ᠥᠪᠦᠷ ᠮᠣᠩᠭᠤᠯ ᠤ᠋ᠨ ᠥᠪᠡᠷᠲᠡᠭᠡᠨ ᠵᠠᠰᠠᠬᠤ ᠣᠷᠤᠨ ᠤ 116 ᠠᠵᠦ ᠠᠬᠤᠢᠯᠠᠯ ᠢ᠋ ᠤᠯᠤᠰ ᠤ᠋ᠨ ᠦᠨᠳᠦᠰᠦᠲᠡᠨ ᠤ᠋ ᠵᠥᠪᠯᠡᠯ ᠡᠴᠡ《ᠠᠷᠪᠠᠨ ᠭᠤᠷᠪᠠᠳᠤᠭᠠᠷ ᠲᠠᠪᠤᠨ ᠵᠢᠯ》 ᠤ᠋ᠨ ᠬᠤᠭᠤᠴᠠᠭᠠᠨ ᠳ᠋ᠤ᠌ ᠪᠦᠬᠦ ᠤᠯᠤᠰ ᠤ᠋ᠨ ᠦᠨᠳᠦᠰᠦᠲᠡᠨ ᠤ᠋ ᠣᠨᠴᠠ ᠬᠡᠷᠡᠭᠴᠡᠭᠡᠲᠤ ᠲᠠᠸᠠᠷ  ᠢ᠋ ᠦᠢᠯᠡᠳᠪᠤᠷᠢᠯᠡᠬᠦ ᠠᠵᠦ ᠠᠬᠤᠢᠯᠠᠯ ᠢ᠋ᠶ᠋ᠡᠷ ᠲᠠᠬᠢᠨ ᠬᠢᠨᠠᠨ ᠲᠣᠭᠲᠠᠭᠠᠪᠠ
ᠢᠷᠡᠯᠲᠡ᠄ ᠠᠵᠦ ᠠᠬᠤᠢ ᠬᠥᠭᠵᠢᠯᠲᠡ ᠶ᠋ᠢᠨ ᠭᠠᠵᠠᠷ
2019.03.01

 

ᠦᠨᠳᠦᠰᠦᠲᠡᠨ ᠤ᠋ ᠣᠨᠴᠠ ᠬᠡᠷᠡᠭᠴᠡᠭᠡᠲᠤ ᠲᠠᠸᠠᠷ ᠤ᠋ᠨ ᠦᠢᠯᠡᠳᠪᠦᠷᠢᠯᠡᠯ ᠬᠠᠩᠭᠠᠯᠭ᠎ᠠ ᠶ᠋ᠢ ᠪᠠᠲᠤᠯᠠᠬᠤ ᠪᠠ ᠴᠦ᠋ᠬᠡᠨ ᠲᠣᠭᠠᠲᠤ ᠦᠨᠳᠦᠰᠦᠲᠡᠨ ᠤ᠋ ᠤᠯᠠᠨ ᠲᠦᠮᠡᠨ ᠤ᠋ ᠦᠢᠯᠡᠳᠪᠤᠷᠢᠯᠡᠯ ᠠᠮᠢᠳᠤᠷᠠᠯ ᠤ᠋ᠨ ᠣᠨᠴᠠᠭᠠᠢ ᠬᠡᠷᠡᠭᠴᠡᠭᠡ ᠶ᠋ᠢ ᠱᠠᠭᠠᠷᠳᠠᠯᠭ᠎ᠠ ᠶ᠋ᠢ ᠬᠠᠩᠭᠠᠬᠤ ᠶ᠋ᠢᠨ ᠲᠥᠯᠦᠭᠡ《<ᠠᠷᠪᠠᠨ ᠭᠤᠷᠪᠠᠳᠤᠭᠠᠷ ᠲᠠᠪᠤᠨ ᠵᠢᠯ> ᠤ᠋ᠨ ᠬᠤᠭᠤᠴᠠᠭᠠᠨ ᠳ᠋ᠤ᠌ ᠪᠦᠬᠦ ᠤᠯᠤᠰ ᠤ᠋ᠨ ᠦᠨᠳᠦᠰᠦᠲᠡᠨ ᠤ᠋ ᠣᠨᠴᠠ ᠬᠡᠷᠡᠭᠴᠡᠭᠡᠲᠤ ᠲᠠᠸᠠᠷ ᠦᠢᠯᠡᠳᠪᠤᠷᠢᠯᠡᠬᠦ ᠠᠵᠤ ᠠᠬᠤᠢᠯᠠᠯ ᠤ᠋ᠨ ᠨᠡᠷᠡᠰ ᠢ᠋ ᠲᠣᠭᠲᠠᠭᠠᠨ ᠮᠡᠳᠡᠭᠦᠯᠬᠦ ᠤᠯᠤᠰ ᠤ᠋ᠨ ᠦᠨᠳᠦᠰᠦᠲᠡᠨ ᠤ᠋ ᠵᠥᠪᠯᠡᠯ ᠂ ᠡᠳ᠋ ᠤ᠋ᠨ ᠵᠠᠰᠠᠭ ᠤ᠋ᠨ ᠶᠠᠮᠤᠨ᠂ ᠳᠤᠮᠳᠠᠳᠤ ᠤᠯᠤᠰ ᠤ᠋ᠨ ᠠᠷᠠᠳ ᠤ᠋ᠨ ᠪᠠᠩᠭᠢ  ᠶ᠋ᠢᠨ ᠮᠡᠳᠡᠭᠳᠡᠯ》 ᠤ᠋ᠨ ᠶᠤᠰᠤ ᠪᠡᠷ᠂ ᠲᠣᠭᠲᠠᠭᠠᠭᠰᠠᠨ ᠵᠠᠷᠴᠢᠮ ᠪᠠᠷᠢᠮᠵᠢᠶ᠎ᠠ ᠪᠠ ᠲᠣᠭ᠎ᠠ ᠶ᠋ᠢ ᠦᠨᠳᠦᠰᠦᠯᠡᠨ᠂ ᠡᠯ᠎ᠡ ᠠᠢᠮᠠᠭ ᠬᠣᠲᠠ ᠶ᠋ᠢᠨ ᠮᠡᠳᠡᠭᠦᠯᠦᠭᠰᠡᠨ ᠳ᠋ᠤ᠌ ᠰᠠᠭᠤᠷᠢᠯᠠᠨ᠂ ᠥᠪᠡᠷᠲᠡᠭᠡᠨ ᠵᠠᠰᠠᠬᠤ ᠣᠷᠤᠨ ᠤ᠋ ᠦᠨᠳᠦᠰᠦᠲᠡᠨ ᠤ᠋ ᠵᠥᠪᠯᠡᠯ᠂ ᠡᠳ᠋ ᠤ᠋ᠨ ᠵᠠᠰᠠᠭ ᠤ᠋ᠨ ᠲᠢᠩᠬᠢᠮ᠂ ᠳᠤᠮᠳᠠᠳᠤ ᠤᠯᠤᠰ ᠤ᠋ᠨ ᠠᠷᠠᠳ ᠤ᠋ᠨ ᠪᠠᠩᠭᠢ ᠶ᠋ᠢᠨ ᠬᠥᠬᠡᠬᠣᠲᠠ  ᠶ᠋ᠢᠨ ᠭᠣᠣᠯ ᠰᠠᠯᠪᠤᠷᠢ ᠪᠠᠩᠭᠢ ᠵᠡᠷᠭᠡ ᠭᠤᠷᠪᠠᠨ ᠰᠠᠯᠠᠭ᠎ᠠ ᠮᠥᠴᠢᠷ ᠡᠴᠡ ᠬᠢᠨᠠᠨ ᠲᠣᠭᠲᠠᠭᠠᠵᠤ᠂ ᠴᠦ᠋ᠬᠡᠨ ᠲᠣᠭᠠᠲᠤ ᠦᠨᠳᠦᠰᠦᠲᠡᠨ ᠤ᠋ ᠣᠨᠴᠠ ᠬᠡᠷᠡᠭᠴᠡᠭᠡᠲᠦ ᠲᠠᠸᠠᠷ ᠤ᠋ᠨ ᠭᠠᠷᠴᠠᠭ ᠪᠠ ᠬᠠᠮᠢᠶ᠎ᠠ ᠪᠦᠬᠦᠢ ᠲᠣᠭᠲᠠᠭᠠᠯ ᠢ᠋ ᠦᠨᠳᠦᠰᠦᠯᠡᠨ ᠮᠠᠨ ᠤ᠋ ᠣᠷᠤᠨ ᠤ᠋ 《 ᠠᠷᠪᠠᠨ ᠭᠤᠷᠪᠠᠳᠤᠭᠠᠷ ᠲᠠᠪᠤᠨ ᠵᠢᠯ》ᠤ᠋ᠨ ᠬᠤᠭᠤᠴᠠᠭᠠᠨ ᠳ᠋ᠡᠬᠢ ᠪᠦᠬᠦ ᠤᠯᠤᠰ ᠤ᠋ᠨ ᠦᠨᠳᠦᠰᠦᠲᠡᠨ  ᠤ᠋ ᠣᠨᠴᠠ ᠬᠡᠷᠡᠭᠴᠡᠭᠡᠲᠦ ᠲᠠᠸᠠᠷ ᠦᠢᠯᠡᠳᠪᠤᠷᠢᠯᠡᠬᠦ ᠠᠵᠦ ᠠᠬᠤᠢᠯᠠᠯ ᠤ᠋ᠨ ᠨᠠᠷᠡᠰ ᠢ᠋ ᠤᠯᠤᠰ ᠤ᠋ᠨ ᠦᠨᠳᠦᠰᠦᠲᠡᠨ ᠤ᠋ ᠵᠥᠪᠯᠡᠯ ᠳ᠋ᠤ᠌  ᠮᠡᠳᠡᠭᠦᠯᠵᠦ ᠳᠠᠩᠰᠠᠨ ᠳ᠋ᠤ᠌ ᠲᠡᠮᠳᠡᠭᠯᠡᠭᠦᠯᠪᠡ᠃ ᠤᠯᠤᠰ ᠤ᠋ᠨ ᠦᠨᠳᠦᠰᠦᠲᠡᠨ ᠤ᠋ ᠵᠥᠪᠯᠡᠯ  ᠲᠠᠬᠢᠨ ᠬᠢᠨᠠᠵᠤ᠂ ᠤᠯᠤᠰ ᠤ᠋ᠨ ᠦᠨᠳᠦᠰᠦᠲᠡᠨ ᠪ ᠵᠥᠪᠯᠡᠯ ᠤ᠋ᠨ ᠠᠯᠪᠠᠨ ᠲᠢᠩᠬᠢᠮ 2019 ᠣᠨ ᠤ᠋ 1 ᠳ᠋ᠤᠭᠡᠷ ᠰᠠᠷ᠎ᠠ ᠶ᠋ᠢᠨ31 ᠤ᠋ ᠡᠳᠦᠷ 《<ᠠᠷᠪᠠᠨ ᠭᠤᠷᠪᠠᠳᠤᠭᠠᠷ ᠲᠠᠪᠤᠨ ᠵᠢᠯ> ᠳ᠋ᠡᠬᠢ ᠪᠦᠬᠦ ᠤᠯᠤᠰ ᠤ᠋ᠨ ᠴᠦ᠋ᠬᠡᠨ ᠲᠣᠭᠠᠲᠤ ᠦᠨᠳᠦᠰᠦᠲᠡᠨ ᠤ᠋ ᠣᠨᠴᠠ ᠬᠡᠷᠡᠭᠴᠡᠭᠡᠲᠦ ᠲᠠᠸᠠᠷ ᠦᠢᠯᠡᠳᠪᠦᠷᠢᠯᠡᠬᠦ ᠠᠵᠤ ᠠᠬᠤᠢᠯᠠᠯ ᠤ᠋ᠨ ᠳᠠᠩᠰᠠᠨ ᠳ᠋ᠤ᠌ ᠲᠡᠮᠳᠡᠭᠯᠡᠭᠰᠡᠨ ᠦᠷ᠎ᠡ ᠳ᠋ᠦᠩ ᠤ᠋ᠨ ᠲᠤᠬᠠᠢ ᠤᠯᠤᠰ ᠤ᠋ᠨ ᠦᠨᠳᠦᠰᠦᠲᠡᠨ ᠤ᠋ ᠵᠥᠪᠯᠡᠯ ᠤ᠋ᠨ ᠠᠯᠪᠠᠨ ᠲᠢᠩᠬᠢᠮ ᠤ᠋ᠨ ᠮᠡᠳᠡᠭᠳᠡᠯ》( ᠦᠨᠳᠦᠰᠦᠲᠡᠨ ᠠᠯᠪᠠᠨ ᠲᠠᠷᠬᠠᠭᠠᠭᠰᠠᠨ【 2019】 11 ᠳ᠋ᠤᠭᠡᠷ ᠲᠣᠭᠠᠲᠤ)  ᠢ᠋ ᠲᠠᠷᠬᠠᠭᠠᠵᠤ᠂ ᠮᠠᠨ ᠤ᠋ ᠣᠷᠤᠨ ᠤ᠋116 ᠠᠵᠤ ᠠᠬᠤᠢᠯᠠᠯ ᠢ᠋ ᠳᠠᠩᠰᠠᠨ ᠳ᠋ᠤ᠌ ᠲᠡᠮᠳᠡᠭᠯᠡᠬᠦ ᠪᠠᠷ ᠵᠥᠪᠰᠢᠶᠡᠷᠡᠪᠡ᠃ ᠡᠨᠡ 116 ᠠᠵᠤ ᠠᠬᠤᠢᠯᠠᠯ ᠨᠢ ᠴᠦ᠋ᠬᠡᠨ ᠲᠣᠭᠠᠲᠤ ᠦᠨᠳᠦᠰᠦᠲᠡᠨ ᠤ᠋ ᠬᠤᠪᠴᠠᠰᠤ ᠵᠠᠰᠠᠯ᠂ ᠨᠡᠬᠡᠮᠡᠯ ᠤ᠋ᠨ ᠵᠦᠢᠯᠡᠰ᠂ ᠡᠳᠦᠷ ᠳᠣᠲᠤᠮ ᠤ᠋ᠨ ᠬᠡᠷᠡᠭᠰᠡᠯ᠂ ᠦᠢᠯᠡᠳᠪᠦᠷᠢᠯᠡᠯ ᠤ᠋ᠨ ᠪᠠᠭᠠᠵᠢ᠂ ᠭᠡᠷ ᠤ᠋ᠨ ᠬᠡᠷᠡᠭᠰᠡᠯ ᠂ ᠰᠣᠶᠤᠯ ᠲᠠᠮᠢᠷ ᠤ᠋ᠨ ᠬᠡᠷᠡᠭᠰᠡᠯ᠂ ᠭᠠᠷ ᠤᠷᠠᠯᠠᠯ ᠤ᠋ᠨ ᠡᠳ᠋ᠯᠡᠯ᠂ ᠡᠮ᠂ ᠯᠠᠯᠤ ᠶ᠋ᠢᠨ ᠢᠳᠡᠭᠡᠨ ᠵᠡᠷᠭᠡ ᠶ᠋ᠢ ᠭᠣᠣᠯᠯᠠᠨ ᠦᠢᠯᠡᠳᠪᠦᠷᠢᠯᠡᠨ᠎ᠡ᠃ ᠡᠳᠡᠭᠡᠷ ᠠᠵᠤ ᠠᠬᠤᠢᠯᠠᠯ 2018 ᠣᠨ ᠤ᠋ 9 ᠳ᠋ᠤᠭᠡᠷ ᠰᠠᠷ᠎ᠠ ᠶ᠋ᠢᠨ 1 ᠡᠴᠡ ᠡᠬᠢᠯᠡᠵᠦ ᠤᠯᠤᠰ  ᠡᠴᠡ ᠲᠡᠳᠭᠦᠬᠦ ᠦᠨᠳᠦᠰᠦᠲᠡᠨ ᠤ᠋ ᠡᠳ᠋ᠯᠡᠯ ᠤ᠋ᠨ ᠠᠵᠤ ᠠᠬᠤᠢᠯᠠᠯ ᠤ᠋ᠨ  ᠬᠠᠷᠠᠭᠠᠯᠵᠠᠯ ᠤ᠋ᠨ ᠲᠥᠷᠦ ᠶ᠋ᠢᠨ ᠪᠣᠳᠤᠯᠭ᠎ᠠ  ᠶ᠋ᠢ  ᠬᠦᠷᠲᠡᠬᠦ ᠪᠣᠯᠤᠨ᠎ᠠ᠃

 

ᠣᠷᠴᠢᠭᠤᠯᠤᠭᠴᠢ᠄ ᠡᠷᠳᠡᠨᠢᠴᠡᠴᠡᠭ

ᠬᠢᠨᠠᠭᠴᠢ᠄ ᠪᠤᠶᠠᠨ᠌ᠥ᠌ᠯᠵᠡᠢ

ᠬᠠᠷᠢᠭᠤᠴᠠᠭᠰᠠᠨ ᠨᠠᠢᠷᠠᠭᠤᠯᠤᠭᠴᠢ᠄ ᠡᠷᠳᠡᠨᠢᠴᠡᠴᠡᠭ

 

ᠸᠢᠴᠠᠲ ᠲᠤ ᠪᠠᠨ ᠬᠤᠪᠢᠶᠠᠯᠴᠠᠬᠤ