ᠥᠪᠦᠷ ᠮᠣᠩᠭᠤᠯ ᠤ᠋ᠨ ᠥᠪᠡᠷᠲᠡᠭᠡᠨ ᠵᠠᠰᠠᠬᠤ ᠣᠷᠤᠨ ᠤ᠋ ᠦᠨᠳᠦᠰᠦᠲᠡᠨ ᠦ᠌ ᠵᠥᠪᠯᠡᠯ ᠮᠣᠩᠭᠤᠯ ᠬᠡᠯᠡᠨ ᠦ᠌ ᠡᠷᠳᠡᠮ ᠱᠢᠨᠵᠢᠯᠡᠭᠡᠨ ᠦ᠌ ᠠᠵᠢᠯ ᠢ᠋ ᠡᠷᠴᠢᠮᠵᠢᠭᠦᠯᠵᠦ ᠪᠠᠢᠨ᠎ᠠ
ᠢᠷᠡᠯᠲᠡ᠄ ᠮᠣᠩᠭᠤᠯ ᠬᠡᠯᠡ ᠪᠢᠴᠢᠭ ᠦ᠋ᠨ ᠡᠷᠳᠡᠮ ᠱᠢᠨᠵᠢᠯᠡᠭᠡᠨ ᠦ᠌ ᠬᠠᠮᠢᠶᠠᠷᠤᠯᠲᠠ ᠶ᠋ᠢᠨ ᠭᠠᠵᠠᠷ
2018.12.29

 

2018 ᠣᠨ ᠳ᠋ᠤ᠌ ᠥᠪᠦᠷ ᠮᠣᠩᠭᠤᠯ ᠤ᠋ᠨ ᠥᠪᠡᠷᠲᠡᠭᠡᠨ ᠵᠠᠰᠠᠬᠤ ᠣᠷᠤᠨ ᠤ᠋ ᠦᠨᠳᠦᠰᠦᠲᠡᠨ ᠦ᠌ ᠵᠥᠪᠯᠡᠯ 《ᠥᠪᠦᠷ ᠮᠣᠩᠭᠤᠯ ᠤ᠋ᠨ ᠥᠪᠡᠷᠲᠡᠭᠡᠨ ᠵᠠᠰᠠᠬᠤ ᠣᠷᠤᠨ ᠤ᠋ ᠮᠣᠩᠭᠤᠯ ᠬᠡᠯᠡ ᠪᠢᠴᠢᠭ ᠦ᠋ᠨ ᠠᠵᠢᠯ ᠤ᠋ᠨ ᠠᠷᠪᠠᠨ ᠭᠤᠷᠪᠠᠳᠤᠭᠠᠷ ᠲᠠᠪᠤᠨ ᠵᠢᠯ ᠦ᠋ᠨ ᠲᠥᠯᠦᠪᠵᠢᠭᠦᠯᠭᠡ》 ᠶ᠋ᠢ ᠰᠠᠢᠲᠤᠷ ᠲᠤᠭᠤᠱᠢᠯᠠᠭᠤᠯᠤᠨ ᠨᠠᠢᠳᠠᠪᠤᠷᠢᠵᠢᠭᠤᠯᠬᠤ ᠶ᠋ᠢᠨ ᠲᠥᠯᠦᠭᠡ ᠪᠣᠳᠠᠲᠠᠢ ᠬᠡᠷᠡᠭᠴᠡᠭᠡ ᠪᠡᠷ ᠢ᠋ᠶ᠋ᠡᠨ ᠤᠳᠤᠷᠢᠳᠤᠮᠵᠢ ᠪᠣᠯᠭᠠᠬᠤ ᠶ᠋ᠢ ᠪᠠᠷᠢᠮᠲᠠᠯᠠᠵᠤ᠂ ᠡᠷᠳᠡᠮ ᠱᠢᠨᠵᠢᠯᠡᠭᠡᠨ ᠦ᠌ ᠲᠥᠰᠦᠯ ᠢ᠋ᠶ᠋ᠡᠷ ᠠᠴᠢᠶᠠᠯᠠᠭᠴᠢ ᠪᠣᠯᠭᠠᠵᠤ᠂ ᠦᠨᠳᠦᠰᠦᠲᠡᠨ ᠦ᠌ ᠠᠵᠢᠯ ᠤ᠋ᠨ ᠵᠠᠷᠤᠳᠠᠯ ᠠ᠋ᠴᠠ 180 ᠲᠦᠮᠡᠨ ᠲᠥᠭᠦᠷᠢᠭ ᠭᠠᠷᠭᠠᠵᠤ᠂ ᠮᠣᠩᠭᠤᠯ ᠬᠡᠯᠡ ᠦᠰᠦᠭ ᠪᠢᠴᠢᠭ ᠦ᠋ᠨ ᠡᠷᠳᠡᠮ ᠱᠢᠨᠵᠢᠯᠡᠭᠡᠨ ᠦ᠌ ᠳᠡᠮᠵᠢᠬᠦ ᠲᠥᠰᠦᠯ ᠢ᠋ ᠦᠷᠭᠦᠯᠵᠢᠯᠡᠨ ᠬᠡᠷᠡᠭᠵᠢᠭᠦᠯᠵᠦ᠂ 《ᠳᠤᠮᠳᠠᠳᠤ ᠮᠣᠩᠭᠤᠯ ᠬᠣᠶᠠᠷ ᠤᠯᠤᠰ ᠤ᠋ᠨ ᠮᠣᠩᠭᠤᠯ ᠨᠡᠷ᠎ᠡ ᠲᠣᠮᠢᠶᠠᠨ ᠤ᠋ ᠬᠠᠷᠢᠴᠠᠭᠤᠯᠤᠭᠰᠠᠨ ᠰᠤᠳᠤᠯᠤᠯ》《ᠡᠷᠲᠡᠨ ᠦ᠌ ᠮᠣᠩᠭᠤᠯ ᠲᠣᠯᠢ ᠪᠢᠴᠢᠭ ᠦ᠋ᠨ ᠪᠠᠷ ᠦ᠋ᠨ ᠰᠤᠳᠤᠯᠤᠯ》《ᠮᠣᠩᠭᠤᠯ ᠬᠡᠯᠡᠨ ᠦ᠌ ᠱᠢᠨ᠎ᠡ ᠪᠠᠷᠭᠤ ᠠᠮᠠᠨ ᠠᠶᠠᠯᠭᠤ ᠪᠠ ᠪᠠᠷᠢᠮᠵᠢᠶ᠎ᠠ ᠠᠪᠢᠶᠠᠨ ᠤ᠋ ᠳᠠᠭᠤᠨ ᠤᠬᠠᠭᠠᠨ ᠤ᠋ ᠬᠠᠷᠢᠴᠠᠭᠤᠯᠤᠭᠰᠠᠨ ᠰᠤᠳᠤᠯᠤᠯ》 ᠪᠣᠯᠤᠨ《 ᠮᠣᠩᠭᠤᠯ ᠬᠡᠯᠡᠨ ᠦ᠌ ᠲᠣᠭᠠᠨ ᠤ᠋ ᠦᠭᠡ ᠪᠠ ᠨᠡᠷ᠎ᠡ ᠦᠭᠡ ᠶ᠋ᠢᠨ ᠤᠳᠭ᠎ᠠ ᠶ᠋ᠢᠨ ᠤᠶᠠᠯᠳᠤᠯ ᠤ᠋ᠨ ᠰᠤᠳᠤᠯᠤᠯ》 ᠵᠡᠷᠭᠡ 47 ᠡᠩ ᠦ᠋ᠨ ᠰᠡᠳᠦᠪ᠂ 《ᠮᠣᠩᠭᠤᠯ ᠦᠨᠳᠦᠰᠦᠲᠡᠨ ᠦ᠌ ᠲᠠᠪᠤᠨ ᠬᠣᠱᠢᠭᠤ ᠮᠠᠯ ᠤ᠋ᠨ ᠲᠤᠬᠠᠢ ᠠᠷᠠᠳ ᠤ᠋ᠨ ᠠᠮᠠᠨ ᠵᠣᠬᠢᠶᠠᠯ ᠤ᠋ᠨ ᠮᠡᠳᠡᠯᠭᠡ ᠶ᠋ᠢᠨ ᠬᠥᠮᠦᠷᠭᠡ ᠶ᠋ᠢᠨ ᠴᠣᠭᠴᠠᠯᠠᠯᠲᠠ》 《ᠮᠣᠩᠭᠤᠯ ᠦᠰᠦᠭ ᠦ᠋ᠨ ᠪᠢᠴᠢᠯᠭᠡ ᠶ᠋ᠢᠨ ᠰᠤᠳᠤᠯᠤᠯ》 《ᠴᠢᠩ ᠤᠯᠤᠰ ᠤ᠋ᠨ ᠰᠡᠭᠦᠯᠴᠢ ᠢᠷᠭᠡᠨ ᠤᠯᠤᠰ ᠤ᠋ᠨ ᠡᠬᠢᠨ ᠦ᠌ ᠪᠠᠭ᠎ᠠ ᠰᠤᠷᠭᠠᠭᠤᠯᠢ ᠶ᠋ᠢᠨ ᠮᠣᠩᠭᠤᠯ ᠬᠡᠯᠡᠨ ᠦ᠌ ᠰᠤᠷᠬᠤ ᠪᠢᠴᠢᠭ ᠦ᠋ᠨ ᠰᠤᠳᠤᠯᠤᠯ》 《ᠴᠢᠩ ᠤᠯᠤᠰ ᠤ᠋ᠨ ᠦᠶ᠎ᠡ ᠶ᠋ᠢᠨ ᠮᠣᠩᠭᠤᠯ ᠣᠷᠴᠢᠭᠤᠯᠭ᠎ᠠ ᠶ᠋ᠢᠨ ᠰᠤᠳᠤᠯᠤᠯ》《 ᠮᠣᠩᠭᠤᠯ ᠬᠡᠯᠡᠨ ᠦ᠌ ᠦᠭᠡ ᠶ᠋ᠢᠨ ᠡᠷᠭᠦᠯᠲᠡ ᠶ᠋ᠢᠨ ᠲᠤᠬᠠᠢ ᠰᠤᠳᠤᠯᠤᠯ》 ᠵᠡᠷᠭᠡ 5 ᠭᠣᠣᠯᠳᠠᠯᠭᠠᠲᠤ ᠰᠡᠳᠦᠪ᠂ 《 ᠬᠥᠯᠦᠨ ᠪᠤᠢᠷ ᠬᠣᠲᠠ᠂ ᠬᠢᠩᠭᠠᠨ ᠠᠢᠮᠠᠭ᠂ ᠲᠦᠩᠯᠢᠶᠤᠤ ᠬᠣᠲᠠ ᠶ᠋ᠢᠨ 2018 ᠣᠨ ᠤ᠋ ᠮᠣᠩᠭᠤᠯ ᠬᠡᠯᠡ ᠦᠰᠦᠭ ᠪᠢᠴᠢᠭ ᠢ᠋ ᠳᠦᠷᠢᠮᠵᠢᠭᠦᠨ ᠬᠡᠷᠡᠭᠯᠡᠵᠦ ᠪᠠᠢᠭ᠎ᠠ ᠲᠤᠬᠠᠢ ᠪᠠᠢᠴᠠᠭᠠᠯᠲᠠ》《ᠬᠠᠤᠯᠢ ᠴᠠᠭᠠᠵᠠ ᠶ᠋ᠢᠨ ᠨᠡᠷ᠎ᠡ ᠲᠣᠮᠢᠶᠠᠨ ᠤ᠋ ᠬᠡᠷᠡᠭᠯᠡᠯᠲᠡ ᠶ᠋ᠢᠨ ᠲᠤᠬᠠᠢ ᠪᠠᠢᠴᠠᠭᠠᠨ ᠰᠤᠳᠤᠯᠤᠯᠲᠠ》《ᠥᠪᠦᠷ ᠮᠣᠩᠭᠤᠯ ᠤ᠋ᠨ ᠬᠡᠯᠡᠨ ᠦ᠌ ᠠᠮᠢᠳᠤᠷᠠᠯ ᠤ᠋ᠨ ᠪᠠᠢᠳᠠᠯ》 ᠵᠡᠷᠭᠡ 10 ᠳᠠᠭᠠᠭᠠᠯᠭᠠᠭᠰᠠᠨ ᠰᠡᠳᠦᠪ᠂ 《ᠪᠡᠭᠡᠵᠢᠩ ᠮᠣᠳᠤᠨ ᠪᠠᠷ ᠤ᠋ᠨ ᠭᠡᠰᠡᠷ ᠦ᠋ᠨ ᠲᠤᠭᠤᠵᠢ ᠶ᠋ᠢᠨ ᠦᠭᠡ ᠵᠦᠢ ᠶ᠋ᠢᠨ ᠰᠤᠳᠤᠯᠤᠯ》 ᠭᠡᠬᠦ 1 ᠰᠡᠭᠦᠯᠴᠢ ᠶ᠋ᠢᠨ ᠬᠤᠭᠤᠴᠠᠭᠠᠨ ᠤ᠋ ᠳᠡᠮᠵᠢᠬᠦ ᠰᠡᠳᠦᠪ ᠢ᠋ ᠲᠤᠰᠠᠯᠠᠨ ᠳᠡᠮᠵᠢᠵᠡᠢ᠃ ᠡᠭᠦᠨ ᠦ᠌ ᠬᠠᠮᠲᠤ ᠪᠠᠰᠠ ᠤᠯᠤᠰ ᠤ᠋ᠨ ᠬᠡᠯᠡᠨ ᠦ᠌ ᠵᠥᠪᠯᠡᠯ ᠦ᠋ᠨ《ᠮᠣᠩᠭᠤᠯ  ᠪᠢᠴᠢᠭ ᠢ᠋ ᠯᠠᠲ᠋ᠢᠨ ᠭᠠᠯᠢᠭ ᠢ᠋ᠶ᠋ᠠᠷ ᠪᠠᠭᠤᠯᠭᠠᠨ ᠪᠢᠴᠢᠬᠦ ᠲᠤᠬᠠᠢ ᠰᠤᠳᠤᠯᠤᠯ》ᠪᠠ ᠡᠷᠳᠡᠮ ᠱᠢᠨᠵᠢᠯᠡᠭᠡᠨ ᠦ᠌ ᠰᠠᠭᠤᠷᠢᠨ ᠭᠠᠵᠠᠷ᠂ ᠪᠣᠯᠪᠠᠰᠤᠷᠠᠯ ᠤ᠋ᠨ ᠰᠠᠭᠤᠷᠢᠨ ᠭᠠᠵᠠᠷ ᠤ᠋ᠨ ᠱᠢᠯᠭᠠᠨ ᠬᠢᠨᠠᠬᠤ ᠪᠠ ᠦᠨᠡᠯᠡᠨ ᠵᠢᠱ᠌ᠢᠬᠦ ᠠᠵᠢᠯ ᠢ᠋ ᠵᠣᠬᠢᠶᠠᠨ ᠪᠠᠢᠭᠤᠯᠤᠨ ᠥᠷᠨᠢᠭᠦᠯᠵᠦ᠂ ᠮᠥᠨ ᠮᠣᠩᠭᠤᠯ ᠬᠡᠯᠡᠨ ᠦ᠌ ᠲᠤᠰᠭᠠᠢ ᠮᠡᠷᠭᠡᠵᠢᠯᠲᠡᠨ ᠪᠠ ᠣᠯᠠᠨ ᠬᠡᠯᠡᠨ ᠦ᠌ ᠴᠢᠳᠠᠪᠤᠷᠢᠲᠠᠨ ᠤ᠋ ᠬᠥᠮᠦᠷᠭᠡ ᠶ᠋ᠢ ᠪᠠᠢᠭᠤᠯᠵᠤ᠂ ᠮᠣᠩᠭᠤᠯ ᠬᠡᠯᠡ ᠪᠢᠴᠢᠭ ᠦ᠋ᠨ ᠰᠠᠭᠤᠷᠢ ᠰᠤᠳᠤᠯᠭᠠᠨ ᠪᠠ ᠬᠡᠷᠡᠭᠯᠡᠭᠡᠨ ᠦ᠌ ᠰᠤᠳᠤᠯᠭᠠᠨ ᠢ᠋ ᠤᠯᠠᠮ ᠠᠬᠢᠭᠤᠯᠵᠠᠢ᠃

 

 

ᠣᠷᠴᠢᠭᠤᠯᠤᠭᠴᠢ᠄ ᠯᠢᠶᠠᠩ ᠬᠠᠢ ᠢᠦᠢ

ᠬᠢᠨᠠᠭᠴᠢ᠄ ᠪᠤᠶᠠᠨ᠌ᠦ᠌ᠯᠵᠡᠢ

ᠬᠠᠷᠢᠭᠤᠴᠠᠭᠰᠠᠨ ᠨᠠᠢᠷᠠᠭᠤᠯᠤᠭᠴᠢ᠄ ᠯᠢᠶᠠᠩ ᠬᠠᠢ ᠢᠦᠢ

ᠸᠢᠴᠠᠲ ᠲᠤ ᠪᠠᠨ ᠬᠤᠪᠢᠶᠠᠯᠴᠠᠬᠤ