠨᠠᠮ ᠤᠨ ᠰᠠᠬᠢᠯᠭ᠎ᠠ ᠤᠯᠤᠰ ᠤᠨ ᠬᠠᠤᠯᠢ ᠠᠴᠠ ᠵᠥᠷᠢᠴᠡᠵᠦ᠂ ᠨᠠᠮ ᠤᠨ ᠰᠠᠬᠢᠯᠭ᠎ᠠ ᠵᠠᠰᠠᠭ ᠤᠨ ᠰᠠᠬᠢᠯᠭ᠎ᠠ ᠪᠤᠶᠤ ᠡᠷᠡᠭᠦᠦ ᠶ᠋ᠢᠨ ᠬᠡᠷᠡᠭ ᠦ᠋ᠨ ᠰᠢᠢᠳᠭᠡᠯ ᠣᠯᠣᠭᠰᠠᠨ ;

(ᠬᠤᠶᠠᠷ) ᠬᠣᠯᠪᠤᠭᠳᠠᠯ ᠪᠦᠬᠦᠢ ᠠᠵᠢᠯ ᠤᠨ ᠪᠠᠢᠷᠢ ᠠ᠋ᠴᠠ ᠰᠢᠯᠵᠢᠭᠰᠡᠨ ᠪᠤᠶᠤ ᠬᠣᠯᠪᠤᠭᠳᠠᠯ ᠪᠦᠬᠦᠢ ᠠᠵᠢᠯ ᠢ ᠲᠠᠬᠢᠨ ᠡᠭᠦᠷᠭᠡᠯᠡᠬᠦ ᠦᠭᠡᠢ ᠪᠣᠯᠤᠭᠰᠠᠨ;

(ᠭᠤᠷᠪᠠ) ᠺᠣᠮᠢᠰ ᠤ᠋ᠨ ᠭᠡᠰᠢᠭᠦᠨ ᠦ᠌ ᠡᠭᠦᠷᠭᠡ ᠪᠡᠨ ᠪᠡᠶᠡᠯᠡᠭᠦᠯᠦᠭᠰᠡᠨ ᠦᠭᠡᠢ (ᠵᠢᠯ ᠳ᠋ᠡᠭᠡᠨ ᠰᠢᠯᠲᠠᠭᠠᠨ ᠦᠭᠡᠢ ᠪᠡᠷ ᠵᠥᠪ ᠪᠢᠴᠢᠯᠭᠡ ᠶᠢᠨ ᠺᠣᠮᠢᠰ ᠤ᠋ᠨ ᠵᠥᠪᠯᠡᠯ ᠦ᠋ᠨ ᠵᠣᠬᠢᠶᠠᠨ ᠪᠠᠢᠭᠤᠯᠵᠤ ᠥᠷᠨᠢᠭᠦᠯᠦᠭᠰᠡᠨ ᠬᠣᠯᠪᠤᠭᠳᠠᠯ ᠪᠦᠬᠦᠢ ᠠᠵᠢᠯᠯᠠᠭᠠᠨ ᠳᠤ 2 ᠤᠳᠠᠭ᠎ᠠ ᠠᠴᠠ ᠳᠡᠭᠡᠭᠰᠢ ᠣᠷᠤᠯᠴᠠᠭᠰᠠᠨ ᠦᠭᠡᠢ);

ᠠᠷᠪᠠᠨ ᠨᠢᠭᠡᠳᠦᠭᠡᠷ ᠵᠦᠢᠯ  ᠵᠥᠪ ᠪᠢᠴᠢᠯᠭᠡ ᠶᠢᠨ ᠺᠣᠮᠢᠰ ᠤᠨ ᠡᠷᠬᠢᠯᠡᠭᠴᠢ ᠭᠡᠰᠢᠭᠦᠨ 1 ᠬᠥᠮᠦᠨ ᠢ᠋ ᠲᠣᠬᠢᠷᠠᠭᠤᠯᠤᠨ᠎ᠠ᠂ ᠥᠪᠡᠷᠲᠡᠭᠡᠨ ᠵᠠᠰᠠᠬᠤ ᠣᠷᠤᠨ ᠤ᠋ ᠦᠨᠳᠦᠰᠦᠲᠡᠨ ᠦ᠌ ᠬᠡᠷᠡᠭ ᠡᠷᠬᠢᠯᠡᠬᠦ ᠵᠥᠪᠯᠡᠯ (ᠮᠣᠩᠭᠤᠯ ᠬᠡᠯᠡ ᠪᠢᠴᠢᠭ ᠦ᠋ᠨ ᠠᠵᠢᠯ ᠤᠨ ᠵᠥᠪᠯᠡᠯ) ᠡᠴᠡ ᠨᠡᠷ᠎ᠡ ᠳᠤᠷᠠᠳᠴᠤ᠂ ᠵᠥᠪ ᠪᠢᠴᠢᠯᠭᠡ ᠶᠢᠨ ᠺᠣᠮᠢᠰ ᠤᠨ ᠪᠠᠢᠩᠭᠤ ᠶ᠋ᠢᠨ ᠺᠣᠮᠢᠰ ᠤ᠋ᠨ ᠬᠤᠷᠠᠯ ᠢᠶᠠᠷ ᠰᠣᠩᠭᠤᠭᠰᠠᠨ ᠤ᠋ ᠳᠠᠷᠠᠭ᠎ᠠ ᠥᠪᠡᠷᠲᠡᠭᠡᠨ ᠵᠠᠰᠠᠬᠤ ᠣᠷᠤᠨ ᠤ᠋ ᠠᠷᠠᠳ ᠤᠨ ᠵᠠᠰᠠᠭ ᠤᠨ ᠣᠷᠳᠤᠨ ᠳ᠋ᠤ᠌ ᠮᠡᠳᠡᠭᠦᠯᠦᠨ ᠵᠥᠪᠰᠢᠶᠡᠷᠡᠭᠦᠯᠵᠦ ᠤᠷᠢᠨ ᠲᠣᠮᠢᠯᠠᠨ᠎ᠠ᠃

ᠠᠷᠪᠠᠨ ᠬᠣᠶᠠᠳᠤᠭᠠᠷ ᠵᠦᠢᠯ  ᠵᠥᠪ ᠪᠢᠴᠢᠯᠭᠡ ᠶᠢᠨ ᠺᠣᠮᠢᠰ ᠲᠤ ᠳᠡᠳ᠋ ᠡᠷᠬᠢᠯᠡᠭᠴᠢ ᠭᠡᠰᠢᠭᠦᠨ᠂ ᠪᠠᠢᠩᠭᠤ ᠶ᠋ᠢᠨ ᠭᠡᠰᠢᠭᠦᠨ ᠬᠡᠳᠦᠨ ᠨᠡᠷᠡᠰ ᠢ ᠲᠣᠬᠢᠷᠠᠭᠤᠯᠵᠤ᠂ ᠬᠣᠯᠪᠤᠭᠳᠠᠯ ᠪᠦᠬᠦᠢ ᠰᠠᠯᠠᠭ᠎ᠠ ᠮᠥᠴᠢᠷ ᠦ᠋ᠨ ᠬᠠᠷᠢᠭᠤᠴᠠᠯᠭᠠᠲᠠᠨ ᠪᠠ ᠬᠣᠯᠪᠤᠭᠳᠠᠯ ᠪᠦᠬᠦᠢ ᠶᠡᠬᠡ ᠳᠡᠭᠡᠳᠦ ᠰᠤᠷᠭᠠᠭᠤᠯᠢ᠂ ᠡᠷᠳᠡᠮ ᠰᠢᠨᠵᠢᠯᠡᠭᠡᠨ ᠦ᠌ ᠪᠠᠢᠭᠤᠯᠤᠮᠵᠢ ᠶ᠋ᠢᠨ ᠨᠡᠷ᠎ᠡ ᠲᠥᠷᠦ ᠲᠡᠢ ᠡᠷᠳᠡᠮᠲᠡᠳ ᠲᠤᠰᠢᠶᠠᠯ ᠡᠭᠦᠷᠭᠡᠯᠡᠨ᠎ᠡ᠃

ᠪᠠᠢᠩᠭᠤ ᠶ᠋ᠢᠨ ᠭᠡᠰᠢᠭᠦᠳ ᠢ᠋ ᠵᠥᠪ ᠪᠢᠴᠢᠯᠭᠡ ᠶᠢᠨ ᠺᠣᠮᠢᠰ ᠤᠨ ᠪᠦᠭᠦᠳᠡ ᠬᠤᠷᠠᠯ ᠢᠶᠠᠷ ᠰᠣᠩᠭᠤᠵᠤ᠂ ᠥᠪᠡᠷᠲᠡᠭᠡᠨ ᠵᠠᠰᠠᠬᠤ ᠣᠷᠤᠨ ᠤ᠋ ᠦᠨᠳᠦᠰᠦᠲᠡᠨ ᠦ᠌ ᠬᠡᠷᠡᠭ ᠡᠷᠬᠢᠯᠡᠬᠦ ᠵᠥᠪᠯᠡᠯ (ᠮᠣᠩᠭᠤᠯ ᠬᠡᠯᠡ ᠪᠢᠴᠢᠭ ᠦ᠋ᠨ ᠠᠵᠢᠯ ᠤᠨ ᠵᠥᠪᠯᠡᠯ) ᠢᠶᠠᠷ ᠳᠠᠮᠵᠢᠨ ᠥᠪᠡᠷᠲᠡᠭᠡᠨ ᠵᠠᠰᠠᠬᠤ ᠣᠷᠤᠨ ᠤ᠋ ᠠᠷᠠᠳ ᠤᠨ ᠵᠠᠰᠠᠭ ᠤᠨ ᠣᠷᠳᠤᠨ ᠳ᠋ᠤ᠌ ᠮᠡᠳᠡᠭᠦᠯᠦᠨ ᠵᠥᠪᠰᠢᠶᠡᠷᠡᠭᠦᠯᠵᠦ ᠤᠷᠢᠨ ᠲᠣᠮᠢᠯᠠᠨ᠎ᠠ᠃

ᠳᠡᠳ᠋ ᠡᠷᠬᠢᠯᠡᠭᠴᠢ ᠭᠡᠰᠢᠭᠦᠨ ᠢ᠋ ᠵᠥᠪ ᠪᠢᠴᠢᠯᠭᠡ ᠶᠢᠨ ᠺᠣᠮᠢᠰ ᠤᠨ ᠪᠠᠢᠩᠭᠤ ᠶ᠋ᠢᠨ ᠺᠣᠮᠢᠰ ᠤᠨ ᠬᠤᠷᠠᠯ ᠢᠶᠠᠷ ᠰᠣᠩᠭᠤᠵᠤ᠂ ᠥᠪᠡᠷᠲᠡᠭᠡᠨ ᠵᠠᠰᠠᠬᠤ ᠣᠷᠤᠨ ᠤ᠋ ᠦᠨᠳᠦᠰᠦᠲᠡᠨ ᠦ᠌ ᠬᠡᠷᠡᠭ ᠡᠷᠬᠢᠯᠡᠬᠦ ᠵᠥᠪᠯᠡᠯ ( ᠮᠣᠩᠭᠤᠯ ᠬᠡᠯᠡ ᠪᠢᠴᠢᠭ ᠦ᠋ᠨ ᠠᠵᠢᠯ ᠤᠨ ᠵᠥᠪᠯᠡᠯ) ᠢᠶᠠᠷ ᠳᠠᠮᠵᠢᠨ ᠥᠪᠡᠷᠲᠡᠭᠡᠨ ᠵᠠᠰᠠᠬᠤ ᠣᠷᠤᠨ ᠤ᠋ ᠠᠷᠠᠳ ᠤᠨ ᠵᠠᠰᠠᠭ ᠤᠨ ᠣᠷᠳᠤᠨ ᠳ᠋ᠤ᠌ ᠮᠡᠳᠡᠭᠦᠯᠦᠨ ᠵᠥᠪᠰᠢᠶᠡᠷᠡᠭᠦᠯᠵᠦ ᠤᠷᠢᠨ ᠲᠣᠮᠢᠯᠠᠨ᠎ᠠ᠃

ᠠᠷᠪᠠᠨ ᠭᠤᠷᠪᠠᠳᠤᠭᠠᠷ ᠵᠦᠢᠯ  ᠵᠥᠪ ᠪᠢᠴᠢᠯᠭᠡ ᠶᠢᠨ ᠺᠣᠮᠢᠰ ᠨᠢ ᠡᠷᠬᠢᠯᠡᠭᠴᠢ ᠭᠡᠰᠢᠭᠦᠨ ᠦ᠌ ᠬᠠᠷᠢᠭᠤᠴᠠᠬᠤ ᠳᠦᠷᠢᠮ ᠢ᠋ ᠬᠡᠷᠡᠭᠵᠢᠭᠦᠯᠦᠨ᠎ᠡ᠃ ᠡᠷᠬᠢᠯᠡᠭᠴᠢ ᠭᠡᠰᠢᠭᠦᠨ  ᠨᠢ ᠵᠥᠪ ᠪᠢᠴᠢᠯᠭᠡ ᠶᠢᠨ ᠺᠣᠮᠢᠰ ᠤᠨ ᠡᠯ᠎ᠡ ᠵᠦᠢᠯ ᠦ᠋ᠨ ᠠᠵᠢᠯ ᠢ ᠡᠷᠬᠢᠯᠡᠨ ᠤᠳᠤᠷᠢᠳᠴᠤ᠂ ᠵᠥᠪ ᠪᠢᠴᠢᠯᠭᠡ ᠶᠢᠨ ᠺᠣᠮᠢᠰ ᠤᠨ ᠪᠦᠭᠦᠳᠡ ᠬᠤᠷᠠᠯ ᠢ ᠬᠠᠷᠢᠭᠤᠴᠠᠨ᠎ᠠ᠃ ᠳᠡᠳ᠋ ᠡᠷᠬᠢᠯᠡᠭᠴᠢ ᠭᠡᠰᠢᠭᠦᠨ  ᠨᠢ ᠡᠷᠬᠢᠯᠡᠭᠴᠢ ᠭᠡᠰᠢᠭᠦᠨ ᠦ᠌ ᠠᠵᠢᠯ ᠳᠤ ᠬᠠᠮᠵᠢᠬᠤ ᠪᠥᠭᠡᠳ ᠡᠷᠬᠢᠯᠡᠭᠴᠢ ᠭᠡᠰᠢᠭᠦᠨ ᠳ᠋ᠦ᠍ ᠬᠠᠷᠢᠭᠤᠴᠠᠨ᠎ᠠ᠃ ᠡᠷᠬᠢᠯᠡᠭᠴᠢ ᠭᠡᠰᠢᠭᠦᠨ ᠠᠵᠢᠯ ᠤᠨ ᠬᠡᠷᠡᠭᠴᠡᠭᠡ ᠶᠢ ᠦᠨᠳᠦᠰᠦᠯᠡᠵᠦ᠂ ᠪᠤᠰᠤᠳ ᠳᠡᠳ᠋ ᠡᠷᠬᠢᠯᠡᠭᠴᠢ ᠭᠡᠰᠢᠭᠦᠨ ᠳ᠋ᠦ᠍ ᠬᠣᠯᠪᠤᠭᠳᠠᠯ ᠪᠦᠬᠦᠢ ᠠᠵᠢᠯ ᠢ ᠬᠤᠪᠢᠶᠠᠵᠤ ᠬᠠᠮᠢᠶᠠᠷᠬᠤ ᠡᠷᠬᠡ ᠶᠢ ᠣᠯᠭᠤᠨ᠎ᠠ᠃

ᠠᠷᠪᠠᠨ ᠳᠥᠷᠪᠡᠳᠦᠭᠡᠷ ᠵᠦᠢᠯ  ᠡᠷᠬᠢᠯᠡᠭᠴᠢ ᠭᠡᠰᠢᠭᠦᠨ᠂ ᠳᠡᠳ᠋ ᠡᠷᠬᠢᠯᠡᠭᠴᠢ ᠭᠡᠰᠢᠭᠦᠨ ᠪᠠ ᠪᠠᠢᠩᠭᠤ ᠶ᠋ᠢᠨ ᠭᠡᠰᠢᠭᠦᠨ  ᠨᠢ ᠵᠥᠪ ᠪᠢᠴᠢᠯᠭᠡ ᠶᠢᠨ ᠺᠣᠮᠢᠰ ᠤᠨ ᠪᠠᠢᠩᠭᠤ ᠶ᠋ᠢᠨ ᠺᠣᠮᠢᠰ ᠢ᠋ ᠪᠦᠷᠢᠯᠳᠦᠭᠦᠯᠵᠦ᠂ ᠵᠥᠪ ᠪᠢᠴᠢᠯᠭᠡ ᠶᠢᠨ ᠺᠣᠮᠢᠰ ᠤᠨ ᠡᠯ᠎ᠡ ᠵᠦᠢᠯ ᠦ᠋ᠨ ᠠᠵᠢᠯ ᠢ ᠵᠣᠬᠢᠶᠠᠨ ᠪᠠᠢᠭᠤᠯᠵᠤ ᠤᠳᠤᠷᠢᠳᠤᠨ᠎ᠠ᠃

ᠠᠷᠪᠠᠨ ᠲᠠᠪᠤᠳᠤᠭᠠᠷ ᠵᠦᠢᠯ  ᠵᠥᠪ ᠪᠢᠴᠢᠯᠭᠡ ᠶᠢᠨ ᠺᠣᠮᠢᠰ ᠲᠤ ᠣᠨᠴᠠ ᠤᠷᠢᠭᠰᠠᠨ ᠵᠥᠪᠯᠡᠭᠴᠢ ᠬᠡᠳᠦᠨ ᠨᠡᠷᠡᠰ ᠢ ᠲᠣᠬᠢᠷᠠᠭᠤᠯᠵᠤ᠂ ᠵᠥᠪ ᠪᠢᠴᠢᠯᠭᠡ ᠶᠢᠨ ᠺᠣᠮᠢᠰ ᠤᠨ ᠪᠠᠢᠩᠭᠤ ᠶ᠋ᠢᠨ ᠺᠣᠮᠢᠰ ᠠ᠋ᠴᠠ ᠵᠠᠯᠠᠵᠤ᠂ ᠥᠪᠡᠷᠲᠡᠭᠡᠨ ᠵᠠᠰᠠᠬᠤ ᠣᠷᠤᠨ ᠤ᠋ ᠦᠨᠳᠦᠰᠦᠲᠡᠨ ᠦ᠌ ᠬᠡᠷᠡᠭ ᠡᠷᠬᠢᠯᠡᠬᠦ ᠵᠥᠪᠯᠡᠯ (ᠮᠣᠩᠭᠤᠯ ᠬᠡᠯᠡ ᠪᠢᠴᠢᠭ ᠦ᠋ᠨ ᠠᠵᠢᠯ ᠤᠨ ᠵᠥᠪᠯᠡᠯ) ᠢᠶᠠᠷ ᠳᠠᠮᠵᠢᠨ ᠥᠪᠡᠷᠲᠡᠭᠡᠨ ᠵᠠᠰᠠᠬᠤ ᠣᠷᠤᠨ ᠤ᠋ ᠠᠷᠠᠳ ᠤᠨ ᠵᠠᠰᠠᠭ ᠤᠨ ᠣᠷᠳᠤᠨ ᠳ᠋ᠤ᠌ ᠮᠡᠳᠡᠭᠦᠯᠦᠨ ᠵᠥᠪᠰᠢᠶᠡᠷᠡᠭᠦᠯᠵᠦ ᠤᠷᠢᠨ ᠲᠣᠮᠢᠯᠠᠨ᠎ᠠ᠃

ᠠᠷᠪᠠᠨ ᠵᠢᠷᠭᠤᠳᠤᠭᠠᠷ ᠵᠦᠢᠯ  ᠵᠥᠪ ᠪᠢᠴᠢᠯᠭᠡ ᠶᠢᠨ ᠺᠣᠮᠢᠰ ᠲᠤ ᠬᠠᠮᠵᠢᠯᠴᠠᠬᠤ ᠭᠡᠰᠢᠭᠦᠨ ᠬᠡᠳᠦᠨ ᠨᠡᠷᠡᠰ ᠢ ᠲᠣᠬᠢᠷᠠᠭᠤᠯᠤᠨ᠎ᠠ᠂ ᠮᠣᠩᠭᠤᠯ ᠬᠡᠯᠡ ᠪᠢᠴᠢᠭ ᠦ᠋ᠨ ᠠᠵᠢᠯ ᠤᠨ ᠬᠠᠮᠵᠢᠯᠴᠠᠬᠤ ᠮᠤᠵᠢ ᠣᠷᠤᠨ ᠠ᠋ᠴᠠ ᠲᠠᠨᠢᠯᠴᠠᠭᠤᠯᠵᠤ᠂ ᠵᠥᠪ ᠪᠢᠴᠢᠯᠭᠡ ᠶᠢᠨ ᠺᠣᠮᠢᠰ ᠤᠨ ᠪᠦᠭᠦᠳᠡ ᠬᠤᠷᠠᠯ ᠢᠶᠠᠷ ᠰᠣᠩᠭᠤᠵᠤ᠂ ᠥᠪᠡᠷᠲᠡᠭᠡᠨ ᠵᠠᠰᠠᠬᠤ ᠣᠷᠤᠨ ᠤ᠋ ᠦᠨᠳᠦᠰᠦᠲᠡᠨ ᠦ᠌ ᠬᠡᠷᠡᠭ ᠡᠷᠬᠢᠯᠡᠬᠦ ᠵᠥᠪᠯᠡᠯ(ᠮᠣᠩᠭᠤᠯ ᠬᠡᠯᠡ ᠪᠢᠴᠢᠭ ᠦ᠋ᠨ ᠠᠵᠢᠯ ᠤᠨ ᠵᠥᠪᠯᠡᠯ) ᠢᠶᠠᠷ ᠳᠠᠮᠵᠢᠨ ᠥᠪᠡᠷᠲᠡᠭᠡᠨ ᠵᠠᠰᠠᠬᠤ ᠣᠷᠤᠨ ᠤ᠋ ᠠᠷᠠᠳ ᠤᠨ ᠵᠠᠰᠠᠭ ᠤᠨ ᠣᠷᠳᠤᠨ ᠳ᠋ᠤ᠌ ᠮᠡᠳᠡᠭᠦᠯᠦᠨ ᠵᠥᠪᠰᠢᠶᠡᠷᠡᠭᠦᠯᠵᠦ ᠤᠷᠢᠨ ᠲᠣᠮᠢᠯᠠᠨ᠎ᠠ᠃ ᠬᠠᠮᠵᠢᠯᠴᠠᠬᠤ ᠭᠡᠰᠢᠭᠦᠳ ᠨᠢ ᠮᠤᠵᠢ ᠣᠷᠤᠨ ᠠᠯᠤᠰᠯᠠᠭᠰᠠᠨ ᠮᠣᠩᠭᠤᠯ ᠦᠰᠦᠭ ᠦ᠋ᠨ ᠵᠥᠪ ᠪᠢᠴᠢᠯᠭᠡ ᠶᠢᠨ ᠠᠵᠢᠯ ᠤᠨ ᠰᠣᠯᠢᠯᠴᠠᠭ᠎ᠠ ᠪᠠ ᠬᠠᠮᠵᠢᠯᠴᠠᠭ᠎ᠠ ᠶᠢ ᠢᠳᠡᠪᠬᠢᠲᠡᠢ ᠵᠣᠬᠢᠴᠠᠭᠤᠯᠬᠤ ᠬᠡᠷᠡᠭᠲᠡᠢ᠃

 

ᠳᠥᠷᠪᠡᠳᠦᠭᠡᠷ ᠪᠦᠯᠦᠭ  ᠬᠤᠷᠠᠯ ᠤᠨ ᠳᠦᠷᠢᠮ

 

ᠠᠷᠪᠠᠨ ᠳᠣᠯᠤᠳᠤᠭᠠᠷ ᠵᠦᠢᠯ  ᠵᠥᠪ ᠪᠢᠴᠢᠯᠭᠡ ᠶᠢᠨ ᠺᠣᠮᠢᠰ ᠪᠦᠭᠦᠳᠡ ᠬᠤᠷᠠᠯ ᠪᠠ ᠪᠠᠢᠩᠭᠤ ᠶ᠋ᠢᠨ ᠺᠣᠮᠢᠰ ᠤᠨ ᠬᠤᠷᠠᠯ ᠤᠨ ᠳᠦᠷᠢᠮ ᠢ᠋ ᠬᠡᠷᠡᠭᠵᠢᠭᠦᠯᠦᠨ᠎ᠡ᠃

ᠠᠷᠪᠠᠨ ᠨᠠᠢ᠍ᠮᠠᠳᠤᠭᠠᠷ ᠵᠦᠢᠯ  ᠵᠥᠪ ᠪᠢᠴᠢᠯᠭᠡ ᠶᠢᠨ ᠺᠣᠮᠢᠰ ᠤᠨ ᠪᠦᠭᠦᠳᠡ ᠬᠤᠷᠠᠯ ᠪᠣᠯ ᠵᠥᠪ ᠪᠢᠴᠢᠯᠭᠡ ᠶᠢᠨ ᠺᠣᠮᠢᠰ ᠤᠨ ᠬᠠᠮᠤᠭ ᠤᠨ ᠳᠡᠭᠡᠳᠦ ᠵᠣᠬᠢᠶᠠᠨ ᠪᠠᠢᠭᠤᠯᠤᠯᠲᠠ ᠶ᠋ᠢᠨ ᠬᠡᠯᠪᠡᠷᠢ ᠮᠥᠨ᠃

ᠠᠷᠪᠠ ᠶᠢᠰᠦᠳᠦᠭᠡᠷ ᠵᠦᠢᠯ  ᠵᠥᠪ ᠪᠢᠴᠢᠯᠭᠡ ᠶᠢᠨ ᠺᠣᠮᠢᠰ ᠤᠨ ᠬᠤᠷᠠᠯ ᠢ 5 ᠵᠢᠯ ᠪᠦᠷᠢ ᠳ᠋ᠦ᠍ ᠨᠢᠭᠡ ᠤᠳᠠᠭ᠎ᠠ ᠬᠤᠷᠠᠯᠳᠤᠭᠤᠯᠤᠨ᠎ᠠ᠃ ᠠᠵᠢᠯ ᠤᠨ ᠬᠡᠷᠡᠭᠴᠡᠭᠡ ᠶᠢ ᠦᠨᠳᠦᠰᠦᠯᠡᠵᠦ᠂ ᠪᠠᠢᠩᠭᠤ ᠶ᠋ᠢᠨ ᠺᠣᠮᠢᠰ ᠤ᠋ᠨ ᠰᠠᠨᠠᠭᠤᠯᠭ᠎ᠠ ᠪᠠᠷ ᠲᠦᠷ ᠴᠠᠭ ᠤᠨ ᠬᠤᠷᠠᠯ ᠬᠤᠷᠠᠯᠳᠤᠭᠤᠯᠵᠤ ᠴᠢᠬᠤᠯᠠ ᠶᠡᠬᠡ ᠠᠵᠢᠯ ᠤᠨ ᠤᠴᠢᠷ ᠢ ᠰᠤᠳᠤᠯᠤᠨ᠎ᠠ᠃ ᠪᠦᠭᠦᠳᠡ ᠬᠤᠷᠠᠯ ᠨᠢ ᠳᠣᠣᠷᠠᠬᠢ ᠭᠣᠣᠯ ᠡᠭᠦᠷᠭᠡ ᠬᠠᠷᠢᠭᠤᠴᠠᠯᠭ᠎ᠠ ᠶᠢ ᠭᠦᠢᠴᠡᠳᠭᠡᠨ᠎ᠡ᠄

(ᠨᠢᠭᠡ) ᠵᠥᠪ ᠪᠢᠴᠢᠯᠭᠡ ᠶᠢᠨ ᠺᠣᠮᠢᠰ ᠤᠨ ᠪᠠᠢᠩᠭᠤ ᠶ᠋ᠢᠨ ᠺᠣᠮᠢᠰ ᠤ᠋ᠨ ᠠᠵᠢᠯ ᠤᠨ ᠮᠡᠳᠡᠭᠦᠯᠦᠯᠲᠡ ᠶ᠋ᠢ ᠬᠢᠨᠠᠨ ᠵᠥᠪᠯᠡᠨ᠎ᠡ᠃

(ᠬᠤᠶᠠᠷ) ᠵᠥᠪ ᠪᠢᠴᠢᠯᠭᠡ ᠶᠢᠨ ᠺᠣᠮᠢᠰ ᠤᠨ ᠳᠤᠮᠳᠠ ᠤᠷᠲᠤ ᠬᠤᠭᠤᠴᠠᠭᠠᠨ ᠤ ᠬᠥᠭᠵᠢᠯᠲᠡ ᠶ᠋ᠢᠨ ᠲᠥᠯᠦᠪᠵᠢᠭᠦᠯᠬᠡ ᠪᠠ ᠲᠤᠰ ᠬᠤᠭᠤᠴᠠᠭᠠᠨ ᠤ ᠵᠥᠪ ᠪᠢᠴᠢᠯᠭᠡ ᠶᠢᠨ ᠺᠣᠮᠢᠰ ᠤᠨ ᠠᠵᠢᠯ ᠤᠨ ᠲᠥᠯᠦᠪᠵᠢᠭᠦᠯᠬᠡ ᠶ᠋ᠢ ᠬᠢᠨᠠᠨ ᠵᠥᠪᠯᠡᠨ᠎ᠡ᠃

(ᠭᠤᠷᠪᠠ) ᠵᠥᠪ ᠪᠢᠴᠢᠯᠭᠡ ᠶᠢᠨ ᠺᠣᠮᠢᠰ ᠤᠨ ᠴᠢᠬᠤᠯᠠ ᠶᠡᠬᠡ ᠬᠥᠭᠵᠢᠯᠲᠡ ᠥᠭᠡᠷᠡᠴᠢᠯᠡᠯᠲᠡ ᠶ᠋ᠢᠨ ᠠᠷᠭ᠎ᠠ ᠬᠡᠮᠵᠢᠶ᠎ᠡ᠂ ᠴᠢᠬᠤᠯᠠ ᠶᠡᠬᠡ ᠲᠣᠭᠲᠠᠭᠠᠯ ᠪᠠ ᠴᠢᠬᠤᠯᠠ ᠲᠥᠷᠦ ᠶ᠋ᠢᠨ ᠪᠣᠳᠤᠯᠭ᠎ᠠ ᠶ᠋ᠢᠨ ᠪᠢᠴᠢᠭ ᠮᠠᠲ᠋ᠧᠷᠢᠶᠠᠯ ᠢ ᠬᠢᠨᠠᠨ ᠵᠥᠪᠯᠡᠨ᠎ᠡ᠃

(ᠳᠥᠷᠪᠡ) ᠵᠥᠪ ᠪᠢᠴᠢᠯᠭᠡ ᠶᠢᠨ ᠺᠣᠮᠢᠰ ᠤᠨ ᠠᠵᠢᠯ ᠤᠨ ᠪᠦᠬᠦ ᠲᠠᠯ᠎ᠠ ᠳᠤ ᠬᠣᠯᠪᠤᠭᠳᠠᠭᠰᠠᠨ ᠴᠢᠬᠤᠯᠠ ᠰᠠᠨᠠᠭᠤᠯᠭ᠎ᠠ ᠶᠢ ᠳᠤᠷᠠᠳᠤᠨ᠎ᠠ᠃

(ᠲᠠᠪᠤ) ᠤᠯᠤᠰ ᠤᠨ ᠳᠣᠲᠤᠭᠠᠳᠤ ᠭᠠᠳᠠᠭᠠᠳᠤ ᠶ᠋ᠢᠨ ᠡᠷᠳᠡᠮ ᠰᠢᠨᠵᠢᠯᠡᠭᠡᠨ ᠦ᠌ ᠰᠣᠯᠢᠯᠴᠠᠭ᠎ᠠ ᠪᠠ ᠰᠤᠳᠤᠯᠤᠨ ᠶᠠᠷᠢᠯᠴᠠᠬᠤ ᠠᠵᠢᠯᠯᠠᠭᠠᠨ ᠢ ᠥᠷᠨᠢᠭᠦᠯᠦᠨ᠎ᠡ᠃

(ᠵᠢᠷᠭᠤᠭ᠎ᠠ) ᠵᠥᠪ ᠪᠢᠴᠢᠯᠭᠡ ᠶᠢᠨ ᠺᠣᠮᠢᠰ ᠤᠨ ᠳᠦᠷᠢᠮ ᠢ᠋ ᠲᠣᠭᠲᠠᠭᠠᠵᠤ ᠵᠠᠰᠠᠪᠤᠷᠢ ᠣᠷᠤᠭᠤᠯᠤᠨ᠎ᠠ᠃

ᠬᠣᠷᠢᠳᠤᠭᠠᠷ ᠵᠦᠢᠯ  ᠵᠥᠪ ᠪᠢᠴᠢᠯᠭᠡ ᠶᠢᠨ ᠺᠣᠮᠢᠰ ᠤᠨ ᠪᠦᠭᠦᠳᠡ ᠬᠤᠷᠠᠯ ᠤᠨ ᠬᠤᠷᠠᠯ ᠲᠡᠭᠦᠰᠦᠭᠰᠡᠨ ᠬᠤᠭᠤᠴᠠᠭᠠᠨ ᠳᠤ᠂ ᠪᠠᠢᠩᠭᠤ ᠶ᠋ᠢᠨ ᠺᠣᠮᠢᠰ ᠠ᠋ᠴᠠ ᠵᠥᠪ ᠪᠢᠴᠢᠯᠭᠡ ᠶᠢᠨ ᠺᠣᠮᠢᠰ ᠤᠨ ᠡᠷᠬᠡ ᠲᠤᠰᠢᠶᠠᠯ ᠢ ᠭᠦᠢᠴᠡᠳᠭᠡᠨ᠎ᠡ᠃

ᠬᠣᠷᠢᠨ ᠨᠢᠭᠡᠳᠦᠭᠡᠷ ᠵᠦᠢᠯ  ᠵᠥᠪ ᠪᠢᠴᠢᠯᠭᠡ ᠶᠢᠨ ᠺᠣᠮᠢᠰ ᠤᠨ ᠪᠠᠢᠩᠭᠤ ᠶ᠋ᠢᠨ ᠺᠣᠮᠢᠰ ᠤᠨ ᠬᠤᠷᠠᠯ ᠢ ᠡᠩ ᠦᠨ ᠪᠠᠢᠳᠠᠯ ᠳ᠋ᠤ᠌ ᠵᠢᠯ ᠪᠦᠷᠢ ᠶᠢᠨ ᠬᠠᠪᠤᠷ ᠤᠨ ᠤᠯᠠᠷᠢᠯ ᠳᠤ ᠨᠢᠭᠡ ᠤᠳᠠᠭ᠎ᠠ ᠬᠤᠷᠠᠯᠳᠤᠭᠤᠯᠤᠨ᠎ᠠ᠃ ᠡᠷᠬᠢᠯᠡᠭᠴᠢ ᠭᠡᠰᠢᠭᠦᠨ ᠦ᠌ ᠰᠠᠨᠠᠭᠤᠯᠭ᠎ᠠ ᠪᠠᠷ ᠲᠦᠷ ᠴᠠᠭ ᠤᠨ ᠪᠠᠢᠩᠭᠤ ᠶ᠋ᠢᠨ ᠺᠣᠮᠢᠰ ᠤᠨ ᠬᠤᠷᠠᠯ ᠢ ᠬᠤᠷᠠᠯᠳᠤᠭᠤᠯᠵᠤ ᠪᠣᠯᠤᠨ᠎ᠠ᠃ ᠪᠠᠢᠩᠭᠤ ᠶ᠋ᠢᠨ ᠺᠣᠮᠢᠰ ᠤᠨ ᠬᠤᠷᠠᠯ ᠨᠢ ᠳᠣᠣᠷᠠᠬᠢ ᠭᠣᠣᠯ ᠡᠭᠦᠷᠭᠡ ᠬᠠᠷᠢᠭᠤᠴᠠᠯᠭ᠎ᠠ ᠶᠢ ᠭᠦᠢᠴᠡᠳᠭᠡᠨ᠎ᠡ᠄

(ᠨᠢᠭᠡ) ᠮᠣᠩᠭᠤᠯ ᠪᠢᠴᠢᠭ ᠦ᠋ᠨ ᠵᠥᠪ ᠪᠢᠴᠢᠯᠭᠡ ᠶᠢᠨ ᠳᠦᠷᠢᠮ ᠦ᠋ᠨ ᠳᠦᠷᠢᠮᠵᠢᠭᠦᠯᠦᠯᠲᠡ᠂ ᠪᠠᠷᠢᠮᠵᠢᠶᠠᠵᠢᠭᠤᠯᠤᠯᠲᠠ᠂ ᠮᠡᠳᠡᠭᠡ ᠵᠠᠩᠭᠢᠵᠢᠯᠲᠠ ᠶᠢᠨ ᠠᠵᠢᠯ ᠢ ᠥᠷᠨᠢᠭᠦᠯᠦᠨ᠎ᠡ᠃

(ᠬᠤᠶᠠᠷ) ᠮᠣᠩᠭᠤᠯ ᠦᠰᠦᠭ ᠦ᠋ᠨ ᠵᠥᠪ ᠪᠢᠴᠢᠯᠭᠡ ᠶᠢᠨ ᠠᠵᠢᠯ ᠤᠨ ᠬᠥᠭᠵᠢᠯᠲᠡ ᠶ᠋ᠢᠨ ᠪᠠᠢᠯᠳᠤᠬᠤ ᠪᠣᠳᠤᠯᠭ᠎ᠠ᠂ ᠳᠤᠮᠳᠠ ᠤᠷᠲᠤ ᠬᠤᠭᠤᠴᠠᠭᠠᠨ ᠤ ᠬᠥᠭᠵᠢᠯᠲᠡ ᠶ᠋ᠢᠨ ᠲᠥᠯᠦᠪᠵᠢᠭᠦᠯᠬᠡ᠂ ᠴᠢᠬᠤᠯᠠ ᠶᠡᠬᠡ ᠬᠥᠭᠵᠢᠯᠲᠡ ᠥᠭᠡᠷᠡᠴᠢᠯᠡᠯᠲᠡ ᠶ᠋ᠢᠨ ᠠᠷᠭ᠎ᠠ ᠬᠡᠮᠵᠢᠶ᠎ᠡ ᠵᠡᠷᠭᠡ ᠬᠡᠷᠡᠭ ᠶᠠᠪᠤᠳᠠᠯ ᠤᠳ ᠢ ᠳᠤᠷᠠᠳᠤᠨ᠎ᠠ᠃

(ᠭᠤᠷᠪᠠ) ᠵᠥᠪ ᠪᠢᠴᠢᠯᠭᠡ ᠶᠢᠨ ᠺᠣᠮᠢᠰ ᠤᠨ ᠳᠡᠭᠡᠷ᠎ᠡ ᠵᠢᠯ ᠦ᠋ᠨ ᠠᠵᠢᠯ ᠤᠨ ᠳ᠋ᠦᠩᠨᠡᠯᠲᠡ ᠶᠢ ᠬᠢᠨᠠᠨ ᠵᠥᠪᠯᠡᠵᠦ᠂ ᠲᠤᠰ ᠵᠢᠯ ᠦ᠋ᠨ ᠠᠵᠢᠯ ᠤᠨ ᠲᠥᠯᠦᠪᠯᠡᠭᠡ ᠶ᠋ᠢ ᠲᠤᠭᠤᠷᠪᠢᠨ ᠲᠣᠭᠲᠠᠭᠠᠨ᠎ᠠ᠃

(ᠳᠥᠷᠪᠡ) ᠵᠥᠪ ᠪᠢᠴᠢᠯᠭᠡ ᠶᠢᠨ ᠺᠣᠮᠢᠰ ᠤᠨ ᠱᠠᠲᠤ ᠦᠶ᠎ᠡ ᠶᠢᠨ ᠠᠵᠢᠯ ᠤᠨ ᠭᠣᠣᠯᠳᠠᠯᠭ᠎ᠠ ᠶ᠋ᠢ ᠲᠣᠭᠲᠠᠭᠠᠨ᠎ᠠ᠃

(ᠲᠠᠪᠤ) ᠵᠥᠪ ᠪᠢᠴᠢᠯᠭᠡ ᠶᠢᠨ ᠺᠣᠮᠢᠰ ᠤᠨ ᠬᠠᠮᠢᠶᠠᠷᠤᠯᠲᠠ ᠶᠢᠨ ᠳᠦᠷᠢᠮ ᠲᠣᠭᠲᠠᠭᠠᠯ ᠢ᠋ ᠬᠢᠨᠠᠨ ᠵᠥᠪᠯᠡᠨ᠎ᠡ᠃

(ᠵᠢᠷᠭᠤᠭ᠎ᠠ) ᠪᠠᠢᠩᠭᠤ ᠶ᠋ᠢᠨ ᠺᠣᠮᠢᠰ ᠠ᠋ᠴᠠ ᠲᠣᠭᠲᠠᠭᠠᠬᠤ ᠶᠣᠰᠣᠲᠠᠢ ᠪᠤᠰᠤᠳ ᠬᠡᠷᠡᠭ ᠶᠠᠪᠤᠳᠠᠯ ᠤᠳ ᠢ ᠬᠢᠨᠠᠨ ᠵᠥᠪᠯᠡᠨ᠎ᠡ᠃

ᠬᠣᠷᠢᠨ ᠬᠣᠶᠠᠳᠤᠭᠠᠷ ᠵᠦᠢᠯ  ᠵᠥᠪ ᠪᠢᠴᠢᠯᠭᠡ ᠶᠢᠨ ᠺᠣᠮᠢᠰ ᠤᠨ ᠪᠦᠭᠦᠳᠡ ᠬᠤᠷᠠᠯ ᠪᠠ ᠪᠠᠢᠩᠭᠤ ᠶ᠋ᠢᠨ ᠺᠣᠮᠢᠰ ᠤᠨ ᠬᠤᠷᠠᠯ ᠤᠨ ᠬᠠᠤᠯᠢ ᠪᠠᠷ ᠲᠣᠭᠲᠠᠭᠠᠭᠰᠠᠨ ᠬᠤᠷᠠᠯ ᠳᠤ ᠣᠷᠤᠯᠴᠠᠬᠤ ᠬᠥᠮᠦᠨ ᠦ᠌ ᠲᠣᠭ᠎ᠠ  ᠨᠢ ᠬᠤᠷᠠᠯ ᠳᠤ ᠣᠷᠤᠯᠴᠠᠬᠤ ᠶᠣᠰᠣᠲᠠᠢ ᠬᠥᠮᠦᠨ ᠦ᠌ ᠲᠣᠭᠠᠨ ᠤ᠋ ᠬᠠᠭᠠᠰ ᠠᠴᠠ ᠳᠡᠭᠡᠭᠰᠢ ᠪᠠᠢᠬᠤ ᠬᠡᠷᠡᠭᠲᠡᠢ᠃ ᠡᠯ᠎ᠡ ᠵᠦᠢᠯ ᠦ᠋ᠨ ᠰᠢᠢᠳᠪᠦᠷᠢ  ᠨᠢ ᠬᠤᠷᠠᠯ ᠳᠤ ᠣᠷᠤᠯᠴᠠᠭᠰᠠᠳ ᠤ᠋ᠨ ᠬᠠᠭᠠᠰ ᠲᠣᠭᠠᠨ ᠠ᠋ᠴᠠ ᠳᠡᠭᠡᠭᠰᠢ ᠳ᠋ᠦ᠍ ᠪᠠᠲᠤᠯᠠᠭᠳᠠᠭᠰᠠᠨ ᠪᠠᠢᠬᠤ ᠬᠡᠷᠡᠭᠲᠡᠢ᠃

 

ᠲᠠᠪᠤᠳᠤᠭᠠᠷ ᠪᠦᠯᠦᠭ  ᠬᠡᠷᠡᠭ ᠡᠷᠬᠢᠯᠡᠬᠦ ᠪᠠᠢᠭᠤᠯᠤᠮᠵᠢ

 

ᠬᠣᠷᠢᠨ ᠭᠤᠷᠪᠠᠳᠤᠭᠠᠷ ᠵᠦᠢᠯ  ᠵᠥᠪ ᠪᠢᠴᠢᠯᠭᠡ ᠶᠢᠨ ᠺᠣᠮᠢᠰ ᠤᠨ ᠪᠠᠢᠩᠭᠤ ᠶ᠋ᠢᠨ ᠺᠣᠮᠢᠰ ᠤ᠋ᠨ ᠳᠣᠣᠷ᠎ᠠ ᠠᠯᠪᠠᠨ ᠭᠡᠷ ᠭᠠᠷᠭᠠᠨ᠎ᠠ᠃ ᠠᠯᠪᠠᠨ ᠭᠡᠷ ᠢ ᠥᠪᠡᠷᠲᠡᠭᠡᠨ ᠵᠠᠰᠠᠬᠤ ᠣᠷᠤᠨ ᠤ᠋ ᠦᠨᠳᠦᠰᠦᠲᠡᠨ ᠦ᠌ ᠬᠡᠷᠡᠭ ᠡᠷᠬᠢᠯᠡᠬᠦ ᠵᠥᠪᠯᠡᠯ (ᠮᠣᠩᠭᠤᠯ ᠬᠡᠯᠡ ᠪᠢᠴᠢᠭ ᠦ᠋ᠨ ᠠᠵᠢᠯ ᠤᠨ ᠵᠥᠪᠯᠡᠯ) ᠤᠨ ᠮᠣᠩᠭᠤᠯ ᠬᠡᠯᠡ ᠪᠢᠴᠢᠭ ᠦ᠋ᠨ ᠡᠷᠳᠡᠮ ᠰᠢᠨᠵᠢᠯᠡᠭᠡᠨ ᠦ᠌ ᠬᠠᠮᠢᠶᠠᠷᠤᠯᠲᠠ ᠶᠢᠨ ᠭᠠᠵᠠᠷ ᠲᠤ ᠪᠠᠢᠭᠤᠯᠵᠤ᠂ ᠭᠣᠣᠯᠳᠠᠭᠤ ᠪᠠᠢᠩᠭᠤ ᠶ᠋ᠢᠨ ᠺᠣᠮᠢᠰ ᠤ᠋ᠨ ᠡᠯ᠎ᠡ ᠵᠦᠢᠯ ᠦ᠋ᠨ ᠰᠢᠢᠳᠪᠦᠷᠢ ᠪᠠ ᠪᠤᠰᠤᠳ ᠡᠳᠦᠷ ᠲᠤᠲᠤᠮ ᠤᠨ ᠬᠡᠷᠡᠭ ᠶᠠᠪᠤᠳᠠᠯ ᠤᠳ ᠢ ᠬᠠᠷᠢᠭᠤᠴᠠᠨ ᠬᠡᠷᠡᠭᠵᠢᠭᠦᠯᠦᠨ᠎ᠡ᠃

ᠬᠣᠷᠢᠨ ᠳᠥᠷᠪᠡᠳᠦᠭᠡᠷ ᠵᠦᠢᠯ  ᠵᠥᠪ ᠪᠢᠴᠢᠯᠭᠡ ᠶᠢᠨ ᠺᠣᠮᠢᠰ ᠤᠨ ᠪᠠᠢᠩᠭᠤ ᠶ᠋ᠢᠨ ᠺᠣᠮᠢᠰ ᠤ᠋ᠨ ᠠᠯᠪᠠᠨ ᠭᠡᠷ ᠦ᠋ᠨ ᠡᠷᠬᠢᠯᠡᠭᠴᠢ ᠶᠢ ᠥᠪᠡᠷᠲᠡᠭᠡᠨ ᠵᠠᠰᠠᠬᠤ ᠣᠷᠤᠨ ᠤ᠋ ᠦᠨᠳᠦᠰᠦᠲᠡᠨ ᠦ᠌ ᠬᠡᠷᠡᠭ ᠡᠷᠬᠢᠯᠡᠬᠦ ᠵᠥᠪᠯᠡᠯ (ᠮᠣᠩᠭᠤᠯ ᠬᠡᠯᠡ ᠪᠢᠴᠢᠭ ᠦ᠋ᠨ ᠠᠵᠢᠯ ᠤᠨ ᠵᠥᠪᠯᠡᠯ) ᠤᠨ ᠮᠣᠩᠭᠤᠯ ᠬᠡᠯᠡ ᠪᠢᠴᠢᠭ ᠦ᠋ᠨ ᠡᠷᠳᠡᠮ ᠰᠢᠨᠵᠢᠯᠡᠭᠡᠨ ᠦ᠌ ᠬᠠᠮᠢᠶᠠᠷᠤᠯᠲᠠ ᠶᠢᠨ ᠭᠠᠵᠠᠷ ᠤᠨ ᠬᠠᠷᠢᠭᠤᠴᠠᠯᠭᠠᠲᠠᠨ ᠲᠤᠰᠢᠶᠠᠯ ᠬᠠᠪᠰᠤᠷᠭᠠᠵᠤ᠂ ᠪᠠᠢᠩᠭᠤ ᠶ᠋ᠢᠨ ᠺᠣᠮᠢᠰ ᠲᠤ᠌ ᠬᠠᠷᠢᠭᠤᠴᠠᠨ᠎ᠠ᠃

 

ᠵᠢᠷᠭᠤᠳᠤᠭᠠᠷ ᠪᠦᠯᠦᠭ  ᠠᠵᠢᠯ ᠤᠨ ᠵᠢᠷᠤᠮ

 

ᠬᠣᠷᠢᠨ ᠲᠠᠪᠤᠳᠤᠭᠠᠷ ᠵᠦᠢᠯ  ᠵᠥᠪ ᠪᠢᠴᠢᠯᠭᠡ ᠶᠢᠨ ᠺᠣᠮᠢᠰ ᠨᠢ ᠠᠵᠢᠯ ᠥᠷᠨᠢᠭᠦᠯᠬᠦ ᠳ᠋ᠡᠭᠡᠨ ᠳᠣᠣᠷᠠᠬᠢ ᠵᠢᠷᠤᠮ ᠢ ᠪᠠᠷᠢᠮᠲᠠᠯᠠᠨ᠎ᠠ᠄

(ᠨᠢᠭᠡ) ᠲᠤᠰ ᠳᠦᠷᠢᠮ ᠦ᠋ᠨ ᠬᠣᠯᠪᠤᠭᠳᠠᠯ ᠪᠦᠬᠦᠢ ᠳᠦᠷᠢᠮ ᠲᠣᠭᠲᠠᠭᠠᠯ ᠢ᠋ ᠦᠨᠳᠦᠰᠦᠯᠡᠵᠦ᠂ ᠵᠥᠪ ᠪᠢᠴᠢᠯᠭᠡ ᠶᠢᠨ ᠺᠣᠮᠢᠰ ᠤᠨ ᠭᠡᠰᠢᠭᠦᠨ ᠪᠠ ᠬᠣᠯᠪᠤᠭᠳᠠᠯ ᠪᠦᠬᠦᠢ ᠠᠵᠢᠯᠲᠠᠨ ᠢ ᠵᠣᠬᠢᠶᠠᠨ ᠪᠠᠢᠭᠤᠯᠵᠤ᠂ ᠮᠣᠩᠭᠤᠯ ᠦᠰᠦᠭ ᠦ᠋ᠨ ᠵᠥᠪ ᠪᠢᠴᠢᠯᠭᠡ ᠶᠢᠨ ᠳᠦᠷᠢᠮ ᠳ᠋ᠡᠬᠢ ᠳᠦᠷᠢᠮᠵᠢᠯ ᠪᠤᠰᠤ ᠠᠰᠠᠭᠤᠳᠠᠯ ᠪᠠ ᠳᠦᠷᠢᠮᠵᠢᠯ ᠪᠤᠰᠤ ᠪᠢᠴᠢᠯᠭᠡ ᠶᠢᠨ ᠬᠡᠯᠪᠡᠷᠢ ᠶᠢ ᠴᠤᠭᠯᠠᠭᠤᠯᠵᠤ᠂ ᠴᠠᠭ ᠲᠤᠬᠠᠢ ᠳᠤᠨᠢ ᠪᠠᠢᠩᠭᠤ ᠶ᠋ᠢᠨ ᠺᠣᠮᠢᠰ ᠤ᠋ᠨ ᠠᠯᠪᠠᠨ ᠭᠡᠷ ᠲᠦ᠍ ᠮᠡᠳᠡᠭᠦᠯᠦᠨ᠎ᠡ᠃

(ᠬᠤᠶᠠᠷ) ᠪᠠᠢᠩᠭᠤ ᠶ᠋ᠢᠨ ᠺᠣᠮᠢᠰ ᠤ᠋ᠨ ᠠᠯᠪᠠᠨ ᠭᠡᠷ ᠡᠴᠡ ᠬᠤᠷᠢᠶᠠᠩᠭᠤᠢᠯᠠᠭᠰᠠᠨ ᠠᠰᠠᠭᠤᠳᠠᠯ ᠪᠠ ᠳᠦᠷᠢᠮᠵᠢᠯ ᠪᠤᠰᠤ ᠪᠢᠴᠢᠯᠭᠡ ᠶᠢᠨ ᠬᠡᠯᠪᠡᠷᠢ ᠶᠢ ᠵᠥᠪ ᠪᠢᠴᠢᠯᠭᠡ ᠶᠢᠨ ᠺᠣᠮᠢᠰ ᠲᠤ ᠮᠡᠳᠡᠭᠦᠯᠵᠦ ᠶᠠᠷᠢᠯᠴᠠᠭᠤᠯᠤᠨ᠎ᠠ᠃

(ᠭᠤᠷᠪᠠ) ᠵᠥᠪ ᠪᠢᠴᠢᠯᠭᠡ ᠶᠢᠨ ᠺᠣᠮᠢᠰ ᠤᠨ ᠶᠠᠷᠢᠯᠴᠠᠵᠤ ᠪᠠᠲᠤᠯᠠᠭᠰᠠᠨ ᠵᠥᠪ ᠪᠢᠴᠢᠯᠭᠡ ᠶᠢᠨ ᠳᠦᠷᠢᠮ ᠦ᠋ᠨ ᠠᠰᠠᠭᠤᠳᠠᠯ᠂ ᠪᠢᠴᠢᠯᠭᠡ ᠶᠢᠨ ᠳᠦᠷᠢᠮ ᠢ᠋ ᠪᠢᠴᠢᠭ ᠮᠠᠲ᠋ᠧᠷᠢᠶᠠᠯ ᠪᠤᠶᠤ 《ᠠᠯᠪᠠᠨ ᠮᠡᠳᠡᠭᠡ》 ᠶᠢᠨ ᠬᠡᠯᠪᠡᠷᠢ ᠪᠡᠷ ᠨᠡᠢᠭᠡᠮ ᠨᠡᠢᠲᠡ ᠳ᠋ᠦ᠍ ᠨᠡᠢᠲᠡᠯᠡᠵᠦ ᠬᠡᠷᠡᠭᠵᠢᠭᠦᠯᠦᠨ᠎ᠡ᠃

(ᠳᠥᠷᠪᠡ) ᠵᠥᠪ ᠪᠢᠴᠢᠯᠭᠡ ᠶᠢᠨ ᠺᠣᠮᠢᠰ 《ᠠᠯᠪᠠᠨ ᠮᠡᠳᠡᠭᠡ》 ᠶᠢᠨ ᠬᠡᠯᠪᠡᠷᠢ ᠪᠡᠷ ᠳᠠᠮᠵᠢᠨ ᠮᠣᠩᠭᠤᠯ ᠦᠰᠦᠭ ᠦᠨ ᠪᠢᠴᠢᠯᠭᠡ ᠶᠢᠨ ᠬᠡᠯᠪᠡᠷᠢ ᠪᠠ ᠲᠡᠭᠦᠨ ᠦ᠌ ᠳᠦᠷᠢᠮ ᠢ᠋ ᠳᠦᠷᠢᠮᠵᠢᠭᠦᠯᠬᠦ ᠶ᠋ᠢᠨ ᠬᠠᠮᠲᠤ ᠨᠡᠢᠭᠡᠮ ᠦ᠋ᠨ ᠬᠠᠷᠢᠭᠤ ᠰᠠᠨᠠᠭᠤᠯᠭ᠎ᠠ ᠶᠢ ᠰᠣᠨᠤᠰᠤᠨ᠎ᠠ᠃ ᠨᠡᠢᠭᠡᠮ ᠦ᠋ᠨ ᠲᠤᠰᠭᠠᠯ ᠢ᠋ ᠦᠨᠳᠦᠰᠦᠯᠡᠵᠦ᠂ ᠨᠢᠭᠡᠨᠲᠡ ᠨᠡᠢᠲᠡᠯᠡᠭᠰᠡᠨ ᠵᠠᠷᠢᠮ ᠪᠢᠴᠢᠯᠭᠡ ᠶᠢᠨ ᠬᠡᠯᠪᠡᠷᠢ ᠶᠢ ᠲᠠᠬᠢᠨ ᠶᠠᠷᠢᠯᠴᠠᠵᠤ ᠳᠦᠷᠢᠮᠵᠢᠭᠦᠯᠦᠨ᠂ ᠨᠡᠢᠲᠡᠯᠡᠵᠦ ᠬᠡᠷᠡᠭᠵᠢᠭᠦᠯᠦᠨ᠎ᠡ᠃

 

ᠳᠣᠯᠤᠳᠤᠭᠠᠷ ᠪᠦᠯᠦᠭ  ᠳᠠᠭᠠᠯᠲᠠ ᠳᠦᠷᠢᠮ

 

ᠬᠣᠷᠢᠨ ᠵᠢᠷᠭᠤᠳᠤᠭᠠᠷ ᠵᠦᠢᠯ  ᠲᠤᠰ ᠳᠦᠷᠢᠮ ᠨᠡᠢᠲᠡᠯᠡᠭᠳᠡᠭᠰᠡᠨ ᠡᠳᠦᠷ ᠡᠴᠡ ᠡᠬᠢᠯᠡᠵᠦ ᠬᠦᠴᠦᠨ ᠲᠡᠢ ᠪᠣᠯᠤᠨ᠎ᠠ᠃

 

        ᠡᠬᠡ ᠪᠢᠴᠢᠭ ᠬᠠᠩᠭᠠᠭᠴᠢ᠄  ᠠᠯᠲᠠᠨ᠌ᠣ᠋ᠳᠣ

        ᠬᠢᠨᠠᠨ ᠬᠠᠷᠭᠤᠭᠤᠯᠤᠭᠴᠢ᠄ ᠲᠤᠩᠭᠠᠯᠠᠭ 

        ᠬᠠᠷᠢᠭᠤᠴᠠᠭᠰᠠᠨ ᠨᠠᠢᠷᠠᠭᠤᠯᠤᠭᠴᠢ᠄ ᠲᠡᠭᠦᠰᠪᠠᠶᠠᠷ