ᠪᠦᠬᠦ ᠣᠷᠤᠨ ᠤ᠋ 2018 ᠣᠨ ᠤ᠋ ᠮᠣᠩᠭᠤᠯ ᠬᠡᠯᠡᠨ ᠦ᠌ ᠪᠠᠷᠢᠮᠵᠢᠶ᠎ᠠ ᠠᠪᠢᠶᠠᠨ ᠤ᠋ ᠪᠣᠯᠪᠠᠰᠤᠷᠠᠯ ᠱᠢᠯᠭᠠᠯᠲᠠ ᠶ᠋ᠢᠨ ᠠᠵᠢᠯ ᠠᠮᠵᠢᠯᠲᠠ ᠲᠠᠢ ᠲᠡᠭᠦᠰᠪᠡ
ᠢᠷᠡᠯᠲᠡ᠄ ᠮᠣᠩᠭᠤᠯ ᠬᠡᠯᠡ ᠪᠢᠴᠢᠭ ᠦ᠋ᠨ ᠡᠷᠳᠡᠮ ᠱᠢᠨᠵᠢᠯᠡᠭᠡᠨ ᠦ᠌ ᠬᠠᠮᠢᠶᠠᠷᠤᠯᠲᠠ ᠶ᠋ᠢᠨ ᠭᠠᠵᠠᠷ
2018.12.29

 

12 ᠰᠠᠷ᠎ᠠ ᠶ᠋ᠢᠨ ᠰᠡᠭᠦᠯᠴᠢ ᠪᠡᠷ ᠪᠦᠬᠦ ᠣᠷᠤᠨ ᠤ᠋ 2018 ᠣᠨ ᠤ᠋ ᠮᠣᠩᠭᠤᠯ ᠬᠡᠯᠡᠨ ᠦ᠌ ᠪᠠᠷᠢᠮᠵᠢᠶ᠎ᠠ ᠠᠪᠢᠶᠠᠨ ᠤ᠋ ᠪᠣᠯᠪᠠᠰᠤᠷᠠᠯ ᠱᠢᠯᠭᠠᠯᠲᠠ ᠶ᠋ᠢᠨ ᠠᠵᠢᠯ ᠠᠮᠵᠢᠯᠲᠠ ᠲᠠᠢ ᠲᠡᠭᠦᠰᠪᠡ᠃ ᠥᠪᠦᠷ ᠮᠣᠩᠭᠤᠯ ᠤ᠋ᠨ ᠪᠠᠭᠱᠢ ᠶ᠋ᠢᠨ ᠶᠡᠬᠡ ᠰᠤᠷᠭᠠᠭᠤᠯᠢ᠂ ᠬᠥᠬᠡᠬᠤᠲᠠ ᠦᠨᠳᠦᠰᠦᠲᠡᠨ ᠦ᠌ ᠳᠡᠭᠡᠳᠦ ᠰᠤᠷᠭᠠᠭᠤᠯᠢ᠂ ᠤᠯᠠᠭᠠᠨᠬᠠᠳᠠ ᠳᠡᠭᠡᠳᠦ ᠰᠤᠷᠭᠠᠭᠤᠯᠢ ᠵᠡᠷᠭᠡ ᠶᠡᠬᠡ ᠳᠡᠭᠡᠳᠦ ᠰᠤᠷᠭᠠᠭᠤᠯᠢ ᠶ᠋ᠢᠨ ᠮᠣᠩᠭᠤᠯ ᠬᠡᠯᠡᠨ ᠦ᠌ ᠪᠠᠷᠢᠮᠵᠢᠶ᠎ᠠ ᠠᠪᠢᠶᠠᠨ ᠤ᠋ ᠪᠣᠯᠪᠠᠰᠤᠷᠠᠯ ᠱᠢᠯᠭᠠᠯᠲᠠ ᠶ᠋ᠢᠨ ᠥᠷᠲᠡᠭᠡ᠂ ᠬᠥᠯᠦᠨ ᠪᠤᠢᠷ ᠬᠣᠲᠠ ᠶ᠋ᠢᠨ ᠦᠨᠳᠦᠰᠦᠲᠡᠨ ᠦ᠌ ᠵᠥᠪᠯᠡᠯ᠂ ᠲᠦᠩᠯᠢᠶᠤᠤ ᠬᠣᠲᠠ ᠶ᠋ᠢᠨ ᠦᠨᠳᠦᠰᠦᠲᠡᠨ ᠦ᠌ ᠵᠥᠪᠯᠡᠯ᠂ ᠣᠷᠳᠤᠰ ᠬᠣᠲᠠ ᠶ᠋ᠢᠨ ᠦᠨᠳᠦᠰᠦᠲᠡᠨ ᠦ᠌ ᠵᠥᠪᠯᠡᠯ᠂ ᠱᠢᠯᠢ ᠶ᠋ᠢᠨ ᠭᠣᠣᠯ ᠠᠢᠮᠠᠭ ᠤ᠋ᠨ ᠦᠨᠳᠦᠰᠦᠲᠡᠨ ᠦ᠌ ᠬᠡᠷᠡᠭ ᠡᠷᠬᠢᠯᠡᠬᠦ ᠲᠣᠪᠴᠢᠶ᠎ᠠ ᠵᠡᠷᠭᠡ ᠠᠢᠮᠠᠭ ᠬᠣᠲᠠ ᠶ᠋ᠢᠨ ᠮᠣᠩᠭᠤᠯ ᠬᠡᠯᠡᠨ ᠦ᠌ ᠪᠠᠷᠢᠮᠵᠢᠶ᠎ᠠ ᠠᠪᠢᠶᠠᠨ ᠤ᠋ ᠪᠣᠯᠪᠠᠰᠤᠷᠠᠯ ᠱᠢᠯᠭᠠᠯᠲᠠ ᠶ᠋ᠢᠨ ᠥᠷᠲᠡᠭᠡ ᠪᠠ ᠥᠪᠦᠷ ᠮᠣᠩᠭᠤᠯ ᠤ᠋ᠨ ᠷᠠᠳᠢᠣ᠋ ᠲᠧᠯᠸᠢᠰ ᠬᠣᠷᠢᠶᠠᠨ ᠤ᠋ ᠮᠣᠩᠭᠤᠯ ᠬᠡᠯᠡᠨ ᠦ᠌ ᠪᠠᠷᠢᠮᠵᠢᠶ᠎ᠠ ᠠᠪᠢᠶᠠᠨ ᠤ᠋ ᠪᠣᠯᠪᠠᠰᠤᠷᠠᠯ ᠱᠢᠯᠭᠠᠯᠲᠠ ᠶ᠋ᠢᠨ ᠥᠷᠲᠡᠭᠡ ᠡᠨᠡ ᠵᠢᠯ ᠳ᠋ᠦ᠍ 26 ᠬᠤᠭᠤᠴᠠᠭᠠᠨ ᠤ᠋ ᠪᠣᠯᠪᠠᠰᠤᠷᠠᠯ ᠱᠢᠯᠭᠠᠯᠲᠠ ᠶ᠋ᠢᠨ ᠠᠩᠭᠢ ᠡᠷᠬᠢᠯᠡᠵᠦ ᠂ 3500  ᠭᠠᠷᠤᠢ ᠬᠥᠮᠦᠨ ᠪᠣᠯᠪᠠᠰᠤᠷᠠᠯ ᠱᠢᠯᠭᠠᠯᠲᠠ ᠳ᠋ᠤ᠌ ᠣᠷᠤᠯᠴᠠᠵᠠᠢ᠃

ᠥᠪᠡᠷᠲᠡᠭᠡᠨ ᠵᠠᠰᠠᠬᠤ ᠣᠷᠤᠨ ᠤ᠋ ᠮᠣᠩᠭᠤᠯ ᠬᠡᠯᠡᠨ ᠦ᠌ ᠪᠠᠷᠢᠮᠵᠢᠶ᠎ᠠ ᠠᠪᠢᠶᠠᠨ ᠤ᠋ ᠪᠣᠯᠪᠠᠰᠤᠷᠠᠯ ᠱᠢᠯᠭᠠᠯᠲᠠ ᠶ᠋ᠢᠨ ᠲᠥᠪ ᠪᠠᠢᠭᠤᠯᠤᠭᠳᠠᠭᠰᠠᠨ ᠠ᠋ᠴᠠ ᠨᠠᠭᠠᠱᠢ 《ᠥᠪᠦᠷ ᠮᠣᠩᠭᠤᠯ ᠤ᠋ᠨ ᠥᠪᠡᠷᠲᠡᠭᠡᠨ ᠵᠠᠰᠠᠬᠤ ᠣᠷᠤᠨ ᠤ᠋ ᠮᠣᠩᠭᠤᠯ ᠬᠡᠯᠡ ᠦᠰᠦᠭ ᠪᠢᠴᠢᠭ ᠦ᠋ᠨ ᠠᠵᠢᠯ ᠤ᠋ᠨ ᠳᠦᠷᠢᠮ》 ᠢ᠋ ᠨᠢᠮᠪᠠᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠤᠨ ᠤ᠋ ᠦᠨᠳᠦᠰᠦᠲᠡᠨ ᠦ᠌ ᠵᠥᠪᠯᠡᠯ ᠪᠦᠬᠦ ᠣᠷᠤᠨ ᠤ᠋ ᠬᠡᠪᠴᠢᠶᠡᠨ ᠳ᠋ᠦ᠍ 17 ᠮᠣᠩᠭᠤᠯ ᠬᠡᠯᠡᠨ ᠦ᠌ ᠪᠠᠷᠢᠮᠵᠢᠶ᠎ᠠ ᠠᠪᠢᠶᠠᠨ ᠤ᠋ ᠪᠣᠯᠪᠠᠰᠤᠷᠠᠯ ᠱᠢᠯᠭᠠᠯᠲᠠ ᠶ᠋ᠢᠨ ᠥᠷᠲᠡᠭᠡ ᠪᠠᠢᠭᠤᠯᠵᠤ᠂ 3 ᠲᠦᠮᠡ ᠭᠠᠷᠤᠢ ᠬᠥᠮᠦᠨ ᠢ᠋ ᠪᠣᠯᠪᠠᠰᠤᠷᠠᠭᠤᠯᠵᠤ ᠱᠢᠯᠭᠠᠵᠠᠢ᠃ 2017 ᠣᠨ ᠳ᠋ᠤ᠌ ᠥᠪᠡᠷᠲᠡᠭᠡᠨ ᠵᠠᠰᠠᠬᠤ ᠣᠷᠤᠨ ᠤ᠋ ᠦᠨᠳᠦᠰᠦᠲᠡᠨ ᠦ᠌ ᠵᠥᠪᠯᠡᠯ ᠦ᠋ᠨ ᠮᠣᠩᠭᠤᠯ ᠬᠡᠯᠡ ᠦᠰᠦᠭ ᠪᠢᠴᠢᠭ ᠦ᠋ᠨ ᠮᠡᠳᠡᠭᠡ ᠵᠠᠩᠭᠢᠵᠢᠯᠲᠠ ᠶ᠋ᠢᠨ ᠲᠤᠰᠭᠠᠢ ᠲᠡᠳᠬᠦᠬᠦ ᠲᠥᠰᠦᠯ —— 《 ᠮᠣᠩᠭᠤᠯ ᠬᠡᠯᠡᠨ ᠦ᠌ ᠠᠪᠢᠶᠠᠨ ᠤ᠋ ᠣᠶᠤᠨᠴᠢᠯᠠᠯᠲᠠ ᠪᠠ ᠮᠣᠩᠭᠤᠯ ᠬᠡᠯᠡᠨ ᠦ᠌ ᠪᠠᠷᠢᠮᠵᠢᠶ᠎ᠠ ᠠᠪᠢᠶᠠᠨ ᠤ᠋ ᠱᠢᠯᠭᠠᠯᠲᠠ ᠶ᠋ᠢᠨ ᠱᠢᠰᠲ᠋ᠧᠮ ᠢ᠋ ᠰᠤᠳᠤᠯᠤᠨ ᠨᠡᠭᠡᠭᠡᠬᠦ》ᠭᠣᠣᠯᠳᠠᠯᠭᠠᠲᠤ ᠲᠥᠰᠦᠯ ᠢ᠋ ᠪᠠᠢᠭᠤᠯᠤᠭᠰᠠᠨ ᠨᠢ ᠮᠣᠩᠭᠤᠯ ᠬᠡᠯᠡᠨ ᠦ᠌ ᠪᠠᠷᠢᠮᠵᠢᠶ᠎ᠠ ᠠᠪᠢᠶᠠᠨ ᠤ᠋ ᠱᠢᠯᠭᠠᠯᠲᠠ ᠶ᠋ᠢᠨ ᠠᠵᠢᠯ ᠤ᠋ᠨ ᠣᠶᠤᠨᠴᠢᠯᠠᠯᠲᠠ᠂ ᠰᠦᠯᠵᠢᠶᠡᠴᠢᠯᠡᠯᠲᠡ ᠳ᠋ᠦ᠍ ᠴᠢᠬᠤᠯᠠ ᠠᠴᠢ ᠬᠣᠯᠪᠤᠭᠳᠠᠯ ᠲᠠᠢ ᠪᠣᠯᠵᠠᠢ᠃

 

 

ᠣᠷᠴᠢᠭᠤᠯᠤᠭᠴᠢ᠄ ᠯᠢᠶᠠᠩ ᠬᠠᠢ ᠢᠦᠢ

ᠬᠢᠨᠠᠭᠴᠢ᠄ ᠪᠤᠶᠠᠨ᠌ᠦ᠌ᠯᠵᠡᠢ

ᠬᠠᠷᠢᠭᠤᠴᠠᠭᠰᠠᠨ ᠨᠠᠢᠷᠠᠭᠤᠯᠤᠭᠴᠢ᠄ ᠯᠢᠶᠠᠩ ᠬᠠᠢ ᠢᠦᠢ

ᠸᠢᠴᠠᠲ ᠲᠤ ᠪᠠᠨ ᠬᠤᠪᠢᠶᠠᠯᠴᠠᠬᠤ