ᠮᠣᠩᠭᠤᠯ ᠬᠡᠯᠡ ᠦᠰᠦᠭ ᠪᠢᠴᠢᠭ ᠦ᠋ᠨ ᠲᠣᠭᠠᠵᠢᠭᠤᠯᠤᠭᠰᠠᠨ ᠡᠬᠢ ᠪᠠᠶᠠᠯᠢᠭ ᠤ᠋ᠨ ᠪᠠᠢᠭᠤᠯᠤᠯᠲᠠ ᠪᠠ ᠬᠠᠮᠲᠤ ᠪᠠᠷ ᠡᠳ᠋ᠯᠡᠬᠦ ᠢᠨᠵᠧᠨᠧᠷᠢᠩ ᠦ᠋ᠨ ᠰᠡᠳᠦᠪ ᠢ᠋ ᠵᠣᠬᠢᠴᠠᠭᠤᠯᠤᠨ ᠠᠬᠢᠭᠤᠯᠬᠤ ᠬᠤᠷᠠᠯ ᠢ᠋ ᠬᠤᠷᠠᠯᠳᠤᠭᠤᠯᠪᠠ
ᠢᠷᠡᠯᠲᠡ᠄ ᠮᠣᠩᠭᠤᠯ ᠬᠡᠯᠡ ᠪᠢᠴᠢᠭ ᠦ᠋ᠨ ᠮᠡᠳᠡᠭᠡ ᠵᠠᠩᠭᠢᠵᠢᠯᠲᠠ ᠶ᠋ᠢᠨ ᠭᠠᠵᠠᠷ
2019.02.19

 

2 ᠳ᠋ᠤᠭᠠᠷ ᠰᠠᠷ᠎ᠠ ᠶ᠋ᠢᠨ 15 ᠤ᠋ ᠡᠳᠦᠷ ᠮᠣᠩᠭᠤᠯ ᠬᠡᠯᠡ ᠦᠰᠦᠭ ᠪᠢᠴᠢᠭ ᠦ᠋ᠨ ᠲᠣᠭᠠᠵᠢᠭᠤᠯᠤᠭᠰᠠᠨ ᠡᠬᠢ ᠪᠠᠶᠠᠯᠢᠭ ᠤ᠋ᠨ ᠪᠠᠢᠭᠤᠯᠤᠯᠲᠠ ᠪᠠ ᠬᠠᠮᠲᠤ ᠪᠠᠷ ᠡᠳ᠋ᠯᠡᠬᠦ ᠢᠨᠵᠧᠨᠧᠷᠢᠩ ᠦ᠋ᠨ ᠰᠡᠳᠦᠪ ᠢ᠋ ᠵᠣᠬᠢᠴᠠᠭᠤᠯᠤᠨ ᠠᠬᠢᠭᠤᠯᠬᠤ ᠬᠤᠷᠠᠯ ᠢ᠋ ᠥᠪᠦᠷ ᠮᠣᠩᠭᠤᠯ ᠤ᠋ᠨ ᠬᠡᠪᠯᠡᠯ ᠦ᠋ᠨ ᠪᠦᠯᠦᠭᠯᠡᠯ ᠳ᠋ᠦ᠍ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠤᠨ ᠤ᠋ ᠦᠨᠳᠦᠰᠦᠲᠡᠨ ᠦ᠌ ᠵᠥᠪᠯᠡᠯ ᠦ᠋ᠨ ᠮᠣᠩᠭᠤᠯ ᠬᠡᠯᠡ ᠪᠢᠴᠢᠭ ᠦ᠋ᠨ ᠮᠡᠳᠡᠭᠡ ᠵᠠᠩᠭᠢᠵᠢᠯᠲᠠ ᠶ᠋ᠢᠨ ᠭᠠᠵᠠᠷ᠂ ᠥᠪᠦᠷ ᠮᠣᠩᠭᠤᠯ ᠤ᠋ᠨ ᠬᠡᠪᠯᠡᠯ ᠦ᠋ᠨ ᠪᠦᠯᠦᠭᠯᠡᠯ᠂ ᠢᠨᠵᠧᠨᠧᠷᠢᠩ ᠢ᠋ ᠬᠢᠨᠠᠨ ᠬᠠᠮᠢᠶᠠᠷᠬᠤ ᠪᠠᠢᠭᠤᠯᠭ᠎ᠠ᠂ ᠡᠬᠢ ᠪᠠᠶᠠᠯᠢᠭ ᠢ᠋ ᠨᠢᠭᠡᠳᠦᠯᠲᠡᠢ ᠲᠥᠯᠦᠪᠯᠡᠬᠦ ᠪᠠ ᠱᠢᠰᠲ᠋ᠧᠮ ᠲᠡᠢ ᠡᠮᠬᠢᠳᠬᠡᠬᠦ ᠪᠠᠢᠭᠤᠯᠭ᠎ᠠ ᠶ᠋ᠢᠨ ᠰᠡᠳᠦᠪ ᠦ᠋ᠨ ᠬᠠᠷᠢᠭᠤᠴᠠᠯᠭᠠᠲᠠᠳ ᠬᠤᠷᠠᠯ ᠳ᠋ᠤ᠌ ᠣᠷᠤᠯᠴᠠᠵᠠᠢ᠃ ᠬᠤᠷᠠᠯ ᠠ᠋ᠴᠠ ᠰᠡᠳᠦᠪ ᠢ᠋ ᠬᠡᠷᠡᠭᠵᠢᠭᠦᠯᠬᠦ ᠠᠬᠢᠴᠠ᠂ ᠡᠬᠢ ᠪᠠᠶᠠᠯᠢᠭ ᠤ᠋ᠨ ᠭᠠᠷᠴᠠᠭ᠂ ᠬᠡᠪᠯᠡᠯ ᠦ᠋ᠨ ᠡᠷᠬᠡ᠂ ᠵᠣᠬᠢᠶᠠᠨ ᠪᠦᠲᠦᠭᠡᠬᠦ ᠡᠷᠬᠡ᠂ ᠥᠪᠡᠰᠦᠪᠡᠨ ᠴᠤᠭᠯᠠᠭᠤᠯᠤᠭᠰᠠᠨ ᠪᠡᠯᠡ ᠮᠥᠩᠭᠦ ᠵᠡᠷᠭᠡ ᠠᠰᠠᠭᠤᠳᠠᠯ ᠢ᠋ ᠬᠢᠨᠠᠮᠠᠭᠠᠢ ᠶᠠᠷᠢᠯᠴᠠᠵᠤ᠂ ᠬᠣᠯᠪᠤᠭᠳᠠᠯ ᠪᠦᠬᠦᠢ ᠪᠣᠳᠠᠲᠠᠢ ᠠᠵᠢᠯ ᠢ᠋ ᠰᠤᠳᠤᠯᠤᠨ ᠲᠣᠬᠢᠷᠠᠭᠤᠯᠵᠠᠢ᠃ ᠬᠤᠷᠠᠯ ᠠ᠋ᠴᠠ ᠪᠠᠰᠠ ᠡᠯ᠎ᠡ ᠰᠡᠳᠦᠪ ᠢ᠋ ᠳᠠᠭᠠᠭᠠᠴᠢᠯᠠᠭᠰᠠᠨ ᠪᠠᠢᠭᠤᠯᠭ᠎ᠠ ᠥᠪᠡᠷᠲᠡᠭᠡᠨ ᠵᠠᠰᠠᠬᠤ ᠣᠷᠤᠨ ᠤ᠋ ᠵᠠᠰᠠᠭ ᠤ᠋ᠨ ᠣᠷᠳᠤᠨ ᠤ᠋ ᠠᠵᠢᠯ ᠤ᠋ᠨ ᠲᠣᠬᠢᠷᠠᠭᠤᠯᠤᠯᠲᠠ ᠱᠠᠭᠠᠷᠳᠠᠯᠭ᠎ᠠ ᠶᠣᠰᠤᠭᠠᠷ ᠬᠠᠷᠢᠭᠤᠴᠠᠯᠭᠠᠲᠤ ᠤᠬᠠᠮᠰᠠᠷ ᠢ᠋ᠶ᠋ᠠᠨ ᠤᠯᠠᠮ ᠳᠡᠭᠡᠭᠱᠢᠯᠡᠭᠦᠯᠵᠦ᠂ ᠨᠢᠭᠡᠳᠦᠯᠲᠡᠢ ᠲᠥᠯᠦᠪᠯᠡᠨ ᠵᠣᠬᠢᠴᠠᠭᠤᠯᠵᠤ᠂ ᠨᠢᠭᠲᠠ ᠬᠠᠮᠵᠢᠯᠴᠠᠵᠤ᠂ ᠰᠡᠳᠦᠪ ᠢ᠋ ᠬᠡᠷᠡᠭᠵᠢᠭᠦᠯᠬᠦ ᠠᠵᠢᠯ ᠢ᠋ ᠴᠢᠨᠠᠷ ᠲᠣᠭ᠎ᠠ ᠶ᠋ᠢ ᠪᠠᠲᠤᠯᠠᠨ ᠲᠦᠷᠭᠡᠨ ᠠᠬᠢᠭᠤᠯᠵᠤ᠂ ᠲᠥᠰᠦᠯ ᠦ᠋ᠨ ᠦᠷ᠎ᠡ ᠠᠱᠢᠭ ᠢ᠋ ᠭᠦᠢᠴᠡᠳ ᠪᠠᠳᠠᠷᠠᠭᠤᠯᠵᠤ᠂ ᠮᠣᠩᠭᠤᠯ ᠬᠡᠯᠡ ᠦᠰᠦᠭ ᠪᠢᠴᠢᠭ ᠦ᠋ᠨ ᠮᠡᠳᠡᠭᠡ ᠵᠠᠩᠭᠢᠵᠢᠯᠲᠠ ᠶ᠋ᠢᠨ ᠪᠠᠢᠭᠤᠯᠤᠯᠲᠠ ᠶ᠋ᠢᠨ ᠰᠡᠳᠦᠪ ᠦ᠋ᠨ ᠦᠷ᠎ᠡ ᠠᠱᠢᠭ ᠢ᠋ ᠥᠷᠭᠡᠨ ᠣᠯᠠᠨ ᠴᠥᠭᠡᠨ ᠲᠣᠭᠠᠲᠤ ᠦᠨᠳᠦᠰᠦᠲᠡᠨ ᠦ᠌ ᠠᠷᠠᠳ ᠲᠦᠮᠡᠨ ᠳ᠋ᠦ᠍ ᠡᠳ᠋ᠯᠡᠭᠦᠯᠬᠦ ᠬᠡᠷᠡᠭᠲᠡᠢ ᠭᠡᠵᠡᠢ᠃

 

 

ᠣᠷᠴᠢᠭᠤᠯᠤᠭᠴᠢ᠄ ᠯᠢᠶᠠᠩ ᠬᠠᠢ ᠢᠦᠢ

ᠬᠢᠨᠠᠭᠴᠢ᠄ ᠪᠤᠶᠠᠨ᠌ᠥ᠌ᠯᠵᠡᠢ

ᠬᠠᠷᠢᠭᠤᠴᠠᠭᠰᠠᠨ ᠨᠠᠢᠷᠠᠭᠤᠯᠤᠭᠴᠢ᠄ ᠯᠢᠶᠠᠩ ᠬᠠᠢ ᠢᠦᠢ

ᠸᠢᠴᠠᠲ ᠲᠤ ᠪᠠᠨ ᠬᠤᠪᠢᠶᠠᠯᠴᠠᠬᠤ