ᠠᠯᠠᠱᠠ ᠵᠡᠭᠦᠨ ᠬᠣᠰᠢᠭᠤᠨ ᠤ᠋ ᠦᠨᠳᠦᠰᠦᠲᠡᠨ ᠤ᠋ ᠵᠥᠪᠯᠡᠯ ᠨᠡᠢᠭᠡᠮ ᠤ᠋ᠨ ᠥᠩᠭᠡᠨ ᠬᠡᠷᠡᠭᠯᠡᠭᠡᠨ ᠳ᠋ᠤ᠌ ᠮᠣᠩᠭᠤᠯ ᠬᠢᠲᠠᠳ ᠬᠣᠶᠠᠷ ᠵᠦᠢᠯ ᠤ᠋ᠨ ᠦᠰᠦᠭ ᠪᠢᠴᠢᠭ ᠢ᠋ ᠵᠡᠷᠭᠡ ᠪᠡᠷ ᠭᠡᠷᠡᠭᠯᠡᠬᠦ ᠠᠵᠢᠯ ᠢ᠋ ᠴᠡᠭᠴᠡᠯᠡᠨ ᠳᠦᠷᠢᠮᠵᠢᠭᠦᠯᠪᠡ
ᠢᠷᠡᠯᠲᠡ᠄ ᠠᠯᠠᠱᠠ ᠦᠨᠳᠦᠰᠦᠲᠡᠨ ᠤ᠋ ᠵᠥᠪᠯᠡᠯ
2019.03.01

 

ᠪᠠᠶᠠᠨᠬᠣᠲᠠ ᠶ᠋ᠢᠨ ᠨᠡᠢᠭᠡᠮ ᠤ᠋ᠨ ᠥᠩᠭᠡᠨ ᠬᠡᠷᠡᠭᠯᠡᠭᠡᠨ  ᠳ᠋ᠤ᠌ ᠮᠣᠩᠭᠤᠯ ᠬᠢᠲᠠᠳ ᠬᠣᠶᠠᠷ ᠵᠦᠢᠯ ᠤ᠋ᠨ ᠦᠰᠦᠭ ᠪᠢᠴᠢᠭ ᠢ᠋ ᠵᠡᠷᠭᠡ ᠪᠡᠷ ᠭᠡᠷᠡᠭᠯᠡᠬᠦ ᠬᠠᠮᠢᠶᠠᠷᠤᠯᠲᠠ ᠶ᠋ᠢᠨ ᠠᠵᠢᠯ ᠢ᠋ ᠤᠯᠠᠮ ᠨᠢᠭᠡ ᠠᠯᠬᠤᠮ ᠳᠦᠷᠢᠮᠵᠢᠭᠦᠯᠵᠦ᠂ ᠠᠯᠠᠱᠠ ᠵᠡᠭᠦᠨ ᠬᠣᠰᠢᠭᠤᠨ ᠤ᠋ ᠨᠡᠢᠭᠡᠮ ᠤ᠋ᠨ ᠥᠩᠭᠡᠨ ᠬᠡᠷᠡᠭᠯᠡᠭᠡᠨ ᠳ᠋ᠤ᠌ ᠮᠣᠩᠭᠤᠯ ᠬᠢᠲᠠᠳ ᠬᠣᠶᠠᠷ ᠵᠦᠢᠯ ᠤ᠋ᠨ ᠦᠰᠦᠭ ᠪᠢᠴᠢᠭ ᠢ᠋ ᠵᠡᠷᠭᠡ ᠪᠡᠷ ᠭᠡᠷᠡᠭᠯᠡᠬᠦ  ᠨᠤᠷᠮ᠎ᠠ ᠪᠠ ᠳᠦᠷᠢᠮᠵᠢᠯ ᠤ᠋ᠨ ᠨᠤᠷᠮ᠎ᠠ  ᠶ᠋ᠢ ᠳᠡᠭᠡᠭᠰᠢᠯᠡᠭᠦᠯᠬᠦ ᠶ᠋ᠢᠨ ᠲᠥᠯᠦᠭᠡ ᠦᠢᠷ᠎ᠠ ᠶ᠋ᠢᠨ ᠬᠡᠳᠦᠨ ᠡᠳᠦᠷ ᠠᠯᠠᠱᠠ ᠵᠡᠭᠦᠨ ᠬᠣᠰᠢᠭᠤᠨ ᠤ᠋ ᠦᠨᠳᠦᠰᠦᠲᠡᠨ ᠤ᠋ ᠵᠥᠪᠯᠡᠯ ᠪᠠᠶᠠᠨᠬᠣᠲᠠ ᠶ᠋ᠢᠨ ᠨᠡᠢᠭᠡᠮ ᠤ᠋ᠨ ᠥᠩᠭᠡᠨ ᠬᠡᠷᠡᠭᠯᠡᠭᠡᠨ  ᠳ᠋ᠤ᠌ ᠮᠣᠩᠭᠤᠯ ᠬᠢᠲᠠᠳ ᠬᠣᠶᠠᠷ ᠵᠦᠢᠯ ᠤ᠋ᠨ ᠦᠰᠦᠭ ᠪᠢᠴᠢᠭ ᠢ᠋ ᠵᠡᠷᠭᠡ ᠪᠡᠷ  ᠬᠡᠷᠡᠭᠯᠡᠵᠦ ᠪᠠᠢᠭ᠎ᠠ ᠠᠵᠢᠯ ᠢ᠋ ᠴᠡᠭᠴᠡᠯᠡᠨ ᠳᠦᠷᠢᠮᠵᠢᠭᠦᠯᠪᠡ᠃ ᠡᠭᠦᠨ ᠡᠴᠡ ᠡᠮᠦᠨ᠎ᠡ ᠵᠡᠭᠡᠯᠢ ᠭᠤᠳᠤᠮᠵᠢ ᠶ᠋ᠢᠨ ᠬᠢᠨ ᠤ᠋ ᠥᠪᠡᠰᠦᠪᠡᠨ ᠪᠠᠢᠴᠠᠭᠠᠭᠰᠠᠨ ᠰᠠᠭᠤᠷᠢᠨ ᠳᠡᠭᠡᠷ᠎ᠡ᠂ ᠭᠣᠣᠯᠳᠠᠭᠤ 2018 ᠣᠨ ᠳ᠋ᠤ᠌ ᠪᠠᠢᠴᠠᠭᠠᠭᠠᠳ ᠬᠢᠷᠢ ᠲᠡᠩᠴᠡᠭᠰᠡᠨ ᠦᠭᠡᠢ ᠫᠠᠢᠰᠠ ᠢᠯᠡᠷᠬᠡᠢᠯᠡᠯ ᠳ᠋ᠤ᠌ ᠲᠠᠬᠢᠨ ᠪᠠᠢᠴᠠᠭᠠᠯᠲᠠ ᠬᠢᠵᠦ᠂ ᠵᠥᠪᠰᠢᠶᠡᠷᠡᠯ  ᠣᠯᠤᠭᠠᠳᠤᠢ ᠪᠤᠶᠤ ᠲᠦᠷᠢᠮ ᠳ᠋ᠤ᠌ ᠨᠡᠢᠴᠡᠬᠦ ᠦᠭᠡᠢ 10 ᠡᠷᠦᠬᠡ  ᠶ᠋ᠢᠨ ᠫᠠᠢᠰᠠ ᠢᠯᠡᠷᠬᠡᠢᠯᠡᠯ ᠢ᠋ ᠴᠡᠭᠴᠡᠯᠡᠨ ᠰᠠᠢᠵᠢᠷᠠᠭᠤᠯᠪᠠ᠃ ᠳᠠᠷᠠᠭᠠᠴᠢ ᠪᠡᠷ ᠠᠯᠠᠱᠠ ᠵᠡᠭᠦᠨ ᠬᠣᠰᠢᠭᠤᠨ ᠤ᠋ ᠦᠨᠳᠦᠰᠦᠲᠡᠨ ᠤ᠋ ᠵᠥᠪᠯᠡᠯ ᠤᠬᠠᠭᠤᠯᠬᠤ ᠡᠷᠴᠢᠮ ᠢ᠋ᠶ᠋ᠡᠨ ᠤᠯᠠᠮ ᠴᠢᠩᠭᠠᠳᠭᠠᠵᠤ᠂ ᠠᠵᠢᠯ ᠤ᠋ᠨ ᠦᠷ᠎ᠡ ᠪᠦᠲᠦᠮᠵᠢ ᠪᠠᠨ ᠪᠡᠬᠢᠵᠢᠭᠦᠯᠦᠨ ᠥᠷᠭᠡᠳᠭᠡᠵᠦ᠂ ᠤᠯᠠᠨ ᠲᠦᠮᠡᠨ ᠤ᠋  ᠲᠤᠰ ᠠᠵᠢᠯ ᠢ᠋ ᠨᠡᠩ ᠬᠦᠨᠳᠦᠳᠭᠡᠨ ᠴᠢᠬᠤᠯᠠᠴᠢᠯᠠᠬᠤ ᠪᠣᠯᠭᠠᠵᠤ᠂ ᠨᠡᠢᠭᠡᠮ ᠤ᠋ᠨ ᠥᠩᠭᠡᠨ ᠬᠡᠷᠡᠭᠯᠡᠭᠡᠨ ᠳ᠋ᠤ᠌ ᠮᠣᠩᠭᠤᠯ ᠬᠢᠲᠠᠳ ᠬᠣᠶᠠᠷ ᠵᠦᠢᠯ ᠤ᠋ᠨ ᠦᠰᠦᠭ ᠪᠢᠴᠢᠭ ᠢ᠋ ᠵᠡᠷᠭᠡ ᠪᠡᠷ ᠭᠡᠷᠡᠭᠯᠡᠬᠦ ᠠᠵᠢᠯ ᠢ᠋ ᠦᠨᠡᠨ ᠬᠦ᠌ ᠰᠠᠢᠲᠤᠷ ᠬᠢᠬᠦ ᠪᠡᠷ ᠴᠢᠷᠮᠠᠢᠵᠦ ᠪᠤᠢ᠃

 

 

ᠣᠷᠴᠢᠭᠤᠯᠤᠭᠴᠢ᠄ ᠡᠷᠳᠡᠨᠢᠴᠡᠴᠡᠭ

ᠬᠢᠨᠠᠭᠴᠢ᠄ ᠪᠤᠶᠠᠨ᠌ᠥ᠌ᠯᠵᠡᠢ

ᠬᠠᠷᠢᠭᠤᠴᠠᠭᠰᠠᠨ ᠨᠠᠢᠷᠠᠭᠤᠯᠤᠭᠴᠢ᠄ ᠡᠷᠳᠡᠨᠢᠴᠡᠴᠡᠭ

ᠸᠢᠴᠠᠲ ᠲᠤ ᠪᠠᠨ ᠬᠤᠪᠢᠶᠠᠯᠴᠠᠬᠤ