ᠮᠣᠩᠭᠤᠯ ᠨᠡᠷ᠎ᠡ ᠲᠣᠮᠢᠶᠠᠨ ᠤ᠋ ᠺᠣᠮᠢᠰ

ᠥᠪᠦᠷ ᠮᠣᠩᠭᠤᠯ ᠤ᠋ᠨ ᠥᠪᠡᠷᠲᠡᠭᠡᠨ ᠵᠠᠰᠠᠬᠤ ᠣᠷᠤᠨ ᠤ᠋

ᠮᠣᠩᠭᠤᠯ  ᠨᠡᠷ᠎ᠡ   ᠲᠣᠮᠢᠶᠠᠨ ᠤ᠋  ᠺᠣᠮᠢᠰ ᠤ᠋ᠨ  ᠳᠦᠷᠢᠮ


                   (ᠥᠪᠦᠷ ᠦᠨᠳᠦᠰᠦᠲᠡᠨ ᠦ ᠵᠥᠪᠯᠡᠯ ᠲᠠᠷᠬᠠᠭᠠᠭᠰᠠᠨ〔2017〕8 ᠳ᠋ᠤᠭᠠᠷ ᠲᠣᠭᠠᠲᠤ)

 

ᠨᠢᠭᠡᠳᠦᠭᠡᠷ ᠪᠦᠯᠦᠭ  ᠶᠡᠷᠦᠩᠬᠡᠢ ᠳᠦᠷᠢᠮ

 

ᠨᠢᠭᠡᠳᠦᠭᠡᠷ ᠵᠦᠢᠯ  ᠮᠣᠩᠭᠤᠯ ᠦᠭᠡ ᠬᠡᠯᠡ ᠦᠰᠦᠭ ᠪᠢᠴᠢᠭ ᠦ᠋ᠨ ᠳᠦᠷᠢᠮᠵᠢᠭᠦᠯᠦᠯᠲᠡ᠂ ᠪᠠᠷᠢᠮᠵᠢᠶᠠᠵᠢᠭᠤᠯᠤᠯᠲᠠ᠂ ᠮᠡᠳᠡᠭᠡ ᠵᠠᠩᠭᠢᠵᠢᠯᠲᠠ ᠶᠢ ᠠᠬᠢᠭᠤᠯᠬᠤ ᠶᠢᠨ ᠲᠥᠯᠦᠭᠡ᠂ 《ᠥᠪᠦᠷ ᠮᠣᠩᠭᠤᠯ ᠤ᠋ᠨ ᠥᠪᠡᠷᠲᠡᠭᠡᠨ ᠵᠠᠰᠠᠬᠤ ᠣᠷᠤᠨ ᠤ᠋ ᠮᠣᠩᠭᠤᠯ ᠦᠭᠡ ᠬᠡᠯᠡ ᠦᠰᠦᠭ ᠪᠢᠴᠢᠭ ᠦ᠋ᠨ ᠠᠵᠢᠯ ᠤᠨ ᠳᠦᠷᠢᠮ》᠂ 《ᠥᠪᠦᠷ ᠮᠣᠩᠭᠤᠯ ᠤ᠋ᠨ ᠥᠪᠡᠷᠲᠡᠭᠡᠨ ᠵᠠᠰᠠᠬᠤ ᠣᠷᠤᠨ ᠤ᠋ ᠠᠷᠠᠳ ᠤᠨ ᠵᠠᠰᠠᠭ ᠤᠨ ᠣᠷᠳᠤᠨ ᠤ᠋ ᠠᠯᠪᠠᠨ ᠲᠢᠩᠬᠢᠮ ᠦ᠋ᠨ ᠥᠪᠡᠷᠲᠡᠭᠡᠨ ᠵᠠᠰᠠᠬᠤ ᠣᠷᠤᠨ ᠤ᠋ ᠮᠣᠩᠭᠤᠯ ᠨᠡᠷ᠎ᠡ ᠲᠣᠮᠢᠶᠠᠨ ᠤ᠋ ᠺᠣᠮᠢᠰ ᠲᠤ᠌ ᠲᠣᠬᠢᠷᠠᠭᠤᠯᠤᠯᠲᠠ ᠬᠢᠵᠦ᠂ ᠥᠪᠡᠷᠲᠡᠭᠡᠨ ᠵᠠᠰᠠᠬᠤ ᠣᠷᠤᠨ ᠤ᠋ ᠮᠣᠩᠭᠤᠯ ᠬᠡᠯᠡᠨ ᠦ᠌ ᠪᠠᠷᠢᠮᠵᠢᠶ᠎ᠠ ᠠᠪᠢᠶᠠᠨ ᠤ ᠠᠵᠢᠯ ᠤᠨ ᠺᠣᠮᠢᠰ ᠪᠠ ᠥᠪᠡᠷᠲᠡᠭᠡᠨ ᠵᠠᠰᠠᠬᠤ ᠣᠷᠤᠨ ᠤ᠋ ᠮᠣᠩᠭᠤᠯ ᠦᠰᠦᠭ ᠦ᠋ᠨ ᠵᠥᠪ ᠪᠢᠴᠢᠯᠭᠡ ᠶᠢᠨ ᠺᠣᠮᠢᠰ ᠪᠠᠢᠭᠤᠯᠬᠤ ᠶ᠋ᠢ ᠵᠥᠪᠰᠢᠶᠡᠷᠡᠭᠰᠡᠨ ᠴᠤᠬᠤᠯᠠᠪᠤᠷᠢ》(ᠥᠪᠦᠷ ᠵᠠᠰᠠᠭ ᠠᠯᠪᠠᠨ ᠦᠰᠦᠭ ᠦ᠋ᠨ〔1997〕80 ᠳ᠋ᠤᠭᠠᠷ ᠲᠣᠭᠠᠲᠤ) ᠶᠢᠨ ᠬᠣᠯᠪᠤᠭᠳᠠᠯ ᠪᠦᠬᠦᠢ ᠲᠣᠭᠲᠠᠭᠠᠯ ᠢ᠋ ᠦᠨᠳᠦᠰᠦᠯᠡᠵᠦ ᠲᠤᠰ ᠳᠦᠷᠢᠮ ᠢ᠋ ᠲᠣᠭᠲᠠᠭᠠᠪᠠ᠃

ᠬᠣᠶᠠᠳᠤᠭᠠᠷ ᠵᠦᠢᠯ  ᠥᠪᠦᠷ ᠮᠣᠩᠭᠤᠯ ᠤ᠋ᠨ ᠥᠪᠡᠷᠲᠡᠭᠡᠨ ᠵᠠᠰᠠᠬᠤ ᠣᠷᠤᠨ ᠤ᠋ ᠮᠣᠩᠭᠤᠯ ᠨᠡᠷ᠎ᠡ ᠲᠣᠮᠢᠶᠠᠨ ᠤ᠋ ᠺᠣᠮᠢᠰ (ᠳᠣᠷᠤᠭᠰᠢ ᠨᠡᠷ᠎ᠡ ᠲᠣᠮᠢᠶᠠᠨ ᠤ᠋ ᠺᠣᠮᠢᠰ ᠭᠡᠵᠦ ᠲᠣᠪᠴᠢᠯᠠᠨ᠎ᠠ) ᠪᠣᠯ ᠥᠪᠡᠷᠲᠡᠭᠡᠨ ᠵᠠᠰᠠᠬᠤ ᠣᠷᠤᠨ ᠤ᠋ ᠠᠷᠠᠳ ᠤᠨ ᠵᠠᠰᠠᠭ ᠤᠨ ᠣᠷᠳᠤᠨ ᠤ᠋ ᠵᠥᠪᠰᠢᠶᠡᠷᠡᠯ ᠢᠶᠡᠷ ᠪᠠᠢᠭᠤᠯᠤᠭᠳᠠᠵᠤ᠂ ᠥᠪᠡᠷᠲᠡᠭᠡᠨ ᠵᠠᠰᠠᠬᠤ ᠣᠷᠤᠨ ᠤ᠋ ᠦᠨᠳᠦᠰᠦᠲᠡᠨ ᠦ᠌ ᠬᠡᠷᠡᠭ ᠡᠷᠬᠢᠯᠡᠬᠦ ᠵᠥᠪᠯᠡᠯ (ᠮᠣᠩᠭᠤᠯ ᠬᠡᠯᠡ ᠪᠢᠴᠢᠭ ᠦ᠋ᠨ ᠠᠵᠢᠯ ᠤᠨ ᠵᠥᠪᠯᠡᠯ) ᠠᠴᠠ ᠤᠳᠤᠷᠢᠳᠤᠭᠰᠠᠨ ᠮᠣᠩᠭᠤᠯ ᠨᠡᠷ᠎ᠡ ᠲᠣᠮᠢᠶ᠎ᠠ ᠶ᠋ᠢ ᠬᠢᠨᠠᠨ ᠲᠣᠭᠲᠠᠭᠠᠵᠤ ᠨᠢᠭᠡᠳᠭᠡᠬᠦ ᠠᠵᠢᠯ ᠢ ᠲᠤᠰᠭᠠᠢ ᠬᠠᠷᠢᠭᠤᠴᠠᠬᠤ ᠲᠤᠰᠭᠠᠢ ᠮᠡᠷᠭᠡᠵᠢᠯ ᠦ᠋ᠨ ᠴᠢᠨᠠᠷᠲᠠᠢ ᠡᠷᠬᠡᠲᠦ ᠪᠠᠢᠭᠤᠯᠤᠮᠵᠢ ᠮᠥᠨ᠃

ᠭᠤᠷᠪᠠᠳᠤᠭᠠᠷ ᠵᠦᠢᠯ  ᠨᠡᠷ᠎ᠡ ᠲᠣᠮᠢᠶᠠᠨ ᠤ᠋ ᠺᠣᠮᠢᠰ 《ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ ᠤᠨ ᠦᠨᠳᠦᠰᠦᠨ ᠬᠠᠤᠯᠢ》᠂ 《ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ ᠤᠨ ᠦᠨᠳᠦᠰᠦᠲᠡᠨ ᠦ᠌ ᠣᠷᠤᠨ ᠤ᠋ ᠥᠪᠡᠷᠲᠡᠭᠡᠨ ᠵᠠᠰᠠᠬᠤ ᠬᠠᠤᠯᠢ》᠂ 《ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠦ᠋ᠨ ᠬᠠᠤᠯᠢ》᠂ 《ᠥᠪᠦᠷ ᠮᠣᠩᠭᠤᠯ ᠤ᠋ᠨ ᠥᠪᠡᠷᠲᠡᠭᠡᠨ ᠵᠠᠰᠠᠬᠤ ᠣᠷᠤᠨ ᠤ᠋ ᠮᠣᠩᠭᠤᠯ ᠦᠭᠡ ᠬᠡᠯᠡ ᠦᠰᠦᠭ ᠪᠢᠴᠢᠭ ᠦ᠋ᠨ ᠠᠵᠢᠯ ᠤᠨ ᠳᠦᠷᠢᠮ》 ᠵᠢᠴᠢ ᠬᠣᠯᠪᠤᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠵᠢᠷᠤᠮᠯᠠᠵᠤ᠂ ᠬᠠᠤᠯᠢ ᠶᠣᠰᠣᠭᠠᠷ ᠠᠵᠢᠯ ᠢᠶᠠᠨ ᠥᠷᠨᠢᠭᠦᠯᠬᠦ ᠬᠡᠷᠡᠭᠲᠡᠢ᠃

ᠳᠥᠷᠪᠡᠳᠦᠭᠡᠷ ᠵᠦᠢᠯ   ᠨᠡᠷ᠎ᠡ ᠲᠣᠮᠢᠶᠠᠨ ᠤ᠋ ᠺᠣᠮᠢᠰ ᠤ᠋ᠨ ᠬᠢᠨᠠᠨ ᠲᠣᠭᠲᠠᠭᠠᠵᠤ ᠨᠡᠢᠲᠡᠯᠡᠭᠰᠡᠨ ᠮᠣᠩᠭᠤᠯ ᠨᠡᠷ᠎ᠡ ᠲᠣᠮᠢᠶ᠎ᠠ ᠪᠣᠯ ᠡᠷᠬᠡᠲᠦ ᠴᠢᠨᠠᠷ ᠪᠠ ᠬᠢᠵᠠᠭᠠᠷᠯᠠᠬᠤ ᠬᠦᠴᠦᠨ ᠲᠡᠢ ᠪᠠᠢᠳᠠᠭ᠂ ᠪᠦᠬᠦ ᠣᠷᠤᠨ ᠤ᠋ ᠡᠯ᠎ᠡ ᠱᠠᠲᠤᠨ ᠤ ᠲᠥᠷᠦ ᠶ᠋ᠢᠨ ᠪᠠᠢᠭᠤᠯᠭ᠎ᠠ᠂ ᠠᠷᠠᠳ ᠤᠨ ᠪᠦᠯᠬᠦᠮ᠂ ᠠᠵᠤ ᠠᠬᠤᠢᠯᠠᠯ ᠠᠵᠢᠯ ᠦᠢᠯᠡᠰ ᠦ᠋ᠨ ᠨᠢᠭᠡᠴᠢ ᠪᠠ ᠬᠤᠪᠢ ᠬᠥᠮᠦᠨ ᠲᠣᠭᠲᠠᠭᠠᠯ ᠶᠣᠰᠣᠭᠠᠷ ᠵᠢᠷᠤᠮᠯᠠᠵᠤ ᠬᠡᠷᠡᠭᠯᠡᠬᠦ ᠬᠡᠷᠡᠭᠲᠡᠢ᠃

ᠲᠠᠪᠤᠳᠤᠭᠠᠷ ᠵᠦᠢᠯ   ᠨᠡᠷ᠎ᠡ ᠲᠣᠮᠢᠶᠠᠨ ᠤ᠋ ᠺᠣᠮᠢᠰ ᠤ᠋ᠨ ᠠᠵᠢᠯ ᠳᠤ ᠳᠣᠣᠷᠠᠬᠢ ᠵᠠᠷᠴᠢᠮ ᠢ ᠪᠠᠷᠢᠮᠲᠠᠯᠠᠨ᠎ᠠ᠄

(ᠨᠢᠭᠡ) ᠡᠷᠬᠡ ᠲᠡᠭᠰᠢ ᠨᠢᠭᠲᠠᠷᠠᠨ ᠪᠦᠯᠬᠦᠮᠳᠡᠬᠦ ᠵᠠᠷᠴᠢᠮ ᠢ ᠪᠠᠷᠢᠮᠲᠠᠯᠠᠨ᠎ᠠ᠃ ᠦᠨᠳᠦᠰᠦᠲᠡᠨ ᠪᠦᠬᠦᠨ ᠡᠷᠬᠡ ᠲᠡᠭᠰᠢ᠂ ᠦᠭᠡ ᠬᠡᠯᠡ ᠦᠰᠦᠭ ᠪᠢᠴᠢᠭ ᠡᠷᠬᠡ ᠲᠡᠭᠰᠢ ᠪᠠ ᠦᠨᠳᠦᠰᠦᠲᠡᠨ ᠦ᠌ ᠪᠦᠯᠬᠦᠮᠳᠡᠯ ᠢ ᠪᠠᠷᠢᠮᠲᠠᠯᠠᠵᠤ᠂ ᠦᠨᠳᠦᠰᠦᠲᠡᠨ ᠦ᠌ ᠭᠠᠳᠠᠭᠤᠷᠴᠢᠯᠠᠯ ᠪᠠ ᠦᠨᠳᠦᠰᠦᠲᠡᠨ ᠦ᠌ ᠡᠶ᠎ᠡ ᠵᠣᠬᠢᠴᠠᠩᠭᠤᠢ ᠪᠤᠰᠤ ᠪᠠᠢᠳᠠᠯ ᠠ᠋ᠴᠠ ᠵᠠᠢᠯᠠᠰᠬᠢᠨ᠎ᠠ᠃

(ᠬᠤᠶᠠᠷ) ᠰᠢᠨᠵᠢᠯᠡᠬᠦ ᠤᠬᠠᠭᠠᠨᠴᠢ ᠴᠢᠨᠠᠷ ᠪᠠ ᠤᠯᠠᠨ ᠲᠦᠮᠡᠨᠴᠢ ᠴᠢᠨᠠᠷ ᠢ ᠤᠶᠠᠯᠳᠤᠭᠤᠯᠬᠤ ᠵᠠᠷᠴᠢᠮ ᠢ ᠪᠠᠷᠢᠮᠲᠠᠯᠠᠨ᠎ᠠ᠃ ᠲᠤᠰᠭᠠᠢ ᠮᠡᠷᠭᠡᠵᠢᠯ ᠦ᠋ᠨ ᠨᠡᠷ᠎ᠡ ᠲᠣᠮᠢᠶ᠎ᠠ ᠶ᠋ᠢᠨ ᠰᠢᠨᠵᠢᠯᠡᠬᠦ ᠤᠬᠠᠭᠠᠨᠴᠢ ᠴᠢᠨᠠᠷ᠂ ᠰᠢᠰᠲ᠋ᠧᠮᠲᠦ ᠴᠢᠨᠠᠷ᠂ ᠳᠦᠷᠢᠮᠵᠢᠯᠲᠦ ᠴᠢᠨᠠᠷ ᠪᠠ ᠴᠢᠨᠠᠷᠯᠡᠭᠡᠨ ᠤ ᠰᠠᠯᠠᠭᠠᠨ ᠤ ᠬᠣᠭᠤᠷᠤᠨᠳᠤᠬᠢ ᠲᠡᠩᠴᠡᠭᠦᠷᠢᠲᠦ ᠴᠢᠨᠠᠷ᠂ ᠨᠢᠭᠡᠳᠦᠯᠲᠦ ᠴᠢᠨᠠᠷ᠂ ᠣᠨᠤᠪᠴᠢᠲᠤ ᠴᠢᠨᠠᠷ ᠢ ᠠᠩᠬᠠᠷᠴᠤ᠂ ᠮᠣᠩᠭᠤᠯ ᠨᠡᠷ᠎ᠡ ᠲᠣᠮᠢᠶᠠᠨ ᠤ᠋ ᠳᠦᠷᠢᠯᠵᠢᠯᠲᠡ᠂ ᠪᠠᠷᠢᠮᠵᠢᠶᠠᠵᠢᠭᠤᠯᠤᠯᠲᠠ᠂ ᠮᠡᠳᠡᠭᠡ ᠵᠠᠩᠭᠢᠵᠢᠯᠲᠠ ᠳᠤ ᠠᠰᠢᠭᠲᠠᠢ ᠪᠠᠢᠬᠤ᠂ ᠤᠯᠤᠰ ᠤᠨ ᠳᠣᠲᠤᠭᠠᠳᠤ ᠭᠠᠳᠠᠭᠠᠳᠤ ᠶ᠋ᠢᠨ ᠲᠡᠷᠢᠭᠦᠨ ᠦ᠌ ᠰᠢᠨᠵᠢᠯᠡᠬᠦ ᠤᠬᠠᠭᠠᠨ ᠮᠡᠷᠭᠡᠵᠢᠯ ᠢ ᠰᠤᠷᠴᠤ ᠡᠵᠡᠮᠰᠢᠵᠦ᠂ ᠦᠨᠳᠦᠰᠦᠲᠡᠨ ᠦ᠌ ᠰᠢᠨᠵᠢᠯᠡᠬᠦ ᠤᠬᠠᠭᠠᠨ ᠰᠣᠶᠤᠯ ᠤ᠋ᠨ ᠬᠢᠷᠢ ᠲᠦᠪᠰᠢᠨ ᠢ ᠳᠡᠭᠡᠭᠰᠢᠯᠡᠭᠦᠯᠬᠦ ᠳ᠋ᠦ᠍ ᠠᠰᠢᠭᠲᠠᠢ ᠪᠠᠢᠬᠤ ᠬᠡᠷᠡᠭᠲᠡᠢ᠃ ᠲᠡᠭᠦᠨᠴᠢᠯᠡᠨ ᠦᠷᠭᠦᠯᠵᠢ ᠬᠡᠷᠡᠭᠯᠡᠭᠳᠡᠬᠦ ᠨᠡᠷ᠎ᠡ ᠲᠣᠮᠢᠶᠠᠨ ᠤ᠋ ᠤᠯᠠᠨ ᠲᠦᠮᠡᠨᠴᠢ ᠴᠢᠨᠠᠷ ᠪᠠ ᠵᠠᠩᠰᠢᠯᠲᠤ ᠴᠢᠨᠠᠷ ᠢ ᠠᠩᠬᠠᠷᠴᠤ᠂ ᠰᠢᠨᠵᠢᠯᠡᠬᠦ ᠤᠬᠠᠭᠠᠨ ᠮᠡᠷᠭᠡᠵᠢᠯ ᠦ᠋ᠨ ᠳᠡᠯᠭᠡᠷᠡᠭᠦᠯᠦᠯᠲᠡ ᠪᠠ ᠮᠡᠳᠡᠯᠭᠡ ᠶᠢᠨ ᠲᠦᠭᠡᠮᠡᠯᠵᠢᠯ ᠳ᠋ᠦ᠍ ᠠᠰᠢᠭᠲᠠᠢ᠂ ᠤᠯᠠᠨ ᠲᠦᠮᠡᠨ ᠬᠦᠯᠢᠶᠡᠵᠦ ᠠᠪᠬᠤ ᠳᠤ ᠠᠰᠢᠭ ᠲᠠᠢ᠂ ᠥᠷᠭᠡᠨ ᠳᠡᠯᠭᠡᠷᠡᠩᠭᠦᠢ ᠬᠡᠷᠡᠭᠯᠡᠬᠦ ᠳ᠋ᠦ᠍ ᠠᠰᠢᠭ ᠲᠠᠢ ᠪᠠᠢᠬᠤ ᠬᠡᠷᠡᠭᠲᠡᠢ᠃

(ᠭᠤᠷᠪᠠ) ᠢᠳᠡᠪᠬᠢᠲᠡᠢ ᠪᠥᠭᠡᠳ ᠪᠣᠯᠭᠤᠮᠵᠢᠲᠠᠢ ᠪᠠᠢᠬᠤ ᠵᠠᠷᠴᠢᠮ ᠢ ᠪᠠᠷᠢᠮᠲᠠᠯᠠᠨ᠎ᠠ᠃ ᠨᠡᠷᠡᠯᠡᠬᠦ ᠦᠶᠡᠰ ᠲᠦ᠍ ᠲᠠᠬᠢᠨ ᠳᠠᠪᠲᠠᠨ ᠶᠠᠷᠢᠯᠴᠠᠵᠤ᠂ ᠤᠯᠠᠨ ᠤ ᠰᠠᠨᠠᠯ ᠢ ᠥᠷᠭᠡᠨ ᠢ᠋ᠶ᠋ᠡᠷ ᠰᠣᠨᠤᠰᠴᠤ᠂ ᠭᠡᠷᠡᠴᠢ ᠪᠠᠷᠢᠮᠲᠠ ᠶᠢ ᠭᠦᠢᠴᠡᠳ ᠪᠣᠯᠭᠠᠵᠤ᠂ ᠬᠠᠰᠢ ᠶᠠᠰᠢ ᠬᠠᠨᠳᠤᠵᠤ ᠣᠭᠲᠤ ᠪᠣᠯᠬᠤ ᠦᠭᠡᠢ᠃ ᠣᠨᠤᠪᠴᠢ ᠦᠭᠡᠢ ᠨᠡᠷᠡᠯᠡᠭᠰᠡᠨ ᠨᠡᠷ᠎ᠡ ᠲᠣᠮᠢᠶ᠎ᠠ ᠶ᠋ᠢ ᠳᠡᠢᠯᠦᠩᠭᠦᠢ ᠲᠣᠭᠠᠨ ᠤ᠋ ᠤᠯᠠᠨ ᠲᠦᠮᠡᠨ ᠦ᠌ ᠰᠠᠨᠠᠯ ᠢ ᠦᠨᠳᠦᠰᠦᠯᠡᠵᠦ ᠲᠠᠬᠢᠨ ᠰᠢᠨ᠎ᠡ ᠪᠡᠷ ᠬᠢᠨᠠᠨ ᠲᠣᠭᠲᠠᠭᠠᠨ᠎ᠠ᠃

(ᠳᠥᠷᠪᠡ) ᠬᠢᠯᠪᠠᠷ᠂ ᠲᠣᠪᠴᠢ ᠠᠪᠰᠠᠷᠬᠠᠨ᠂ ᠣᠢᠯᠠᠭᠠᠮᠵᠢᠲᠠᠢ ᠪᠠᠢᠬᠤ ᠵᠠᠷᠴᠢᠮ ᠢ ᠪᠠᠷᠢᠮᠲᠠᠯᠠᠨ᠎ᠠ᠃ ᠬᠢᠨᠠᠨ ᠲᠣᠭᠲᠠᠭᠠᠭᠰᠠᠨ ᠨᠡᠷ᠎ᠡ ᠲᠣᠮᠢᠶ᠎ᠠ ᠨᠢ ᠮᠣᠩᠭᠤᠯ ᠬᠡᠯᠡᠨ ᠦ᠌ ᠦᠭᠡ ᠪᠦᠲᠦᠭᠡᠬᠦ ᠶᠣᠰᠤᠨ ᠳ᠋ᠤ᠌ ᠨᠡᠢᠴᠡᠬᠦ ᠬᠡᠷᠡᠭᠲᠡᠢ ᠪᠥᠭᠡᠳ ᠮᠣᠩᠭᠤᠯ ᠨᠡᠷ᠎ᠡ ᠲᠣᠮᠢᠶᠠᠨ ᠤ᠋ ᠡᠩ ᠦ᠋ᠨ ᠵᠢᠮ᠎ᠡ ᠬᠠᠤᠯᠢ ᠪᠠ ᠲᠤᠰᠭᠠᠢ ᠮᠡᠷᠭᠡᠵᠢᠯ ᠦ᠋ᠨ ᠣᠨᠴᠠᠯᠢᠭ ᠲᠠᠢ ᠪᠠᠢᠬᠤ ᠶ᠋ᠢ ᠪᠠᠰᠠ ᠵᠢᠷᠤᠮᠯᠠᠬᠤ ᠬᠡᠷᠡᠭᠲᠡᠢ᠃

(ᠲᠠᠪᠤ) ᠲᠥᠷᠦᠯ ᠬᠤᠪᠢᠶᠠᠵᠤ ᠬᠠᠮᠢᠶᠠᠷᠬᠤ ᠪᠠ ᠨᠢᠭᠡᠳᠦᠯᠲᠡᠢ ᠲᠥᠯᠦᠪᠯᠡᠵᠦ ᠨᠡᠢᠲᠡ ᠳ᠋ᠦ᠍ᠨᠢ ᠬᠠᠷᠠᠭᠠᠯᠵᠠᠬᠤ ᠵᠠᠷᠴᠢᠮ ᠢ ᠪᠠᠷᠢᠮᠲᠠᠯᠠᠨ᠎ᠠ᠃ ᠡᠯ᠎ᠡ ᠰᠢᠨᠵᠢᠯᠡᠭᠡᠨ ᠦ᠌ ᠰᠠᠯᠠᠭᠠᠨ ᠤ ᠨᠡᠷ᠎ᠡ ᠲᠣᠮᠢᠶ᠎ᠠ ᠥᠪᠡᠷ ᠥᠪᠡᠷᠰᠡᠳ ᠦ᠋ᠨ ᠣᠨᠴᠠᠯᠢᠭ ᠢ᠋ᠶ᠋ᠠᠨ ᠦᠨᠳᠦᠰᠦᠯᠡᠵᠦ ᠢᠯᠭᠠᠭ᠎ᠠ ᠲᠠᠢ ᠬᠠᠨᠳᠤᠬᠤ ᠪᠥᠭᠡᠳ ᠠᠳᠠᠯᠢ ᠪᠤᠰᠤ ᠠᠷᠭ᠎ᠠ ᠶᠢ ᠬᠡᠷᠡᠭᠯᠡᠨ᠎ᠡ᠃ ᠤᠯᠠᠨ ᠲᠦᠮᠡᠨ ᠦ᠌ ᠳᠤᠮᠳᠠ ᠦᠷᠭᠦᠯᠵᠢ ᠬᠡᠷᠡᠭᠯᠡᠭᠳᠡᠳᠡᠭ ᠪᠤᠶᠤ ᠨᠢᠭᠡᠨᠲᠡ ᠲᠣᠭᠲᠠᠭᠰᠠᠨ ᠨᠡᠷ᠎ᠡ ᠲᠣᠮᠢᠶ᠎ᠠ ᠶ᠋ᠢ ᠪᠣᠯ ᠬᠡᠪᠰᠢᠭᠰᠡᠨ ᠢ᠋ᠶ᠋ᠡᠷ  ᠨᠢ ᠲᠣᠭᠲᠠᠭᠠᠬᠤ ᠵᠠᠷᠴᠢᠮ ᠢ ᠪᠠᠷᠢᠮᠲᠠᠯᠠᠨ᠎ᠠ᠃ ᠤᠯᠤᠰ ᠤᠨ ᠨᠡᠷ᠎ᠡ᠂ ᠭᠠᠵᠠᠷ ᠤᠨ ᠨᠡᠷ᠎ᠡ᠂ ᠬᠥᠮᠦᠨ ᠦ᠌ ᠨᠡᠷ᠎ᠡ ᠶᠢ ᠪᠣᠯ ᠡᠵᠡᠨ ᠢ ᠨᠢ ᠳᠠᠭᠠᠬᠤ ᠵᠠᠷᠴᠢᠮ ᠢ ᠪᠠᠷᠢᠮᠲᠠᠯᠠᠨ᠎ᠠ᠃

(ᠵᠢᠷᠭᠤᠭ᠎ᠠ) 《ᠠᠭᠤᠳᠠᠯᠬᠤ᠂ ᠵᠣᠬᠢᠶᠠᠬᠤ᠂ ᠵᠢᠭᠡᠯᠡᠬᠦ》 ᠵᠠᠷᠴᠢᠮ ᠢ ᠪᠠᠷᠢᠮᠲᠠᠯᠠᠨ᠎ᠠ᠃ ᠠᠭᠤᠳᠠᠯᠬᠤ ᠭᠡᠳᠡᠭ ᠨᠢ ᠮᠣᠩᠭᠤᠯ ᠬᠡᠯᠡᠨ ᠦ᠌ ᠢᠵᠠᠭᠤᠷ ᠦᠭᠡᠨ ᠳ᠋ᠦ᠍ ᠰᠢᠨ᠎ᠡ ᠤᠳᠭ᠎ᠠ ᠣᠷᠤᠭᠤᠯᠬᠤ ᠠᠷᠭ᠎ᠠ᠂ ᠲᠡᠭᠦᠨᠴᠢᠯᠡᠨ ᠠᠮᠢᠵᠢᠷᠠᠯ ᠤᠨ ᠬᠦᠴᠦᠨ ᠲᠡᠢ ᠨᠤᠲᠤᠭ ᠤᠨ ᠠᠶᠠᠯᠭᠤ ᠪᠠ ᠤᠯᠠᠨ ᠲᠦᠮᠡᠨ ᠦ᠌ ᠡᠳᠦᠷ ᠲᠤᠲᠤᠮ ᠤᠨ ᠠᠮᠢᠳᠤᠷᠠᠯ ᠳᠤ ᠬᠡᠷᠡᠭᠯᠡᠵᠦ ᠪᠠᠢᠭ᠎ᠠ ᠦᠭᠡᠰ ᠢ ᠣᠷᠤᠭᠤᠯᠤᠨ ᠠᠪᠬᠤ ᠶᠢ ᠵᠢᠭᠠᠨ᠎ᠠ; ᠵᠣᠬᠢᠶᠠᠬᠤ ᠭᠡᠳᠡᠭ ᠪᠣᠯ ᠮᠣᠩᠭᠤᠯ ᠬᠡᠯᠡᠨ ᠦ᠌ ᠦᠭᠡ ᠪᠦᠲᠦᠭᠡᠬᠦ ᠵᠢᠮ᠎ᠡ ᠬᠠᠤᠯᠢ ᠶᠢ ᠦᠨᠳᠦᠰᠦᠯᠡᠵᠦ ᠰᠢᠨ᠎ᠡ ᠦᠭᠡᠰ ᠵᠣᠬᠢᠶᠠᠨ ᠪᠦᠲᠦᠭᠡᠬᠦ ᠠᠷᠭ᠎ᠠ ᠶᠢ ᠵᠢᠭᠠᠨ᠎ᠠ; ᠵᠢᠭᠡᠯᠡᠬᠦ ᠭᠡᠳᠡᠭ ᠪᠣᠯ ᠤᠯᠠᠨ ᠤᠯᠤᠰ ᠤᠨ ᠨᠡᠢᠳᠡᠮ ᠬᠡᠷᠡᠭᠯᠡᠵᠦ ᠪᠠᠢᠭ᠎ᠠ ᠪᠤᠶᠤ ᠪᠤᠰᠤᠳ ᠦᠨᠳᠦᠰᠦᠲᠡᠨ ᠦ᠌ ᠬᠡᠯᠡᠨ ᠦ᠌ ᠨᠡᠷ᠎ᠡ ᠲᠣᠮᠢᠶ᠎ᠠ ᠶ᠋ᠢ ᠰᠢᠭᠤᠳ ᠪᠤᠶᠤ ᠳᠠᠮ ᠢ᠋ᠶ᠋ᠠᠷ ᠬᠡᠷᠡᠭᠯᠡᠬᠦ ᠶᠢ ᠵᠢᠭᠠᠨ᠎ᠠ᠃

 

ᠬᠣᠶᠠᠳᠤᠭᠠᠷ ᠪᠦᠯᠦᠭ  ᠠᠵᠢᠯ ᠤᠨ ᠡᠭᠦᠷᠭᠡ

 

ᠵᠢᠷᠭᠤᠳᠤᠭᠠᠷ ᠵᠦᠢᠯ    ᠨᠡᠷ᠎ᠡ ᠲᠣᠮᠢᠶᠠᠨ ᠤ᠋ ᠺᠣᠮᠢᠰ ᠤ᠋ᠨ ᠭᠣᠣᠯ ᠲᠤᠰᠢᠶᠠᠯ ᠬᠠᠷᠢᠭᠤᠴᠠᠯᠭ᠎ᠠ ᠪᠣᠯ᠄

(ᠨᠢᠭᠡ) ᠥᠪᠡᠷᠲᠡᠭᠡᠨ ᠵᠠᠰᠠᠬᠤ ᠣᠷᠤᠨ ᠤ᠋ ᠮᠣᠩᠭᠤᠯ ᠨᠡᠷ᠎ᠡ ᠲᠣᠮᠢᠶᠠᠨ ᠤ᠋ ᠠᠵᠢᠯ ᠤᠨ ᠴᠢᠭᠯᠡᠯᠲᠡ᠂ ᠲᠥᠷᠦ ᠶ᠋ᠢᠨ ᠪᠣᠳᠤᠯᠭ᠎ᠠ᠂ ᠵᠠᠷᠴᠢᠮ ᠢ ᠲᠣᠭᠲᠠᠭᠠᠨ ᠬᠡᠷᠡᠭᠵᠢᠭᠦᠯᠬᠦ ᠳ᠋ᠦ᠍ ᠠᠰᠠᠭᠤᠨ ᠯᠠᠪᠯᠠᠬᠤ ᠦᠢᠯᠡᠴᠢᠯᠡᠭᠡᠨ ᠢ ᠬᠠᠩᠭᠠᠬᠤ ᠶᠢᠨ ᠬᠠᠮᠲᠤ ᠮᠣᠩᠭᠤᠯ ᠨᠡᠷ᠎ᠡ ᠲᠣᠮᠢᠶᠠᠨ ᠤ᠋ ᠠᠵᠢᠯ ᠤᠨ ᠳᠤᠮᠳᠠ ᠤᠷᠲᠤ ᠬᠤᠭᠤᠴᠠᠭᠠᠨ ᠤ ᠲᠥᠯᠦᠪᠵᠢᠭᠦᠯᠭᠡ ᠶ᠋ᠢ ᠰᠤᠳᠤᠯᠤᠨ ᠲᠣᠭᠲᠠᠭᠠᠨ᠎ᠠ᠃

(ᠬᠤᠶᠠᠷ) ᠮᠣᠩᠭᠤᠯ ᠨᠡᠷ᠎ᠡ ᠲᠣᠮᠢᠶ᠎ᠠ ᠶ᠋ᠢ ᠬᠢᠨᠠᠨ ᠲᠣᠭᠲᠠᠭᠠᠬᠤ᠂ ᠨᠡᠢᠲᠡᠯᠡᠬᠦ ᠠᠵᠢᠯ ᠢ ᠥᠷᠨᠢᠭᠦᠯᠵᠦ᠂ ᠮᠣᠩᠭᠤᠯ ᠨᠡᠷ᠎ᠡ ᠲᠣᠮᠢᠶᠠᠨ ᠤ᠋ ᠲᠣᠭᠲᠠᠯᠴᠠᠭ᠎ᠠ ᠶ᠋ᠢ ᠪᠠᠢᠭᠤᠯᠤᠨ᠎ᠠ᠃

(ᠭᠤᠷᠪᠠ) ᠮᠣᠩᠭᠤᠯ ᠨᠡᠷ᠎ᠡ ᠲᠣᠮᠢᠶᠠᠨ ᠤ᠋ ᠤᠬᠠᠭᠤᠯᠵᠤ ᠳᠡᠯᠭᠡᠷᠡᠭᠦᠯᠬᠦ ᠪᠠ ᠬᠡᠷᠡᠭᠯᠡᠵᠦ ᠲᠦᠭᠡᠮᠡᠯᠵᠢᠭᠦᠯᠬᠦ ᠠᠵᠢᠯ ᠢ ᠵᠣᠬᠢᠶᠠᠨ ᠪᠠᠢᠭᠤᠯᠵᠤ᠂ ᠵᠣᠬᠢᠴᠠᠭᠤᠯᠤᠨ ᠵᠢᠯᠤᠭᠤᠳᠴᠤ᠂ ᠮᠣᠩᠭᠤᠯ ᠨᠡᠷ᠎ᠡ ᠲᠣᠮᠢᠶᠠᠨ ᠤ᠋ ᠠᠵᠢᠯ ᠤᠨ ᠮᠡᠳᠡᠭᠡ ᠵᠠᠩᠭᠢᠵᠢᠯᠲᠠ ᠶ᠋ᠢᠨ ᠪᠦᠲᠦᠭᠡᠨ ᠪᠠᠢᠭᠤᠯᠤᠯᠲᠠ ᠶ᠋ᠢ ᠠᠬᠢᠭᠤᠯᠵᠤ᠂ ᠮᠣᠩᠭᠤᠯ ᠨᠡᠷ᠎ᠡ ᠲᠣᠮᠢᠶᠠᠨ ᠤ᠋  ᠳ᠋ᠡᠢᠲ᠋ᠠ ᠶᠢ ᠬᠠᠮᠲᠤ ᠪᠠᠷ ᠡᠳ᠋ᠯᠡᠬᠦ ᠲᠠᠪᠴᠠᠩ ᠢ ᠪᠠᠢᠭᠤᠯᠤᠨ᠎ᠠ᠃

(ᠳᠥᠷᠪᠡ) ᠮᠣᠩᠭᠤᠯ ᠨᠡᠷ᠎ᠡ ᠲᠣᠮᠢᠶ᠎ᠠ ᠶ᠋ᠢ ᠳᠦᠷᠢᠮᠵᠢᠭᠦᠯᠦᠨ ᠬᠡᠷᠡᠭᠯᠡᠵᠦ ᠪᠠᠢᠬᠤ ᠪᠠᠢᠳᠠᠯ ᠳ᠋ᠤ᠌ ᠪᠠᠢᠴᠠᠭᠠᠨ ᠰᠤᠳᠤᠯᠬᠤ᠂ ᠬᠢᠨᠠᠯᠲᠠ ᠲᠠᠯᠪᠢᠬᠤ᠂ ᠪᠠᠢᠴᠠᠭᠠᠬᠤ ᠠᠵᠢᠯ ᠢ ᠥᠷᠨᠢᠭᠦᠯᠦᠨ᠎ᠡ᠃

(ᠲᠠᠪᠤ) ᠮᠣᠩᠭᠤᠯ ᠨᠡᠷ᠎ᠡ ᠲᠣᠮᠢᠶᠠᠨ ᠤ᠋ ᠣᠨᠤᠯ ᠪᠠ ᠬᠡᠷᠡᠭᠯᠡᠭᠡᠨ ᠦ᠌ ᠰᠤᠳᠤᠯᠭᠠᠨ ᠢ ᠥᠷᠨᠢᠭᠦᠯᠦᠨ᠎ᠡ᠃

(ᠵᠢᠷᠭᠤᠭ᠎ᠠ) ᠮᠣᠩᠭᠤᠯ ᠨᠡᠷ᠎ᠡ ᠲᠣᠮᠢᠶ᠎ᠠ ᠶ᠋ᠢᠨ ᠮᠤᠵᠢ ᠣᠷᠤᠨ ᠠᠯᠤᠰᠯᠠᠭᠰᠠᠨ ᠰᠣᠯᠢᠯᠴᠠᠭ᠎ᠠ ᠪᠠ ᠬᠠᠮᠲᠤᠷᠠᠯᠴᠠᠭ᠎ᠠ ᠶᠢ ᠥᠷᠨᠢᠭᠦᠯᠦᠨ᠎ᠡ᠃

(ᠳᠣᠯᠤᠭ᠎ᠠ) ᠤᠯᠠᠨ ᠤᠯᠤᠰ ᠤᠨ ᠮᠣᠩᠭᠤᠯ ᠨᠡᠷ᠎ᠡ ᠲᠣᠮᠢᠶᠠᠨ ᠤ᠋ ᠡᠷᠳᠡᠮ ᠰᠢᠨᠵᠢᠯᠡᠭᠡᠨ ᠦ᠌ ᠰᠣᠯᠢᠯᠴᠠᠭᠠᠨ ᠤ᠋ ᠠᠵᠢᠯᠯᠠᠭ᠎ᠠ ᠶᠢ ᠥᠷᠨᠢᠭᠦᠯᠵᠦ᠂ ᠥᠷᠭᠡᠨ ᠳᠡᠯᠭᠡᠷᠡᠩᠭᠦᠢ ᠤᠯᠠᠨ ᠤᠯᠤᠰ ᠤᠨ ᠬᠠᠮᠲᠤᠷᠠᠯᠴᠠᠬᠤ ᠲᠣᠭᠲᠠᠴᠠ ᠶ᠋ᠢ ᠪᠠᠢᠭᠤᠯᠵᠤ᠂ ᠮᠣᠩᠭᠤᠯ ᠨᠡᠷ᠎ᠡ ᠲᠣᠮᠢᠶᠠᠨ ᠤ᠋ ᠲᠣᠭᠲᠠᠯᠴᠠᠭ᠎ᠠ ᠶ᠋ᠢᠨ ᠤᠯᠠᠨ ᠤᠯᠤᠰ ᠲᠠᠢ ᠨᠡᠪᠲᠡᠷᠡᠯᠴᠡᠬᠦ ᠶᠢ ᠠᠬᠢᠭᠤᠯᠤᠨ᠎ᠠ᠃

(ᠨᠠᠢ᠍ᠮᠠ) ᠪᠦᠬᠦ ᠨᠡᠢᠭᠡᠮ ᠳ᠋ᠦ᠍ ᠮᠣᠩᠭᠤᠯ ᠨᠡᠷ᠎ᠡ ᠲᠣᠮᠢᠶᠠᠨ ᠤ᠋ ᠬᠣᠯᠪᠤᠭᠳᠠᠯ ᠪᠦᠬᠦᠢ ᠠᠰᠠᠭᠤᠨ ᠯᠠᠪᠯᠠᠬᠤ ᠦᠢᠯᠡᠴᠢᠯᠡᠭᠡ ᠶᠢ ᠬᠠᠩᠭᠠᠨ᠎ᠠ᠃

(ᠶᠢᠰᠦ) ᠥᠪᠡᠷᠲᠡᠭᠡᠨ ᠵᠠᠰᠠᠬᠤ ᠣᠷᠤᠨ ᠤ᠋ ᠠᠷᠠᠳ ᠤᠨ ᠵᠠᠰᠠᠭ ᠤᠨ ᠣᠷᠳᠤᠨ ᠪᠠ ᠲᠡᠭᠦᠨ ᠦ᠌ ᠬᠣᠯᠪᠤᠭᠳᠠᠯ ᠪᠦᠬᠦᠢ ᠰᠠᠯᠠᠭ᠎ᠠ ᠮᠥᠴᠢᠷ ᠦ᠋ᠨ ᠲᠤᠰᠢᠶᠠᠨ ᠬᠢᠯᠭᠡᠭᠰᠡᠨ ᠮᠣᠩᠭᠤᠯ ᠨᠡᠷ᠎ᠡ ᠲᠣᠮᠢᠶᠠᠨ ᠤ᠋ ᠬᠣᠯᠪᠤᠭᠳᠠᠯ ᠪᠦᠬᠦᠢ ᠪᠤᠰᠤᠳ ᠵᠦᠢᠯ ᠦᠳ ᠢ ᠳᠠᠭᠠᠭᠠᠴᠢᠯᠠᠨ᠎ᠠ᠃

                                                                           ᠭᠤᠷᠪᠠᠳᠤᠭᠠᠷ ᠪᠦᠯᠦᠭ  ᠵᠣᠬᠢᠶᠠᠨ ᠪᠠᠢᠭᠤᠯᠤᠯᠲᠠ ᠶ᠋ᠢᠨ ᠪᠠᠢᠭᠤᠯᠤᠮᠵᠢ

 

ᠳᠣᠯᠤᠳᠤᠭᠠᠷ ᠵᠦᠢᠯ  ᠨᠡᠷ᠎ᠡ ᠲᠣᠮᠢᠶᠠᠨ ᠤ᠋ ᠺᠣᠮᠢᠰ  ᠨᠢ ᠡᠯ᠎ᠡ ᠠᠢᠮᠠᠭ ᠬᠣᠲᠠ ᠪᠠ ᠣᠷᠤᠨ ᠤ᠋ ᠰᠢᠭᠤᠳ ᠬᠠᠷᠢᠶ᠎ᠠ ᠡᠯ᠎ᠡ ᠬᠣᠯᠪᠤᠭᠳᠠᠯ ᠪᠦᠬᠦᠢ ᠰᠠᠯᠠᠭ᠎ᠠ ᠮᠥᠴᠢᠷ ᠦ᠋ᠨ ᠬᠠᠷᠢᠭᠤᠴᠠᠯᠭᠠᠲᠠᠨ᠂ ᠡᠯ᠎ᠡ ᠬᠣᠯᠪᠤᠭᠳᠠᠯ ᠪᠦᠬᠦᠢ ᠶᠡᠬᠡ ᠳᠡᠭᠡᠳᠦ ᠰᠤᠷᠭᠠᠭᠤᠯᠢ ᠪᠠ ᠡᠷᠳᠡᠮ ᠰᠢᠨᠵᠢᠯᠡᠭᠡᠨ ᠦ᠌ ᠪᠠᠢᠭᠤᠯᠤᠮᠵᠢ ᠶ᠋ᠢᠨ ᠨᠡᠯᠢᠶᠡᠳ ᠥᠨᠳᠦᠷ ᠡᠷᠳᠡᠮ ᠦ᠋ᠨ ᠲᠦᠪᠰᠢᠨ ᠲᠡᠢ ᠡᠷᠳᠡᠮᠲᠡᠳ ᠢ᠋ᠶ᠋ᠡᠷ ᠪᠦᠷᠢᠯᠳᠦᠨ᠎ᠡ᠃

ᠺᠣᠮᠢᠰ ᠤ᠋ᠨ ᠭᠡᠰᠢᠭᠦᠨ ᠢ᠋ ᠡᠩ ᠦ᠋ᠨ ᠪᠠᠢᠳᠠᠯ ᠳᠣᠣᠷ᠎ᠠ ᠬᠣᠯᠪᠤᠭᠳᠠᠯ ᠪᠦᠬᠦᠢ ᠪᠠᠢᠭᠤᠯᠭ᠎ᠠ ᠨᠢᠭᠡᠴᠢ ᠡᠴᠡ ᠲᠠᠨᠢᠯᠴᠠᠭᠤᠯᠵᠤ᠂ ᠨᠡᠷ᠎ᠡ ᠲᠣᠮᠢᠶᠠᠨ ᠤ᠋ ᠺᠣᠮᠢᠰ ᠤ᠋ᠨ ᠪᠦᠭᠦᠳᠡ ᠬᠤᠷᠠᠯ ᠢᠶᠠᠷ ᠰᠣᠩᠭᠤᠵᠤ᠂ ᠥᠪᠡᠷᠲᠡᠭᠡᠨ ᠵᠠᠰᠠᠬᠤ ᠣᠷᠤᠨ ᠤ᠋ ᠦᠨᠳᠦᠰᠦᠲᠡᠨ ᠦ᠌ ᠬᠡᠷᠡᠭ ᠡᠷᠬᠢᠯᠡᠬᠦ ᠵᠥᠪᠯᠡᠯ(ᠮᠣᠩᠭᠤᠯ ᠬᠡᠯᠡ ᠪᠢᠴᠢᠭ ᠦ᠋ᠨ ᠠᠵᠢᠯ ᠤᠨ ᠵᠥᠪᠯᠡᠯ) ᠢᠶᠡᠷ ᠳᠠᠮᠵᠢᠨ ᠥᠪᠡᠷᠲᠡᠭᠡᠨ ᠵᠠᠰᠠᠬᠤ ᠣᠷᠤᠨ ᠤ᠋ ᠠᠷᠠᠳ ᠤᠨ ᠵᠠᠰᠠᠭ ᠤᠨ ᠣᠷᠳᠤᠨ ᠳ᠋ᠤ᠌ ᠮᠡᠳᠡᠭᠦᠯᠦᠨ ᠵᠥᠪᠰᠢᠶᠡᠷᠡᠭᠦᠯᠬᠦ ᠶ᠋ᠢᠨ ᠬᠠᠮᠲᠤ ᠤᠷᠢᠨ ᠲᠣᠮᠢᠯᠠᠨ᠎ᠠ᠃ ᠺᠣᠮᠢᠰ ᠤ᠋ᠨ ᠭᠡᠰᠢᠭᠦᠨ ᠦ᠌ ᠶᠡᠷᠦᠩᠬᠡᠢ ᠲᠣᠭ᠎ᠠ 100 ᠬᠥᠮᠦᠨ ᠡᠴᠡ ᠳᠠᠪᠠᠵᠤ ᠪᠣᠯᠬᠤ ᠦᠭᠡᠢ᠃

ᠨᠠᠢ᠍ᠮᠠᠳᠤᠭᠠᠷ ᠵᠦᠢᠯ    ᠭᠡᠰᠢᠭᠦᠳ ᠦ᠋ᠨ ᠲᠤᠰᠢᠶᠠᠯ ᠬᠠᠷᠢᠭᠤᠴᠠᠬᠤ ᠬᠢᠷᠢ ᠬᠡᠮ᠄

(ᠨᠢᠭᠡ) ᠮᠣᠩᠭᠤᠯ ᠨᠡᠷ᠎ᠡ ᠲᠣᠮᠢᠶᠠᠨ ᠤ᠋ ᠵᠢᠭᠠᠨ ᠰᠤᠷᠭᠠᠬᠤ᠂ ᠡᠷᠳᠡᠮ ᠰᠢᠨᠵᠢᠯᠡᠭᠡᠨ ᠦ᠌ ᠠᠵᠢᠯ ᠡᠷᠬᠢᠯᠡᠵᠦ ᠪᠠᠢᠭ᠎ᠠ ᠨᠡᠷ᠎ᠡ ᠲᠥᠷᠦ ᠲᠡᠢ ᠲᠤᠰᠭᠠᠢ ᠮᠡᠷᠭᠡᠵᠢᠯᠲᠡᠨ;

(ᠬᠤᠶᠠᠷ) ᠬᠣᠯᠪᠤᠭᠳᠠᠯ ᠪᠦᠬᠦᠢ ᠲᠤᠬᠠᠢᠯᠠᠭᠰᠠᠨ ᠠᠵᠢᠯ ᠢ ᠡᠷᠬᠢᠯᠡᠵᠦ ᠪᠠᠢᠭ᠎ᠠ ᠪᠥᠭᠡᠳ ᠨᠡᠯᠢᠶᠡᠳ ᠥᠨᠳᠦᠷ ᠨᠡᠢᠭᠡᠮ ᠦ᠋ᠨ ᠨᠦᠯᠦᠭᠡᠯᠡᠬᠦ ᠬᠦᠴᠦᠨ ᠲᠡᠢ ᠬᠥᠮᠦᠨ;

(ᠭᠤᠷᠪᠠ) ᠬᠣᠯᠪᠤᠭᠳᠠᠯ ᠪᠦᠬᠦᠢ ᠰᠠᠯᠠᠭ᠎ᠠ ᠮᠥᠴᠢᠷ ᠦ᠋ᠨ ᠬᠠᠷᠢᠭᠤᠴᠠᠯᠭᠠᠲᠠᠨ ᠪᠠ ᠪᠤᠰᠤᠳ ᠬᠣᠯᠪᠤᠭᠳᠠᠯ ᠪᠦᠬᠦᠢ ᠠᠵᠢᠯᠲᠠᠨ;

(ᠳᠥᠷᠪᠡ) ᠨᠠᠰᠤ ᠵᠢᠯ ᠨᠢ ᠡᠩ ᠦ᠋ᠨ ᠪᠠᠢᠳᠠᠯ ᠳᠣᠣᠷ᠎ᠠ ᠪᠦᠬᠦᠯᠢ 70 ᠨᠠᠰᠤ ᠠᠴᠠ ᠬᠡᠲᠦᠷᠡᠵᠦ ᠪᠣᠯᠬᠤ ᠦᠭᠡᠢ᠃

ᠶᠢᠰᠦᠳᠦᠭᠡᠷ ᠵᠦᠢᠯ   ᠨᠡᠷ᠎ᠡ ᠲᠣᠮᠢᠶᠠᠨ ᠤ᠋ ᠺᠣᠮᠢᠰ ᠬᠤᠭᠤᠴᠠᠭᠠᠲᠤ ᠲᠤᠰᠢᠶᠠᠯ ᠤᠨ ᠳᠦᠷᠢᠮ ᠢ᠋ ᠬᠡᠷᠡᠭᠵᠢᠭᠦᠯᠦᠨ᠎ᠡ᠂ 5 ᠵᠢᠯ ᠪᠦᠷᠢ ᠨᠢᠭᠡ ᠬᠤᠭᠤᠴᠠᠭ᠎ᠠ᠂ ᠲᠤᠰᠢᠶᠠᠯ ᠤᠨ ᠬᠤᠭᠤᠴᠠᠭ᠎ᠠ ᠳᠠᠭᠤᠰᠬᠤ ᠠᠴᠠ ᠡᠮᠦᠨ᠎ᠡ ᠵᠣᠬᠢᠶᠠᠨ ᠪᠠᠢᠭᠤᠯᠤᠯᠲᠠ ᠶ᠋ᠢᠨ ᠵᠢᠷᠤᠮ ᠢ ᠦᠨᠳᠦᠰᠦᠯᠡᠵᠦ ᠬᠤᠭᠤᠴᠠᠭ᠎ᠠ ᠰᠣᠯᠢᠨ᠎ᠠ᠃

ᠠᠷᠪᠠᠳᠤᠭᠠᠷ ᠵᠦᠢᠯ   ᠳᠣᠣᠷᠠᠬᠢ ᠪᠠᠢᠳᠠᠯ ᠤ᠋ᠨ ᠨᠢᠭᠡ ᠨᠢ ᠪᠠᠢᠪᠠᠯ᠂ ᠺᠣᠮᠢᠰ ᠤ᠋ᠨ ᠭᠡᠰᠢᠭᠦᠨ ᠦ᠌ ᠬᠢᠷᠢ ᠬᠡᠮ ᠢ ᠬᠦᠴᠦᠨ ᠦᠭᠡᠢ ᠪᠣᠯᠭᠠᠨ᠎ᠠ᠄

(ᠨᠢᠭᠡ) ᠨᠠᠮ ᠤᠨ ᠰᠠᠬᠢᠯᠭ᠎ᠠ ᠤᠯᠤᠰ ᠤᠨ ᠬᠠᠤᠯᠢ ᠠᠴᠠ ᠵᠥᠷᠢᠴᠡᠵᠦ᠂ ᠨᠠᠮ ᠤᠨ ᠰᠠᠬᠢᠯᠭ᠎ᠠ ᠵᠠᠰᠠᠭ ᠤᠨ ᠰᠠᠬᠢᠯᠭ᠎ᠠ ᠪᠤᠶᠤ ᠡᠷᠡᠭᠦᠦ ᠶ᠋ᠢᠨ ᠬᠡᠷᠡᠭ ᠦ᠋ᠨ ᠰᠢᠢᠳᠭᠡᠯ ᠣᠯᠣᠭᠰᠠᠨ;

(ᠬᠤᠶᠠᠷ) ᠬᠣᠯᠪᠤᠭᠳᠠᠯ ᠪᠦᠬᠦᠢ ᠠᠵᠢᠯ ᠤᠨ ᠪᠠᠢᠷᠢ ᠠ᠋ᠴᠠ ᠰᠢᠯᠵᠢᠭᠰᠡᠨ ᠪᠤᠶᠤ ᠬᠣᠯᠪᠤᠭᠳᠠᠯ ᠪᠦᠬᠦᠢ ᠲᠤᠬᠠᠢᠯᠠᠭᠰᠠᠨ ᠠᠵᠢᠯ ᠢ ᠲᠠᠬᠢᠨ ᠡᠷᠬᠢᠯᠡᠬᠦ ᠦᠭᠡᠢ ᠪᠣᠯᠤᠭᠰᠠᠨ;

(ᠭᠤᠷᠪᠠ) ᠺᠣᠮᠢᠰ ᠤ᠋ᠨ ᠭᠡᠰᠢᠭᠦᠨ ᠦ᠌ ᠡᠭᠦᠷᠭᠡ ᠪᠡᠨ ᠭᠦᠢᠴᠡᠳᠭᠡᠭᠰᠡᠨ ᠦᠭᠡᠢ (ᠵᠢᠯ ᠳ᠋ᠦ᠍ ᠪᠡᠨ ᠰᠢᠯᠲᠠᠭᠠᠨ ᠦᠭᠡᠢ ᠪᠡᠷ ᠨᠡᠷ᠎ᠡ ᠲᠣᠮᠢᠶᠠᠨ ᠤ᠋ ᠺᠣᠮᠢᠰ ᠤᠨ ᠵᠣᠬᠢᠶᠠᠨ ᠪᠠᠢᠭᠤᠯᠵᠤ ᠥᠷᠨᠢᠭᠦᠯᠦᠭᠰᠡᠨ ᠬᠣᠯᠪᠤᠭᠳᠠᠯ ᠪᠦᠬᠦᠢ ᠠᠵᠢᠯᠯᠠᠭᠠᠨ ᠳᠤ 2 ᠤᠳᠠᠭ᠎ᠠ ᠠᠴᠠ ᠳᠡᠭᠡᠭᠰᠢ ᠣᠷᠤᠯᠴᠠᠭᠰᠠᠨ ᠦᠭᠡᠢ)᠃

ᠠᠷᠪᠠᠨ ᠨᠢᠭᠡᠳᠦᠭᠡᠷ ᠵᠦᠢᠯ  ᠨᠡᠷ᠎ᠡ ᠲᠣᠮᠢᠶᠠᠨ ᠤ᠋ ᠺᠣᠮᠢᠰ ᠤ᠋ᠨ ᠡᠷᠬᠢᠯᠡᠭᠴᠢ ᠭᠡᠰᠢᠭᠦᠨ 1 ᠬᠥᠮᠦᠨ ᠢ᠋ ᠲᠣᠬᠢᠷᠠᠭᠤᠯᠤᠨ᠎ᠠ᠂ ᠥᠪᠡᠷᠲᠡᠭᠡᠨ ᠵᠠᠰᠠᠬᠤ ᠣᠷᠤᠨ ᠤ᠋ ᠦᠨᠳᠦᠰᠦᠲᠡᠨ ᠦ᠌ ᠬᠡᠷᠡᠭ ᠡᠷᠬᠢᠯᠡᠬᠦ ᠵᠥᠪᠯᠡᠯ(ᠮᠣᠩᠭᠤᠯ ᠬᠡᠯᠡ ᠪᠢᠴᠢᠭ ᠦ᠋ᠨ ᠠᠵᠢᠯ ᠤᠨ ᠵᠥᠪᠯᠡᠯ) ᠠᠴᠠ ᠨᠡᠷ᠎ᠡ ᠳᠤᠷᠠᠳᠴᠤ᠂ ᠨᠡᠷ᠎ᠡ ᠲᠣᠮᠢᠶᠠᠨ ᠤ᠋ ᠺᠣᠮᠢᠰ ᠤ᠋ᠨ ᠪᠠᠢᠩᠭᠤ ᠶ᠋ᠢᠨ ᠺᠣᠮᠢᠰ ᠤᠨ ᠬᠤᠷᠠᠯ ᠢᠶᠠᠷ ᠳᠠᠮᠵᠢᠨ ᠰᠣᠩᠭᠤᠵᠤ᠂ ᠥᠪᠡᠷᠲᠡᠭᠡᠨ ᠵᠠᠰᠠᠬᠤ ᠣᠷᠤᠨ ᠤ᠋ ᠠᠷᠠᠳ ᠤᠨ ᠵᠠᠰᠠᠭ ᠤᠨ ᠣᠷᠳᠤᠨ ᠳ᠋ᠤ᠌ ᠮᠡᠳᠡᠭᠦᠯᠵᠦ ᠵᠥᠪᠰᠢᠶᠡᠷᠡᠭᠦᠯᠵᠦ ᠤᠷᠢᠨ ᠲᠣᠮᠢᠯᠠᠨ᠎ᠠ᠃

ᠠᠷᠪᠠᠨ ᠬᠣᠶᠠᠳᠤᠭᠠᠷ ᠵᠦᠢᠯ   ᠨᠡᠷ᠎ᠡ ᠲᠣᠮᠢᠶᠠᠨ ᠤ᠋ ᠺᠣᠮᠢᠰ ᠲᠤ᠌ ᠳᠡᠳ᠋ ᠡᠷᠬᠢᠯᠡᠭᠴᠢ ᠭᠡᠰᠢᠭᠦᠨ᠂ ᠪᠠᠢᠩᠭᠤ ᠶ᠋ᠢᠨ ᠭᠡᠰᠢᠭᠦᠨ ᠬᠡᠳᠦᠨ ᠨᠡᠷᠡᠰ ᠢ ᠲᠣᠬᠢᠷᠠᠭᠤᠯᠵᠤ᠂ ᠬᠣᠯᠪᠤᠭᠳᠠᠯ ᠪᠦᠬᠦᠢ ᠰᠠᠯᠠᠭ᠎ᠠ ᠮᠥᠴᠢᠷ ᠦ᠋ᠨ ᠬᠠᠷᠢᠭᠤᠴᠠᠯᠭᠠᠲᠠᠨ ᠪᠠ ᠬᠣᠯᠪᠤᠭᠳᠠᠯ ᠪᠦᠬᠦᠢ ᠶᠡᠬᠡ ᠳᠡᠭᠡᠳᠦ ᠰᠤᠷᠭᠠᠭᠤᠯᠢ᠂ ᠡᠷᠳᠡᠮ ᠰᠢᠨᠵᠢᠯᠡᠭᠡᠨ ᠦ᠌ ᠪᠠᠢᠭᠤᠯᠤᠮᠵᠢ ᠶ᠋ᠢᠨ ᠨᠡᠷ᠎ᠡ ᠲᠥᠷᠦ ᠲᠡᠢ ᠡᠷᠳᠡᠮᠲᠡᠳ ᠲᠤᠰᠢᠶᠠᠯ ᠡᠭᠦᠷᠭᠡᠯᠡᠨ᠎ᠡ᠃

ᠪᠠᠢᠩᠭᠤ ᠶ᠋ᠢᠨ ᠭᠡᠰᠢᠭᠦᠨ ᠢ᠋ ᠨᠡᠷ᠎ᠡ ᠲᠣᠮᠢᠶᠠᠨ ᠤ᠋ ᠺᠣᠮᠢᠰ ᠤ᠋ᠨ ᠪᠦᠭᠦᠳᠡ ᠬᠤᠷᠠᠯ ᠢᠶᠠᠷ ᠰᠣᠩᠭᠤᠵᠤ᠂ ᠥᠪᠡᠷᠲᠡᠭᠡᠨ ᠵᠠᠰᠠᠬᠤ ᠣᠷᠤᠨ ᠤ᠋ ᠦᠨᠳᠦᠰᠦᠲᠡᠨ ᠦ᠌ ᠬᠡᠷᠡᠭ ᠡᠷᠬᠢᠯᠡᠬᠦ ᠵᠥᠪᠯᠡᠯ(ᠮᠣᠩᠭᠤᠯ ᠬᠡᠯᠡ ᠪᠢᠴᠢᠭ ᠦ᠋ᠨ ᠠᠵᠢᠯ ᠤᠨ ᠵᠥᠪᠯᠡᠯ) ᠢᠶᠠᠷ ᠳᠠᠮᠵᠢᠨ ᠥᠪᠡᠷᠲᠡᠭᠡᠨ ᠵᠠᠰᠠᠬᠤ ᠣᠷᠤᠨ ᠤ᠋ ᠠᠷᠠᠳ ᠤᠨ ᠵᠠᠰᠠᠭ ᠤᠨ ᠣᠷᠳᠤᠨ ᠳ᠋ᠤ᠌ ᠮᠡᠳᠡᠭᠦᠯᠦᠨ ᠵᠥᠪᠰᠢᠶᠡᠷᠡᠭᠦᠯᠵᠦ ᠤᠷᠢᠨ ᠲᠣᠮᠢᠯᠠᠨ᠎ᠠ᠃

ᠳᠡᠳ᠋ ᠡᠷᠬᠢᠯᠡᠭᠴᠢ ᠭᠡᠰᠢᠭᠦᠨ ᠢ᠋ ᠨᠡᠷ᠎ᠡ ᠲᠣᠮᠢᠶᠠᠨ ᠤ᠋ ᠺᠣᠮᠢᠰ ᠤ᠋ᠨ ᠪᠠᠢᠩᠭᠤ ᠶ᠋ᠢᠨ ᠺᠣᠮᠢᠰ ᠤᠨ ᠬᠤᠷᠠᠯ ᠢᠶᠠᠷ ᠰᠣᠩᠭᠤᠵᠤ᠂ ᠥᠪᠡᠷᠲᠡᠭᠡᠨ ᠵᠠᠰᠠᠬᠤ ᠣᠷᠤᠨ ᠤ᠋ ᠦᠨᠳᠦᠰᠦᠲᠡᠨ ᠦ᠌ ᠬᠡᠷᠡᠭ ᠡᠷᠬᠢᠯᠡᠬᠦ ᠵᠥᠪᠯᠡᠯ(ᠮᠣᠩᠭᠤᠯ ᠬᠡᠯᠡ ᠪᠢᠴᠢᠭ ᠦ᠋ᠨ ᠠᠵᠢᠯ ᠤᠨ ᠵᠥᠪᠯᠡᠯ) ᠢᠶᠠᠷ ᠳᠠᠮᠵᠢᠨ ᠥᠪᠡᠷᠲᠡᠭᠡᠨ ᠵᠠᠰᠠᠬᠤ ᠣᠷᠤᠨ ᠤ᠋ ᠠᠷᠠᠳ ᠤᠨ ᠵᠠᠰᠠᠭ ᠤᠨ ᠣᠷᠳᠤᠨ ᠳ᠋ᠤ᠌ ᠮᠡᠳᠡᠭᠦᠯᠦᠨ ᠵᠥᠪᠰᠢᠶᠡᠷᠡᠭᠦᠯᠵᠦ ᠤᠷᠢᠨ ᠲᠣᠮᠢᠯᠠᠨ᠎ᠠ᠃

ᠠᠷᠪᠠᠨ ᠭᠤᠷᠪᠠᠳᠤᠭᠠᠷ ᠵᠦᠢᠯ  ᠨᠡᠷ᠎ᠡ ᠲᠣᠮᠢᠶᠠᠨ ᠤ᠋ ᠺᠣᠮᠢᠰ  ᠨᠢ ᠡᠷᠬᠢᠯᠡᠭᠴᠢ ᠭᠡᠰᠢᠭᠦᠨ ᠦ᠌ ᠬᠠᠷᠢᠭᠤᠴᠠᠬᠤ ᠳᠦᠷᠢᠮ ᠢ᠋ ᠬᠡᠷᠡᠭᠵᠢᠭᠦᠯᠦᠨ᠎ᠡ᠃ ᠡᠷᠬᠢᠯᠡᠭᠴᠢ ᠭᠡᠰᠢᠭᠦᠨ ᠨᠡᠷ᠎ᠡ ᠲᠣᠮᠢᠶᠠᠨ ᠤ᠋ ᠺᠣᠮᠢᠰ ᠤ᠋ᠨ ᠡᠯ᠎ᠡ ᠵᠦᠢᠯ ᠦ᠋ᠨ ᠠᠵᠢᠯ ᠢ ᠡᠷᠬᠢᠯᠡᠨ ᠤᠳᠤᠷᠢᠳᠴᠤ᠂ ᠨᠡᠷ᠎ᠡ ᠲᠣᠮᠢᠶᠠᠨ ᠤ᠋ ᠺᠣᠮᠢᠰ ᠤ᠋ᠨ ᠪᠦᠭᠦᠳᠡ ᠬᠤᠷᠠᠯ ᠢ ᠬᠠᠷᠢᠭᠤᠴᠠᠨ᠎ᠠ᠃ ᠳᠡᠳ᠋ ᠡᠷᠬᠢᠯᠡᠭᠴᠢ ᠭᠡᠰᠢᠭᠦᠨ ᠨᠢ ᠡᠷᠬᠢᠯᠡᠭᠴᠢ ᠭᠡᠰᠢᠭᠦᠨ ᠦ᠌ ᠠᠵᠢᠯ ᠳᠤ ᠬᠠᠮᠵᠢᠵᠤ᠂ ᠡᠷᠬᠢᠯᠡᠭᠴᠢ ᠭᠡᠰᠢᠭᠦᠨ ᠳ᠋ᠦ᠍ ᠬᠠᠷᠢᠭᠤᠴᠠᠨ᠎ᠠ᠃ ᠡᠷᠬᠢᠯᠡᠭᠴᠢ ᠭᠡᠰᠢᠭᠦᠨ ᠠᠵᠢᠯ ᠤᠨ ᠱᠠᠭᠠᠷᠳᠠᠯᠭ᠎ᠠ ᠶ᠋ᠢ ᠦᠨᠳᠦᠰᠦᠯᠡᠵᠦ᠂ ᠪᠤᠰᠤᠳ ᠳᠡᠳ᠋ ᠡᠷᠬᠢᠯᠡᠭᠴᠢ ᠭᠡᠰᠢᠭᠦᠨ ᠳ᠋ᠦ᠍ ᠬᠣᠯᠪᠤᠭᠳᠠᠯ ᠪᠦᠬᠦᠢ ᠠᠵᠢᠯ ᠢ ᠬᠤᠪᠢᠶᠠᠵᠤ ᠬᠠᠮᠢᠶᠠᠷᠬᠤ ᠡᠷᠬᠡ ᠶᠢ ᠣᠯᠭᠤᠨ᠎ᠠ᠃

ᠠᠷᠪᠠᠨ ᠳᠥᠷᠪᠡᠳᠦᠭᠡᠷ ᠵᠦᠢᠯ ᠡᠷᠬᠢᠯᠡᠭᠴᠢ ᠭᠡᠰᠢᠭᠦᠨ᠂ ᠳᠡᠳ᠋ ᠡᠷᠬᠢᠯᠡᠭᠴᠢ ᠭᠡᠰᠢᠭᠦᠨ ᠪᠠ ᠪᠠᠢᠩᠭᠤ ᠶ᠋ᠢᠨ ᠭᠡᠰᠢᠭᠦᠳ ᠨᠡᠷ᠎ᠡ ᠲᠣᠮᠢᠶᠠᠨ ᠤ᠋ ᠪᠠᠢᠩᠭᠤ ᠶ᠋ᠢᠨ ᠺᠣᠮᠢᠰ ᠢ᠋ ᠪᠦᠷᠢᠯᠳᠦᠭᠦᠯᠵᠦ᠂ ᠨᠡᠷ᠎ᠡ ᠲᠣᠮᠢᠶᠠᠨ ᠤ᠋ ᠡᠯ᠎ᠡ ᠵᠦᠢᠯ ᠦ᠋ᠨ ᠠᠵᠢᠯ ᠢ ᠵᠣᠬᠢᠶᠠᠨ ᠪᠠᠢᠭᠤᠯᠵᠤ ᠤᠳᠤᠷᠢᠳᠤᠨ᠎ᠠ᠃

ᠠᠷᠪᠠᠨ ᠲᠠᠪᠤᠳᠤᠭᠠᠷ ᠵᠦᠢᠯ   ᠨᠡᠷ᠎ᠡ ᠲᠣᠮᠢᠶᠠᠨ ᠤ᠋ ᠺᠣᠮᠢᠰ ᠲᠤ᠌ ᠣᠨᠴᠠ ᠤᠷᠢᠭᠰᠠᠨ ᠵᠥᠪᠯᠡᠭᠴᠢ ᠬᠡᠳᠦᠨ ᠨᠡᠷᠡᠰ ᠢ ᠲᠣᠬᠢᠷᠠᠭᠤᠯᠵᠤ᠂ ᠨᠡᠷ᠎ᠡ ᠲᠣᠮᠢᠶᠠᠨ ᠤ᠋ ᠺᠣᠮᠢᠰ ᠤ᠋ᠨ ᠪᠠᠢᠩᠭᠤ ᠶ᠋ᠢᠨ ᠺᠣᠮᠢᠰ ᠠ᠋ᠴᠠ ᠲᠤᠰᠭᠠᠢᠯᠠᠨ ᠤᠷᠢᠵᠤ᠂ ᠥᠪᠡᠷᠲᠡᠭᠡᠨ ᠵᠠᠰᠠᠬᠤ ᠣᠷᠤᠨ ᠤ᠋ ᠦᠨᠳᠦᠰᠦᠲᠡᠨ ᠦ᠌ ᠬᠡᠷᠡᠭ ᠡᠷᠬᠢᠯᠡᠬᠦ ᠵᠥᠪᠯᠡᠯ(ᠮᠣᠩᠭᠤᠯ ᠬᠡᠯᠡ ᠪᠢᠴᠢᠭ ᠦ᠋ᠨ ᠠᠵᠢᠯ ᠤᠨ ᠵᠥᠪᠯᠡᠯ) ᠢᠶᠡᠷ ᠳᠠᠮᠵᠢᠨ ᠥᠪᠡᠷᠲᠡᠭᠡᠨ ᠵᠠᠰᠠᠬᠤ ᠣᠷᠤᠨ ᠤ᠋ ᠠᠷᠠᠳ ᠤᠨ ᠵᠠᠰᠠᠭ ᠤᠨ ᠣᠷᠳᠤᠨ ᠳ᠋ᠤ᠌ ᠮᠡᠳᠡᠭᠦᠯᠦᠨ ᠵᠥᠪᠰᠢᠶᠡᠷᠡᠭᠦᠯᠵᠦ ᠤᠷᠢᠨ ᠲᠣᠮᠢᠯᠠᠨ᠎ᠠ᠃

ᠠᠷᠪᠠᠨ ᠵᠢᠷᠭᠤᠳᠤᠭᠠᠷ ᠵᠦᠢᠯ  ᠨᠡᠷ᠎ᠡ ᠲᠣᠮᠢᠶᠠᠨ ᠤ᠋ ᠺᠣᠮᠢᠰ ᠲᠤ᠌ ᠬᠠᠮᠵᠢᠯᠴᠠᠬᠤ ᠭᠡᠰᠢᠭᠦᠨ ᠬᠡᠳᠦᠨ ᠨᠡᠷᠡᠰ ᠢ ᠲᠣᠬᠢᠷᠠᠭᠤᠯᠤᠨ᠎ᠠ᠂ ᠡᠩ ᠦ᠋ᠨ ᠪᠠᠢᠳᠠᠯ ᠳᠣᠣᠷ᠎ᠠ ᠮᠣᠩᠭᠤᠯ ᠬᠡᠯᠡ ᠪᠢᠴᠢᠭ ᠦ᠋ᠨ ᠠᠵᠢᠯ ᠤᠨ ᠬᠠᠮᠵᠢᠯᠴᠠᠬᠤ ᠮᠤᠵᠢ ᠣᠷᠤᠨ ᠠ᠋ᠴᠠ ᠲᠠᠨᠢᠯᠴᠠᠭᠤᠯᠵᠤ᠂ ᠨᠡᠷ᠎ᠡ ᠲᠣᠮᠢᠶᠠᠨ ᠤ᠋ ᠺᠣᠮᠢᠰ ᠤ᠋ᠨ ᠪᠦᠭᠦᠳᠡ ᠬᠤᠷᠠᠯ ᠢᠶᠠᠷ ᠰᠣᠩᠭᠤᠵᠤ᠂ ᠥᠪᠡᠷᠲᠡᠭᠡᠨ ᠵᠠᠰᠠᠬᠤ ᠣᠷᠤᠨ ᠤ᠋ ᠦᠨᠳᠦᠰᠦᠲᠡᠨ ᠦ᠌ ᠬᠡᠷᠡᠭ ᠡᠷᠬᠢᠯᠡᠬᠦ ᠵᠥᠪᠯᠡᠯ(ᠮᠣᠩᠭᠤᠯ ᠬᠡᠯᠡ ᠪᠢᠴᠢᠭ ᠦ᠋ᠨ ᠠᠵᠢᠯ ᠤᠨ ᠵᠥᠪᠯᠡᠯ) ᠢᠶᠠᠷ ᠳᠠᠮᠵᠢᠨ ᠥᠪᠡᠷᠲᠡᠭᠡᠨ ᠵᠠᠰᠠᠬᠤ ᠣᠷᠤᠨ ᠤ᠋ ᠠᠷᠠᠳ ᠤᠨ ᠵᠠᠰᠠᠭ ᠤᠨ ᠣᠷᠳᠤᠨ ᠳ᠋ᠤ᠌ ᠮᠡᠳᠡᠭᠦᠯᠦᠨ ᠵᠥᠪᠰᠢᠶᠡᠷᠡᠭᠦᠯᠵᠦ ᠤᠷᠢᠨ ᠲᠣᠮᠢᠯᠠᠨ᠎ᠠ᠃ ᠬᠠᠮᠵᠢᠯᠴᠠᠬᠤ ᠭᠡᠰᠢᠭᠦᠨ ᠨᠢ ᠮᠤᠵᠢ ᠣᠷᠤᠨ ᠠᠯᠤᠰᠯᠠᠭᠰᠠᠨ ᠮᠣᠩᠭᠤᠯ ᠨᠡᠷ᠎ᠡ ᠲᠣᠮᠢᠶᠠᠨ ᠤ᠋ ᠠᠵᠢᠯ ᠤᠨ ᠰᠣᠯᠢᠯᠴᠠᠭ᠎ᠠ ᠪᠠ ᠬᠠᠮᠵᠢᠯᠴᠠᠭ᠎ᠠ ᠶᠢ ᠢᠳᠡᠪᠬᠢᠲᠡᠢ ᠵᠣᠬᠢᠴᠠᠭᠤᠯᠤᠨ᠎ᠠ᠃

ᠠᠷᠪᠠᠨ ᠳᠣᠯᠤᠳᠤᠭᠠᠷ ᠵᠦᠢᠯ   ᠨᠡᠷ᠎ᠡ ᠲᠣᠮᠢᠶᠠᠨ ᠤ᠋ ᠺᠣᠮᠢᠰ  ᠨᠢ ᠰᠢᠨᠵᠢᠯᠡᠭᠡᠨ ᠦ᠌ ᠰᠠᠯᠠᠭ᠎ᠠ ᠪᠤᠶᠤ ᠠᠵᠢᠯ ᠲᠥᠷᠦᠯ ᠦ᠋ᠨ ᠬᠦᠷᠢᠶ᠎ᠡ ᠶᠢ ᠦᠨᠳᠦᠰᠦᠯᠡᠵᠦ᠂ ᠡᠳᠦᠢ ᠲᠡᠳᠦᠢ ᠲᠤᠰᠭᠠᠢ ᠮᠡᠷᠭᠡᠵᠢᠯ ᠦ᠋ᠨ ᠬᠤᠪᠢᠶᠠᠷᠢ ᠺᠣᠮᠢᠰ ᠢ᠋ ᠪᠠᠢᠭᠤᠯᠵᠤ᠂ ᠭᠣᠣᠯᠳᠠᠭᠤ ᠲᠤᠰ ᠰᠢᠨᠵᠢᠯᠡᠭᠡᠨ ᠦ᠌ ᠰᠠᠯᠠᠭ᠎ᠠ ᠪᠤᠶᠤ ᠲᠤᠰ ᠠᠵᠢᠯ ᠲᠥᠷᠦᠯ ᠦ᠋ᠨ ᠮᠣᠩᠭᠤᠯ ᠨᠡᠷ᠎ᠡ ᠲᠣᠮᠢᠶᠠᠨ ᠤ᠋ ᠬᠢᠨᠠᠨ ᠲᠣᠭᠲᠠᠭᠠᠬᠤ ᠠᠵᠢᠯ ᠢ ᠬᠠᠷᠢᠭᠤᠴᠠᠨ᠎ᠠ᠃

ᠠᠷᠪᠠᠨ ᠨᠠᠢ᠍ᠮᠠᠳᠤᠭᠠᠷ ᠵᠦᠢᠯ   ᠲᠤᠰᠭᠠᠢ ᠮᠡᠷᠭᠡᠵᠢᠯ ᠦ᠋ᠨ ᠬᠤᠪᠢᠶᠠᠷᠢ ᠺᠣᠮᠢᠰ  ᠨᠢ ᠨᠡᠯᠢᠶᠡᠳ ᠥᠨᠳᠦᠷ ᠡᠷᠳᠡᠮ ᠰᠢᠨᠵᠢᠯᠡᠭᠡᠨ ᠦ᠌ ᠬᠢᠷᠢ ᠲᠦᠪᠰᠢᠨ ᠲᠡᠢ᠂ ᠲᠤᠰ ᠰᠢᠨᠵᠢᠯᠡᠭᠡᠨ ᠦ᠌ ᠰᠠᠯᠠᠭ᠎ᠠ ᠪᠤᠶᠤ ᠲᠤᠰ ᠠᠵᠢᠯ ᠲᠥᠷᠦᠯ ᠦ᠋ᠨ ᠬᠦᠷᠢᠶᠡᠨ ᠳ᠋ᠦ᠍ ᠵᠣᠬᠢᠬᠤ ᠨᠦᠯᠦᠭᠡᠯᠡᠬᠦ ᠬᠦᠴᠦᠨ ᠲᠡᠢ ᠪᠠ ᠲᠥᠯᠦᠭᠡᠯᠡᠬᠦ ᠴᠢᠨᠠᠷ ᠲᠠᠢ ᠲᠤᠰᠭᠠᠢ ᠮᠡᠷᠭᠡᠵᠢᠯᠲᠡᠨ᠂ ᠡᠷᠳᠡᠮᠲᠡᠳ ᠢ᠋ᠶ᠋ᠡᠷ ᠪᠦᠷᠢᠯᠳᠦᠨ᠎ᠡ᠃

ᠠᠷᠪᠠ ᠶᠢᠰᠦᠳᠦᠭᠡᠷ ᠵᠦᠢᠯ    ᠲᠤᠰᠭᠠᠢ ᠮᠡᠷᠭᠡᠵᠢᠯ ᠦ᠋ᠨ ᠬᠤᠪᠢᠶᠠᠷᠢ ᠺᠣᠮᠢᠰ ᠲᠤ᠌ ᠡᠷᠬᠢᠯᠡᠭᠴᠢ ᠭᠡᠰᠢᠭᠦᠨ 1 ᠬᠥᠮᠦᠨ ᠢ᠋ ᠲᠣᠬᠢᠷᠠᠭᠤᠯᠵᠤ᠂ ᠠᠵᠢᠯ ᠤᠨ ᠱᠠᠭᠠᠷᠳᠠᠯᠭ᠎ᠠ ᠶ᠋ᠢ ᠦᠨᠳᠦᠰᠦᠯᠡᠵᠦ ᠳᠡᠳ᠋ ᠡᠷᠬᠢᠯᠡᠭᠴᠢ ᠭᠡᠰᠢᠭᠦᠨ ᠢ᠋ ᠬᠡᠳᠦᠨ ᠨᠡᠷᠡᠰ ᠲᠣᠬᠢᠷᠠᠭᠤᠯᠵᠤ᠂ ᠨᠠᠷᠢᠨ ᠪᠢᠴᠢᠭ ᠦ᠋ᠨ ᠳᠠᠷᠤᠭ᠎ᠠ ᠪᠤᠶᠤ ᠨᠠᠷᠢᠨ ᠪᠢᠴᠢᠭᠡᠴᠢ 1 ᠠᠴᠠ 2 ᠨᠡᠷᠡᠰ᠂ ᠵᠥᠪᠯᠡᠭᠴᠢ ᠬᠡᠳᠦᠨ ᠨᠡᠷᠡᠰ ᠢ ᠲᠣᠬᠢᠷᠠᠭᠤᠯᠤᠨ᠎ᠠ᠃ ᠺᠣᠮᠢᠰ ᠤ᠋ᠨ ᠭᠡᠰᠢᠭᠦᠨ ᠦ᠌ ᠶᠡᠷᠦᠩᠬᠡᠢ ᠲᠣᠭ᠎ᠠ ᠡᠩ ᠦ᠋ᠨ ᠪᠠᠢᠳᠠᠯ ᠳᠣᠣᠷ᠎ᠠ 20 ᠬᠥᠮᠦᠨ ᠡᠴᠡ ᠬᠡᠲᠦᠷᠡᠵᠦ ᠪᠣᠯᠬᠤ ᠦᠭᠡᠢ᠃

ᠲᠤᠰᠭᠠᠢ ᠮᠡᠷᠭᠡᠵᠢᠯ ᠦ᠋ᠨ ᠬᠤᠪᠢᠶᠠᠷᠢ ᠺᠣᠮᠢᠰ ᠤ᠋ᠨ ᠭᠡᠰᠢᠭᠦᠳ ᠢ᠋ ᠡᠩ ᠦ᠋ᠨ ᠪᠠᠢᠳᠠᠯ ᠳᠣᠣᠷ᠎ᠠ ᠬᠣᠯᠪᠤᠭᠳᠠᠯ ᠪᠦᠬᠦᠢ ᠪᠠᠢᠭᠤᠯᠭ᠎ᠠ ᠨᠢᠭᠡᠴᠢ ᠡᠴᠡ ᠲᠠᠨᠢᠯᠴᠠᠭᠤᠯᠵᠤ᠂ ᠨᠡᠷ᠎ᠡ ᠲᠣᠮᠢᠶᠠᠨ ᠤ᠋ ᠺᠣᠮᠢᠰ ᠤ᠋ᠨ ᠪᠠᠢᠩᠭᠤ ᠶ᠋ᠢᠨ ᠺᠣᠮᠢᠰ ᠲᠤ᠌ ᠮᠡᠳᠡᠭᠦᠯᠦᠨ ᠵᠥᠪᠰᠢᠶᠡᠷᠡᠭᠦᠯᠵᠦ ᠤᠷᠢᠨ ᠲᠣᠮᠢᠯᠠᠨ᠎ᠠ᠃ ᠲᠤᠰᠭᠠᠢ ᠮᠡᠷᠭᠡᠵᠢᠯ ᠦ᠋ᠨ ᠬᠤᠪᠢᠶᠠᠷᠢ ᠺᠣᠮᠢᠰ ᠤ᠋ᠨ ᠡᠷᠬᠢᠯᠡᠭᠴᠢ ᠭᠡᠰᠢᠭᠦᠨ ᠨᠡᠷ᠎ᠡ ᠲᠣᠮᠢᠶᠠᠨ ᠤ᠋ ᠺᠣᠮᠢᠰ ᠤ᠋ᠨ ᠭᠡᠰᠢᠭᠦᠨ ᠦ᠌ ᠡᠭᠦᠷᠭᠡ ᠶᠢ ᠡᠭᠦᠷᠭᠡᠯᠡᠨ᠎ᠡ᠃

ᠬᠣᠷᠢᠳᠤᠭᠠᠷ ᠵᠦᠢᠯ    ᠲᠤᠰᠭᠠᠢ ᠮᠡᠷᠭᠡᠵᠢᠯ ᠦ᠋ᠨ ᠬᠤᠪᠢᠶᠠᠷᠢ ᠺᠣᠮᠢᠰ  ᠨᠢ ᠬᠤᠭᠤᠴᠠᠭᠠᠲᠤ ᠲᠤᠰᠢᠶᠠᠯ ᠤᠨ ᠳᠦᠷᠢᠮ ᠢ᠋ ᠬᠡᠷᠡᠭᠵᠢᠭᠦᠯᠦᠨ᠎ᠡ᠂ 5 ᠵᠢᠯ ᠪᠦᠷᠢ ᠨᠢᠭᠡ ᠬᠤᠭᠤᠴᠠᠭ᠎ᠠ᠂ ᠬᠤᠭᠤᠴᠠᠭ᠎ᠠ ᠭᠦᠢᠴᠡᠬᠦ ᠡᠴᠡ ᠡᠮᠦᠨ᠎ᠡ ᠵᠣᠬᠢᠶᠠᠨ ᠪᠠᠢᠭᠤᠯᠤᠯᠲᠠ ᠶ᠋ᠢᠨ ᠵᠢᠷᠤᠮ ᠢ ᠦᠨᠳᠦᠰᠦᠯᠡᠵᠦ ᠬᠤᠭᠤᠴᠠᠭ᠎ᠠ ᠰᠣᠯᠢᠨ᠎ᠠ᠃

 

ᠳᠥᠷᠪᠡᠳᠦᠭᠡᠷ ᠪᠦᠯᠦᠭ  ᠬᠤᠷᠠᠯ ᠤᠨ ᠳᠦᠷᠢᠮ

 

ᠬᠣᠷᠢᠨ ᠨᠢᠭᠡᠳᠦᠭᠡᠷ ᠵᠦᠢᠯ    ᠨᠡᠷ᠎ᠡ ᠲᠣᠮᠢᠶᠠᠨ ᠤ᠋ ᠺᠣᠮᠢᠰ  ᠨᠢ ᠪᠦᠭᠦᠳᠡ ᠬᠤᠷᠠᠯ ᠪᠠ ᠪᠠᠢᠩᠭᠤ ᠶ᠋ᠢᠨ ᠺᠣᠮᠢᠰ ᠤᠨ ᠬᠤᠷᠠᠯ ᠤᠨ ᠳᠦᠷᠢᠮ ᠢ᠋ ᠬᠡᠷᠡᠭᠵᠢᠭᠦᠯᠦᠨ᠎ᠡ᠃

ᠬᠣᠷᠢᠨ ᠬᠣᠶᠠᠳᠤᠭᠠᠷ ᠵᠦᠢᠯ   ᠨᠡᠷ᠎ᠡ ᠲᠣᠮᠢᠶᠠᠨ ᠤ᠋ ᠺᠣᠮᠢᠰ ᠤ᠋ᠨ ᠪᠦᠭᠦᠳᠡ ᠬᠤᠷᠠᠯ ᠪᠣᠯ ᠨᠡᠷ᠎ᠡ ᠲᠣᠮᠢᠶᠠᠨ ᠤ᠋ ᠺᠣᠮᠢᠰ ᠤ᠋ᠨ ᠬᠠᠮᠤᠭ ᠤᠨ ᠳᠡᠭᠡᠳᠦ ᠵᠣᠬᠢᠶᠠᠨ ᠪᠠᠢᠭᠤᠯᠤᠯᠲᠠ ᠶ᠋ᠢᠨ ᠬᠡᠯᠪᠡᠷᠢ ᠮᠥᠨ᠃

ᠬᠣᠷᠢᠨ ᠭᠤᠷᠪᠠᠳᠤᠭᠠᠷ ᠵᠦᠢᠯ  ᠨᠡᠷ᠎ᠡ ᠲᠣᠮᠢᠶᠠᠨ ᠤ᠋ ᠺᠣᠮᠢᠰ ᠤ᠋ᠨ ᠪᠦᠭᠦᠳᠡ ᠬᠤᠷᠠᠯ 5 ᠵᠢᠯ ᠪᠦᠷᠢ ᠳ᠋ᠦ᠍ ᠨᠢᠭᠡ ᠤᠳᠠᠭ᠎ᠠ ᠬᠤᠷᠠᠯᠳᠤᠨ᠎ᠠ᠃ ᠠᠵᠢᠯ ᠤᠨ ᠬᠡᠷᠡᠭᠴᠡᠭᠡ ᠶᠢ ᠦᠨᠳᠦᠰᠦᠯᠡᠵᠦ᠂ ᠪᠠᠢᠩᠭᠤ ᠶ᠋ᠢᠨ ᠺᠣᠮᠢᠰ ᠤᠨ ᠬᠤᠷᠠᠯ ᠤᠨ ᠰᠠᠨᠠᠭᠤᠯᠭ᠎ᠠ ᠪᠠᠷ ᠲᠦᠷ ᠴᠠᠭ ᠤᠨ ᠬᠤᠷᠠᠯ ᠬᠢᠵᠦ ᠴᠢᠬᠤᠯᠠ ᠶᠡᠬᠡ ᠬᠡᠷᠡᠭ ᠶᠠᠪᠤᠳᠠᠯ ᠢ ᠰᠤᠳᠤᠯᠤᠨ᠎ᠠ᠃ ᠪᠦᠭᠦᠳᠡ ᠬᠤᠷᠠᠯ ᠨᠢ ᠳᠣᠣᠷᠠᠬᠢ ᠭᠣᠣᠯ ᠡᠭᠦᠷᠭᠡ ᠬᠠᠷᠢᠭᠤᠴᠠᠯᠭ᠎ᠠ ᠶᠢ ᠭᠦᠢᠴᠡᠳᠭᠡᠨ᠎ᠡ᠄

(ᠨᠢᠭᠡ) ᠨᠡᠷ᠎ᠡ ᠲᠣᠮᠢᠶᠠᠨ ᠤ᠋ ᠺᠣᠮᠢᠰ ᠤ᠋ᠨ ᠪᠠᠢᠩᠭᠤ ᠶ᠋ᠢᠨ ᠺᠣᠮᠢᠰ ᠤᠨ ᠬᠤᠷᠠᠯ ᠤᠨ ᠠᠵᠢᠯ ᠤᠨ ᠮᠡᠳᠡᠭᠦᠯᠦᠯᠲᠡ ᠶ᠋ᠢ ᠬᠢᠨᠠᠨ ᠵᠥᠪᠯᠡᠨ᠎ᠡ᠃

(ᠬᠤᠶᠠᠷ) ᠨᠡᠷ᠎ᠡ ᠲᠣᠮᠢᠶᠠᠨ ᠤ᠋ ᠺᠣᠮᠢᠰ ᠤ᠋ᠨ ᠳᠤᠮᠳᠠ ᠤᠷᠲᠤ ᠬᠤᠭᠤᠴᠠᠭᠠᠨ ᠤ ᠬᠥᠭᠵᠢᠯᠲᠡ ᠶ᠋ᠢᠨ ᠲᠥᠯᠦᠪᠵᠢᠭᠦᠯᠭᠡ ᠪᠠ ᠲᠤᠰ ᠬᠤᠭᠤᠴᠠᠭᠠᠨ ᠤ ᠨᠡᠷ᠎ᠡ ᠲᠣᠮᠢᠶᠠᠨ ᠤ᠋ ᠺᠣᠮᠢᠰ ᠤ᠋ᠨ ᠠᠵᠢᠯ ᠤᠨ ᠲᠥᠯᠦᠪᠵᠢᠭᠦᠯᠭᠡ ᠶ᠋ᠢ ᠬᠢᠨᠠᠨ ᠵᠥᠪᠯᠡᠨ᠎ᠡ᠃

(ᠭᠤᠷᠪᠠ) ᠨᠡᠷ᠎ᠡ ᠲᠣᠮᠢᠶᠠᠨ ᠤ᠋ ᠺᠣᠮᠢᠰ ᠤ᠋ᠨ ᠴᠢᠬᠤᠯᠠ ᠶᠡᠬᠡ ᠬᠥᠭᠵᠢᠯᠲᠡ ᠥᠭᠡᠷᠡᠴᠢᠯᠡᠯᠲᠡ ᠶ᠋ᠢᠨ ᠠᠷᠭ᠎ᠠ ᠬᠡᠮᠵᠢᠶ᠎ᠡ᠂ ᠴᠢᠬᠤᠯᠠ ᠶᠡᠬᠡ ᠲᠣᠭᠲᠠᠭᠠᠯ ᠪᠠ ᠴᠢᠬᠤᠯᠠ ᠲᠥᠷᠦ ᠶ᠋ᠢᠨ ᠪᠣᠳᠤᠯᠭ᠎ᠠ ᠶ᠋ᠢᠨ ᠪᠢᠴᠢᠭ ᠮᠠᠲ᠋ᠧᠷᠢᠶᠠᠯ ᠢ ᠬᠢᠨᠠᠨ ᠵᠥᠪᠯᠡᠨ᠎ᠡ᠃

(ᠳᠥᠷᠪᠡ) ᠨᠡᠷ᠎ᠡ ᠲᠣᠮᠢᠶᠠᠨ ᠤ᠋ ᠺᠣᠮᠢᠰ ᠤ᠋ᠨ ᠠᠵᠢᠯ ᠤᠨ ᠪᠦᠬᠦ ᠲᠠᠯ᠎ᠠ ᠳᠤ ᠬᠣᠯᠪᠤᠭᠳᠠᠬᠤ ᠴᠢᠬᠤᠯᠠ ᠰᠠᠨᠠᠭᠤᠯᠭ᠎ᠠ ᠶᠢ ᠳᠤᠷᠠᠳᠤᠨ᠎ᠠ᠃

(ᠲᠠᠪᠤ)  ᠤᠯᠤᠰ ᠤᠨ ᠳᠣᠲᠤᠭᠠᠳᠤ ᠭᠠᠳᠠᠭᠠᠳᠤ ᠶ᠋ᠢᠨ ᠡᠷᠳᠡᠮ ᠰᠢᠨᠵᠢᠯᠡᠭᠡᠨ ᠦ᠌ ᠰᠣᠯᠢᠯᠴᠠᠭ᠎ᠠ ᠪᠠ ᠰᠤᠳᠤᠯᠤᠨ ᠶᠠᠷᠢᠯᠴᠠᠬᠤ ᠠᠵᠢᠯᠯᠠᠭᠠᠨ ᠢ ᠥᠷᠨᠢᠭᠦᠯᠦᠨ᠎ᠡ᠃

(ᠵᠢᠷᠭᠤᠭ᠎ᠠ) ᠨᠡᠷ᠎ᠡ ᠲᠣᠮᠢᠶᠠᠨ ᠤ᠋ ᠺᠣᠮᠢᠰ ᠤ᠋ᠨ ᠳᠦᠷᠢᠮ ᠢ᠋ ᠪᠣᠯᠪᠠᠰᠤᠷᠠᠭᠤᠯᠤᠨ ᠲᠣᠭᠲᠠᠭᠠᠵᠤ ᠵᠠᠰᠠᠪᠤᠷᠢ ᠣᠷᠤᠭᠤᠯᠤᠨ᠎ᠠ᠃

ᠬᠣᠷᠢᠨ ᠳᠥᠷᠪᠡᠳᠦᠭᠡᠷ ᠵᠦᠢᠯ ᠨᠡᠷ᠎ᠡ ᠲᠣᠮᠢᠶᠠᠨ ᠤ᠋ ᠺᠣᠮᠢᠰ ᠤ᠋ᠨ ᠪᠦᠭᠦᠳᠡ ᠬᠤᠷᠠᠯ ᠤᠨ ᠬᠤᠷᠠᠯ ᠲᠡᠭᠦᠰᠦᠭᠰᠡᠨ ᠬᠤᠭᠤᠴᠠᠭᠠᠨ ᠳᠤ᠂ ᠪᠠᠢᠩᠭᠤ ᠶ᠋ᠢᠨ ᠺᠣᠮᠢᠰ ᠤᠨ ᠬᠤᠷᠠᠯ ᠠᠴᠠ ᠨᠡᠷ᠎ᠡ ᠲᠣᠮᠢᠶᠠᠨ ᠤ᠋ ᠺᠣᠮᠢᠰ ᠤ᠋ᠨ ᠡᠷᠬᠡ ᠲᠤᠰᠢᠶᠠᠯ ᠢ ᠬᠡᠷᠡᠭᠵᠢᠭᠦᠯᠦᠨ᠎ᠡ᠃

ᠬᠣᠷᠢᠨ ᠲᠠᠪᠤᠳᠤᠭᠠᠷ ᠵᠦᠢᠯ   ᠨᠡᠷ᠎ᠡ ᠲᠣᠮᠢᠶᠠᠨ ᠤ᠋ ᠺᠣᠮᠢᠰ ᠤ᠋ᠨ ᠪᠠᠢᠩᠭᠤ ᠶ᠋ᠢᠨ ᠺᠣᠮᠢᠰ ᠤᠨ ᠬᠤᠷᠠᠯ ᠢ ᠡᠩ ᠦᠨ ᠪᠠᠢᠳᠠᠯ ᠳ᠋ᠤ᠌ ᠵᠢᠯ ᠪᠦᠷᠢ ᠶᠢᠨ ᠬᠠᠪᠤᠷ ᠤᠨ ᠤᠯᠠᠷᠢᠯ ᠳᠤ ᠨᠢᠭᠡ ᠤᠳᠠᠭ᠎ᠠ ᠬᠤᠷᠠᠯᠳᠤᠭᠤᠯᠵᠤ᠂ ᠡᠷᠬᠢᠯᠡᠭᠴᠢ ᠭᠡᠰᠢᠭᠦᠨ ᠦ᠌ ᠰᠠᠨᠠᠭᠤᠯᠭ᠎ᠠ ᠪᠠᠷ ᠲᠦᠷ ᠴᠠᠭ ᠤᠨ ᠪᠠᠢᠩᠭᠤ ᠶ᠋ᠢᠨ ᠺᠣᠮᠢᠰ ᠤᠨ ᠬᠤᠷᠠᠯ ᠢ ᠬᠤᠷᠠᠯᠳᠤᠭᠤᠯᠵᠤ ᠪᠣᠯᠤᠨ᠎ᠠ᠃ ᠪᠠᠢᠩᠭᠤ ᠶ᠋ᠢᠨ ᠺᠣᠮᠢᠰ ᠤᠨ ᠬᠤᠷᠠᠯ ᠨᠢ ᠳᠣᠣᠷᠠᠬᠢ ᠮᠡᠲᠦ ᠭᠣᠣᠯ ᠲᠤᠰᠢᠶᠠᠯ ᠬᠠᠷᠢᠭᠤᠴᠠᠯᠭ᠎ᠠ ᠶᠢ ᠭᠦᠢᠴᠡᠳᠭᠡᠨ᠎ᠡ᠄

(ᠨᠢᠭᠡ) ᠮᠣᠩᠭᠤᠯ ᠨᠡᠷ᠎ᠡ ᠲᠣᠮᠢᠶᠠᠨ ᠤ᠋ ᠳᠦᠷᠢᠮᠵᠢᠭᠦᠯᠦᠯᠲᠡ᠂ ᠪᠠᠷᠢᠮᠵᠢᠶᠠᠵᠢᠭᠤᠯᠤᠯᠲᠠ᠂ ᠮᠡᠳᠡᠭᠡ ᠵᠠᠩᠭᠢᠵᠢᠯᠲᠠ ᠶᠢᠨ ᠠᠵᠢᠯ ᠢ ᠥᠷᠨᠢᠭᠦᠯᠦᠨ᠎ᠡ᠃

(ᠬᠤᠶᠠᠷ) ᠮᠣᠩᠭᠤᠯ ᠨᠡᠷ᠎ᠡ ᠲᠣᠮᠢᠶᠠᠨ ᠤ᠋ ᠠᠵᠢᠯ ᠤᠨ ᠬᠥᠭᠵᠢᠯᠲᠡ ᠶ᠋ᠢᠨ ᠪᠠᠢᠯᠳᠤᠬᠤ ᠪᠣᠳᠤᠯᠭ᠎ᠠ᠂ ᠳᠤᠮᠳᠠ ᠤᠷᠲᠤ ᠬᠤᠭᠤᠴᠠᠭᠠᠨ ᠤ ᠬᠥᠭᠵᠢᠯᠲᠡ ᠶ᠋ᠢᠨ ᠲᠥᠯᠦᠪᠵᠢᠭᠦᠯᠭᠡ᠂ ᠴᠢᠬᠤᠯᠠ ᠶᠡᠬᠡ ᠬᠥᠭᠵᠢᠯᠲᠡ ᠦᠭᠡᠷᠴᠢᠯᠡᠯᠲᠡ ᠶᠢᠨ ᠠᠷᠭ᠎ᠠ ᠬᠡᠮᠵᠢᠶ᠎ᠡ ᠵᠡᠷᠭᠡ ᠵᠦᠢᠯ ᠦᠳ ᠢ ᠳᠤᠷᠠᠳᠤᠨ᠎ᠠ᠃

(ᠭᠤᠷᠪᠠ) ᠨᠡᠷ᠎ᠡ ᠲᠣᠮᠢᠶᠠᠨ ᠤ᠋ ᠺᠣᠮᠢᠰ ᠤ᠋ᠨ ᠳᠡᠭᠡᠷ᠎ᠡ ᠵᠢᠯ ᠦ᠋ᠨ ᠠᠵᠢᠯ ᠤᠨ ᠳ᠋ᠦᠩᠨᠡᠯᠲᠡ ᠶᠢ ᠬᠢᠨᠠᠨ ᠵᠥᠪᠯᠡᠵᠦ᠂ ᠲᠤᠰ ᠵᠢᠯ ᠦ᠋ᠨ ᠠᠵᠢᠯ ᠤᠨ ᠲᠥᠯᠦᠪᠯᠡᠭᠡ ᠶ᠋ᠢ ᠲᠤᠭᠤᠷᠪᠢᠨ ᠲᠣᠭᠲᠠᠭᠠᠨ᠎ᠠ᠃

(ᠳᠥᠷᠪᠡ) ᠨᠡᠷ᠎ᠡ ᠲᠣᠮᠢᠶᠠᠨ ᠤ᠋ ᠺᠣᠮᠢᠰ ᠤ᠋ᠨ ᠱᠠᠲᠤ ᠦᠶ᠎ᠡ ᠶᠢᠨ ᠠᠵᠢᠯ ᠤᠨ ᠭᠣᠣᠯᠳᠠᠯᠭ᠎ᠠ ᠶ᠋ᠢ ᠲᠣᠭᠲᠠᠭᠠᠨ᠎ᠠ᠃

(ᠲᠠᠪᠤ) ᠲᠤᠰᠭᠠᠢ ᠮᠡᠷᠭᠡᠵᠢᠯ ᠦ᠋ᠨ ᠬᠤᠪᠢᠶᠠᠷᠢ ᠺᠣᠮᠢᠰ ᠤ᠋ᠨ ᠳᠡᠭᠡᠭᠰᠢ ᠮᠡᠳᠡᠭᠦᠯᠬᠦ ᠮᠣᠩᠭᠤᠯ ᠨᠡᠷ᠎ᠡ ᠲᠣᠮᠢᠶ᠎ᠠ ᠶ᠋ᠢ ᠬᠢᠨᠠᠨ ᠵᠥᠪᠯᠡᠨ᠎ᠡ᠃

(ᠵᠢᠷᠭᠤᠭ᠎ᠠ) ᠨᠡᠷ᠎ᠡ ᠲᠣᠮᠢᠶᠠᠨ ᠤ᠋ ᠺᠣᠮᠢᠰ ᠤ᠋ᠨ ᠬᠠᠮᠢᠶᠠᠷᠤᠯᠲᠠ ᠶᠢᠨ ᠳᠦᠷᠢᠮ ᠲᠣᠭᠲᠠᠭᠠᠯ ᠢ᠋ ᠬᠢᠨᠠᠨ ᠵᠥᠪᠯᠡᠨ᠎ᠡ᠃

(ᠳᠣᠯᠤᠭ᠎ᠠ) ᠪᠠᠢᠩᠭᠤ ᠶ᠋ᠢᠨ ᠺᠣᠮᠢᠰ ᠤᠨ ᠬᠤᠷᠠᠯ ᠠᠴᠠ ᠲᠣᠭᠲᠠᠭᠠᠬᠤ ᠶᠣᠰᠣᠲᠠᠢ ᠪᠤᠰᠤᠳ ᠵᠦᠢᠯ ᠦ᠋ᠳ ᠢ᠋ ᠬᠢᠨᠠᠨ ᠵᠥᠪᠯᠡᠨ᠎ᠡ᠃

ᠬᠣᠷᠢᠨ ᠵᠢᠷᠭᠤᠳᠤᠭᠠᠷ ᠵᠦᠢᠯ  ᠨᠡᠷ᠎ᠡ ᠲᠣᠮᠢᠶᠠᠨ ᠤ᠋ ᠺᠣᠮᠢᠰ ᠤ᠋ᠨ ᠪᠦᠭᠦᠳᠡ ᠬᠤᠷᠠᠯ ᠪᠠ ᠪᠠᠢᠩᠭᠤ ᠶ᠋ᠢᠨ ᠺᠣᠮᠢᠰ ᠤᠨ ᠬᠤᠷᠠᠯ ᠤᠨ ᠬᠠᠤᠯᠢ ᠪᠠᠷ ᠲᠣᠭᠲᠠᠭᠠᠭᠰᠠᠨ ᠬᠤᠷᠠᠯ ᠳᠤ ᠣᠷᠤᠯᠴᠠᠬᠤ ᠬᠥᠮᠦᠨ ᠦ᠌ ᠲᠣᠭ᠎ᠠ  ᠨᠢ ᠬᠤᠷᠠᠯ ᠳᠤ ᠣᠷᠤᠯᠴᠠᠬᠤ ᠶᠣᠰᠣᠲᠠᠢ ᠬᠥᠮᠦᠨ ᠦ᠌ ᠲᠣᠭᠠᠨ ᠤ᠋ ᠬᠠᠭᠠᠰ ᠠᠴᠠ ᠳᠡᠭᠡᠭᠰᠢ ᠪᠠᠢᠬᠤ ᠬᠡᠷᠡᠭᠲᠡᠢ᠃ ᠡᠯ᠎ᠡ ᠵᠦᠢᠯ ᠦ᠋ᠨ ᠰᠢᠢᠳᠪᠦᠷᠢ  ᠨᠢ ᠬᠤᠷᠠᠯ ᠳᠤ ᠣᠷᠤᠯᠴᠠᠭᠰᠠᠳ ᠤ᠋ᠨ ᠬᠠᠭᠠᠰ ᠠᠴᠠ ᠳᠡᠭᠡᠭᠰᠢ ᠳ᠋ᠦ᠍ ᠪᠠᠲᠤᠯᠠᠭᠳᠠᠭᠰᠠᠨ ᠪᠠᠢᠬᠤ ᠬᠡᠷᠡᠭᠲᠡᠢ᠃

 

ᠲᠠᠪᠤᠳᠤᠭᠠᠷ ᠪᠦᠯᠦᠭ  ᠬᠡᠷᠡᠭ ᠡᠷᠬᠢᠯᠡᠬᠦ ᠪᠠᠢᠭᠤᠯᠤᠮᠵᠢ

 

ᠬᠣᠷᠢᠨ ᠳᠣᠯᠤᠳᠤᠭᠠᠷ ᠵᠦᠢᠯ  ᠨᠡᠷ᠎ᠡ ᠲᠣᠮᠢᠶᠠᠨ ᠤ᠋ ᠺᠣᠮᠢᠰ ᠤ᠋ᠨ ᠪᠠᠢᠩᠭᠤ ᠶ᠋ᠢᠨ ᠺᠣᠮᠢᠰ ᠤ᠋ᠨ ᠳᠣᠣᠷ᠎ᠠ ᠠᠯᠪᠠᠨ ᠭᠡᠷ ᠭᠠᠷᠭᠠᠨ᠎ᠠ᠃ ᠠᠯᠪᠠᠨ ᠭᠡᠷ ᠢ ᠥᠪᠡᠷᠲᠡᠭᠡᠨ ᠵᠠᠰᠠᠬᠤ ᠣᠷᠤᠨ ᠤ᠋ ᠦᠨᠳᠦᠰᠦᠲᠡᠨ ᠦ᠌ ᠬᠡᠷᠡᠭ ᠡᠷᠬᠢᠯᠡᠬᠦ ᠵᠥᠪᠯᠡᠯ(ᠮᠣᠩᠭᠤᠯ ᠬᠡᠯᠡ ᠪᠢᠴᠢᠭ ᠦ᠋ᠨ ᠠᠵᠢᠯ ᠤᠨ ᠵᠥᠪᠯᠡᠯ) ᠤᠨ ᠮᠣᠩᠭᠤᠯ ᠬᠡᠯᠡ ᠪᠢᠴᠢᠭ ᠦ᠋ᠨ ᠡᠷᠳᠡᠮ ᠰᠢᠨᠵᠢᠯᠡᠭᠡᠨ ᠦ᠌ ᠬᠠᠮᠢᠶᠠᠷᠤᠯᠲᠠ ᠶᠢᠨ ᠭᠠᠵᠠᠷ ᠲᠤ ᠪᠠᠢᠭᠤᠯᠵᠤ᠂ ᠭᠣᠣᠯᠳᠠᠭᠤ ᠪᠠᠢᠩᠭᠤ ᠶ᠋ᠢᠨ ᠺᠣᠮᠢᠰ ᠤ᠋ᠨ ᠡᠯ᠎ᠡ ᠵᠦᠢᠯ ᠦ᠋ᠨ ᠰᠢᠢᠳᠪᠦᠷᠢ ᠪᠠ ᠪᠤᠰᠤᠳ ᠡᠳᠦᠷ ᠲᠤᠲᠤᠮ ᠤᠨ ᠬᠡᠷᠡᠭ ᠶᠠᠪᠤᠳᠠᠯ ᠤ᠋ᠳ ᠢ᠋ ᠬᠠᠷᠢᠭᠤᠴᠠᠨ ᠬᠡᠷᠡᠭᠵᠢᠭᠦᠯᠦᠨ᠎ᠡ᠃

ᠬᠣᠷᠢᠨ ᠨᠠᠢ᠍ᠮᠠᠳᠤᠭᠠᠷ ᠵᠦᠢᠯ ᠨᠡᠷ᠎ᠡ ᠲᠣᠮᠢᠶᠠᠨ ᠤ᠋ ᠺᠣᠮᠢᠰ ᠤ᠋ᠨ ᠪᠠᠢᠩᠭᠤ ᠶ᠋ᠢᠨ ᠺᠣᠮᠢᠰ ᠤ᠋ᠨ ᠠᠯᠪᠠᠨ ᠭᠡᠷ ᠦ᠋ᠨ ᠡᠷᠬᠢᠯᠡᠭᠴᠢ ᠶᠢ ᠥᠪᠡᠷᠲᠡᠭᠡᠨ ᠵᠠᠰᠠᠬᠤ ᠣᠷᠤᠨ ᠤ᠋ ᠦᠨᠳᠦᠰᠦᠲᠡᠨ ᠦ᠌ ᠬᠡᠷᠡᠭ ᠡᠷᠬᠢᠯᠡᠬᠦ ᠵᠥᠪᠯᠡᠯ (ᠮᠣᠩᠭᠤᠯ ᠬᠡᠯᠡ ᠪᠢᠴᠢᠭ ᠦ᠋ᠨ ᠠᠵᠢᠯ ᠤᠨ ᠵᠥᠪᠯᠡᠯ) ᠤᠨ ᠮᠣᠩᠭᠤᠯ ᠬᠡᠯᠡ ᠪᠢᠴᠢᠭ ᠦ᠋ᠨ ᠡᠷᠳᠡᠮ ᠰᠢᠨᠵᠢᠯᠡᠭᠡᠨ ᠦ᠌ ᠬᠠᠮᠢᠶᠠᠷᠤᠯᠲᠠ ᠶᠢᠨ ᠭᠠᠵᠠᠷ ᠤᠨ ᠬᠠᠷᠢᠭᠤᠴᠠᠯᠭᠠᠲᠠᠨ ᠲᠤᠰᠢᠶᠠᠯ ᠬᠠᠪᠰᠤᠷᠭᠠᠵᠤ᠂ ᠪᠠᠢᠩᠭᠤ ᠶ᠋ᠢᠨ ᠺᠣᠮᠢᠰ ᠲᠤ᠌ ᠬᠠᠷᠢᠭᠤᠴᠠᠨ᠎ᠠ᠃

 

ᠵᠢᠷᠭᠤᠳᠤᠭᠠᠷ ᠪᠦᠯᠦᠭ  ᠠᠵᠢᠯ ᠤᠨ ᠵᠢᠷᠤᠮ

 

ᠬᠣᠷᠢ ᠶᠢᠰᠦᠳᠦᠭᠡᠷ ᠵᠦᠢᠯ  ᠨᠡᠷ᠎ᠡ ᠲᠣᠮᠢᠶᠠᠨ ᠤ᠋ ᠺᠣᠮᠢᠰ  ᠨᠢ ᠠᠵᠢᠯ ᠥᠷᠨᠢᠭᠦᠯᠬᠦ ᠳ᠋ᠡᠭᠡᠨ ᠳᠣᠣᠷᠠᠬᠢ ᠵᠢᠷᠤᠮ ᠢ ᠪᠠᠷᠢᠮᠲᠠᠯᠠᠨ᠎ᠠ᠄

(ᠨᠢᠭᠡ)ᠲᠤᠰ ᠳᠦᠷᠢᠮ ᠦ᠋ᠨ ᠬᠣᠯᠪᠤᠭᠳᠠᠯ ᠪᠦᠬᠦᠢ ᠲᠣᠭᠲᠠᠭᠠᠯ ᠢ᠋ ᠦᠨᠳᠦᠰᠦᠯᠡᠵᠦ᠂ ᠠᠵᠢᠯ ᠤᠨ ᠪᠣᠳᠠᠲᠤ ᠪᠠᠢᠳᠠᠯ ᠲᠠᠢ ᠤᠶᠠᠯᠳᠤᠭᠤᠯᠵᠤ᠂ ᠲᠤᠰᠭᠠᠢ ᠮᠡᠷᠭᠡᠵᠢᠯ ᠦ᠋ᠨ ᠬᠤᠪᠢᠶᠠᠷᠢ ᠺᠣᠮᠢᠰ ᠢ᠋ ᠪᠠᠢᠭᠤᠯᠤᠨ᠎ᠠ᠃

(ᠬᠤᠶᠠᠷ)ᠲᠤᠰᠭᠠᠢ ᠮᠡᠷᠭᠡᠵᠢᠯ ᠦ᠋ᠨ ᠬᠤᠪᠢᠶᠠᠷᠢ ᠺᠣᠮᠢᠰ  ᠨᠢ ᠬᠣᠯᠪᠤᠭᠳᠠᠯ ᠪᠦᠬᠦᠢ ᠠᠵᠢᠯ ᠤᠨ ᠵᠠᠷᠴᠢᠮ ᠢ ᠦᠨᠳᠦᠰᠦᠯᠡᠵᠦ᠂ ᠲᠤᠰ ᠰᠢᠨᠵᠢᠯᠡᠭᠡᠨ ᠦ᠌ ᠰᠠᠯᠠᠭ᠎ᠠ ᠪᠤᠶᠤ ᠲᠤᠰ ᠠᠵᠢᠯ ᠲᠥᠷᠦᠯ ᠦ᠋ᠨ ᠮᠣᠩᠭᠤᠯ ᠨᠡᠷ᠎ᠡ ᠲᠣᠮᠢᠶ᠎ᠠ ᠶ᠋ᠢ ᠴᠤᠭᠯᠠᠭᠤᠯᠵᠤ᠂ ᠬᠢᠨᠠᠨ ᠲᠣᠭᠲᠠᠭᠠᠬᠤ ᠬᠤᠷᠠᠯ ᠢ ᠬᠤᠷᠠᠯᠳᠤᠵᠤ᠂ ᠬᠣᠷᠢᠶᠠᠨ ᠲᠡᠮᠳᠡᠭᠯᠡᠭᠰᠡᠨ ᠲᠤᠰ ᠰᠢᠨᠵᠢᠯᠡᠭᠡᠨ ᠦ᠌ ᠰᠠᠯᠠᠭ᠎ᠠ ᠪᠤᠶᠤ ᠲᠤᠰ ᠠᠵᠢᠯ ᠲᠥᠷᠦᠯ ᠦ᠋ᠨ ᠮᠣᠩᠭᠤᠯ ᠨᠡᠷ᠎ᠡ ᠲᠣᠮᠢᠶ᠎ᠠ ᠶ᠋ᠢ ᠨᠢᠭᠡᠳᠡᠬᠢ ᠤᠳᠠᠭ᠎ᠠ ᠬᠢᠨᠠᠨ ᠲᠣᠭᠲᠠᠭᠠᠨ᠎ᠠ᠃

(ᠭᠤᠷᠪᠠ)ᠲᠤᠰᠭᠠᠢ ᠮᠡᠷᠭᠡᠵᠢᠯ ᠦ᠋ᠨ ᠬᠤᠪᠢᠶᠠᠷᠢ ᠺᠣᠮᠢᠰ ᠠ᠋ᠴᠠ ᠲᠤᠰᠭᠠᠢ ᠮᠡᠷᠭᠡᠵᠢᠯᠲᠡᠨ ᠢ ᠵᠣᠬᠢᠶᠠᠨ ᠪᠠᠢᠭᠤᠯᠵᠤ᠂ ᠨᠢᠭᠡᠳᠡᠬᠢ ᠤᠳᠠᠭ᠎ᠠ ᠬᠢᠨᠠᠨ ᠲᠣᠭᠲᠠᠭᠠᠭᠰᠠᠨ ᠲᠤᠰ ᠰᠢᠨᠵᠢᠯᠡᠭᠡᠨ ᠦ᠌ ᠰᠠᠯᠠᠭ᠎ᠠ ᠪᠤᠶᠤ ᠲᠤᠰ ᠠᠵᠢᠯ ᠲᠥᠷᠦᠯ ᠦ᠋ᠨ ᠮᠣᠩᠭᠤᠯ ᠨᠡᠷ᠎ᠡ ᠲᠣᠮᠢᠶᠠᠨ ᠤ᠋ ᠤᠬᠠᠭᠳᠠᠬᠤᠨ ᠢ ᠨᠠᠢᠷᠠᠭᠤᠯᠤᠨ ᠪᠢᠴᠢᠨ᠎ᠡ᠃

(ᠳᠥᠷᠪᠡ)ᠲᠤᠰᠭᠠᠢ ᠮᠡᠷᠭᠡᠵᠢᠯ ᠦ᠋ᠨ ᠬᠤᠪᠢᠶᠠᠷᠢ ᠺᠣᠮᠢᠰ ᠠ᠋ᠴᠠ ᠬᠣᠶᠠᠳᠠᠬᠢ ᠤᠳᠠᠭᠠᠨ ᠤ ᠬᠢᠨᠠᠨ ᠲᠣᠭᠲᠠᠭᠠᠬᠤ ᠬᠤᠷᠠᠯ ᠢ ᠬᠤᠷᠠᠯᠳᠤᠭᠤᠯᠵᠤ᠂ ᠤᠬᠠᠭᠳᠠᠬᠤᠨ ᠤ ᠲᠠᠢᠯᠪᠤᠷᠢ ᠬᠠᠲᠠᠭᠰᠠᠨ ᠲᠤᠰ ᠰᠢᠨᠵᠢᠯᠡᠭᠡᠨ ᠦ᠌ ᠰᠠᠯᠠᠭ᠎ᠠ ᠪᠤᠶᠤ ᠲᠤᠰ ᠠᠵᠢᠯ ᠲᠥᠷᠦᠯ ᠦ᠋ᠨ ᠮᠣᠩᠭᠤᠯ ᠨᠡᠷ᠎ᠡ ᠲᠣᠮᠢᠶᠠᠨ ᠳ᠋ᠤ᠌ ᠵᠠᠰᠠᠪᠤᠷᠢ ᠣᠷᠤᠭᠤᠯᠤᠨ᠎ᠠ᠃

(ᠲᠠᠪᠤ)ᠲᠤᠰᠭᠠᠢ ᠮᠡᠷᠭᠡᠵᠢᠯ ᠦ᠋ᠨ ᠬᠤᠪᠢᠶᠠᠷᠢ ᠺᠣᠮᠢᠰ  ᠨᠢ ᠬᠣᠶᠠᠳᠠᠬᠢ ᠤᠳᠠᠭ᠎ᠠ ᠬᠢᠨᠠᠵᠤ ᠪᠠᠲᠤᠯᠠᠭᠳᠠᠭᠰᠠᠨ ᠲᠤᠰ ᠰᠢᠨᠵᠢᠯᠡᠭᠡᠨ ᠦ᠌ ᠰᠠᠯᠠᠭ᠎ᠠ ᠪᠤᠶᠤ ᠲᠤᠰ ᠠᠵᠢᠯ ᠲᠥᠷᠦᠯ ᠦ᠋ᠨ ᠮᠣᠩᠭᠤᠯ ᠨᠡᠷ᠎ᠡ ᠲᠣᠮᠢᠶ᠎ᠠ ᠶ᠋ᠢ ᠲᠣᠭᠲᠠᠭᠰᠠᠨ ᠵᠠᠭᠤᠴᠢᠯᠠᠭᠤᠷ ᠢᠶᠠᠷ ᠳᠠᠮᠵᠢᠨ ᠢᠯᠡ ᠨᠡᠢᠲᠡᠯᠡᠬᠦ ᠶ᠋ᠢᠨ ᠬᠠᠮᠲᠤ ᠨᠡᠢᠭᠡᠮ ᠦ᠋ᠨ ᠡᠯ᠎ᠡ ᠡᠲᠡᠭᠡᠳ ᠦ᠋ᠨ ᠵᠠᠰᠠᠪᠤᠷᠢ ᠣᠷᠤᠭᠤᠯᠬᠤ ᠰᠠᠨᠠᠯ ᠢ ᠥᠷᠭᠡᠨ ᠢ᠋ᠶ᠋ᠡᠷ ᠬᠤᠷᠢᠶᠠᠨ᠎ᠠ᠃ ᠢᠯᠡ ᠨᠡᠢᠲᠡᠯᠡᠬᠦ ᠬᠤᠭᠤᠴᠠᠭ᠎ᠠ ᠨᠢ 15 ᠠᠵᠢᠯᠯᠠᠬᠤ ᠡᠳᠦᠷ ᠡᠴᠡ ᠲᠤᠲᠠᠭᠤ ᠪᠠᠢᠵᠤ ᠪᠣᠯᠬᠤ ᠦᠭᠡᠢ᠂ ᠢᠯᠡ ᠨᠡᠢᠲᠡᠯᠡᠬᠦ ᠬᠤᠭᠤᠴᠠᠭ᠎ᠠ ᠳᠠᠭᠤᠰᠤᠭᠰᠠᠨ ᠤ ᠳᠠᠷᠠᠭ᠎ᠠ ᠣᠨᠳᠣᠣ ᠰᠠᠨᠠᠯ ᠲᠠᠢ ᠪᠣᠯ ᠵᠠᠰᠠᠪᠤᠷᠢ ᠣᠷᠤᠭᠤᠯᠤᠨ᠎ᠠ᠂ ᠣᠨᠳᠣᠣ ᠰᠠᠨᠠᠯ ᠦᠭᠡᠢ ᠪᠣᠯ ᠨᠡᠷ᠎ᠡ ᠲᠣᠮᠢᠶᠠᠨ ᠤ᠋ ᠺᠣᠮᠢᠰ ᠲᠤ᠌ ᠮᠡᠳᠡᠭᠦᠯᠵᠦ ᠬᠢᠨᠠᠨ ᠲᠤᠭᠲᠠᠭᠠᠯᠭᠠᠨ᠎ᠠ᠃

(ᠵᠢᠷᠭᠤᠭ᠎ᠠ)ᠨᠡᠷ᠎ᠡ ᠲᠣᠮᠢᠶᠠᠨ ᠤ᠋ ᠺᠣᠮᠢᠰ ᠠ᠋ᠴᠠ ᠲᠤᠰᠭᠠᠢ ᠮᠡᠷᠭᠡᠵᠢᠯ ᠦ᠋ᠨ ᠬᠤᠪᠢᠶᠠᠷᠢ ᠺᠣᠮᠢᠰ ᠤ᠋ᠨ ᠲᠤᠰᠢᠶᠠᠭᠰᠠᠨ ᠮᠣᠩᠭᠤᠯ ᠨᠡᠷ᠎ᠡ ᠲᠣᠮᠢᠶ᠎ᠠ ᠶ᠋ᠢ ᠨᠡᠷ᠎ᠡ ᠲᠣᠮᠢᠶᠠᠨ ᠤ᠋ ᠺᠣᠮᠢᠰ ᠤ᠋ᠨ  ᠳ᠋ᠠᠢᠲ᠋ᠠ ᠬᠥᠮᠦᠷᠭᠡ ᠲᠡᠢ ᠬᠠᠷᠭᠤᠭᠤᠯᠤᠨ ᠪᠠᠢᠴᠠᠭᠠᠵᠤ᠂ ᠠᠳᠠᠯᠢ ᠪᠤᠰᠤ ᠰᠢᠨᠵᠢᠯᠡᠭᠡᠨ ᠦ᠌ ᠰᠠᠯᠠᠭ᠎ᠠ ᠪᠤᠶᠤ ᠠᠵᠢᠯ ᠲᠥᠷᠦᠯ ᠦ᠋ᠨ ᠬᠣᠭᠤᠷᠤᠨᠳᠤ ᠨᠢᠭᠡᠳᠦᠯ ᠦᠭᠡᠢ ᠨᠡᠷ᠎ᠡ ᠲᠣᠮᠢᠶ᠎ᠠ ᠶ᠋ᠢ ᠵᠣᠬᠢᠴᠠᠭᠤᠯᠤᠨ᠎ᠠ᠃

(ᠳᠣᠯᠤᠭ᠎ᠠ)ᠨᠡᠷ᠎ᠡ ᠲᠣᠮᠢᠶᠠᠨ ᠤ᠋ ᠺᠣᠮᠢᠰ ᠠ᠋ᠴᠠ ᠬᠣᠯᠪᠤᠭᠳᠠᠯ ᠪᠦᠬᠦᠢ ᠲᠤᠰᠭᠠᠢ ᠮᠡᠷᠭᠡᠵᠢᠯᠲᠡᠨ ᠢ ᠵᠣᠬᠢᠶᠠᠨ ᠪᠠᠢᠭᠤᠯᠵᠤ ᠲᠤᠰᠭᠠᠢ ᠮᠡᠷᠭᠡᠵᠢᠯ ᠦ᠋ᠨ ᠬᠤᠪᠢᠶᠠᠷᠢ ᠺᠣᠮᠢᠰ ᠤ᠋ᠨ ᠳᠡᠭᠡᠭᠰᠢ ᠲᠤᠰᠢᠶᠠᠭᠰᠠᠨ ᠮᠣᠩᠭᠤᠯ ᠨᠡᠷ᠎ᠡ ᠲᠣᠮᠢᠶ᠎ᠠ ᠶ᠋ᠢ ᠭᠤᠷᠪᠠᠳᠠᠬᠢ ᠤᠳᠠᠭ᠎ᠠ ᠬᠢᠨᠠᠨ ᠲᠣᠭᠲᠠᠭᠠᠵᠤ᠂ ᠵᠠᠰᠠᠪᠤᠷᠢ ᠣᠷᠤᠭᠤᠯᠬᠤ ᠰᠠᠨᠠᠯ ᠢ ᠳᠤᠷᠠᠳᠤᠨ᠎ᠠ᠃

(ᠨᠠᠢ᠍ᠮᠠ)ᠲᠤᠰᠭᠠᠢ ᠮᠡᠷᠭᠡᠵᠢᠯ ᠦ᠋ᠨ ᠬᠤᠪᠢᠶᠠᠷᠢ ᠺᠣᠮᠢᠰ ᠠ᠋ᠴᠠ ᠨᠡᠷ᠎ᠡ ᠲᠣᠮᠢᠶᠠᠨ ᠤ᠋ ᠺᠣᠮᠢᠰ ᠤ᠋ᠨ ᠵᠠᠰᠠᠪᠤᠷᠢ ᠣᠷᠤᠭᠤᠯᠬᠤ ᠰᠠᠨᠠᠯ ᠢ ᠦᠨᠳᠦᠰᠦᠯᠡᠵᠦ᠂ ᠲᠤᠰ ᠰᠢᠨᠵᠢᠯᠡᠭᠡᠨ ᠦ᠌ ᠰᠠᠯᠠᠭ᠎ᠠ ᠪᠤᠶᠤ ᠲᠤᠰ ᠠᠵᠢᠯ ᠲᠥᠷᠦᠯ ᠦ᠋ᠨ ᠮᠣᠩᠭᠤᠯ ᠨᠡᠷ᠎ᠡ ᠲᠣᠮᠢᠶᠠᠨ ᠳ᠋ᠤ᠌ ᠵᠠᠰᠠᠪᠤᠷᠢ ᠣᠷᠤᠭᠤᠯᠤᠨ᠎ᠠ᠂ ᠲᠤᠰᠭᠠᠢ ᠮᠡᠷᠭᠡᠵᠢᠯ ᠦ᠋ᠨ ᠬᠤᠪᠢᠶᠠᠷᠢ ᠺᠣᠮᠢᠰ ᠤ᠋ᠨ ᠡᠷᠬᠢᠯᠡᠭᠴᠢ ᠭᠡᠰᠢᠭᠦᠨ ᠭᠠᠷ ᠤᠨ ᠦᠰᠦᠭ ᠵᠢᠷᠤᠵᠤ ᠶᠠᠪᠤᠭᠤᠯᠤᠭᠰᠠᠨ ᠤ ᠳᠠᠷᠠᠭ᠎ᠠ ᠨᠡᠷ᠎ᠡ ᠲᠣᠮᠢᠶᠠᠨ ᠤ᠋ ᠺᠣᠮᠢᠰ ᠲᠤ᠌ ᠮᠡᠳᠡᠭᠦᠯᠦᠨ᠎ᠡ᠃

(ᠶᠢᠰᠦ)ᠨᠡᠷ᠎ᠡ ᠲᠣᠮᠢᠶᠠᠨ ᠤ᠋ ᠺᠣᠮᠢᠰ ᠤ᠋ᠨ ᠡᠷᠬᠢᠯᠡᠭᠴᠢ ᠭᠡᠰᠢᠭᠦᠨ ᠡᠯ᠎ᠡ ᠰᠢᠨᠵᠢᠯᠡᠭᠡᠨ ᠦ᠌ ᠰᠠᠯᠠᠭ᠎ᠠ᠂ ᠡᠯ᠎ᠡ ᠠᠵᠢᠯ ᠲᠥᠷᠦᠯ ᠦ᠋ᠨ ᠮᠣᠩᠭᠤᠯ ᠨᠡᠷ᠎ᠡ ᠲᠣᠮᠢᠶ᠎ᠠ ᠶ᠋ᠢ ᠵᠥᠪᠰᠢᠶᠡᠷᠡᠵᠦ᠂ ᠨᠡᠢᠲᠡᠯᠡᠬᠦ ᠪᠡᠷ ᠪᠡᠯᠡᠳᠭᠡᠨ᠎ᠡ᠂ ᠲᠤᠷᠰᠢᠨ ᠬᠡᠷᠡᠭᠯᠡᠬᠦ ᠬᠤᠭᠤᠴᠠᠭ᠎ᠠ ᠨᠢ 1 ᠵᠢᠯ ᠪᠣᠯᠤᠨ᠎ᠠ᠃

(ᠠᠷᠪᠠ)ᠲᠤᠰᠭᠠᠢ ᠮᠡᠷᠭᠡᠵᠢᠯ ᠦ᠋ᠨ ᠬᠤᠪᠢᠶᠠᠷᠢ ᠺᠣᠮᠢᠰ  ᠨᠢ ᠨᠡᠢᠲᠡᠯᠡᠭᠰᠡᠨ ᠦ᠌ ᠳᠠᠷᠠᠭᠠᠬᠢ ᠴᠤᠭᠯᠠᠭᠤᠯᠤᠭᠰᠠᠨ ᠰᠠᠨᠠᠯ ᠢ ᠦᠨᠳᠦᠰᠦᠯᠡᠵᠦ ᠲᠤᠰ ᠰᠢᠨᠵᠢᠯᠡᠭᠡᠨ ᠦ᠌ ᠰᠠᠯᠠᠭ᠎ᠠ ᠪᠤᠶᠤ ᠲᠤᠰ ᠠᠵᠢᠯ ᠲᠥᠷᠦᠯ ᠦ᠋ᠨ ᠮᠣᠩᠭᠤᠯ ᠨᠡᠷ᠎ᠡ ᠲᠣᠮᠢᠶᠠᠨ ᠳ᠋ᠤ᠌ ᠵᠠᠰᠠᠪᠤᠷᠢ ᠣᠷᠤᠭᠤᠯᠤᠨ᠎ᠠ᠂ ᠲᠤᠰᠭᠠᠢ ᠮᠡᠷᠭᠡᠵᠢᠯ ᠦ᠋ᠨ ᠬᠤᠪᠢᠶᠠᠷᠢ ᠺᠣᠮᠢᠰ ᠤ᠋ᠨ ᠡᠷᠬᠢᠯᠡᠭᠴᠢ ᠭᠡᠰᠢᠭᠦᠨ ᠭᠠᠷ ᠤᠨ ᠦᠰᠦᠭ ᠵᠢᠷᠤᠵᠤ ᠶᠠᠪᠤᠭᠤᠯᠤᠭᠰᠠᠨ ᠤ ᠳᠠᠷᠠᠭ᠎ᠠ ᠨᠡᠷ᠎ᠡ ᠲᠣᠮᠢᠶᠠᠨ ᠤ᠋ ᠺᠣᠮᠢᠰ ᠲᠤ᠌ ᠮᠡᠳᠡᠭᠦᠯᠦᠨ᠎ᠡ᠃

(ᠠᠷᠪᠠᠨ ᠨᠢᠭᠡ)ᠨᠡᠷ᠎ᠡ ᠲᠣᠮᠢᠶᠠᠨ ᠤ᠋ ᠺᠣᠮᠢᠰ ᠤ᠋ᠨ ᠡᠷᠬᠢᠯᠡᠭᠴᠢ ᠭᠡᠰᠢᠭᠦᠨ ᠡᠴᠡ ᠡᠯ᠎ᠡ ᠰᠢᠨᠵᠢᠯᠡᠭᠡᠨ ᠦ᠌ ᠰᠠᠯᠠᠭ᠎ᠠ᠂ ᠡᠯ᠎ᠡ ᠠᠵᠢᠯ ᠲᠥᠷᠦᠯ ᠦ᠋ᠨ ᠮᠣᠩᠭᠤᠯ ᠨᠡᠷ᠎ᠡ ᠲᠣᠮᠢᠶ᠎ᠠ ᠶ᠋ᠢ ᠵᠥᠪᠰᠢᠶᠡᠷᠡᠵᠦ᠂ ᠠᠯᠪᠠᠨ ᠶᠣᠰᠣᠭᠠᠷ ᠨᠡᠢᠲᠡᠯᠡᠨ᠎ᠡ᠃

(ᠠᠷᠪᠠᠨ ᠬᠤᠶᠠᠷ)ᠦᠷᠭᠦᠯᠵᠢ ᠬᠡᠷᠡᠭᠯᠡᠭᠳᠡᠬᠦ ᠨᠡᠷ᠎ᠡ ᠲᠣᠮᠢᠶ᠎ᠠ ᠶ᠋ᠢ ᠴᠤᠭᠯᠠᠭᠤᠯᠬᠤ ᠪᠠ ᠬᠢᠨᠠᠨ ᠲᠣᠭᠲᠠᠭᠠᠬᠤ ᠠᠵᠢᠯ ᠢ ᠨᠡᠷ᠎ᠡ ᠲᠣᠮᠢᠶᠠᠨ ᠤ᠋ ᠺᠣᠮᠢᠰ ᠤ᠋ᠨ ᠪᠠᠢᠩᠭᠤ ᠶ᠋ᠢᠨ ᠺᠣᠮᠢᠰ ᠤ᠋ᠨ ᠠᠯᠪᠠᠨ ᠭᠡᠷ ᠡᠴᠡ ᠬᠠᠷᠢᠭᠤᠴᠠᠨ᠎ᠠ᠂ ᠪᠣᠳᠠᠲᠤ ᠪᠠᠢᠳᠠᠯ ᠢ᠋ ᠲᠤᠰᠭᠠᠢ ᠮᠡᠷᠭᠡᠵᠢᠯ ᠦ᠋ᠨ ᠨᠡᠷ᠎ᠡ ᠲᠣᠮᠢᠶ᠎ᠠ ᠶ᠋ᠢ ᠬᠢᠨᠠᠨ ᠲᠣᠭᠲᠠᠭᠠᠬᠤ ᠵᠢᠷᠤᠮ ᠢ ᠦᠨᠳᠦᠰᠦᠯᠡᠵᠦ ᠬᠡᠷᠡᠭᠵᠢᠭᠦᠯᠦᠨ᠎ᠡ᠃

 

ᠳᠣᠯᠤᠳᠤᠭᠠᠷ ᠪᠦᠯᠦᠭ  ᠳᠠᠭᠠᠯᠲᠠ ᠳᠦᠷᠢᠮ

 

 ᠭᠤᠴᠢᠳᠤᠭᠠᠷ ᠵᠦᠢᠯ  ᠲᠤᠰ ᠳᠦᠷᠢᠮ ᠨᠡᠢᠲᠡᠯᠡᠭᠳᠡᠭᠰᠡᠨ ᠡᠳᠦᠷ ᠡᠴᠡ ᠡᠬᠢᠯᠡᠵᠦ ᠬᠦᠴᠦᠨ ᠲᠡᠢ ᠪᠣᠯᠤᠨ᠎ᠠ᠃