ᠪᠠᠢᠴᠠᠭᠠᠬᠤ ᠪᠠᠢᠭᠤᠯᠭ᠎ᠠ ᠶ᠋ᠢᠨ ᠲᠤᠰᠭᠠᠢ ᠬᠡᠷᠡᠭᠯᠡᠬᠦ ᠮᠣᠩᠭᠤᠯ ᠬᠡᠯᠡᠨ ᠦ᠌ ᠲᠣᠭᠠᠴᠢᠯᠠᠭᠰᠠᠨ ᠲᠠᠪᠴᠠᠩ ᠤ᠋ᠨ ᠪᠠᠢᠭᠤᠯᠤᠯᠲᠠ ᠶ᠋ᠢᠨ ᠬᠣᠶᠠᠳᠤᠭᠠᠷ ᠬᠤᠭᠤᠴᠠᠭᠠᠨ ᠤ᠋ ᠢᠨᠵᠧᠨᠧᠷᠢᠩ ᠦ᠋ᠨ ᠲᠥᠰᠦᠯ ᠲᠤᠰᠭᠠᠢ ᠮᠡᠷᠭᠡᠵᠢᠯᠲᠡᠨ ᠦ᠌ ᠱᠢᠯᠭᠠᠯᠲᠠ ᠪᠠᠷ ᠪᠠᠲᠤᠯᠠᠭᠳᠠᠪᠠ
ᠢᠷᠡᠯᠲᠡ᠄  ᠮᠣᠩᠭᠤᠯ ᠦᠭᠡ ᠬᠡᠯᠡ ᠦᠰᠦᠭ ᠪᠢᠴᠢᠭ ᠦ᠋ᠨ ᠰᠤᠳᠤᠯᠭ᠎ᠠ ᠬᠡᠷᠡᠭᠯᠡᠭᠡᠨ ᠦ᠌ ᠲᠥᠪ
2018.12.14

 

12 ᠰᠠᠷ᠎ᠠ ᠶ᠋ᠢᠨ 11 ᠦ᠌ ᠡᠳᠦᠷ ᠥᠪᠡᠷᠲᠡᠭᠡᠨ ᠵᠠᠰᠠᠬᠤ ᠣᠷᠤᠨ ᠤ᠋ ᠦᠨᠳᠦᠰᠦᠲᠡᠨ ᠦ᠌ ᠵᠥᠪᠯᠡᠯ ᠲᠤᠰᠭᠠᠢ ᠮᠡᠷᠭᠡᠵᠢᠯᠲᠡᠨ ᠢ᠋ ᠵᠣᠬᠢᠶᠠᠨ ᠪᠠᠢᠭᠤᠯᠵᠤ᠂ ᠥᠪᠡᠷᠲᠡᠭᠡᠨ ᠵᠠᠰᠠᠬᠤ ᠣᠷᠤᠨ ᠤ᠋ ᠪᠠᠢᠴᠠᠭᠠᠬᠤ ᠬᠣᠷᠢᠶᠠᠨ ᠤ᠋ ᠳᠠᠭᠠᠭᠠᠴᠢᠯᠠᠭᠰᠠᠨ 2018 ᠣᠨ ᠤ᠋ ᠥᠪᠦᠷ ᠮᠣᠩᠭᠤᠯ ᠤ᠋ᠨ ᠥᠪᠡᠷᠲᠡᠭᠡᠨ ᠵᠠᠰᠠᠬᠤ ᠣᠷᠤᠨ ᠤ᠋ ᠮᠣᠩᠭᠤᠯ ᠬᠡᠯᠡ ᠦᠰᠦᠭ ᠪᠢᠴᠢᠭ ᠦ᠋ᠨ ᠮᠡᠳᠡᠭᠡ ᠵᠠᠩᠭᠢᠵᠢᠯᠲᠠ ᠶ᠋ᠢᠨ ᠲᠤᠰᠭᠠᠢ ᠲᠡᠳᠬᠦᠬᠦ ᠲᠥᠰᠦᠯ 《ᠪᠠᠢᠴᠠᠭᠠᠬᠤ ᠪᠠᠢᠭᠤᠯᠭ᠎ᠠ ᠶ᠋ᠢᠨ ᠲᠤᠰᠭᠠᠢ ᠬᠡᠷᠡᠭᠯᠡᠬᠦ ᠮᠣᠩᠭᠤᠯ ᠬᠡᠯᠡᠨ ᠦ᠌ ᠲᠣᠭᠠᠴᠢᠯᠠᠭᠰᠠᠨ ᠲᠠᠪᠴᠠᠩ ᠤ᠋ᠨ ᠪᠠᠢᠭᠤᠯᠤᠯᠲᠠ ᠶ᠋ᠢᠨ ᠬᠣᠶᠠᠳᠤᠭᠠᠷ ᠬᠤᠭᠤᠴᠠᠭᠠᠨ ᠤ᠋ ᠢᠨᠵᠧᠨᠧᠷᠢᠩ ᠦ᠋ᠨ ᠲᠥᠰᠦᠯ》 ᠢ᠋ ᠱᠢᠯᠭᠠᠨ ᠠᠪᠤᠪᠠ᠃ ᠲᠤᠰᠭᠠᠢ ᠮᠡᠷᠭᠡᠵᠢᠯᠲᠡᠨ ᠦ᠌ ᠳᠤᠭᠤᠢᠯᠠᠩ ᠠ᠋ᠴᠠ ᠳᠠᠭᠠᠭᠠᠴᠢᠯᠠᠭᠰᠠᠨ ᠪᠠᠢᠭᠤᠯᠭ᠎ᠠ᠂ ᠬᠣᠷᠰᠢᠨ ᠠᠵᠢᠯᠯᠠᠭᠰᠠᠨ ᠪᠠᠢᠭᠤᠯᠭ᠎ᠠ᠂ ᠬᠢᠨᠠᠨ ᠬᠠᠮᠢᠶᠠᠷᠬᠤ ᠪᠠᠢᠭᠤᠯᠭ᠎ᠠ ᠶ᠋ᠢᠨ ᠬᠢᠭᠰᠡᠨ ᠲᠥᠰᠦᠯ ᠦ᠋ᠨ ᠪᠠᠢᠭᠤᠯᠤᠯᠲᠠ ᠶ᠋ᠢᠨ ᠲᠤᠬᠠᠢ ᠬᠠᠷᠢᠭᠤ ᠮᠡᠳᠡᠭᠦᠯᠦᠯᠲᠡ ᠶ᠋ᠢ ᠰᠣᠨᠤᠰᠴᠤ᠂ ᠲᠥᠰᠦᠯ ᠦ᠋ᠨ ᠦᠷ᠎ᠡ ᠪᠦᠲᠦᠭᠡᠯ ᠦ᠋ᠨ ᠦᠵᠡᠭᠦᠯᠭᠡ ᠶ᠋ᠢ ᠬᠢᠨᠠᠨ ᠦᠵᠡᠵᠦ᠂ ᠲᠥᠰᠦᠯ ᠦ᠋ᠨ ᠪᠢᠴᠢᠭᠯᠡᠯ ᠢ᠋ ᠬᠢᠨᠠᠨ ᠤᠩᠱᠢᠵᠤ᠂ ᠲᠤᠯᠭᠠᠨ ᠯᠠᠪᠯᠠᠬᠤ ᠪᠠᠷ ᠳᠠᠮᠵᠢᠭᠠᠳ ᠲᠤᠰ ᠲᠥᠰᠦᠯ ᠪᠦᠲᠦᠭᠡᠨ ᠪᠠᠢᠭᠤᠯᠬᠤ ᠡᠭᠦᠷᠭᠡ ᠪᠠ ᠱᠢᠯᠭᠠᠨ ᠬᠢᠨᠠᠬᠤ ᠭᠦᠢᠴᠡᠳᠬᠡᠯ ᠲᠣᠭ᠎ᠠ ᠶ᠋ᠢ ᠪᠡᠶᠡᠯᠡᠭᠦᠯᠦᠭᠰᠡᠨ ᠭᠡᠵᠦ ᠰᠠᠨᠠᠯ ᠨᠢᠭᠡᠲᠡᠢ ᠪᠠᠲᠤᠯᠠᠪᠠ᠃

《ᠪᠠᠢᠴᠠᠭᠠᠬᠤ ᠪᠠᠢᠭᠤᠯᠭ᠎ᠠ ᠶ᠋ᠢᠨ ᠲᠤᠰᠭᠠᠢ ᠬᠡᠷᠡᠭᠯᠡᠬᠦ ᠮᠣᠩᠭᠤᠯ ᠬᠡᠯᠡᠨ ᠦ᠌ ᠲᠣᠭᠠᠴᠢᠯᠠᠭᠰᠠᠨ ᠲᠠᠪᠴᠠᠩ ᠤ᠋ᠨ ᠪᠠᠢᠭᠤᠯᠤᠯᠲᠠ ᠶ᠋ᠢᠨ ᠬᠣᠶᠠᠳᠤᠭᠠᠷ ᠬᠤᠭᠤᠴᠠᠭᠠᠨ ᠤ᠋ ᠢᠨᠵᠧᠨᠧᠷᠢᠩ ᠦ᠋ᠨ ᠲᠥᠰᠦᠯ》 ᠦ᠋ᠨ ᠰᠤᠳᠤᠯᠤᠨ ᠨᠡᠭᠡᠭᠡᠭᠰᠡᠨ ᠬᠡᠷᠡᠭ ᠵᠠᠷᠭᠤ ᠶ᠋ᠢᠨ ᠲᠤᠬᠠᠢ ᠮᠡᠳᠡᠭᠡ ᠵᠠᠩᠭᠢ ᠶ᠋ᠢ ᠢᠯᠡ ᠨᠡᠢᠲᠡᠯᠡᠬᠦ ᠮᠣᠩᠭᠤᠯ ᠬᠡᠯᠡᠨ ᠦ᠌ ᠰᠦᠯᠵᠢᠶ᠎ᠡ᠂ ᠪᠠᠢᠴᠠᠭᠠᠬᠤ ᠪᠠᠢᠭᠤᠯᠭ᠎ᠠ ᠶ᠋ᠢᠨ ᠬᠦᠷᠢᠶ᠎ᠡ ᠴᠠᠷᠠᠭᠠᠨ ᠳ᠋ᠠᠬᠢ ᠮᠡᠳᠡᠭᠡ ᠵᠠᠩᠭᠢ ᠶ᠋ᠢ ᠣᠷᠴᠢᠭᠤᠯᠬᠤ ᠪᠠᠭᠠᠵᠢ᠂ ᠢᠡᠲ᠋ᠧᠷ ᠰᠦᠯᠵᠢᠶᠡᠨ ᠦ᠌ ᠮᠡᠳᠡᠭᠡ ᠵᠠᠩᠭᠢ ᠶ᠋ᠢᠨ ᠦᠢᠯᠡᠴᠢᠯᠡᠭᠡᠨ ᠦ᠌ ᠲᠠᠪᠴᠠᠩ ᠢ᠋ ᠭᠠᠷ ᠤᠲᠠᠰᠤᠨ ᠤ᠋ ᠬᠠᠢᠭᠴᠢ ᠪᠠᠷ ᠬᠠᠢᠨ ᠦᠵᠡᠵᠦ ᠳᠡᠢᠯᠬᠦ᠂ ᠮᠣᠩᠭᠤᠯ ᠢ᠋ᠶ᠋ᠠᠷ ᠬᠤᠷᠳᠤᠨ ᠲᠡᠮᠳᠡᠭᠯᠡᠵᠦ ᠣᠷᠤᠭᠤᠯᠬᠤ ᠠᠷᠭ᠎ᠠ ᠵᠡᠷᠭᠡ ᠨᠢ ᠮᠣᠩᠭᠤᠯ ᠰᠦᠯᠵᠢᠶᠡᠨ ᠨᠢᠭᠤᠷ ᠬᠠᠭᠤᠳᠠᠰᠤ ᠶ᠋ᠢ ᠵᠥᠪ ᠣᠨᠤᠪᠴᠢᠲᠠᠢ ᠢᠯᠡᠷᠡᠭᠦᠯᠵᠦ᠂ ᠦᠰᠦᠭ ᠣᠷᠤᠭᠤᠯᠬᠤ ᠨᠢ ᠨᠡᠩ ᠬᠤᠷᠳᠤᠨ ᠪᠥᠭᠡᠳ ᠬᠠᠪᠰᠤᠷᠤᠨ ᠣᠷᠴᠢᠭᠤᠯᠬᠤ ᠴᠢᠳᠠᠮᠵᠢ ᠶ᠋ᠢ ᠵᠣᠬᠢᠬᠤ ᠬᠡᠮᠵᠢᠶ᠎ᠡ ᠪᠡᠷ ᠪᠦᠷᠢᠳᠦᠭᠦᠯᠵᠦ᠂ ᠭᠣᠣᠯ ᠪᠣᠯᠬᠤ ᠭᠠᠷ ᠤᠲᠠᠰᠤᠨ ᠤ᠋ ᠬᠠᠢᠭᠴᠢ ᠪᠠᠷ ᠬᠠᠢᠨ ᠦᠵᠡᠬᠦ ᠳ᠋ᠦ᠍ ᠲᠤᠰᠠᠯᠠᠵᠤ᠂ ᠡᠯ᠎ᠡ ᠵᠦᠢᠯ ᠦ᠋ᠨ ᠴᠢᠳᠠᠮᠵᠢ ᠪᠠ ᠮᠡᠷᠭᠡᠵᠢᠯ ᠦ᠋ᠨ ᠭᠦᠢᠴᠡᠳᠬᠡᠯ ᠲᠣᠭᠠᠨ ᠤ᠋ ᠱᠠᠭᠠᠷᠳᠠᠯᠭ᠎ᠠ ᠳ᠋ᠤ᠌ ᠬᠦᠷᠴᠡᠢ᠃ ᠲᠤᠰ ᠲᠥᠰᠦᠯ ᠦ᠋ᠨ ᠬᠡᠷᠡᠭᠯᠡᠭᠡᠨ ᠳ᠋ᠦ᠍ ᠣᠷᠤᠬᠤ ᠨᠢ ᠬᠣᠯᠪᠤᠭᠳᠠᠯ ᠪᠦᠬᠦᠢ ᠠᠵᠢᠯ ᠲᠥᠷᠦᠯ ᠦ᠋ᠨ ᠮᠣᠩᠭᠤᠯ ᠬᠡᠯᠡ ᠪᠢᠴᠢᠭ ᠦ᠋ᠨ ᠠᠵᠢᠯᠲᠠᠳ ᠲᠤ᠌ ᠳᠥᠭᠦᠮ ᠬᠢᠯᠪᠠᠷ ᠢ᠋ ᠠᠪᠴᠢᠷᠠᠵᠤ ᠥᠭᠬᠦ ᠪᠡᠷ ᠪᠠᠷᠠᠬᠤ ᠦᠭᠡᠢ ᠪᠠᠰᠠ ᠥᠷᠭᠡᠨ ᠣᠯᠠᠨ ᠮᠣᠩᠭᠤᠯ ᠲᠦᠮᠡᠨ ᠳ᠋ᠦ᠍ ᠨᠡᠩ ᠰᠠᠢᠨ ᠦᠢᠯᠡᠴᠢᠯᠡᠵᠦ᠂ ᠲᠡᠳᠡᠨ ᠦ᠌ ᠡᠳᠦᠷ ᠲᠤᠲᠤᠮ ᠤ᠋ᠨ ᠬᠡᠷᠡᠭᠴᠡᠭᠡ ᠶ᠋ᠢ ᠬᠠᠩᠭᠠᠵᠤ ᠳᠡᠢᠯᠬᠦ ᠪᠣᠯᠤᠨ᠎ᠠ᠃

 

 

ᠣᠷᠴᠢᠭᠤᠯᠤᠭᠴᠢ᠄ ᠯᠢᠶᠠᠩ ᠬᠠᠢ ᠢᠦᠢ

ᠬᠢᠨᠠᠭᠴᠢ᠄ ᠪᠤᠶᠠᠨ᠌ᠦ᠌ᠯᠵᠡᠢ

ᠬᠠᠷᠢᠭᠤᠴᠠᠭᠰᠠᠨ ᠨᠠᠢᠷᠠᠭᠤᠯᠤᠭᠴᠢ᠄ ᠯᠢᠶᠠᠩ ᠬᠠᠢ ᠢᠦᠢ

ᠸᠢᠴᠠᠲ ᠲᠤ ᠪᠠᠨ ᠬᠤᠪᠢᠶᠠᠯᠴᠠᠬᠤ