ᠥᠪᠡᠷᠲᠡᠭᠡᠨ ᠵᠠᠰᠠᠬᠤ ᠣᠷᠤᠨ ᠤ᠋ ᠦᠨᠳᠦᠰᠦᠲᠡᠨ ᠦ᠌ ᠵᠥᠪᠯᠡᠯ ᠳᠥᠷᠪᠡᠳᠦᠭᠡᠷ ᠬᠤᠭᠤᠴᠠᠭᠠᠨ ᠤ᠋ ᠮᠣᠩᠭᠤᠯ ᠬᠡᠯᠡ ᠦᠰᠦᠭ ᠪᠢᠴᠢᠭ ᠦ᠋ᠨ ᠮᠡᠳᠡᠭᠡ ᠵᠠᠩᠭᠢᠵᠢᠯᠲᠠ ᠶ᠋ᠢᠨ ᠲᠥᠰᠦᠯ ᠦ᠋ᠨ ᠦᠷ᠎ᠡ ᠪᠦᠲᠦᠭᠡᠯ ᠢ᠋ ᠳᠡᠯᠭᠡᠷᠡᠭᠦᠯᠬᠦ ᠪᠣᠯᠪᠠᠰᠤᠷᠠᠯ ᠡᠷᠬᠢᠯᠡᠪᠡ
ᠢᠷᠡᠯᠲᠡ᠄ ᠮᠣᠩᠭᠤᠯ ᠬᠡᠯᠡ ᠪᠢᠴᠢᠭ ᠤ᠋ᠨ ᠮᠡᠳᠡᠭᠡ ᠵᠠᠩᠭᠢᠵᠢᠯᠲᠠ ᠶ᠋ᠢᠨ ᠭᠠᠵᠠᠷ
2018.11.21

 

10 ᠰᠠᠷ᠎ᠠ ᠶ᠋ᠢᠨ 31 ᠤ᠋ ᠡᠳᠦᠷ ᠥᠪᠡᠷᠲᠡᠭᠡᠨ ᠵᠠᠰᠠᠬᠤ ᠣᠷᠤᠨ ᠤ᠋ ᠦᠨᠳᠦᠰᠦᠲᠡᠨ ᠦ᠌ ᠵᠥᠪᠯᠡᠯ ᠳᠥᠷᠪᠡᠳᠦᠭᠡᠷ ᠬᠤᠭᠤᠴᠠᠭᠠᠨ ᠤ᠋ ᠮᠣᠩᠭᠤᠯ ᠬᠡᠯᠡ ᠦᠰᠦᠭ ᠪᠢᠴᠢᠭ ᠦ᠋ᠨ ᠮᠡᠳᠡᠭᠡ ᠵᠠᠩᠭᠢᠵᠢᠯᠲᠠ ᠶ᠋ᠢᠨ ᠲᠥᠰᠦᠯ ᠦ᠋ᠨ ᠦᠷ᠎ᠡ ᠪᠦᠲᠦᠭᠡᠯ ᠢ᠋ ᠳᠡᠯᠭᠡᠷᠡᠭᠦᠯᠬᠦ ᠪᠣᠯᠪᠠᠰᠤᠷᠠᠯ  ᠢ᠋ ᠬᠥᠬᠡᠬᠣᠲᠠ ᠳ᠋ᠤ᠌ ᠡᠷᠬᠢᠯᠡᠪᠡ ᠃ ᠥᠪᠡᠷᠲᠡᠭᠡᠨ ᠵᠠᠰᠠᠬᠤ ᠣᠷᠤᠨ ᠤ᠋ ᠦᠨᠳᠦᠰᠦᠲᠡᠨ ᠦ᠌ ᠵᠥᠪᠯᠡᠯ ᠦ᠋ᠨ ᠮᠣᠩᠭᠤᠯ ᠬᠡᠯᠡ ᠪᠢᠴᠢᠭ ᠦ᠋ᠨ ᠮᠡᠳᠡᠭᠡ ᠵᠠᠩᠭᠢᠵᠢᠯᠲᠠ ᠶ᠋ᠢᠨ ᠭᠠᠵᠠᠷ᠂ ᠮᠣᠩᠭᠤᠯ ᠦᠭᠡ ᠬᠡᠯᠡ ᠦᠰᠦᠭ ᠪᠢᠴᠢᠭ ᠦ᠋ᠨ ᠰᠤᠳᠤᠯᠭ᠎ᠠ ᠬᠡᠷᠡᠭᠯᠡᠭᠡᠨ ᠦ᠌ ᠲᠥᠪ ᠦ᠋ᠨ ᠬᠣᠯᠪᠤᠭᠳᠠᠯ ᠪᠦᠬᠦᠢ ᠬᠥᠮᠦᠰ  ᠡᠴᠡ ᠤᠯᠤᠰ ᠤ᠋ᠨ ᠮᠡᠳᠡᠭᠡ ᠵᠠᠩᠭᠢᠵᠢᠯᠲᠠ ᠶ᠋ᠢᠨ ᠬᠥᠭᠵᠢᠯᠲᠡ ᠶ᠋ᠢᠨ ᠲᠣᠢᠮᠤ ᠪᠠ ᠮᠣᠩᠭᠤᠯ ᠬᠡᠯᠡ ᠦᠰᠦᠭ ᠪᠢᠴᠢᠭ ᠦ᠋ᠨ ᠮᠡᠳᠡᠭᠡ ᠵᠠᠩᠭᠢᠵᠢᠯᠲᠠ ᠶ᠋ᠢᠨ ᠠᠵᠢᠯ ᠂ ᠮᠣᠩᠭᠤᠯ ᠬᠡᠯᠡ ᠦᠰᠦᠭ ᠪᠢᠴᠢᠭ ᠦ᠋ᠨ ᠮᠡᠳᠡᠭᠡ ᠵᠠᠩᠭᠢᠵᠢᠯᠲᠠ ᠶ᠋ᠢᠨ ᠲᠤᠰᠭᠠᠢ ᠲᠡᠳᠬᠦᠬᠦ ᠲᠥᠰᠦᠯ ᠦ᠋ᠨ ᠦᠷ᠎ᠡ ᠪᠦᠲᠦᠭᠡᠯ ᠦ᠋ᠨ ᠵᠢᠱ᠌ᠢᠭ᠂ ᠮᠣᠩᠭᠤᠯ ᠬᠡᠯᠡ ᠦᠰᠦᠭ ᠪᠢᠴᠢᠭ ᠦ᠋ᠨ ᠲᠣᠭᠠᠵᠢᠭᠤᠯᠤᠭᠰᠠᠨ ᠡᠬᠢ ᠪᠠᠶᠠᠯᠢᠭ ᠤ᠋ᠨ ᠪᠠᠢᠭᠤᠯᠤᠯᠲᠠ ᠪᠠ ᠬᠠᠮᠲᠤ ᠪᠠᠷ ᠡᠳ᠋ᠯᠡᠬᠦ ᠢᠨᠵᠧᠨᠧᠷᠢᠩ᠂  ᠥᠪᠦᠷ ᠮᠣᠩᠭᠤᠯ ᠤ᠋ᠨ ᠥᠪᠡᠷᠲᠡᠭᠡᠨ ᠵᠠᠰᠠᠬᠤ ᠣᠷᠤᠨ ᠤ᠋ ᠮᠣᠩᠭᠤᠯ ᠦᠭᠡ ᠬᠡᠯᠡ ᠦᠰᠦᠭ ᠪᠢᠴᠢᠭ ᠦ᠋ᠨ ᠰᠦᠯᠵᠢᠶ᠎ᠡ  ᠪᠠ ᠮᠣᠩᠭᠤᠯ ᠬᠡᠯᠡ ᠪᠢᠴᠢᠭ ᠦ᠋ᠨ ᠠᠵᠢᠯ ᠤ᠋ᠨ ᠲᠤᠬᠠᠢᠯᠠᠭᠰᠠᠨ ᠠᠵᠢᠯ ᠤ᠋ᠨ ᠬᠠᠮᠢᠶᠠᠷᠤᠯᠲᠠ ᠶ᠋ᠢᠨ ᠱᠢᠰᠲ᠋ᠧᠮ ᠵᠡᠷᠭᠡ ᠲᠤᠰᠭᠠᠢ ᠰᠡᠳᠦᠪ ᠢ᠋ᠶ᠋ᠡᠷ   ᠲᠠᠢᠯᠤᠮᠵᠢ ᠬᠢᠪᠡ᠃ ᠪᠣᠯᠪᠠᠰᠤᠷᠠᠯ ᠳ᠋ᠤ᠌ ᠣᠷᠤᠯᠴᠠᠭᠰᠠᠳ ᠮᠠᠨ ᠤ᠋ ᠣᠷᠤᠨ ᠤ᠋ ᠮᠣᠩᠭᠤᠯ ᠬᠡᠯᠡ ᠦᠰᠦᠭ ᠪᠢᠴᠢᠭ ᠦ᠋ᠨ ᠮᠡᠳᠡᠭᠡ ᠵᠠᠩᠭᠢᠵᠢᠯᠲᠠ ᠶ᠋ᠢᠨ ᠠᠵᠢᠯ ᠢ᠋ ᠤᠯᠠᠮ ᠵᠥᠪ ᠲᠠᠨᠢᠭᠰᠠᠨ ᠪᠥᠭᠡᠳ ᠭᠦᠨᠵᠡᠭᠡᠢ ᠣᠢᠯᠠᠭᠠᠵᠤ᠂ ᠣᠷᠴᠢᠮ ᠤ᠋ᠨ ᠬᠡᠳᠦᠨ ᠵᠢᠯ ᠳ᠋ᠦ᠍ ᠣᠯᠤᠭᠰᠠᠨ ᠲᠥᠰᠦᠯ ᠦ᠋ᠨ ᠦᠷ᠎ᠡ ᠪᠦᠲᠦᠮᠵᠢ ᠶ᠋ᠢ ᠡᠵᠡᠮᠰᠢᠭᠰᠡᠨ ᠤ᠋ ᠳᠠᠭᠠᠤ ᠠᠩᠬᠠᠷᠤᠮᠵᠢ ᠪᠡᠨ ᠨᠡᠮᠡᠭᠳᠡᠭᠦᠯᠵᠦ᠂ ᠬᠡᠷᠡᠭᠯᠡᠭᠡᠨ ᠦ᠌ ᠲᠦᠪᠱᠢᠨ  ᠢ᠋ᠶ᠋ᠡᠨ ᠳᠡᠭᠡᠭᠱᠢᠯᠡᠭᠦᠯᠦᠭᠰᠡᠨ ᠪᠠᠢᠨ᠎ᠠ᠃

 

ᠪᠣᠯᠪᠠᠰᠤᠷᠠᠯ ᠤ᠋ᠨ ᠳᠤᠮᠳᠠ ᠪᠠᠰᠠ《ᠮᠣᠩᠭᠤᠯ ᠬᠡᠯᠡ ᠦᠰᠦᠭ ᠪᠢᠴᠢᠭ ᠦ᠋ᠨ ᠮᠡᠳᠡᠭᠡ ᠵᠠᠩᠭᠢᠵᠢᠯᠲᠠ ᠶ᠋ᠢᠨ ᠠᠵᠢᠯ ᠤ᠋ᠨ ᠪᠠᠢᠴᠠᠭᠠᠯᠲᠠ ᠶ᠋ᠢᠨ ᠬᠦᠰᠦᠨᠦᠭᠲᠦ》 ᠶ᠋ᠢ ᠲᠠᠷᠬᠠᠭᠠᠵᠤ᠂ ᠮᠣᠩᠭᠤᠯ ᠬᠡᠯᠡ ᠦᠰᠦᠭ ᠪᠢᠴᠢᠭ ᠦ᠋ᠨ ᠮᠡᠳᠡᠭᠡ ᠵᠠᠩᠭᠢᠵᠢᠯᠲᠠ ᠶ᠋ᠢᠨ ᠬᠥᠭᠵᠢᠯᠲᠡ ᠶ᠋ᠢᠨ ᠪᠠᠢᠳᠠᠯ᠂ ᠣᠷᠤᠱᠢᠵᠤ ᠪᠠᠢᠭ᠎ᠠ ᠠᠰᠠᠭᠤᠳᠠᠯ᠂ ᠵᠢᠴᠢ ᠬᠣᠢᠰᠢᠳᠠ ᠶ᠋ᠢᠨ ᠠᠵᠢᠯ ᠢ᠋ ᠬᠡᠷᠬᠢᠨ ᠥᠷᠨᠢᠭᠦᠯᠬᠦ ᠲᠤᠬᠠᠢ ᠣᠢᠯᠠᠭᠠᠵᠤ᠂ ᠳᠠᠷᠠᠭᠠᠴᠢ ᠪᠠᠷ ᠮᠣᠩᠭᠤᠯ ᠬᠡᠯᠡ ᠦᠰᠦᠭ ᠪᠢᠴᠢᠭ ᠦ᠋ᠨ ᠮᠡᠳᠡᠭᠡ ᠵᠠᠩᠭᠢᠵᠢᠯᠲᠠ ᠶ᠋ᠢᠨ ᠠᠵᠢᠯ ᠢ᠋ ᠥᠷᠨᠢᠭᠦᠯᠬᠦ ᠳ᠋ᠦ᠍ ᠰᠠᠨᠠᠯ ᠰᠠᠨᠠᠭᠤᠯᠭ᠎ᠠ ᠶ᠋ᠢ ᠬᠤᠷᠢᠶᠠᠵᠤ᠂ ᠠᠷᠠᠳ ᠤ᠋ᠨ ᠰᠡᠳᠬᠢᠯ ᠢ᠋ ᠣᠢᠯᠠᠭᠠᠵᠤ᠂ ᠠᠷᠠᠳ ᠤ᠋ᠨ ᠬᠦᠰᠡᠯ ᠢ᠋ ᠰᠣᠨᠤᠰᠴᠤ᠂ ᠠᠷᠠᠳ ᠤ᠋ᠨ ᠬᠡᠷᠡᠭᠴᠡᠭᠡ ᠶ᠋ᠢ ᠱᠢᠢᠳᠪᠦᠷᠢᠯᠡᠵᠦ᠂ ᠥᠷᠭᠡᠨ ᠣᠯᠠᠨ ᠲᠦᠮᠡᠨ ᠳ᠋ᠦ᠍  ᠨᠡᠩ ᠰᠠᠢᠨ ᠦᠢᠯᠡᠴᠢᠯᠡᠬᠦ ᠳ᠋ᠦ᠍ ᠪᠠᠷᠢᠮᠲᠠ ᠣᠯᠵᠠᠢ᠃

 

2018 ᠣᠨ ᠳ᠋ᠤ᠌ ᠪᠠᠶᠠᠨᠨᠠᠭᠤᠷ ᠬᠣᠲᠠ ( ᠪᠠᠷᠠᠭᠤᠨ ᠬᠡᠰᠡᠭ ᠤ᠋ᠨ ᠭᠠᠵᠠᠷ ᠣᠷᠤᠨ)᠂ ᠤᠯᠠᠭᠠᠨᠬᠣᠲᠠ ᠬᠣᠲᠠ ( ᠳᠤᠮᠳᠠ ᠬᠡᠰᠡᠭ ᠤ᠋ᠨ ᠭᠠᠵᠠᠷ ᠣᠷᠤᠨ)᠂ ᠬᠥᠯᠦᠨ ᠪᠦᠢᠷ ᠬᠣᠲᠠ ( ᠵᠡᠭᠦᠨ ᠬᠡᠰᠡᠭ ᠤ᠋ᠨ ᠭᠠᠵᠠᠷ ᠣᠷᠤᠨ)᠂ ᠬᠥᠬᠡᠬᠣᠲᠠ ᠵᠡᠷᠭᠡ ᠭᠠᠵᠠᠷ ᠣᠷᠤᠨ ᠳ᠋ᠤ᠌ ᠳᠥᠷᠪᠡ ᠤᠳᠠᠭᠠᠨ ᠤ᠋ ᠪᠣᠯᠪᠠᠰᠤᠷᠠᠯ ᠬᠢᠬᠦ ᠪᠡᠷ ᠳᠠᠮᠵᠢᠭᠤᠯᠤᠯᠨ᠂ ᠠᠢᠮᠠᠭ ᠬᠣᠲᠠ ᠪᠠ ᠬᠣᠰᠢᠭᠤ ᠰᠢᠶᠠᠨ ᠤ᠋ ᠦᠨᠳᠦᠰᠦᠲᠡᠨ ᠤ᠋ ᠵᠥᠪᠯᠡᠯ ᠤ᠋ᠨ ᠮᠣᠩᠭᠤᠯ ᠦᠭᠡ ᠬᠡᠯᠡ ᠦᠰᠦᠭ ᠪᠢᠴᠢᠭ ᠤ᠋ᠨ ᠬᠠᠮᠢᠶᠠᠲᠠᠢ ᠠᠵᠢᠯᠲᠠᠨ᠂ ᠡᠯ᠎ᠡ ᠭᠠᠵᠠᠷ  ᠣᠷᠤᠨ ᠤ᠋ ᠰᠤᠷᠭᠠᠭᠤᠯᠢ᠂ ᠰᠣᠨᠢᠨ ᠮᠡᠳᠡᠭᠡ ᠵᠠᠭᠤᠴᠢᠯᠠᠭᠤᠷ᠂ ᠬᠡᠪᠯᠡᠯ ᠵᠡᠷᠭᠡ ᠮᠣᠩᠭᠤᠯ ᠬᠡᠯᠡ ᠪᠢᠴᠢᠭ ᠤ᠋ᠨ ᠠᠵᠢᠯ ᠳ᠋ᠤ᠌ ᠬᠣᠯᠪᠤᠭᠳᠠᠬᠤ ᠠᠵᠢᠯ ᠲᠥᠷᠦᠯ ᠤ᠋ᠨ400 ᠰᠢᠬᠠᠮ ᠬᠥᠮᠦᠨ ᠪᠣᠯᠪᠠᠰᠤᠷᠠᠯ ᠳ᠋ᠤ᠌ ᠣᠷᠤᠯᠴᠠᠵᠤ᠂ ᠮᠣᠩᠭᠤᠯ ᠦᠭᠡ ᠬᠡᠯᠡ ᠦᠰᠦᠭ ᠪᠢᠴᠢᠭ ᠤ᠋ᠨ ᠮᠡᠳᠡᠭᠡ ᠵᠠᠩᠭᠢ ᠶ᠋ᠢᠨ ᠡᠬᠢ ᠪᠠᠶᠠᠯᠢᠭ ᠥᠷᠭᠡᠨ ᠢ᠋ᠶ᠋ᠡᠷ ᠠᠰᠢᠭᠯᠠᠭᠳᠠᠬᠤ ᠪᠣᠯᠵᠤ᠂ ᠮᠣᠩᠭᠤᠯ ᠦᠭᠡ ᠬᠡᠯᠡ ᠦᠰᠦᠭ ᠪᠢᠴᠢᠭ ᠤ᠋ᠨ ᠮᠡᠳᠡᠭᠡ ᠵᠠᠩᠭᠢᠵᠢᠯᠲᠠ ᠶ᠋ᠢᠨ ᠦᠢᠯᠡᠴᠢᠯᠡᠭᠡᠨ ᠤ᠋ ᠲᠦᠪᠰᠢᠨ ᠢ᠋ ᠶᠡᠬᠡᠪᠡᠷ ᠳᠡᠭᠡᠭᠰᠢᠯᠡᠭᠦᠯᠵᠡᠢ᠃

 

 

ᠣᠷᠴᠢᠭᠤᠯᠤᠭᠴᠢ᠄ ᠡᠷᠳᠡᠨᠢᠴᠡᠴᠡᠭ

ᠬᠢᠨᠠᠭᠴᠢ᠄ ᠪᠤᠶᠠᠨ᠌ᠥ᠌ᠯᠵᠡᠢ

ᠬᠠᠷᠢᠭᠤᠴᠠᠭᠰᠠᠨ ᠨᠠᠢᠷᠠᠭᠤᠯᠤᠭᠴᠢ᠄ ᠡᠷᠳᠡᠨᠢᠴᠡᠴᠡᠭ

ᠸᠢᠴᠠᠲ ᠲᠤ ᠪᠠᠨ ᠬᠤᠪᠢᠶᠠᠯᠴᠠᠬᠤ