ᠦᠬᠠᠢ ᠬᠣᠲᠠ ᠪᠦᠬᠦ ᠬᠣᠲᠠ ᠶ᠋ᠢᠨ ᠦᠨᠳᠦᠰᠦᠲᠡᠨ ᠤ᠋ ᠵᠥᠪᠯᠡᠯ ᠤ᠋ᠨ ᠡᠷᠬᠢᠯᠡᠭᠴᠢᠳ ᠤ᠋ᠨ ᠬᠤᠷᠠᠯ ᠬᠤᠷᠠᠯᠳᠤᠭᠤᠯᠪᠠ
ᠢᠷᠡᠯᠲᠡ᠄ ᠦᠬᠠᠢ ᠬᠣᠲᠠ ᠶ᠋ᠢᠨ ᠦᠨᠳᠦᠰᠦᠲᠡᠨ ᠤ᠋ ᠵᠥᠪᠯᠡᠯ
2019.03.01

 

3 ᠳ᠋ᠤᠭᠠᠷ ᠰᠠᠷ᠎ᠠ ᠶ᠋ᠢᠨ 1 ᠤ᠋ ᠡᠳᠦᠷ ᠦᠬᠠᠢ ᠬᠣᠲᠠ ᠶ᠋ᠢᠨ ᠪᠦᠬᠦ ᠬᠣᠲᠠ ᠦᠨᠳᠦᠰᠦᠲᠡᠨ ᠤ᠋ ᠵᠥᠪᠯᠡᠯ ᠤ᠋ᠨ ᠡᠷᠬᠢᠯᠡᠭᠴᠢᠳ ᠤ᠋ᠨ ᠬᠤᠷᠠᠯ ᠬᠤᠷᠠᠯᠳᠤᠭᠤᠯᠵᠤ᠂ ᠬᠤᠷᠠᠯ ᠡᠴᠡ ᠥᠪᠡᠷᠲᠡᠭᠡᠨ ᠵᠠᠰᠠᠬᠤ ᠣᠷᠤᠨ ᠤ᠋ ᠦᠨᠳᠦᠰᠦᠲᠡᠨ ᠤ᠋ ᠵᠥᠪᠯᠡᠯ ᠤ᠋ᠨ ᠡᠷᠬᠢᠯᠡᠭᠴᠢᠳ ᠤ᠋ᠨ ᠬᠤᠷᠠᠯ ᠤ᠋ᠨ ᠵᠣᠷᠢᠭ ᠰᠠᠨᠠᠭ᠎ᠠ ᠪᠣᠯᠤᠨ ᠬᠣᠲᠠ ᠶ᠋ᠢᠨ ᠨᠠᠮ ᠤ᠋ᠨ ᠬᠣᠷᠢᠶ᠎ᠠ ᠪᠠ ᠵᠠᠰᠠᠭ ᠤ᠋ᠨ ᠣᠷᠳᠤᠨ  ᠤ᠋ ᠦᠨᠳᠦᠰᠦᠲᠡᠨ ᠤ᠋ ᠠᠵᠢᠯ ᠤ᠋ᠨ ᠲᠤᠬᠠᠢ ᠰᠢᠢᠳᠪᠦᠷᠢᠲᠦ ᠪᠣᠳᠤᠯᠭ᠎ᠠ ᠪᠠ ᠪᠠᠢᠷᠢᠭᠤᠯᠤᠯᠲᠠ ᠶ᠋ᠢ ᠤᠯᠠᠮᠵᠢᠯᠠᠵᠤ᠂ 2018 ᠣᠨ ᠤ᠋ ᠠᠵᠢᠯ ᠳ᠋ᠠᠭᠠᠨ ᠳ᠋ᠦᠩᠨᠡᠯᠲᠡ ᠬᠢᠵᠦ᠂ 2019 ᠣᠨ ᠤ᠋ ᠠᠵᠢᠯ ᠤ᠋ᠨ ᠭᠣᠣᠯ ᠡᠭᠦᠷᠭᠡ ᠪᠠᠨ ᠲᠣᠬᠢᠷᠠᠭᠤᠯᠪᠠ᠃

ᠬᠤᠷᠠᠯ ᠡᠴᠡ 2019 ᠣᠨ  ᠳ᠋ᠤ᠌ ᠳᠤᠮᠳᠠᠳᠤ ᠤᠯᠤᠰ ᠤ᠋ᠨ ᠡᠪ ᠬᠠᠮᠲᠤ ᠨᠠᠮ ᠤ᠋ᠨ ᠲᠥᠪ ᠬᠣᠷᠢᠶᠠᠨ ᠤ᠋ ᠠᠯᠪᠠᠨ ᠲᠢᠩᠬᠢᠮ ᠪᠠ ᠲᠥᠷᠦ ᠶ᠋ᠢᠨ ᠶᠠᠪᠤᠳᠠᠯ ᠤ᠋ᠨ ᠬᠣᠷᠢᠶᠠᠨ ᠤ᠋ ᠠᠯᠪᠠᠨ ᠲᠢᠩᠬᠢᠮ ᠤ᠋ᠨ《ᠦᠨᠳᠦᠰᠦᠲᠡᠨ ᠤ᠋ ᠪᠦᠯᠬᠦᠮᠳᠡᠯ ᠲᠠᠪᠰᠢᠯᠲᠠ ᠶ᠋ᠢᠨ ᠪᠦᠲᠦᠭᠡᠨ ᠪᠠᠢᠭᠤᠯᠤᠯᠲᠠ ᠶ᠋ᠢᠨ ᠠᠵᠢᠯ ᠢ᠋ ᠪᠦᠬᠦ ᠲᠠᠯ᠎ᠠ ᠪᠡᠷ᠂  ᠭᠦᠨᠵᠡᠭᠡᠢ᠂ ᠤᠷᠲᠤ ᠬᠤᠭᠤᠴᠠᠭ᠎ᠠ ᠪᠠᠷ ᠥᠷᠨᠢᠭᠦᠯᠵᠦ᠂ ᠳᠤᠮᠳᠠᠳᠤ ᠶ᠋ᠢᠨ ᠦᠨᠳᠦᠰᠦᠲᠡᠨ ᠤ᠋ ᠬᠠᠮᠲᠤ ᠴᠣᠭᠴᠠ ᠶ᠋ᠢᠨ ᠦᠵᠡᠯ ᠤᠬᠠᠮᠰᠠᠷ ᠢ᠋ ᠪᠠᠲᠤᠳᠭᠠᠬᠤ ᠲᠤᠬᠠᠢ ᠰᠠᠨᠠᠯ 》ᠪᠠ ᠥᠪᠡᠷᠲᠡᠭᠡᠨ ᠵᠠᠰᠠᠬᠤ ᠣᠷᠤᠨ ᠤ᠋ ᠨᠠᠮ ᠤ᠋ᠨ ᠬᠣᠷᠢᠶᠠᠨ ᠤ᠋ ᠠᠯᠪᠠᠨ ᠲᠢᠩᠬᠢᠮ ᠤ᠋ᠨ 《ᠦᠨᠳᠦᠰᠦᠲᠡᠨ ᠤ᠋ ᠪᠦᠯᠬᠦᠮᠳᠡᠯ ᠲᠠᠪᠰᠢᠯᠲᠠ ᠶ᠋ᠢᠨ ᠪᠦᠲᠦᠭᠡᠨ ᠪᠠᠢᠭᠤᠯᠤᠯᠲᠠ ᠶ᠋ᠢᠨ ᠠᠵᠢᠯ ᠢ᠋ ᠪᠦᠬᠦ ᠲᠠᠯ᠎ᠠ  ᠪᠡᠷ᠂ ᠭᠦᠨᠵᠡᠭᠡᠢ᠂ ᠤᠷᠲᠤ ᠬᠤᠭᠤᠴᠠᠭ᠎ᠠ ᠪᠠᠷ ᠥᠷᠨᠢᠭᠦᠯᠵᠦ᠂ ᠳᠤᠮᠳᠠᠳᠤ ᠶ᠋ᠢᠨ ᠦᠨᠳᠦᠰᠦᠲᠡᠨ ᠤ᠋ ᠬᠠᠮᠲᠤ ᠴᠣᠭᠴᠠ ᠶ᠋ᠢᠨ ᠦᠵᠡᠯ ᠤᠬᠠᠮᠰᠠᠷ ᠢ᠋ ᠪᠠᠲᠤᠳᠭᠠᠬᠤ ᠲᠤᠬᠠᠢ ᠰᠠᠨᠠᠯ 》 ᠢ᠋ ᠨᠠᠢᠳᠠᠪᠤᠷᠢᠵᠢᠭᠤᠯᠤᠨ ᠂ ᠬᠣᠲᠠ ᠶ᠋ᠢᠨ ᠨᠠᠮ ᠤ᠋ᠨ ᠬᠣᠷᠢᠶᠠᠨ ᠤ᠋《ᠦᠨᠳᠦᠰᠦᠲᠡᠨ ᠤ᠋ ᠪᠦᠯᠬᠦᠮᠳᠡᠯ ᠲᠠᠪᠰᠢᠯᠲᠠ ᠶ᠋ᠢ ᠪᠦᠲᠦᠭᠡᠨ ᠪᠠᠢᠭᠤᠯᠬᠤ ᠪᠠ ᠬᠢᠯᠢ ᠬᠢᠵᠠᠭᠠᠷ ᠤ᠋ᠨ ᠲᠣᠭᠲᠠᠭᠤᠨ ᠢ᠋ ᠪᠠᠲᠤᠯᠠᠬᠤ ᠭᠤᠷᠪᠠᠨ ᠵᠢᠯ ᠤ᠋ᠨ ᠠᠵᠢᠯᠯᠠᠭᠠᠨ ᠤ᠋ ᠲᠥᠰᠦᠯ ( 2018-2020 ᠣᠨ) ᠢ᠋ ᠨᠠᠢᠳᠠᠪᠤᠷᠢᠵᠢᠭᠤᠯᠤᠨ ᠲᠤᠭᠤᠰᠢᠯᠠᠭᠤᠯᠵᠤ᠂ ᠦᠨᠳᠦᠰᠦᠲᠡᠨ  ᠤ᠋ ᠤᠯᠠᠮᠵᠢᠯᠠᠯᠲᠤ ᠰᠣᠶᠤᠯ ᠤ᠋ᠨ ᠡᠷᠡᠭᠦᠯ ᠬᠥᠭᠵᠢᠯᠲᠡ ᠶ᠋ᠢ ᠠᠬᠢᠭᠤᠯᠵᠤ᠂ ᠮᠣᠩᠭᠤᠯ ᠬᠡᠯᠡ ᠪᠢᠴᠢᠭ ᠤ᠋ᠨ ᠠᠵᠢᠯ ᠢ᠋ ᠡᠷᠴᠢᠮᠵᠢᠭᠦᠯᠵᠤ᠂ ᠬᠣᠲᠠ ᠶ᠋ᠢᠨ ᠦᠨᠳᠦᠰᠦᠲᠡᠨ ᠤ᠋ ᠠᠵᠢᠯ ᠢ᠋ ᠰᠠᠢᠲᠤᠷ ᠬᠢᠵᠦ᠂ ᠴᠦ᠋ᠬᠡᠨ ᠲᠣᠭᠠᠲᠤ ᠦᠨᠳᠦᠰᠦᠲᠡᠨ ᠤ᠋ ᠶᠠᠳᠠᠭᠤ ᠡᠴᠡ ᠠᠩᠭᠢᠵᠢᠷᠠᠭᠤᠯᠬᠤ ᠠᠵᠢᠯ  ᠳ᠋ᠤ᠌ ᠰᠢᠪᠲᠤᠯᠠᠯᠲᠠ ᠬᠢᠵᠦ᠂ ᠡᠯ᠎ᠡ ᠦᠨᠳᠦᠰᠦᠲᠡᠨ ᠤ᠋ ᠬᠠᠷᠢᠯᠴᠠᠭ᠎ᠠ ᠶ᠋ᠢ ᠴᠢᠩᠭᠠᠷᠠᠭᠤᠯᠵᠤ᠂ ᠪᠦᠬᠦ ᠬᠣᠲᠠ ᠶ᠋ᠢᠨ ᠦᠨᠳᠦᠰᠦᠲᠡᠨ ᠤ᠋ ᠪᠦᠯᠬᠦᠮᠳᠡᠯ ᠳᠠᠪᠰᠢᠯᠲᠠ ᠶ᠋ᠢᠨ ᠦᠢᠯᠡᠰ ᠤ᠋ᠨ ᠰᠢᠨ᠎ᠡ ᠪᠠᠢᠳᠠᠯ ᠢ᠋ ᠡᠭᠦᠳᠴᠦ᠂ ᠰᠢᠯᠢᠳᠡᠭ  ᠠᠮᠵᠢᠯᠲᠠ  ᠪᠡᠷ  ᠢ᠋ᠶ᠋ᠡᠨ ᠰᠢᠨ᠎ᠡ ᠳᠤᠮᠳᠠᠳᠦ ᠤᠯᠤᠰ ᠪᠠᠢᠭᠤᠯᠤᠭᠳᠠᠭᠰᠠᠨ 70 ᠵᠢᠯ ᠤ᠋ᠨ ᠣᠢ ᠶ᠋ᠢ ᠪᠡᠯᠭᠡᠯᠡᠬᠦ ᠬᠡᠷᠡᠭᠲᠡᠢ ᠭᠡᠵᠦ ᠱᠠᠭᠠᠷᠳᠠᠪᠠ᠃

 

 

ᠣᠷᠴᠢᠭᠤᠯᠤᠭᠴᠢ᠄ ᠡᠷᠳᠡᠨᠢᠴᠡᠴᠡᠭ

ᠬᠢᠨᠠᠭᠴᠢ᠄ ᠪᠤᠶᠠᠨ᠌ᠥ᠌ᠯᠵᠡᠢ 

ᠬᠠᠷᠢᠭᠤᠴᠠᠭᠰᠠᠨ ᠨᠠᠢᠷᠠᠭᠤᠯᠤᠭᠴᠢ᠄ ᠡᠷᠳᠡᠨᠢᠴᠡᠴᠡᠭ

ᠸᠢᠴᠠᠲ ᠲᠤ ᠪᠠᠨ ᠬᠤᠪᠢᠶᠠᠯᠴᠠᠬᠤ