ᠲᠦᠩᠯᠢᠶᠤᠤ ᠬᠣᠲᠠ ᠶ᠋ᠢᠨ ᠬᠣᠷᠴᠢᠨ ᠵᠡᠭᠦᠨ ᠭᠠᠷᠤᠨ ᠳᠤᠮᠳᠠᠳᠤ ᠬᠣᠱᠢᠭᠤᠨ ᠤ᠋ ᠠᠷᠠᠳ ᠤ᠋ᠨ ᠵᠠᠰᠠᠭ ᠤ᠋ᠨ ᠣᠷᠳᠤᠨ ᠤ᠋ ᠮᠣᠩᠭᠤᠯ ᠬᠡᠯᠡᠨ ᠦ᠌ ᠰᠦᠯᠵᠢᠶ᠎ᠡ ᠵᠢᠩᠬᠢᠨᠢ ᠪᠡᠷ ᠨᠡᠪᠲᠡᠷᠡᠪᠡ
ᠢᠷᠡᠯᠲᠡ᠄ ᠲᠦᠩᠯᠢᠶᠤᠤ ᠬᠣᠲᠠ ᠶ᠋ᠢᠨ ᠦᠨᠳᠦᠰᠦᠲᠡᠨ ᠦ᠌ ᠬᠡᠷᠡᠭ ᠡᠷᠬᠢᠯᠡᠬᠦ ᠵᠥᠪᠯᠡᠯ
2019.01.30

 

ᠬᠣᠷᠴᠢᠨ ᠵᠡᠭᠦᠨ ᠭᠠᠷᠤᠨ ᠳᠤᠮᠳᠠᠳᠤ ᠬᠣᠱᠢᠭᠤᠨ ᠤ᠋ ᠦᠵᠡᠯ ᠤᠬᠠᠮᠰᠠᠷ ᠤ᠋ᠨ ᠬᠡᠯᠪᠡᠷᠢ ᠶ᠋ᠢᠨ ᠪᠠᠢᠭᠤᠯᠤᠯᠲᠠ ᠶ᠋ᠢ ᠤᠯᠠᠮ ᠴᠢᠩᠭᠠᠳᠭᠠᠵᠤ᠂ ᠨᠠᠮ ᠪᠠ ᠵᠠᠰᠠᠭ ᠤ᠋ᠨ ᠣᠷᠳᠤᠨ ᠤ᠋ ᠳᠠᠭᠤᠨ ᠢ᠋ ᠴᠠᠭ ᠲᠤᠬᠠᠢ ᠳ᠋ᠤ᠌ ᠨᠢ ᠳᠠᠮᠵᠢᠭᠤᠯᠵᠤ᠂ ᠥᠷᠭᠡᠨ ᠣᠯᠠᠨ ᠮᠣᠩᠭᠤᠯ ᠲᠦᠮᠡᠨ ᠪᠠ ᠵᠠᠰᠠᠭ ᠤ᠋ᠨ ᠣᠷᠳᠤᠨ ᠤ᠋ ᠬᠣᠭᠤᠷᠤᠨᠳᠤᠬᠢ ᠬᠠᠷᠢᠯᠴᠠᠭ᠎ᠠ ᠨᠡᠪᠲᠡᠷᠡᠯᠴᠡᠭᠡᠨ ᠦ᠌ ᠬᠡᠷᠡᠭᠴᠡᠭᠡ ᠶ᠋ᠢ ᠬᠠᠩᠭᠠᠬᠤ ᠶ᠋ᠢᠨ ᠲᠥᠯᠦᠭᠡ ᠲᠦᠩᠯᠢᠶᠤᠤ ᠬᠣᠲᠠ ᠶ᠋ᠢᠨ ᠬᠣᠷᠴᠢᠨ ᠵᠡᠭᠦᠨ ᠭᠠᠷᠤᠨ ᠳᠤᠮᠳᠠᠳᠤ ᠬᠣᠱᠢᠭᠤᠨ ᠤ᠋ ᠵᠠᠰᠠᠭ ᠤ᠋ᠨ ᠣᠷᠳᠤᠨ ᠤ᠋ ᠰᠦᠯᠵᠢᠶ᠎ᠡ ( ᠮᠣᠩᠭᠤᠯ ᠬᠡᠪᠯᠡᠯ) ᠶ᠋ᠢ 1 ᠳ᠋ᠦ᠍ᠭᠡᠷ ᠰᠠᠷ᠎ᠠ ᠶ᠋ᠢᠨ 28  ᠳ᠋ᠤ᠌ ᠵᠢᠩᠬᠢᠨᠢ ᠪᠡᠷ ᠨᠡᠪᠲᠡᠷᠡᠭᠦᠯᠪᠡ᠃ ᠲᠤᠰ ᠰᠦᠯᠵᠢᠶ᠎ᠡ 7 ᠶᠡᠬᠡ ᠪᠤᠯᠤᠩ᠂ 40 ᠳᠡᠳ᠋ ᠪᠤᠯᠤᠩ ᠢ᠋ ᠲᠣᠬᠢᠷᠠᠭᠤᠯᠵᠤ᠂ ᠶᠡᠷᠦᠩᠬᠡᠢ ᠴᠢᠬᠤᠯᠠ ᠮᠡᠳᠡᠭᠡ᠂ ᠵᠠᠰᠠᠭ ᠤ᠋ᠨ ᠶᠠᠪᠤᠳᠠᠯ ᠢ᠋ ᠢᠯᠡ ᠪᠣᠯᠭᠠᠬᠤ᠂ ᠣᠯᠠᠨ ᠨᠡᠢᠲᠡ ᠶ᠋ᠢᠨ ᠦᠢᠯᠡᠴᠢᠯᠡᠭᠡ ᠵᠡᠷᠭᠡ ᠴᠢᠳᠠᠮᠵᠢ ᠶ᠋ᠢ ᠳᠤᠪᠤᠢᠯᠭᠠᠵᠠᠢ᠃ ᠮᠣᠩᠭᠤᠯ  ᠬᠡᠯᠡᠨ ᠦ᠌ ᠰᠦᠯᠵᠢᠶᠡᠨ ᠦ᠌ ᠪᠠᠢᠭᠤᠯᠤᠯᠲᠠ ᠨᠢ ᠮᠣᠩᠭᠤᠯ ᠦᠨᠳᠦᠰᠦᠲᠡᠨ ᠦ᠌ ᠲᠠᠷᠢᠶᠠᠴᠢᠨ ᠮᠠᠯᠴᠢᠨ ᠲᠦᠮᠡᠨ ᠨᠠᠮ ᠤ᠋ᠨ ᠴᠢᠭᠯᠡᠯᠲᠡ ᠲᠥᠷᠦ ᠶ᠋ᠢᠨ ᠪᠣᠳᠤᠯᠭ᠎ᠠ ᠪᠠ ᠪᠦᠬᠦ ᠬᠣᠱᠢᠭᠤᠨ ᠤ᠋ ᠠᠵᠤ ᠠᠬᠤᠢ ᠨᠡᠢᠭᠡᠮ ᠦ᠋ᠨ ᠬᠥᠭᠵᠢᠯᠲᠡ ᠶ᠋ᠢᠨ ᠪᠠᠢᠳᠠᠯ ᠢ᠋ ᠴᠠᠭ ᠲᠤᠬᠠᠢ ᠳ᠋ᠤ᠌ ᠨᠢ ᠣᠢᠯᠠᠭᠠᠬᠤ᠂ ᠦᠨᠳᠦᠰᠦᠲᠡᠨ ᠦ᠌ ᠪᠦᠯᠬᠦᠮᠳᠡᠯ ᠢ᠋ ᠴᠢᠩᠭᠠᠳᠭᠠᠬᠤ᠂ ᠦᠢᠯᠡᠴᠢᠯᠡᠭᠡᠨ ᠦ᠌ ᠬᠡᠯᠪᠡᠷᠢᠲᠦ ᠵᠠᠰᠠᠭ ᠤ᠋ᠨ ᠣᠷᠳᠤᠨ ᠤ᠋ ᠪᠠᠢᠭᠤᠯᠤᠯᠲᠠ ᠶ᠋ᠢ ᠳᠡᠮᠵᠢᠨ ᠲᠤᠰᠠᠯᠠᠬᠤ ᠳ᠋ᠤ᠌ ᠴᠢᠬᠤᠯᠠ ᠠᠴᠢ ᠬᠣᠯᠪᠤᠭᠳᠠᠯ ᠲᠠᠢ ᠶᠤᠮ᠃

 

 

ᠣᠷᠴᠢᠭᠤᠯᠤᠭᠴᠢ᠄ ᠯᠢᠶᠠᠩ ᠬᠠᠢ ᠢᠦᠢ

ᠬᠢᠨᠠᠭᠴᠢ᠄ ᠪᠤᠶᠠᠨ᠌ᠥ᠌ᠯᠵᠡᠢ

ᠬᠠᠷᠢᠭᠤᠴᠠᠭᠰᠠᠨ ᠨᠠᠢᠷᠠᠭᠤᠯᠤᠭᠴᠢ᠄ ᠯᠢᠶᠠᠩ ᠬᠠᠢ ᠢᠦᠢ

ᠸᠢᠴᠠᠲ ᠲᠤ ᠪᠠᠨ ᠬᠤᠪᠢᠶᠠᠯᠴᠠᠬᠤ