ᠬᠥᠯᠦᠨ ᠪᠤᠢᠷ ᠬᠣᠲᠠ ᠶ᠋ᠢᠨ ᠣᠷᠴᠤᠨ ᠬᠣᠱᠢᠭᠤᠨ ᠤ᠋ ᠦᠨᠳᠦᠰᠦᠲᠡᠨ ᠱᠠᠱᠢᠨ ᠰᠤᠷᠲᠠᠬᠤᠨ ᠤ᠋ ᠲᠣᠪᠴᠢᠶ᠎ᠠ ᠨᠡᠢᠭᠡᠮ ᠦ᠋ᠨ ᠥᠩᠭᠡᠨ ᠬᠡᠷᠡᠭᠯᠡᠭᠡᠨ ᠳ᠋ᠦ᠍ ᠮᠣᠩᠭᠤᠯ ᠬᠢᠲᠠᠳ ᠬᠣᠶᠠᠷ ᠲᠥᠷᠦᠯ ᠦ᠋ᠨ ᠦᠰᠦᠭ ᠪᠢᠴᠢᠭ ᠢ᠋ ᠵᠡᠷᠭᠡ ᠪᠡᠷ ᠬᠡᠷᠡᠭᠯᠡᠬᠦ ᠠᠵᠢᠯ ᠢ᠋ ᠵᠠᠰᠠᠨ ᠴᠡᠭᠴᠡᠯᠡᠪᠡ
ᠢᠷᠡᠯᠲᠡ᠄ ᠬᠥᠯᠦᠨ ᠪᠤᠢᠷ ᠬᠣᠲᠠ ᠶ᠋ᠢᠨ ᠦᠨᠳᠦᠰᠦᠲᠡᠨ ᠦ᠌ ᠬᠡᠷᠡᠭ ᠡᠷᠬᠢᠯᠡᠬᠦ ᠵᠥᠪᠯᠡᠯ
2019.01.04

 

ᠪᠦᠬᠦ ᠬᠣᠱᠢᠭᠤᠨ ᠤ᠋ ᠮᠣᠩᠭᠤᠯ ᠬᠢᠲᠠᠳ ᠬᠣᠶᠠᠷ ᠲᠥᠷᠦᠯ ᠦ᠋ᠨ ᠦᠰᠦᠭ ᠪᠢᠴᠢᠭ ᠢ᠋ ᠵᠡᠷᠭᠡ ᠪᠡᠷ ᠬᠡᠷᠡᠭᠯᠡᠬᠦ ᠶ᠋ᠢ ᠳᠦᠷᠢᠮᠵᠢᠭᠦᠯᠦᠨ ᠬᠠᠮᠢᠶᠠᠷᠬᠤ ᠶ᠋ᠢ ᠤᠯᠠᠮ ᠴᠢᠩᠭᠠᠳᠭᠠᠵᠤ᠂ ᠣᠷᠴᠤᠨ ᠥᠪᠡᠷᠲᠡᠭᠡᠨ ᠵᠠᠰᠠᠬᠤ ᠬᠣᠱᠢᠭᠤᠨ ᠤ᠋ ᠨᠡᠢᠭᠡᠮ ᠦ᠋ᠨ ᠥᠩᠭᠡᠨ ᠬᠡᠷᠡᠭᠯᠡᠭᠡᠨ ᠳ᠋ᠡᠬᠢ ᠮᠣᠩᠭᠤᠯ ᠬᠢᠲᠠᠳ ᠬᠣᠶᠠᠷ ᠲᠥᠷᠦᠯ ᠦ᠋ᠨ ᠦᠰᠦᠭ ᠪᠢᠴᠢᠭ ᠢ᠋ ᠵᠡᠷᠭᠡ ᠪᠡᠷ ᠬᠡᠷᠡᠭᠯᠡᠭᠰᠡᠨ ᠨᠣᠷᠮ᠎ᠠ ᠪᠠ ᠳᠦᠷᠢᠮᠵᠢᠭᠦᠯᠦᠭᠰᠡᠨ ᠨᠣᠷᠮ᠎ᠠ ᠶ᠋ᠢ ᠳᠡᠭᠡᠭᠱᠢᠯᠡᠭᠦᠯᠵᠦ᠂ ᠦᠨᠳᠦᠰᠦᠲᠡᠨ ᠦ᠌ ᠪᠦᠯᠬᠦᠮᠳᠡᠯ ᠢ᠋ ᠴᠢᠩᠭᠠᠳᠭᠠᠵᠤ᠂ ᠨᠡᠢᠭᠡᠮ ᠦ᠋ᠨ ᠡᠶ᠎ᠡ ᠨᠠᠢᠷᠠᠮᠳᠠᠭᠤ ᠠᠮᠤᠷ ᠲᠣᠭᠲᠠᠭᠤᠨ ᠢ᠋ ᠬᠠᠮᠠᠭᠠᠯᠠᠬᠤ ᠶ᠋ᠢᠨ ᠲᠥᠯᠦᠭᠡ ᠣᠷᠴᠢᠮ ᠣᠷᠴᠤᠨ ᠥᠪᠡᠷᠲᠡᠭᠡᠨ ᠵᠠᠰᠠᠬᠤ ᠬᠣᠱᠢᠭᠤᠨ ᠤ᠋ ᠦᠨᠳᠦᠰᠦᠲᠡᠨ ᠱᠠᠱᠢᠨ ᠰᠤᠷᠲᠠᠬᠤᠨ ᠤ᠋ ᠲᠣᠪᠴᠢᠶ᠎ᠠ ᠶ᠋ᠢᠨ ᠬᠢᠨ ᠪᠦᠬᠦ ᠬᠣᠱᠢᠭᠤᠨ ᠤ᠋ ᠡᠯ᠎ᠡ ᠱᠢᠶᠠᠩ ᠪᠠᠯᠭᠠᠰᠤᠨ ᠳ᠋ᠤ᠌ ᠭᠦᠨᠵᠡᠭᠡᠢᠷᠡᠵᠦ᠂ ᠵᠠᠰᠠᠭ ᠵᠠᠬᠢᠷᠭᠠᠨ ᠤ᠋ ᠠᠯᠪᠠᠨ ᠪᠢᠴᠢᠭ ᠪᠠ ᠨᠡᠢᠭᠡᠮ ᠦ᠋ᠨ ᠥᠩᠭᠡᠨ ᠬᠡᠷᠡᠭᠯᠡᠭᠡᠨ ᠦ᠌ ᠫᠠᠢᠰᠠ ᠱᠣᠱᠢᠭ᠎ᠠ ᠳ᠋ᠤ᠌ ᠮᠣᠩᠭᠤᠯ ᠬᠢᠲᠠᠳ ᠬᠣᠶᠠᠷ ᠲᠥᠷᠦᠯ ᠦ᠋ᠨ ᠦᠰᠦᠭ ᠪᠢᠴᠢᠭ ᠢ᠋ ᠵᠡᠷᠭᠡ ᠪᠡᠷ ᠬᠡᠷᠡᠭᠯᠡᠬᠦ ᠠᠵᠢᠯ ᠳ᠋ᠤ᠌ ᠵᠠᠰᠠᠨ ᠴᠡᠭᠴᠡᠯᠡᠯᠲᠡ ᠬᠢᠪᠡ᠃ ᠪᠠᠢᠴᠠᠭᠠᠯᠲᠠ ᠶ᠋ᠢᠨ ᠶᠠᠪᠤᠴᠠ ᠳ᠋ᠤ᠌ 《ᠥᠪᠦᠷ ᠮᠣᠩᠭᠤᠯ ᠤ᠋ᠨ ᠥᠪᠡᠷᠲᠡᠭᠡᠨ ᠵᠠᠰᠠᠬᠤ ᠣᠷᠤᠨ ᠤ᠋ ᠮᠣᠩᠭᠤᠯ ᠬᠡᠯᠡ ᠦᠰᠦᠭ ᠪᠢᠴᠢᠭ ᠦ᠋ᠨ ᠠᠵᠢᠯ ᠤ᠋ᠨ ᠳᠦᠷᠢᠮ》《ᠥᠪᠦᠷ ᠮᠣᠩᠭᠤᠯ ᠤ᠋ᠨ ᠥᠪᠡᠷᠲᠡᠭᠡᠨ ᠵᠠᠰᠠᠬᠤ ᠣᠷᠤᠨ ᠤ᠋ ᠨᠡᠢᠭᠡᠮ ᠦ᠋ᠨ ᠥᠩᠭᠡᠨ ᠬᠡᠷᠡᠭᠯᠡᠭᠡᠨ ᠳ᠋ᠦ᠍ ᠮᠣᠩᠭᠤᠯ ᠬᠢᠲᠠᠳ ᠬᠣᠶᠠᠷ ᠲᠥᠷᠦᠯ ᠦ᠋ᠨ ᠦᠰᠦᠭ ᠪᠢᠴᠢᠭ ᠢ᠋ ᠵᠡᠷᠭᠡ ᠪᠡᠷ ᠬᠡᠷᠡᠭᠯᠡᠬᠦ ᠬᠠᠮᠢᠶᠠᠷᠤᠯᠲᠠ ᠶ᠋ᠢᠨ ᠠᠷᠭ᠎ᠠ》 ᠪᠠ 《ᠬᠥᠯᠦᠨ ᠪᠤᠢᠷ ᠬᠣᠲᠠ ᠶ᠋ᠢᠨ ᠨᠡᠢᠭᠡᠮ ᠦ᠋ᠨ ᠥᠩᠭᠡᠨ ᠬᠡᠷᠡᠭᠯᠡᠭᠡᠨ ᠳ᠋ᠦ᠍ ᠮᠣᠩᠭᠤᠯ ᠬᠢᠲᠠᠳ ᠬᠣᠶᠠᠷ ᠲᠥᠷᠦᠯ ᠦ᠋ᠨ ᠦᠰᠦᠭ ᠪᠢᠴᠢᠭ ᠢ᠋ ᠵᠡᠷᠭᠡ ᠪᠡᠷ ᠬᠡᠷᠡᠭᠯᠡᠬᠦ ᠲᠥᠷ ᠬᠡᠷᠡᠭᠵᠢᠭᠦᠯᠬᠦ ᠬᠠᠮᠢᠶᠠᠷᠤᠯᠲᠠ ᠶ᠋ᠢᠨ ᠠᠷᠭ᠎ᠠ》 ᠶ᠋ᠢᠨ ᠪᠤᠳᠤᠭᠲᠤ ᠤᠬᠠᠭᠤᠯᠭ᠎ᠠ ᠶ᠋ᠢᠨ ᠬᠠᠭᠤᠳᠠᠰᠤ ᠶ᠋ᠢ ᠲᠠᠷᠬᠠᠭᠠᠵᠤ᠂ ᠪᠦᠬᠦ ᠬᠣᠱᠢᠭᠤᠨ ᠤ᠋ ᠨᠡᠢᠭᠡᠮ ᠦ᠋ᠨ ᠥᠩᠭᠡᠨ ᠬᠡᠷᠡᠭᠯᠡᠭᠡᠨ ᠳ᠋ᠦ᠍ ᠮᠣᠩᠭᠤᠯ ᠬᠢᠲᠠᠳ ᠬᠣᠶᠠᠷ ᠲᠥᠷᠦᠯ ᠦ᠋ᠨ ᠦᠰᠦᠭ ᠪᠢᠴᠢᠭ ᠢ᠋ ᠵᠡᠷᠭᠡ ᠪᠡᠷ ᠬᠡᠷᠡᠭᠯᠡᠬᠦ ᠶ᠋ᠢᠨ ᠳᠦᠷᠢᠮᠵᠢᠭᠦᠯᠦᠯᠲᠡ ᠂  ᠪᠠᠷᠢᠮᠵᠢᠶᠠᠵᠢᠭᠤᠯᠤᠯᠲᠠ ᠶ᠋ᠢᠨ ᠲᠦᠪᠱᠢᠨ ᠢ᠋ ᠮᠡᠳᠡᠭᠳᠡᠮ᠎ᠡ ᠳᠡᠭᠡᠭᠱᠢᠯᠡᠭᠦᠯᠵᠦ᠂ ᠬᠣᠶᠠᠷ ᠬᠡᠯᠡᠨ ᠦ᠌ ᠡᠶ᠎ᠡ ᠵᠣᠬᠢᠴᠠᠯ ᠤ᠋ᠨ ᠪᠠᠢᠭᠤᠯᠤᠯᠲᠠ ᠶ᠋ᠢ ᠤᠯᠠᠮ ᠴᠢᠩᠭᠠᠳᠭᠠᠵᠠᠢ᠃

 

 

ᠣᠷᠴᠢᠭᠤᠯᠤᠭᠴᠢ᠄ ᠯᠢᠶᠠᠩ ᠬᠠᠢ ᠢᠦᠢ

ᠬᠢᠨᠠᠭᠴᠢ᠄ ᠪᠤᠶᠠᠨ᠌ᠦ᠌ᠯᠵᠡᠢ

ᠬᠠᠷᠢᠭᠤᠴᠠᠭᠰᠠᠨ ᠨᠠᠢᠷᠠᠭᠤᠯᠤᠭᠴᠢ᠄ ᠯᠢᠶᠠᠩ ᠬᠠᠢ ᠢᠦᠢ

ᠸᠢᠴᠠᠲ ᠲᠤ ᠪᠠᠨ ᠬᠤᠪᠢᠶᠠᠯᠴᠠᠬᠤ