ᠨᠡᠢᠭᠡᠮ ᠦ᠋ᠨ ᠥᠩᠭᠡᠨ ᠬᠡᠷᠡᠭᠯᠡᠭᠡᠨ ᠦ᠌ ᠮᠣᠩᠭᠤᠯ ᠬᠢᠲᠠᠳ ᠬᠣᠶᠠᠷ ᠵᠦᠢᠯ ᠦ᠋ᠨ ᠦᠰᠦᠭ ᠪᠢᠴᠢᠭ ᠢ᠋ ᠵᠡᠷᠭᠡ ᠪᠡᠷ ᠬᠡᠷᠡᠭᠯᠡᠬᠦ ᠬᠠᠮᠢᠶᠠᠷᠤᠯᠲᠠ ᠶ᠋ᠢᠨ ᠰᠢᠰᠲ᠋ᠧᠮ ᠢ᠋ ᠲᠦᠭᠡᠮᠡᠯᠵᠢᠭᠦᠯᠦᠨ ᠳᠡᠯᠭᠡᠷᠡᠭᠦᠯᠬᠦ ᠲᠤᠬᠠᠢ ᠮᠡᠳᠡᠭᠳᠡᠯ
ᠢᠷᠡᠯᠲᠡ᠄ ᠣᠷᠤᠨ ᠤ᠋ ᠦᠨᠳᠦᠰᠦᠲᠡᠨ ᠦ᠌ ᠬᠡᠷᠡᠭ ᠡᠷᠬᠢᠯᠡᠬᠦ ᠵᠥᠪᠯᠡᠯ
2018.04.25

                                                                              ᠡᠯ᠎ᠡ ᠠᠢᠮᠠᠭ ᠬᠣᠲᠠ ᠶ᠋ᠢᠨ ᠦᠨᠳᠦᠰᠦᠲᠡᠨ ᠦ᠌ ᠬᠡᠷᠡᠭ ᠡᠷᠬᠢᠯᠡᠬᠦ ᠵᠥᠪᠯᠡᠯ᠂ ᠮᠠᠨᠵᠤᠤᠷ ᠬᠣᠲᠠ ᠶ᠋ᠢᠨ ᠦᠨᠳᠦᠰᠦᠲᠡᠨ ᠦ᠌ ᠬᠡᠷᠡᠭ ᠡᠷᠬᠢᠯᠡᠬᠦ ᠲᠣᠪᠴᠢᠶ᠎ᠠ᠂ ᠡᠷᠢᠶᠡᠨ ᠬᠣᠲᠠ ᠶ᠋ᠢᠨ ᠦᠨᠳᠦᠰᠦᠲᠡᠨ ᠦ᠌ ᠬᠡᠷᠡᠭ ᠡᠷᠬᠢᠯᠡᠬᠦ ᠲᠣᠪᠴᠢᠶ᠎ᠠ ᠄

ᠨᠡᠢᠭᠡᠮ ᠦ᠋ᠨ ᠥᠩᠭᠡᠨ ᠬᠡᠷᠡᠭᠯᠡᠭᠡᠨ ᠦ᠌ ᠮᠣᠩᠭᠤᠯ ᠬᠢᠲᠠᠳ ᠬᠣᠶᠠᠷ ᠵᠦᠢᠯ ᠦ᠋ᠨ ᠦᠰᠦᠭ ᠪᠢᠴᠢᠭ ᠢ᠋ ᠵᠡᠷᠭᠡ ᠪᠡᠷ ᠬᠡᠷᠡᠭᠯᠡᠬᠦ ᠬᠠᠮᠢᠶᠠᠷᠤᠯᠲᠠ ᠶ᠋ᠢᠨ ᠠᠵᠢᠯ ᠢ᠋ ᠥᠭᠡᠷᠡᠴᠢᠯᠡᠨ ᠰᠠᠢᠵᠢᠷᠠᠭᠤᠯᠵᠤ᠂ ᠡᠶ᠎ᠡ ᠨᠠᠢᠷᠠᠮᠳᠠᠭᠤ ᠰᠢᠯᠢᠳᠡᠭ ᠦᠭᠡ ᠬᠡᠯᠡ ᠦᠰᠦᠭ ᠪᠢᠴᠢᠭ ᠦ᠋ᠨ ᠣᠷᠴᠢᠨ ᠢ᠋ ᠪᠤᠢ ᠪᠣᠯᠭᠠᠵᠤ᠂ ᠮᠠᠨ ᠤ᠋ ᠣᠷᠤᠨ ᠤ᠋ ᠦᠨᠳᠦᠰᠦᠲᠡᠨ ᠦ᠌ ᠪᠦᠯᠬᠦᠮᠳᠡᠯ ᠦ᠋ᠨ ᠦᠢᠯᠡᠰ ᠢ᠋ ᠤᠯᠠᠮ ᠨᠢᠭᠡ ᠠᠯᠬᠤᠮ ᠪᠠᠲᠤᠳᠭᠠᠵᠤ ᠬᠥᠭᠵᠢᠭᠦᠯᠬᠦ ᠶ᠋ᠢᠨ ᠲᠥᠯᠦᠭᠡ᠂ ᠮᠠᠨ ᠤ᠋ ᠵᠥᠪᠯᠡᠯ ᠡᠴᠡ ᠵᠣᠬᠢᠶᠠᠨ ᠪᠠᠢᠭᠤᠯᠵᠤ 《ᠨᠡᠢᠭᠡᠮ ᠦ᠋ᠨ ᠥᠩᠭᠡᠨ ᠬᠡᠷᠡᠭᠯᠡᠭᠡᠨ ᠦ᠌ ᠮᠣᠩᠭᠤᠯ ᠬᠢᠲᠠᠳ ᠬᠣᠶᠠᠷ ᠵᠦᠢᠯ ᠦ᠋ᠨ ᠦᠰᠦᠭ ᠪᠢᠴᠢᠭ ᠢ᠋ ᠵᠡᠷᠭᠡ ᠪᠡᠷ ᠬᠡᠷᠡᠭᠯᠡᠬᠦ ᠬᠠᠮᠢᠶᠠᠷᠤᠯᠲᠠ ᠶ᠋ᠢᠨ ᠰᠢᠰᠲ᠋ᠧᠮ》 ᠢ᠋ ᠡᠭᠦᠳᠦᠨ ᠰᠤᠳᠤᠯᠵᠤ᠂ ᠣᠷᠳᠤᠰ ᠬᠣᠲᠠ ᠶ᠋ᠢᠨ ᠬᠠᠩᠭᠢᠨ ᠬᠣᠰᠢᠭᠤ᠂ ᠣᠲᠤᠭ ᠤ᠋ᠨ ᠡᠮᠦᠨᠡᠳᠦ ᠬᠣᠰᠢᠭᠤ ᠪᠣᠯᠤᠨ ᠬᠢᠩᠭᠠᠨ ᠠᠢᠮᠠᠭ ᠲᠤ᠌ ᠲᠦᠭᠡᠮᠡᠯᠵᠢᠭᠦᠯᠦᠨ ᠳᠡᠯᠭᠡᠷᠡᠭᠦᠯᠬᠦ ᠪᠣᠯᠪᠠᠰᠤᠷᠠᠯ ᠤ᠋ᠨ ᠠᠩᠭᠢ ᠡᠷᠬᠢᠯᠡᠪᠡ᠃ ᠰᠤᠳᠤᠯᠤᠨ ᠲᠣᠭᠲᠠᠭᠠᠭᠰᠠᠨ ᠢ᠋ᠶ᠋ᠠᠷ᠂ 2018 ᠣᠨ ᠤ᠋ 4 ᠰᠠᠷ᠎ᠠ ᠶ᠋ᠢᠨ ᠰᠡᠭᠦᠯᠴᠢ ᠡᠴᠡ 6 ᠰᠠᠷ᠎ᠠ ᠶ᠋ᠢᠨ 30 ᠤ᠋ ᠡᠳᠦᠷ ᠪᠣᠯᠲᠠᠯ᠎ᠠ ᠪᠤᠰᠤᠳ ᠠᠢᠮᠠᠭ ᠬᠣᠲᠠ ᠳ᠋ᠤ᠌ ᠲᠦᠭᠡᠮᠡᠯᠵᠢᠭᠦᠯᠬᠦ ᠪᠣᠯᠪᠠᠰᠤᠷᠠᠯ ᠤ᠋ᠨ ᠠᠵᠢᠯ ᠬᠢᠨ᠎ᠡ᠃ ᠡᠯ᠎ᠡ ᠭᠠᠵᠠᠷ ᠣᠷᠤᠨ ᠤ᠋ ᠡᠯ᠎ᠡ ᠪᠠᠢᠭᠤᠯᠭ᠎ᠠ ᠨᠢᠭᠡᠴᠢ ᠳᠡᠭᠡᠳᠦ ᠬᠡᠮᠵᠢᠶ᠎ᠡ ᠪᠡᠷ ᠬᠦᠨᠳᠦᠳᠭᠡᠨ ᠴᠢᠬᠤᠯᠠᠴᠢᠯᠠᠵᠤ᠂ ᠢᠳᠡᠪᠬᠢᠲᠡᠢ ᠲᠣᠬᠢᠷᠠᠭᠤᠯᠤᠯᠲᠠ ᠬᠢᠵᠦ᠂ ᠥᠪᠡᠷᠲᠡᠭᠡᠨ ᠵᠠᠰᠠᠬᠤ ᠣᠷᠤᠨ ᠤ᠋ ᠮᠣᠩᠭᠤᠯ ᠦᠭᠡ ᠬᠡᠯᠡ ᠦᠰᠦᠭ ᠪᠢᠴᠢᠭ ᠦ᠋ᠨ ᠰᠤᠳᠤᠯᠭ᠎ᠠ ᠬᠡᠷᠡᠭᠯᠡᠭᠡᠨ ᠦ᠌ ᠲᠥᠪ ᠲᠠᠢ ᠬᠠᠷᠢᠯᠴᠠᠵᠤ᠂ ᠴᠠᠭ ᠲᠤᠬᠠᠢ ᠳ᠋ᠤᠨᠢ ᠪᠣᠯᠪᠠᠰᠤᠷᠠᠯ ᠬᠢᠬᠦ ᠴᠠᠭ ᠵᠢᠴᠢ ᠬᠠᠮᠢᠶ᠎ᠠ ᠪᠦᠬᠦᠢ ᠠᠵᠢᠯ ᠢ᠋ᠶ᠋ᠠᠨ ᠲᠣᠬᠢᠷᠠᠭᠤᠯᠵᠤ᠂ ᠲᠤᠰ ᠭᠠᠵᠠᠷ ᠣᠷᠤᠨ ᠤ᠋ ᠪᠠᠨ ᠲᠦᠭᠡᠮᠡᠯᠵᠢᠭᠦᠯᠦᠨ ᠳᠡᠯᠭᠡᠷᠡᠭᠦᠯᠬᠦ ᠠᠵᠢᠯ ᠢ᠋ ᠰᠠᠢᠲᠤᠷ ᠬᠢᠬᠦ ᠪᠠᠷ ᠴᠢᠷᠮᠠᠢᠵᠠᠭᠠᠨ᠎ᠠ᠃

ᠬᠠᠷᠢᠯᠴᠠᠬᠤ ᠬᠥᠮᠦᠨ᠄  ᠲᠡᠭᠦᠰᠪᠠᠶᠠᠷ 18647103397       ᠪᠠᠲᠤ 13604774583

 

 

ᠣᠷᠴᠢᠭᠤᠯᠤᠭᠴᠢ᠄ ᠡᠷᠳᠡᠨᠢᠴᠡᠴᠡᠭ

ᠬᠢᠨᠠᠭᠴᠢ᠄ ᠠᠯᠳᠠᠨ᠌ᠣ᠋ᠳᠣ

ᠬᠠᠷᠢᠭᠤᠴᠠᠭᠰᠠᠨ ᠨᠠᠢᠷᠠᠭᠤᠯᠤᠭᠴᠢ᠄ ᠡᠷᠳᠡᠨᠢᠴᠡᠴᠡᠭ

ᠸᠢᠴᠠᠲ ᠲᠤ ᠪᠠᠨ ᠬᠤᠪᠢᠶᠠᠯᠴᠠᠬᠤ

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )