ᠮᠣᠩᠭᠤᠯ ᠬᠡᠯᠡ ᠪᠢᠴᠢᠭ ᠦ᠋ᠨ ᠲᠤᠬᠠᠢᠯᠠᠭᠰᠠᠨ ᠠᠵᠢᠯ ᠤ᠋ᠨ ᠬᠠᠮᠢᠶᠠᠷᠤᠯᠲᠠ ᠶ᠋ᠢᠨ ᠱᠢᠰᠲ᠋ᠧᠮ ᠪᠠ ᠸᠢᠴᠠᠲ ᠤ᠋ᠨ ᠣᠯᠠᠨ ᠨᠡᠢᠲᠡ ᠶ᠋ᠢᠨ ᠲᠠᠪᠴᠠᠩ ᠤ᠋ᠨ ᠲᠥᠯᠦᠪᠯᠡᠭᠡ ᠪᠣᠯᠤᠨ ᠨᠡᠭᠡᠭᠡᠨ ᠠᠱᠢᠭᠯᠠᠯᠲᠠ ᠶ᠋ᠢ ᠬᠤᠳᠠᠯᠳᠤᠨ ᠠᠪᠬᠤ ᠲᠥᠰᠦᠯ ᠲᠤᠰᠭᠠᠢ ᠮᠡᠷᠭᠡᠵᠢᠯᠲᠡᠨ ᠦ᠌ ᠱᠢᠯᠭᠠᠯᠲᠠ ᠪᠠᠷ ᠪᠠᠲᠤᠯᠠᠭᠳᠠᠪᠠ
ᠢᠷᠡᠯᠲᠡ᠄ ᠮᠣᠩᠭᠤᠯ ᠬᠡᠯᠡ ᠪᠢᠴᠢᠭ ᠦ᠋ᠨ ᠮᠡᠳᠡᠭᠡ ᠵᠠᠩᠭᠢᠵᠢᠯᠲᠠ ᠶ᠋ᠢᠨ ᠭᠠᠵᠠᠷ
2018.12.07

 

11 ᠰᠠᠷ᠎ᠠ ᠶ᠋ᠢᠨ 30 ᠤ᠋ ᠡᠳᠦᠷ ᠥᠪᠦᠷ ᠮᠣᠩᠭᠤᠯ ᠤ᠋ᠨ ᠦᠨᠳᠦᠰᠦᠲᠡᠨ ᠦ᠌ ᠬᠡᠷᠡᠭ ᠡᠷᠬᠢᠯᠡᠬᠦ ᠵᠥᠪᠯᠡᠯ ᠲᠤᠰᠭᠠᠢ ᠮᠡᠷᠭᠡᠵᠢᠯᠲᠡᠨ ᠢ᠋ ᠵᠣᠬᠢᠶᠠᠨ ᠪᠠᠢᠭᠤᠯᠵᠤ᠂ ᠥᠪᠦᠷ ᠮᠣᠩᠭᠤᠯ ᠤ᠋ᠨ ᠥᠪᠡᠷᠲᠡᠭᠡᠨ ᠵᠠᠰᠠᠬᠤ ᠣᠷᠤᠨ ᠤ᠋ ᠮᠣᠩᠭᠤᠯ ᠦᠭᠡ ᠬᠡᠯᠡ ᠦᠰᠦᠭ ᠪᠢᠴᠢᠭ ᠦ᠋ᠨ ᠰᠤᠳᠤᠯᠭ᠎ᠠ ᠬᠡᠷᠡᠭᠯᠡᠭᠡᠨ ᠦ᠌ ᠲᠥᠪ ᠦ᠋ᠨ ᠳᠠᠭᠠᠭᠠᠴᠢᠯᠠᠭᠰᠠᠨ 2016 ᠣᠨ ᠤ᠋ ᠥᠪᠦᠷ ᠮᠣᠩᠭᠤᠯ ᠤ᠋ᠨ ᠥᠪᠡᠷᠲᠡᠭᠡᠨ ᠵᠠᠰᠠᠬᠤ ᠣᠷᠤᠨ ᠤ᠋ ᠮᠣᠩᠭᠤᠯ ᠬᠡᠯᠡ ᠦᠰᠦᠭ ᠪᠢᠴᠢᠭ ᠦ᠋ᠨ ᠮᠡᠳᠡᠭᠡ ᠵᠠᠩᠭᠢᠵᠢᠯᠲᠠ ᠶ᠋ᠢᠨ ᠲᠤᠰᠭᠠᠢ ᠲᠡᠳᠬᠦᠬᠦ ᠲᠥᠰᠦᠯ 《ᠮᠣᠩᠭᠤᠯ ᠬᠡᠯᠡ ᠪᠢᠴᠢᠭ ᠦ᠋ᠨ ᠲᠤᠬᠠᠢᠯᠠᠭᠰᠠᠨ ᠠᠵᠢᠯ ᠤ᠋ᠨ ᠬᠠᠮᠢᠶᠠᠷᠤᠯᠲᠠ ᠶ᠋ᠢᠨ ᠱᠢᠰᠲ᠋ᠧᠮ ᠪᠠ ᠸᠢᠴᠠᠲ ᠤ᠋ᠨ ᠣᠯᠠᠨ ᠨᠡᠢᠲᠡ ᠶ᠋ᠢᠨ ᠲᠠᠪᠴᠠᠩ ᠤ᠋ᠨ ᠲᠥᠯᠦᠪᠯᠡᠭᠡ ᠪᠣᠯᠤᠨ ᠨᠡᠭᠡᠭᠡᠨ ᠠᠱᠢᠭᠯᠠᠯᠲᠠ ᠶ᠋ᠢ ᠬᠤᠳᠠᠯᠳᠤᠨ ᠠᠪᠬᠤ ᠲᠥᠰᠦᠯ》 ᠢ᠋ ᠱᠢᠯᠭᠠᠨ ᠠᠪᠤᠪᠠ᠃ ᠲᠤᠰᠭᠠᠢ ᠮᠡᠷᠭᠡᠵᠢᠯᠲᠡᠨ ᠦ᠌ ᠳᠤᠭᠤᠢᠯᠠᠩ ᠠ᠋ᠴᠠ ᠳᠠᠭᠠᠭᠠᠴᠢᠯᠠᠭᠰᠠᠨ ᠪᠠᠢᠭᠤᠯᠭ᠎ᠠ᠂ ᠬᠣᠷᠰᠢᠨ ᠠᠵᠢᠯᠯᠠᠭᠰᠠᠨ ᠪᠠᠢᠭᠤᠯᠭ᠎ᠠ᠂ ᠬᠢᠨᠠᠨ ᠬᠠᠮᠢᠶᠠᠷᠬᠤ ᠪᠠᠢᠭᠤᠯᠭ᠎ᠠ ᠶ᠋ᠢᠨ ᠬᠢᠭᠰᠡᠨ ᠲᠥᠰᠦᠯ ᠦ᠋ᠨ ᠪᠠᠢᠭᠤᠯᠤᠯᠲᠠ ᠶ᠋ᠢᠨ ᠲᠤᠬᠠᠢ ᠬᠠᠷᠢᠭᠤ ᠮᠡᠳᠡᠭᠦᠯᠦᠯᠲᠡ ᠶ᠋ᠢ ᠰᠣᠨᠤᠰᠴᠤ᠂ ᠲᠥᠰᠦᠯ ᠦ᠋ᠨ ᠦᠷ᠎ᠡ ᠪᠦᠲᠦᠭᠡᠯ ᠦ᠋ᠨ ᠦᠵᠡᠭᠦᠯᠭᠡ ᠶ᠋ᠢ ᠬᠢᠨᠠᠨ ᠦᠵᠡᠵᠦ᠂ ᠲᠥᠰᠦᠯ ᠦ᠋ᠨ ᠪᠢᠴᠢᠭᠯᠡᠯ ᠢ᠋ ᠬᠢᠨᠠᠨ ᠤᠩᠱᠢᠵᠤ᠂ ᠲᠤᠯᠭᠠᠨ ᠯᠠᠪᠯᠠᠬᠤ ᠪᠠᠷ ᠳᠠᠮᠵᠢᠭᠠᠳ ᠲᠤᠰ ᠲᠥᠰᠦᠯ ᠪᠦᠲᠦᠭᠡᠨ ᠪᠠᠢᠭᠤᠯᠬᠤ ᠡᠭᠦᠷᠭᠡ ᠪᠠ ᠱᠢᠯᠭᠠᠨ ᠬᠢᠨᠠᠬᠤ ᠭᠦᠢᠴᠡᠳᠬᠡᠯ ᠲᠣᠭ᠎ᠠ ᠶ᠋ᠢ ᠪᠡᠶᠡᠯᠡᠭᠦᠯᠦᠭᠰᠡᠨ ᠭᠡᠵᠦ ᠰᠠᠨᠠᠯ ᠨᠢᠭᠡᠲᠡᠢ ᠪᠠᠲᠤᠯᠠᠪᠠ᠃

《ᠮᠣᠩᠭᠤᠯ ᠬᠡᠯᠡ ᠪᠢᠴᠢᠭ ᠦ᠋ᠨ ᠲᠤᠬᠠᠢᠯᠠᠭᠰᠠᠨ ᠠᠵᠢᠯ ᠤ᠋ᠨ ᠬᠠᠮᠢᠶᠠᠷᠤᠯᠲᠠ ᠶ᠋ᠢᠨ ᠱᠢᠰᠲ᠋ᠧᠮ ᠪᠠ ᠸᠢᠴᠠᠲ ᠤ᠋ᠨ ᠣᠯᠠᠨ ᠨᠡᠢᠲᠡ ᠶ᠋ᠢᠨ ᠲᠠᠪᠴᠠᠩ ᠤ᠋ᠨ ᠲᠥᠯᠦᠪᠯᠡᠭᠡ  ᠪᠣᠯᠤᠨ ᠨᠡᠭᠡᠭᠡᠨ ᠠᠱᠢᠭᠯᠠᠯᠲᠠ ᠶ᠋ᠢ ᠬᠤᠳᠠᠯᠳᠤᠨ ᠠᠪᠬᠤ ᠲᠥᠰᠦᠯ》 ᠦ᠋ᠨ ᠰᠤᠳᠤᠯᠤᠨ ᠨᠡᠭᠡᠭᠡᠭᠰᠡᠨ ᠮᠣᠩᠭᠤᠯ ᠬᠡᠯᠡ ᠦᠰᠦᠭ ᠪᠢᠴᠢᠭ ᠦ᠋ᠨ ᠠᠵᠢᠯ ᠤ᠋ᠨ ᠬᠠᠮᠢᠶᠠᠷᠤᠯᠲᠠ ᠶ᠋ᠢᠨ ᠱᠢᠰᠲ᠋ᠧᠮ᠂ ᠮᠣᠩᠭᠤᠯ ᠫᠠᠢᠰᠠ ᠱᠣᠱᠢᠭ᠎ᠠ ᠶ᠋ᠢ ᠬᠢᠨᠠᠨ ᠬᠠᠷᠭᠤᠭᠤᠯᠬᠤ ᠬᠠᠮᠢᠶᠠᠷᠤᠯᠲᠠ ᠶ᠋ᠢᠨ ᠱᠢᠰᠲ᠋ᠧᠮ᠂ ᠮᠣᠩᠭᠤᠯ ᠬᠡᠯᠡᠨ ᠦ᠌ ᠨᠡᠷ᠎ᠡ ᠲᠣᠮᠢᠶᠠᠨ ᠤ᠋ ᠬᠠᠮᠢᠶᠠᠷᠤᠯᠲᠠ ᠶ᠋ᠢᠨ ᠱᠢᠰᠲ᠋ᠧᠮ᠂ ᠮᠣᠩᠭᠤᠯ ᠬᠡᠯᠡᠨ ᠦ᠌ ᠪᠠᠷᠢᠮᠵᠢᠶ᠎ᠠ ᠠᠪᠢᠶᠠᠨ ᠤ᠋ ᠱᠢᠯᠭᠠᠯᠲᠠ ᠶ᠋ᠢᠨ ᠬᠠᠮᠢᠶᠠᠷᠤᠯᠲᠠ ᠶ᠋ᠢᠨ ᠱᠢᠰᠲ᠋ᠧᠮ᠂ ᠮᠣᠩᠭᠤᠯ ᠬᠡᠯᠡ ᠪᠢᠴᠢᠭ ᠦ᠋ᠨ ᠡᠷᠳᠡᠮ ᠱᠢᠨᠵᠢᠯᠡᠭᠡᠨ ᠦ᠌ ᠲᠥᠰᠦᠯ ᠦ᠋ᠨ ᠬᠠᠮᠢᠶᠠᠷᠤᠯᠲᠠ ᠶ᠋ᠢᠨ ᠱᠢᠰᠲ᠋ᠧᠮ᠂ ᠮᠣᠩᠭᠤᠯ ᠬᠡᠯᠡ ᠦᠰᠦᠭ ᠪᠢᠴᠢᠭ ᠦ᠋ᠨ ᠠᠯᠪᠠᠨ ᠪᠢᠴᠢᠭ ᠦ᠋ᠨ ᠣᠷᠴᠢᠭᠤᠯᠭ᠎ᠠ ᠶ᠋ᠢᠨ ᠬᠠᠮᠵᠢᠯᠴᠠᠬᠤ ᠲᠠᠪᠴᠠᠩ᠂  ᠮᠣᠩᠭᠤᠯ ᠬᠡᠯᠡ ᠪᠢᠴᠢᠭ ᠦ᠋ᠨ ᠰᠦᠯᠵᠢᠶᠡᠨ ᠳ᠋ᠡᠬᠢ ᠰᠤᠷᠤᠯᠴᠠᠯᠭ᠎ᠠ ᠶ᠋ᠢᠨ ᠲᠠᠪᠴᠠᠩ ᠨᠢ ᠭᠡᠷ᠎ᠡ ᠳ᠋ᠦ᠍ ᠲᠣᠭᠲᠠᠭᠰᠠᠨ ᠮᠡᠷᠭᠡᠵᠢᠯ ᠦ᠋ᠨ ᠭᠦᠢᠴᠡᠳᠬᠡᠯ ᠲᠣᠭᠠᠨ ᠳ᠋ᠤ᠌ ᠬᠦᠷᠴᠡᠢ᠃ ᠲᠥᠰᠦᠯ ᠨᠢ ᠮᠣᠩᠭᠤᠯ ᠬᠡᠯᠡᠨ ᠦ᠌ ᠮᠡᠳᠡᠭᠡ ᠵᠠᠩᠭᠢ ᠱᠢᠢᠳᠪᠦᠷᠢᠯᠡᠯᠲᠡ ᠶ᠋ᠢᠨ ᠮᠡᠷᠭᠡᠵᠢᠯ ᠢ᠋ ᠳᠡᠯᠭᠡᠷᠡᠭᠦᠯᠦᠨ ᠲᠦᠭᠡᠮᠡᠯᠵᠢᠭᠦᠯᠬᠦ᠂ ᠪᠤᠰᠤᠳ ᠠᠵᠢᠯ ᠲᠥᠷᠦᠯ ᠦ᠋ᠨ ᠲᠤᠬᠠᠢᠯᠠᠭᠰᠠᠨ ᠠᠵᠢᠯ ᠤ᠋ᠨ ᠬᠠᠮᠢᠶᠠᠷᠤᠯᠲᠠ ᠶ᠋ᠢᠨ ᠱᠢᠰᠲ᠋ᠧᠮ ᠦ᠋ᠨ ᠮᠣᠩᠭᠤᠯ ᠪᠢᠴᠢᠭ ᠢ᠋ ᠬᠡᠷᠡᠭᠯᠡᠬᠦ ᠵᠡᠷᠭᠡ ᠳ᠋ᠦ᠍ ᠯᠤᠲᠤ ᠶᠡᠬᠡ ᠳᠠᠭᠤᠷᠢᠶᠠᠯ ᠤ᠋ᠨ ᠦᠢᠯᠡᠳᠦᠯ ᠦᠵᠡᠭᠦᠯᠬᠦ ᠪᠣᠯᠤᠨ᠎ᠠ᠃

 

 

ᠣᠷᠴᠢᠭᠤᠯᠤᠭᠴᠢ᠄ ᠯᠢᠶᠠᠩ ᠬᠠᠢ ᠢᠦᠢ

ᠬᠢᠨᠠᠭᠴᠢ᠄ ᠪᠤᠶᠠᠨ᠌ᠦ᠌ᠯᠵᠡᠢ

ᠬᠠᠷᠢᠭᠤᠴᠠᠭᠰᠠᠨ ᠨᠠᠢᠷᠠᠭᠤᠯᠤᠭᠴᠢ᠄ ᠯᠢᠶᠠᠩ ᠬᠠᠢ ᠢᠦᠢ

ᠸᠢᠴᠠᠲ ᠲᠤ ᠪᠠᠨ ᠬᠤᠪᠢᠶᠠᠯᠴᠠᠬᠤ