ᠥᠪᠡᠷᠲᠡᠭᠡᠨ ᠵᠠᠰᠠᠬᠤ ᠣᠷᠤᠨ ᠤ᠋ ᠦᠨᠳᠦᠰᠦᠲᠡᠨ ᠤ᠋ ᠵᠥᠪᠯᠡᠯ  ᠮᠣᠩᠭᠤᠯ ᠦᠭᠡ ᠬᠡᠯᠡ ᠦᠰᠦᠭ ᠪᠢᠴᠢᠭ ᠤ᠋ᠨ ᠲᠣᠭᠠᠵᠢᠭᠤᠯᠤᠭᠰᠠᠨ ᠡᠬᠢ ᠪᠠᠶᠠᠯᠢᠭ ᠤ᠋ᠨ ᠪᠠᠢᠭᠤᠯᠤᠯᠲᠠ ᠪᠠ ᠬᠠᠮᠲᠤ ᠪᠡᠷ ᠡᠳ᠋ᠯᠡᠬᠦ ᠢᠨᠵᠸᠨᠧᠷᠢᠩ  ᠤ᠋ᠨ ᠲᠥᠰᠦᠯ ᠤ᠋ᠨ ᠰᠣᠨᠢᠨ ᠮᠡᠳᠡᠭᠡ ᠨᠡᠢᠲᠡᠯᠡᠬᠦ ᠬᠤᠷᠠᠯ  ᠢ᠋ ᠬᠤᠷᠠᠯᠳᠤᠭᠤᠯᠪᠠ
ᠢᠷᠡᠯᠲᠡ᠄ ᠮᠣᠩᠭᠤᠯ ᠬᠡᠯᠡ ᠪᠢᠴᠢᠭ ᠦ᠋ᠨ ᠮᠡᠳᠡᠭᠡ ᠵᠠᠩᠭᠢᠵᠢᠯᠲᠠ ᠶ᠋ᠢᠨ ᠭᠠᠵᠠᠷ
2019.01.14

 

12 ᠰᠠᠷ᠎ᠠ ᠶ᠋ᠢᠨ 28 ᠦ᠌ ᠡᠳᠦᠷ ᠥᠪᠦᠷ ᠮᠣᠩᠭᠤᠯ ᠤ᠋ᠨ ᠥᠪᠡᠷᠲᠡᠭᠡᠨ ᠵᠠᠰᠠᠬᠤ ᠣᠷᠤᠨ ᠤ᠋ ᠦᠨᠳᠦᠰᠦᠲᠡᠨ ᠦ᠌ ᠵᠥᠪᠯᠡᠯ ᠮᠣᠩᠭᠤᠯ ᠦᠭᠡ ᠬᠡᠯᠡ ᠦᠰᠦᠭ ᠪᠢᠴᠢᠭ ᠦ᠋ᠨ ᠲᠣᠭᠠᠵᠢᠭᠤᠯᠤᠭᠰᠠᠨ ᠡᠬᠢ ᠪᠠᠶᠠᠯᠢᠭ  ᠤ᠋ᠨ ᠪᠠᠢᠭᠤᠯᠤᠯᠲᠠ ᠪᠠ ᠬᠠᠮᠲᠤ ᠪᠠᠷ ᠡᠳ᠋ᠯᠡᠬᠦ ᠢᠨᠵᠸᠨᠧᠷᠢᠩ ᠤᠨ ᠲᠥᠰᠦᠯ ᠦ᠋ᠨ ᠰᠣᠨᠢᠨ ᠮᠡᠳᠡᠭᠡ ᠨᠡᠢᠲᠡᠯᠡᠬᠦ ᠬᠤᠷᠠᠯ  ᠢ᠋ ᠬᠤᠷᠠᠯᠳᠤᠭᠤᠯᠪᠠ᠃ ᠬᠤᠷᠠᠯ ᠳᠡᠭᠡᠷ᠎ᠡ ᠦᠨᠳᠦᠰᠦᠲᠡᠨ ᠦ᠌ ᠵᠥᠪᠯᠡᠯ ᠦ᠋ᠨ ᠨᠠᠮ ᠤ᠋ᠨ  ᠳᠤᠭᠤᠢᠯᠠᠩ ᠦ᠋ᠨ ᠭᠡᠱᠢᠭᠦᠨ ᠰᠠᠴᠤᠷᠠᠯᠲᠤ ᠳᠡᠳ᠋ ᠡᠷᠬᠢᠯᠡᠭᠴᠢ  ᠮᠣᠩᠭᠤᠯ ᠦᠭᠡ ᠬᠡᠯᠡ ᠦᠰᠦᠭ ᠪᠢᠴᠢᠭ ᠦ᠋ᠨ ᠲᠣᠭᠠᠵᠢᠭᠤᠯᠤᠭᠰᠠᠨ ᠡᠬᠢ ᠪᠠᠶᠠᠯᠢᠭ  ᠤ᠋ᠨ ᠪᠠᠢᠭᠤᠯᠤᠯᠲᠠ ᠪᠠ ᠬᠠᠮᠲᠤ ᠪᠠᠷ ᠡᠳ᠋ᠯᠡᠬᠦ ᠢᠨᠵᠸᠨᠧᠷᠢᠩ ᠤᠨ ᠲᠥᠰᠦᠯ ᠦ᠋ᠨ ᠲᠤᠬᠠᠢ ᠲᠠᠨᠢᠯᠴᠠᠭᠤᠯᠬᠤ ᠶ᠋ᠢᠨ ᠬᠠᠮᠲᠤ ᠮᠣᠩᠭᠤᠯ ᠬᠡᠯᠡᠨ ᠦ᠌ ᠬᠠᠢᠯᠲᠠ ᠶᠢᠨ ᠱᠢᠰᠲ᠋ᠧᠮ ᠦ᠋ᠨ ᠴᠢᠳᠠᠮᠵᠢ ᠪᠠ ᠣᠨᠴᠠᠯᠢᠭ ᠵᠡᠷᠭᠡ ᠬᠣᠯᠪᠤᠭᠳᠠᠬᠤ ᠠᠭᠤᠯᠭ᠎ᠠ ᠶ᠋ᠢ ᠨᠠᠷᠢᠯᠢᠭ ᠲᠠᠨᠢᠯᠴᠠᠭᠤᠯᠵᠠᠢ᠃

ᠣᠢᠷ᠎ᠠ ᠶ᠋ᠢᠨ ᠵᠢᠯ  ᠳ᠋ᠤ᠌ ᠥᠪᠡᠷᠲᠡᠭᠡᠨ ᠵᠠᠰᠠᠬᠤ ᠣᠷᠤᠨ ᠤ᠋ ᠨᠠᠮ ᠤ᠋ᠨ ᠬᠣᠷᠢᠶ᠎ᠠ ᠪᠠ ᠵᠠᠰᠠᠭ ᠤ᠋ᠨ ᠣᠷᠳᠤᠨ  ᠮᠣᠩᠭᠤᠯ ᠦᠭᠡ ᠬᠡᠯᠡ ᠦᠰᠦᠭ ᠪᠢᠴᠢᠭ ᠦ᠋ᠨ ᠮᠡᠳᠡᠭᠡ ᠵᠠᠩᠭᠢᠵᠢᠯᠲᠠ ᠶ᠋ᠢᠨ ᠠᠵᠢᠯ ᠢ᠋  ᠲᠤᠩ ᠴᠢᠬᠤᠯᠠᠴᠢᠯᠠᠨ ᠦᠵᠡᠵᠦ᠂《ᠮᠣᠩᠭᠤᠯ ᠦᠭᠡ ᠬᠡᠯᠡ ᠦᠰᠦᠭ ᠪᠢᠴᠢᠭ ᠦ᠋ᠨ ᠮᠡᠳᠡᠭᠡ ᠵᠠᠩᠭᠢᠵᠢᠯᠲᠠ ᠶ᠋ᠢᠨ ᠪᠠᠢᠭᠤᠯᠤᠯᠲᠠ ᠶ᠋ᠢ ᠲᠦᠷᠭᠡᠳᠭᠡᠨ ᠠᠬᠢᠭᠤᠯᠬᠤ ᠲᠤᠬᠠᠢ ᠥᠪᠦᠷ ᠮᠣᠩᠭᠤᠯ ᠤ᠋ᠨ ᠥᠪᠡᠷᠲᠡᠭᠡᠨ ᠵᠠᠰᠠᠬᠤ ᠣᠷᠤᠨ ᠤ᠋ ᠠᠷᠠᠳ ᠤ᠋ᠨ ᠵᠠᠰᠠᠭ ᠤ᠋ᠨ ᠣᠷᠤᠨ ᠤ᠋ ᠰᠠᠨᠠᠯ》᠂《ᠥᠪᠦᠷ ᠮᠣᠩᠭᠤᠯ ᠤ᠋ᠨ ᠥᠪᠡᠷᠲᠡᠭᠡᠨ ᠵᠠᠰᠠᠬᠤ ᠣᠷᠤᠨ ᠤ᠋ ᠮᠣᠩᠭᠤᠯ ᠦᠭᠡ ᠬᠡᠯᠡ ᠦᠰᠦᠭ ᠪᠢᠴᠢᠭ ᠦ᠋ᠨ ᠮᠡᠳᠡᠭᠡ ᠵᠠᠩᠭᠢᠵᠢᠯᠲᠠ ᠶ᠋ᠢᠨ ᠳᠤᠮᠳᠠ ᠤᠷᠲᠤ ᠬᠤᠭᠤᠴᠠᠭᠠᠨ ᠤ᠋ ᠲᠥᠯᠦᠪᠵᠢᠭᠦᠯᠭᠡ (2014-2020)》ᠵᠡᠷᠭᠡ ᠪᠢᠴᠢᠭ ᠮᠠᠲ᠋ᠧᠷᠢᠶᠠᠯ ᠢ᠋ ᠨᠡᠢᠲᠡᠯᠡᠵᠦ᠂ ᠮᠣᠩᠭᠤᠯ ᠦᠭᠡ ᠬᠡᠯᠡ ᠦᠰᠦᠭ ᠪᠢᠴᠢᠭ ᠦ᠋ᠨ ᠮᠡᠳᠡᠭᠡ ᠵᠠᠩᠭᠢᠵᠢᠯᠲᠠ ᠶ᠋ᠢᠨ ᠪᠠᠢᠭᠤᠯᠤᠯᠲᠠ ᠳ᠋ᠤ᠌ ᠱᠢᠯᠢᠳᠡᠭ ᠰᠠᠢᠬᠠᠨ ᠤᠯᠤᠰ ᠲᠥᠷᠦ ᠶ᠋ᠢᠨ ᠣᠷᠴᠢᠨ ᠢ᠋ ᠬᠠᠩᠭᠠᠭᠰᠠᠨ ᠪᠠᠢᠨ᠎ᠠ᠃ 2013 ᠣᠨ ᠳ᠋ᠤ᠌ ᠥᠪᠡᠷᠲᠡᠭᠡᠨ ᠵᠠᠰᠠᠬᠤ ᠣᠷᠤᠨ ᠤ᠋ ᠦᠨᠳᠦᠰᠦᠲᠡᠨ ᠦ᠌ ᠵᠥᠪᠯᠡᠯ  ᠮᠣᠩᠭᠤᠯ ᠦᠭᠡ ᠬᠡᠯᠡ ᠦᠰᠦᠭ ᠪᠢᠴᠢᠭ ᠦ᠋ᠨ  ᠲᠣᠭᠠᠵᠢᠭᠤᠯᠤᠭᠰᠠᠨ ᠡᠬᠢ ᠪᠠᠶᠠᠯᠢᠭ ᠤ᠋ᠨ ᠪᠠᠢᠭᠤᠯᠤᠯᠲᠠ ᠪᠠ ᠬᠠᠮᠲᠤ ᠪᠠᠷ ᠡᠳ᠋ᠯᠡᠬᠦ ᠢᠨᠵᠸᠨᠧᠷᠢᠩ ᠤᠨ ᠲᠥᠰᠦᠯ ᠲᠣᠭᠲᠠᠭᠠᠬᠤ ᠠᠵᠢᠯ  ᠢ᠋ ᠡᠬᠢᠯᠡᠭᠦᠯᠵᠦ᠂ 2014 ᠣᠨ ᠤ᠋ 9 ᠰᠠᠷ᠎ᠠ ᠳ᠋ᠤ᠌ ᠥᠪᠡᠷᠲᠡᠭᠡᠨ ᠵᠠᠰᠠᠬᠤ ᠣᠷᠤᠨ ᠤ᠋ ᠬᠥᠭᠵᠢᠭᠦᠯᠦᠯᠲᠡ ᠪᠠ ᠥᠭᠡᠷᠡᠴᠢᠯᠡᠯᠲᠡ ᠶ᠋ᠢᠨ ᠵᠥᠪᠯᠡᠯ ᠡᠴᠡ ᠵᠥᠪᠱᠢᠶᠡᠷᠡᠵᠦ᠂ 2015 ᠣᠨ ᠤ᠋ 11 ᠰᠠᠷ᠎ᠠ ᠥᠪᠡᠷᠲᠡᠭᠡᠨ ᠵᠠᠰᠠᠬᠤ ᠣᠷᠤᠨ ᠤ᠋ ᠬᠥᠭᠵᠢᠭᠦᠯᠦᠯᠲᠡ ᠪᠠ ᠥᠭᠡᠷᠡᠴᠢᠯᠡᠯᠲᠡ ᠶ᠋ᠢᠨ ᠵᠥᠪᠯᠡᠯ ᠡᠴᠡ《ᠲᠥᠰᠦᠯ ᠦ᠋ᠨ ᠠᠩᠬᠠᠨ ᠤ ᠲᠥᠰᠦᠪ ᠪᠠ ᠪᠡᠯᠡ ᠣᠷᠤᠭᠤᠯᠤᠯᠲᠠ ᠶ᠋ᠢᠨ ᠲᠣᠢᠮᠤ ᠮᠡᠳᠡᠭᠦᠯᠦᠯᠲᠡ》 ᠶ᠋ᠢ ᠵᠦᠪᠰᠢᠶᠡᠷᠡᠵᠦ᠂ 2016 ᠣᠨ ᠤ᠋ 11 ᠰᠠᠷ᠎ᠠ ᠠ᠋ᠴᠠ ᠪᠦᠬᠦ ᠲᠠᠯ᠎ᠠ ᠪᠠᠷ ᠪᠦᠲᠦᠭᠡᠨ ᠪᠠᠢᠭᠤᠯᠬᠤ ᠱᠠᠲᠤᠨ  ᠳ᠋ᠤ᠌ ᠣᠷᠤᠵᠤ᠂ ᠭᠤᠷᠪᠠᠨ ᠵᠢᠯ ᠦ᠋ᠨ ᠬᠤᠭᠤᠴᠠᠭ᠎ᠠ ᠲᠠᠢ ᠪᠠᠢᠭᠤᠯᠬᠤ ᠪᠠᠷ  ᠵᠢᠱ᠌ᠢᠵᠡᠢ᠃

 

ᠮᠣᠩᠭᠤᠯ ᠦᠭᠡ ᠬᠡᠯᠡ ᠦᠰᠦᠭ ᠪᠢᠴᠢᠭ ᠦ᠋ᠨ ᠲᠣᠭᠠᠵᠢᠭᠤᠯᠤᠭᠰᠠᠨ ᠡᠬᠢ ᠪᠠᠶᠠᠯᠢᠭ ᠤ᠋ᠨ ᠪᠠᠢᠭᠤᠯᠤᠯᠲᠠ ᠪᠠ ᠬᠠᠮᠲᠤ ᠪᠠᠷ ᠡᠳ᠋ᠯᠡᠬᠦ ᠢᠨᠵᠸᠨᠧᠷᠢᠩ ᠤᠨ ᠲᠥᠰᠦᠯ  ᠪᠣᠯ ᠮᠣᠩᠭᠤᠯ ᠦᠭᠡ ᠬᠡᠯᠡ ᠦᠰᠦᠭ ᠪᠢᠴᠢᠭ ᠢ᠋ᠶ᠋ᠡᠷ ᠠᠴᠢᠶᠠᠯᠠᠭᠴᠢ ᠪᠣᠯᠭᠠᠵᠤ᠂ ᠲᠣᠭᠠᠵᠢᠭᠤᠯᠤᠭᠰᠠᠨ ᠡᠬᠢ ᠪᠠᠶᠠᠯᠢᠭ  ᠢ᠋ ᠨᠡᠭᠡᠭᠡᠨ ᠬᠦᠭᠵᠢᠭᠦᠯᠵᠦ ᠨᠢᠭᠡᠳᠦᠭᠦᠯᠬᠦ ᠪᠡᠷ ᠰᠠᠭᠤᠷᠢ ᠪᠣᠯᠭᠠᠨ᠂ ᠮᠡᠳᠡᠭᠡ ᠵᠠᠩᠭᠢ ᠶ᠋ᠢᠨ ᠮᠡᠷᠭᠡᠵᠢᠯ ᠦ᠋ᠨ ᠳᠦᠷᠢᠮᠵᠢᠭᠦᠯᠦᠯᠲᠡ ᠳ᠋ᠦ᠍ ᠲᠦᠱᠢᠭᠯᠡᠨ᠂ ᠲᠣᠭᠠᠵᠢᠭᠤᠯᠤᠭᠰᠠᠨ ᠡᠬᠢ ᠪᠠᠶᠠᠯᠢᠭ ᠢ᠋ ᠲᠦᠭᠡᠮᠡᠯᠵᠢᠭᠦᠯᠦᠨ ᠬᠡᠷᠡᠭᠵᠢᠭᠦᠯᠬᠦ ᠪᠡᠷ ᠵᠣᠷᠢᠯᠭ᠎ᠠ ᠪᠣᠯᠭᠠᠭᠰᠠᠨ ᠮᠣᠩᠭᠤᠯ ᠬᠡᠯᠡ ᠦᠰᠦᠭ ᠪᠢᠴᠢᠭ ᠤ᠋ᠨ ᠡᠬᠢ ᠪᠠᠶᠠᠯᠢᠭ ᠢ᠋ ᠬᠠᠮᠲᠤ ᠪᠡᠷ ᠡᠳ᠋ᠯᠡᠬᠦ ᠲᠠᠪᠴᠠᠩ ᠪᠣᠯᠤᠨ᠎ᠠ᠃ ᠲᠥᠰᠦᠯ  ᠳ᠋ᠤ᠌ ᠭᠣᠣᠯᠳᠠᠭᠤ᠄ ᠮᠡᠳᠡᠭᠡ ᠵᠠᠩᠭᠢ ᠶ᠋ᠢᠨ ᠰᠢᠢᠳᠪᠦᠷᠢᠯᠡᠯᠲᠡ ᠳ᠋ᠤ᠌ ᠮᠣᠩᠭᠤᠯ ᠬᠡᠯᠡᠨ ᠦ᠌ ᠬᠣᠯᠪᠤᠭᠳᠠᠯ ᠪᠦᠬᠦᠢ ᠪᠠᠷᠢᠮᠵᠢᠶ᠎ᠠ᠂ ᠡᠬᠢ ᠪᠠᠶᠠᠯᠢᠭ ᠪᠠᠢᠭᠤᠯᠬᠤ ᠳᠦᠷᠢᠮᠵᠢᠯ ᠦ᠋ᠨ ᠰᠤᠳᠤᠯᠤᠨ ᠲᠣᠭᠲᠠᠭᠠᠯᠲᠠ᠂ ᠢᠨᠵᠸᠨᠧᠷᠢᠩ ᠤᠨ ᠬᠢᠨᠠᠨ ᠬᠠᠮᠢᠶᠠᠷᠤᠯᠲᠠ᠂ ᠮᠣᠩᠭᠤᠯ ᠬᠡᠯᠡᠨ ᠦ᠌ ᠲᠣᠭᠠᠵᠢᠭᠤᠯᠤᠭᠰᠠᠨ ᠡᠬᠢ ᠪᠠᠶᠠᠯᠢᠭ ᠤ᠋ᠨ ᠵᠣᠬᠢᠴᠠᠭᠤᠯᠤᠯᠲᠠ ᠪᠠ ᠱᠢᠰᠲ᠋ᠧᠮ ᠦ᠋ᠨ ᠪᠦᠷᠢᠨᠰᠢᠯᠲᠡ᠂ ᠡᠬᠢ ᠪᠠᠶᠠᠯᠢᠭ ᠤ᠋ᠨ ᠲᠠᠪᠴᠠᠩ ᠪᠠ ᠡᠬᠢ ᠪᠠᠶᠠᠯᠢᠭ ᠤ᠋ᠨ ᠨᠡᠮᠡᠯᠲᠡ ᠂ ᠬᠡᠷᠡᠭᠯᠡᠭᠡᠨ ᠦ᠌ ᠱᠢᠰᠲ᠋ᠧᠮ  ᠢ᠋ ᠲᠣᠭᠲᠠᠭᠠᠵᠤ ᠨᠡᠭᠡᠭᠡᠨ ᠬᠥᠭᠵᠢᠭᠦᠯᠬᠦ᠂ ᠲᠣᠭᠠᠵᠢᠭᠤᠯᠤᠭᠰᠠᠨ ᠡᠬᠢ ᠪᠠᠶᠠᠯᠢᠭ ᠬᠤᠳᠠᠯᠳᠤᠨ ᠠᠪᠴᠤ ᠨᠠᠢᠷᠠᠭᠤᠯᠬᠤ ᠵᠡᠷᠭᠡ ᠳᠣᠯᠤᠭᠠᠨ ᠶᠡᠬᠡ ᠬᠡᠰᠡᠭ ᠪᠤᠢ᠃ ᠣᠳᠤᠬᠠᠨ ᠳ᠋ᠠᠭᠠᠨ《ᠤᠯᠠᠮᠵᠢᠯᠠᠯᠲᠤ ᠮᠣᠩᠭᠤᠯ ᠬᠡᠯᠡᠨ ᠦ᠌ ᠨᠡᠷᠡᠢᠳᠦᠯ ᠲᠡᠮᠳᠡᠭ ᠡᠴᠡ ᠬᠤᠪᠢᠷᠠᠮᠠᠯ ᠲᠡᠮᠳᠡᠭ ᠲᠦ᠍ ᠬᠥᠷᠪᠡᠭᠦᠯᠬᠦ ᠨᠥᠬᠦᠪᠦᠷᠢ ᠳᠦᠷᠢᠮ》᠂ 《ᠮᠣᠩᠭᠤᠯ ᠬᠡᠯᠡᠨ ᠦ᠌ ᠲᠣᠭᠠᠴᠢᠯᠠᠭᠰᠠᠨ ᠡᠲᠡᠭᠡᠳ ᠦ᠋ᠨ ᠴᠣᠷ ᠤ᠋ᠨ ᠭᠠᠭᠴᠠ ᠢᠯᠭᠠᠬᠤ ᠲᠡᠮᠳᠡᠭ ᠦ᠋ᠨ ᠳᠦᠷᠢᠮ》 ᠵᠡᠷᠭᠡ 26 ᠲᠥᠷᠦᠯ ᠦ᠋ᠨ ᠮᠡᠳᠡᠭᠡ ᠵᠠᠩᠭᠢ ᠮᠡᠷᠭᠡᠵᠢᠯ ᠦ᠋ᠨ ᠪᠠᠷᠢᠮᠵᠢᠶ᠎ᠠ ᠪᠠ ᠲᠣᠭᠠᠵᠢᠭᠤᠯᠤᠭᠰᠠᠨ ᠡᠬᠢ ᠪᠠᠶᠠᠯᠢᠭ ᠨᠠᠢᠷᠠᠭᠤᠯᠬᠤ ᠳᠦᠷᠢᠮᠵᠢᠯ ᠢ᠋ ᠲᠣᠭᠲᠠᠭᠠᠵᠤ᠂ 50 ᠬᠡᠳᠦᠨ ᠲᠥᠰᠦᠯ  ᠢ᠋ ᠨᠢᠭᠡᠨᠲᠡ ᠠᠱᠢᠭᠯᠠᠯᠲᠠ ᠳ᠋ᠤ᠌ ᠣᠷᠤᠭᠤᠯᠵᠤ ᠲᠦᠭᠡᠮᠡᠯᠵᠢᠭᠦᠯᠪᠡ᠃

ᠲᠤᠰ ᠲᠥᠰᠦᠯ ᠨᠢ ᠥᠪᠦᠷ ᠮᠣᠩᠭᠤᠯ ᠢ᠋ᠶ᠋ᠠᠷ ᠭᠣᠣᠯ ᠴᠣᠭᠴᠠ ᠪᠣᠯᠭᠠᠵᠤ᠂ ᠨᠠᠢ᠍ᠮᠠᠨ ᠮᠤᠵᠢ ᠣᠷᠤᠨ  ᠢ᠋ ᠬᠠᠮᠤᠷᠤᠭᠰᠠᠨ ᠰᠣᠶᠤᠯ᠂ ᠰᠤᠷᠭᠠᠨ ᠬᠥᠮᠦᠵᠢᠯ᠂ ᠡᠮ ᠡᠮᠨᠡᠯᠭᠡ᠂ ᠱᠢᠨᠵᠢᠯᠡᠭᠡ ᠮᠡᠷᠭᠡᠵᠢᠯ ᠵᠡᠷᠭᠡ ᠴᠥᠭᠡᠨ ᠲᠣᠭᠠᠲᠤ ᠦᠨᠳᠦᠰᠦᠲᠡᠨ ᠦ᠌ ᠠᠳᠠᠯ ᠠᠮᠢᠳᠤᠷᠠᠯ ᠲᠠᠢ ᠨᠢᠭᠲᠠ ᠬᠣᠯᠪᠤᠭᠳᠠᠭᠰᠠᠨ ᠲᠣᠭᠠᠵᠢᠭᠤᠯᠤᠭᠰᠠᠨ ᠡᠬᠢ ᠪᠠᠶᠠᠯᠢᠭ ᠨᠡᠢᠲᠡ 46TB ᠶ᠋ᠢᠨ ᠡᠵᠡᠯᠡᠬᠦᠨ ᠲᠡᠢ ᠪᠠᠢᠵᠤ᠂  ᠮᠣᠩᠭᠤᠯ ᠦᠭᠡ ᠬᠡᠯᠡ ᠦᠰᠦᠭ ᠪᠢᠴᠢᠭ ᠢ᠋ ᠰᠤᠷᠴᠤ ᠬᠡᠷᠡᠭᠯᠡᠵᠦ ᠪᠠᠢᠭ᠎ᠠ ᠡᠯ᠎ᠡ ᠦᠨᠳᠦᠰᠦᠲᠡᠨ  ᠤ᠋ ᠥᠷᠭᠡᠨ ᠣᠯᠠᠨ ᠺᠠᠲᠷ ᠲᠦᠮᠡᠨ ᠳ᠋ᠦ᠍ ᠳᠥᠭᠦᠮ ᠳᠥᠲᠡ ᠰᠠᠢᠨ ᠦᠢᠯᠡᠴᠢᠯᠡᠭᠡ  ᠬᠠᠩᠭᠠᠵᠤ ᠴᠢᠳᠠᠬᠤ ᠪᠣᠯᠤᠨ᠎ᠠ᠃

 

 

ᠣᠷᠴᠢᠭᠤᠯᠤᠭᠴᠢ᠄ ᠡᠷᠳᠡᠨᠢᠴᠡᠴᠡᠭ

ᠬᠢᠨᠠᠭᠴᠢ᠄ ᠪᠤᠶᠠᠨ᠌ᠥ᠌ᠯᠵᠡᠢ

ᠬᠠᠷᠢᠭᠤᠴᠠᠭᠰᠠᠨ ᠨᠠᠢᠷᠠᠭᠤᠯᠤᠭᠴᠢ᠄ ᠡᠷᠳᠡᠨᠢᠴᠡᠴᠡᠭ

ᠸᠢᠴᠠᠲ ᠲᠤ ᠪᠠᠨ ᠬᠤᠪᠢᠶᠠᠯᠴᠠᠬᠤ