ᠬᠢᠩᠭᠠᠨ ᠠᠢᠮᠠᠭ ᠪᠦᠬᠦ ᠠᠢᠮᠠᠭ ᠤ᠋ᠨ ᠦᠨᠳᠦᠰᠦᠲᠡᠨ ᠤ᠋ ᠵᠥᠪᠯᠡᠯ ᠤ᠋ᠨ ᠡᠷᠬᠢᠯᠡᠭᠴᠢᠳ ᠤ᠋ᠨ ᠬᠤᠷᠠᠯ ᠬᠤᠷᠠᠯᠳᠤᠭᠤᠯᠪᠠ
ᠢᠷᠡᠯᠲᠡ᠄ ᠬᠢᠩᠭᠠᠨ ᠠᠢᠮᠠᠭ ᠤ᠋ᠨ ᠦᠨᠳᠦᠰᠦᠲᠡᠨ ᠤ᠋ ᠵᠥᠪᠯᠡᠯ
2019.03.01

 

2 ᠳ᠋ᠤᠭᠠᠷ ᠰᠠᠷ᠎ᠠ ᠶ᠋ᠢᠨ 28 ᠤ᠋ ᠦᠳᠡ ᠶ᠋ᠢᠨ ᠬᠣᠢᠨ᠎ᠠ ᠬᠢᠩᠭᠠᠨ ᠠᠢᠮᠠᠭ ᠤ᠋ᠨ ᠪᠦᠬᠦ ᠠᠢᠮᠠᠭ ᠤ᠋ᠨ ᠦᠨᠳᠦᠰᠦᠲᠡᠨ ᠤ᠋ ᠵᠥᠪᠯᠡᠯ ᠤ᠋ᠨ  ᠡᠷᠬᠢᠯᠡᠭᠴᠢᠳ ᠤ᠋ᠨ ᠬᠤᠷᠠᠯ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠤᠨ ᠤ᠋ ᠦᠨᠳᠦᠰᠦᠲᠡᠨ ᠤ᠋ ᠵᠥᠪᠯᠡᠯ ᠤ᠋ᠨ ᠡᠷᠬᠢᠯᠡᠭᠴᠢᠳ ᠤ᠋ᠨ ᠬᠤᠷᠠᠯ ᠤ᠋ᠨ ᠵᠣᠷᠢᠭ ᠰᠠᠨᠠᠭ᠎ᠠ ᠶ᠋ᠢ ᠳᠠᠮᠵᠢᠭᠤᠯᠤᠨ᠂ 2018 ᠣᠨ  ᠤ᠋ ᠪᠦᠬᠦ ᠠᠢᠮᠠᠭ ᠤ᠋ᠨ ᠦᠨᠳᠦᠰᠦᠲᠡᠨ ᠱᠠᠰᠢᠨ ᠰᠤᠷᠲᠠᠬᠤᠨ ᠮᠣᠩᠭᠤᠯ ᠬᠡᠯᠡ ᠪᠢᠴᠢᠭ ᠤ᠋ᠨ ᠠᠵᠢᠯ ᠢ᠋ᠶ᠋ᠡᠨ ᠳ᠋ᠦᠩᠨᠡᠵᠦ᠂ 2019 ᠣᠨ ᠤ᠋ ᠠᠵᠢᠯ ᠤ᠋ᠨ ᠡᠭᠦᠷᠭᠡ ᠪᠠᠨ ᠪᠠᠢᠷᠢᠯᠠᠭᠤᠯᠪᠠ᠃ ᠡᠯ᠎ᠡ ᠬᠣᠰᠢᠭᠤ ᠬᠣᠲᠠ ᠶ᠋ᠢᠨ ᠦᠨᠳᠦᠰᠦᠲᠡᠨ ᠤ᠋ ᠬᠡᠷᠡᠭ ᠡᠷᠬᠢᠯᠡᠬᠦ ᠲᠣᠪᠴᠢᠶ᠎ᠠ 2018 ᠣᠨ  ᠤ᠋ᠨ ᠠᠵᠢᠯ ᠪᠠ 2019 ᠣᠨ ᠤ᠋ ᠠᠵᠢᠯ  ᠤ᠋ᠨ ᠰᠡᠳᠭᠢᠮᠵᠢ ᠶ᠋ᠢᠨ ᠲᠣᠭᠤᠷᠢᠨ ᠳ᠋ᠤ᠌  ᠰᠠᠨᠠᠯ ᠢ᠋ᠶ᠋ᠡᠨ ᠰᠣᠯᠢᠯᠴᠠᠪᠠ᠃

ᠬᠤᠷᠠᠯ ᠡᠴᠡ ᠵᠢᠭᠠᠨ ᠭᠠᠷᠭᠠᠭᠰᠠᠨ ᠨᠢ᠂ 2019 ᠣᠨ ᠪᠣᠯ ᠰᠢᠨ᠎ᠡ ᠳᠤᠮᠳᠠᠳᠤ ᠤᠯᠤᠰ ᠪᠠᠢᠭᠤᠯᠤᠭᠳᠠᠭᠰᠠᠨ 70 ᠵᠢᠯ ᠤ᠋ᠨ ᠣᠢ᠂ ᠴᠢᠨᠡᠭᠡᠯᠢᠭ ᠨᠠᠢᠭᠡᠮ ᠢ᠋ ᠪᠦᠬᠦ ᠲᠠᠯ᠎ᠠ ᠪᠠᠷ ᠪᠦᠲᠦᠭᠡᠨ ᠪᠠᠢᠭᠤᠯᠬᠤ ᠵᠠᠩᠭᠢᠯᠠᠭ᠎ᠠ ᠶ᠋ᠢᠨ ᠨᠢᠭᠡ ᠵᠢᠯ ᠪᠣᠯᠤᠨ᠎ᠠ᠃ ᠰᠢ ᠵᠢᠨ ᠫᠢᠩ ᠤ᠋ᠨ ᠰᠢᠨ᠎ᠡ ᠴᠠᠭ ᠦᠶ᠎ᠡ ᠶ᠋ᠢᠨ ᠳᠤᠮᠳᠠᠳᠤ ᠤᠯᠤᠰ ᠤ᠋ᠨ ᠣᠨᠴᠠᠯᠢᠭ ᠪᠦᠬᠦᠢ ᠨᠡᠢᠭᠡᠮ ᠵᠢᠷᠥᠮ ᠤ᠋ᠨ ᠦᠵᠡᠯ ᠰᠠᠨᠠᠭ᠎ᠠ ᠪᠣᠯᠤᠨ ᠨᠠᠮ ᠤ᠋ᠨ ᠠᠷᠪᠠ ᠶᠢᠰᠦᠳᠦᠭᠡᠷ ᠬᠤᠷᠠᠯ ᠤ᠋ᠨ ᠵᠣᠷᠢᠭ ᠰᠠᠨᠠᠭ᠎ᠠ  ᠶ᠋ᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠶᠡᠷᠦᠩᠬᠡᠢ ᠱᠦᠵᠢ ᠶ᠋ᠢᠨ《ᠦᠨᠳᠦᠰᠦᠲᠡᠨ ᠤ᠋ ᠪᠦᠯᠬᠦᠮᠳᠡᠯ ᠪᠠ ᠬᠢᠯᠢ ᠬᠢᠵᠠᠭᠠᠷ  ᠤ᠋ᠨ ᠲᠣᠭᠲᠠᠭᠤᠨ ᠢ᠋ ᠪᠠᠲᠤᠲᠠᠢ ᠠᠬᠢᠭᠤᠯᠬᠤ 》ᠴᠢᠬᠤᠯᠠ ᠵᠢᠭᠠᠪᠤᠷᠢ  ᠶ᠋ᠢᠨ ᠵᠣᠷᠢᠭ ᠰᠠᠨᠠᠭ᠎ᠠ ᠶ᠋ᠢ ᠭᠦᠨᠵᠡᠭᠡᠢ ᠲᠤᠭᠤᠰᠢᠯᠠᠭᠤᠯᠤᠨ᠂ ᠳᠤᠮᠳᠠᠳᠤ ᠶ᠋ᠢᠨ ᠦᠨᠳᠦᠰᠦᠲᠡᠨ ᠤ᠋ ᠬᠠᠮᠲᠤ  ᠶ᠋ᠢᠨ ᠴᠣᠭᠴᠠ ᠶ᠋ᠢᠨ ᠦᠵᠡᠯ ᠤᠬᠠᠮᠰᠠᠷ ᠶ᠋ᠢ ᠪᠠᠲᠤᠳᠭᠠᠬᠤ ᠪᠠᠷ ᠭᠣᠣᠯ ᠰᠢᠵᠢᠮ ᠪᠣᠯᠭᠠᠵᠤ᠂《ᠦᠨᠳᠦᠰᠦᠲᠡᠨ ᠤ᠋ ᠪᠦᠯᠬᠦᠮᠳᠡᠯ ᠤ᠋ᠨ ᠵᠢᠱ᠌ᠢᠶᠡᠴᠢ ᠣᠷᠤᠨ》 ᠢ᠋ ᠪᠠᠢᠭᠤᠯᠬᠤ ᠡᠴᠡ ᠭᠠᠷᠳᠠᠵᠤ᠂《ᠳᠤᠮᠳᠠᠳᠤ ᠶ᠋ᠢᠨ ᠦᠨᠳᠦᠰᠦᠲᠡᠨ ᠨᠢᠭᠡ ᠭᠡᠷ ᠪᠦᠯᠢ᠂ ᠳᠤᠮᠳᠠᠳᠤ ᠶ᠋ᠢᠨ ᠵᠠᠬᠦᠳᠦ ᠪᠠᠨ ᠬᠠᠮᠲᠦ ᠪᠡᠷ ᠲᠡᠷᠭᠡᠯᠰᠢᠭᠦᠯᠬᠦ》 ᠬᠠᠷᠠᠯᠲᠠ ᠡᠭᠦᠷᠭᠡ  ᠶ᠋ᠢᠨ ᠲᠣᠭᠤᠷᠢᠨ ᠳ᠋ᠤ᠌ ᠭᠣᠣᠯᠳᠠᠯᠭ᠎ᠠ  ᠶ᠋ᠢ ᠠᠳᠭᠤᠵᠤ ᠪᠦᠬᠦ ᠲᠠᠯ᠎ᠠ ᠳ᠋ᠤ᠌ ᠦᠢᠯᠡᠴᠢᠯᠠᠨ᠂ ᠵᠢᠯ ᠤ᠋ᠨ ᠠᠵᠢᠯ ᠳ᠋ᠠᠭᠠᠨ ᠲᠣᠬᠢᠷᠠᠭᠤᠯᠤᠯᠲᠠ ᠬᠢᠵᠦ᠂ ᠲᠥᠪ  ᠬᠣᠷᠢᠶᠠᠨ ᠤ᠋ ᠪᠠ ᠥᠪᠡᠷᠲᠡᠭᠡᠨ ᠵᠠᠰᠠᠬᠤ ᠣᠷᠤᠨ ᠤ᠋ ᠦᠨᠳᠦᠰᠦᠲᠡᠨ  ᠤ᠋ ᠠᠵᠢᠯ ᠤ᠋ᠨ ᠰᠢᠨ᠎ᠡ ᠰᠢᠢᠳᠪᠤᠷᠢ ᠶ᠋ᠢ ᠨᠠᠷᠢᠯᠢᠭ ᠮᠥᠷᠲᠡᠭᠡᠨ ᠪᠤᠲᠠᠲᠠᠢ ᠨᠠᠢᠳᠠᠪᠤᠷᠢᠵᠢᠭᠤᠯᠤᠨ ᠂ ᠪᠦᠬᠦ ᠠᠢᠮᠠᠭ ᠤ᠋ᠨ ᠥᠨᠳᠦᠷ ᠴᠢᠨᠠᠷᠯᠢᠭ ᠬᠥᠭᠵᠢᠯᠲᠡ  ᠶ᠋ᠢᠨ ᠲᠥᠯᠦᠭᠡ ᠣᠶᠤᠨ ᠤᠬᠠᠭᠠᠨ ᠪᠠ ᠬᠦᠴᠦᠨ ᠴᠢᠳᠠᠯ ᠢ᠋ᠶ᠋ᠡᠨ ᠨᠢᠭᠲᠠᠷᠠᠭᠤᠯᠵᠤ᠂ ᠪᠦᠬᠦ ᠠᠢᠮᠠᠭ ᠤ᠋ᠨ ᠦᠨᠳᠦᠰᠦᠲᠡᠨ ᠤ᠋ ᠪᠦᠯᠬᠦᠮᠳᠡᠯ ᠲᠠᠪᠰᠢᠯᠲᠠ  ᠶ᠋ᠢᠨ ᠦᠢᠯᠡᠰ ᠤ᠋ᠨ ᠰᠢᠨ᠎ᠡ ᠪᠠᠢᠳᠠᠯ  ᠢ᠋ ᠴᠢᠷᠮᠠᠢᠨ ᠡᠭᠦᠳᠬᠦ ᠬᠡᠷᠡᠭᠲᠡᠢ ᠭᠡᠵᠡᠢ᠃ ᠬᠤᠷᠠᠯ ᠡᠴᠡ ᠨᠢᠭᠡᠳᠦᠭᠡᠷ ᠲᠤᠨᠢ᠂ ᠬᠦᠴᠦ ᠪᠠᠨ ᠬᠠᠮᠲᠤᠳᠭᠠᠨ ᠰᠠᠢᠲᠤᠷ ᠠᠵᠢᠯᠯᠠᠵᠤ᠂ ᠪᠦᠬᠦ ᠠᠢᠮᠠᠭ ᠤ᠋ᠨ  ᠦᠨᠳᠦᠰᠦᠲᠡᠨ ᠤ᠋  ᠠᠵᠢᠯ ᠰᠢᠨ᠎ᠡ  ᠠᠬᠢᠯᠲᠠ ᠱᠢᠨ᠎ᠡ ᠪᠦᠲᠦᠮᠵᠢ ᠶ᠋ᠢ ᠲᠡᠮᠡᠴᠠᠨ ᠤᠯᠬᠤ ᠬᠡᠷᠡᠭᠲᠡᠢ᠃ ᠳᠠᠷᠠᠭ᠎ᠠ ᠳ᠋ᠤᠨᠢ᠂ ᠦᠵᠡᠯ ᠤᠬᠠᠮᠰᠠᠷ ᠢ᠋ᠶ᠋ᠡᠨ ᠨᠢᠭᠡᠳᠬᠡᠵᠤ᠂ ᠤᠯᠤᠰ ᠲᠥᠷᠦ ᠶ᠋ᠢᠨ ᠵᠣᠭᠰᠤᠴᠠ ᠪᠠᠨ ᠳᠡᠭᠡᠭᠰᠢᠯᠡᠭᠦᠯᠵᠦ᠂ ᠰᠢᠨ᠎ᠡ ᠴᠠᠭ ᠦᠶ᠎ᠡ ᠶ᠋ᠢᠨ ᠦᠨᠳᠦᠰᠦᠲᠡᠨ ᠤ᠋ ᠠᠵᠢᠯ ᠤ᠋ᠨ ᠴᠢᠬᠤᠯᠠ ᠴᠢᠨᠠᠷ ᠪᠠ ᠲᠤᠯᠭᠠᠮ᠎ᠠ ᠴᠢᠨᠠᠷ ᠢ᠋ ᠭᠦᠨᠵᠡᠭᠡᠢ ᠲᠠᠨᠢᠵᠤ ᠤᠯᠬᠤ ᠬᠡᠷᠡᠭᠲᠡᠢ᠃ ᠭᠤᠷᠪᠠᠳᠤᠭᠠᠷ ᠲᠤᠨᠢ᠂ ᠪᠦᠯᠬᠦᠮᠳᠡᠨ ᠨᠢᠭᠲᠠᠷᠠᠵᠤ᠂ ᠬᠢᠳᠠᠯ ᠲᠠᠢ ᠬᠠᠷᠢᠭᠤᠴᠠᠯᠭ᠎ᠠ ᠲᠠᠢ ᠪᠠᠢᠵᠦ᠂  ᠪᠦᠬᠦ ᠠᠢᠮᠠᠭ  ᠤ᠋ᠨ  ᠦᠨᠳᠦᠰᠦᠲᠡᠨ ᠤ᠋ ᠪᠦᠯᠬᠦᠮᠳᠡᠯ ᠲᠠᠪᠰᠢᠯᠲᠡ  ᠶ᠋ᠢᠨ  ᠦᠢᠯᠡᠰ ᠤ᠋ᠨ ᠰᠢᠨ᠎ᠡ  ᠪᠠᠢᠳᠠᠯ  ᠢ᠋ ᠪᠤᠢ ᠪᠣᠯᠭᠠᠬᠤ  ᠪᠡᠷ ᠴᠢᠷᠮᠠᠢᠬᠤ ᠬᠡᠷᠡᠭᠲᠡᠢ᠃ ᠳᠥᠷᠪᠡᠳᠦᠭᠡᠷ ᠲᠤᠨᠢ᠂ ᠤᠯᠤᠰ ᠲᠤᠷᠥ ᠶ᠋ᠢᠨ  ᠪᠦᠲᠦᠭᠡᠨ ᠪᠠᠢᠭᠤᠯᠤᠯᠲᠠ ᠪᠠᠷ  ᠵᠢᠯᠤᠭᠤᠳᠤᠭᠤᠯᠤᠨ ᠂ ᠨᠠᠮ ᠤ᠋ᠨ ᠬᠡᠪ ᠰᠤᠷᠲᠠᠯ ᠢ᠋ ᠪᠦᠬᠦ ᠲᠠᠯ᠎ᠠ  ᠪᠠᠷ ᠴᠢᠩᠭ᠎ᠠ ᠠᠳᠭᠤᠵᠤ᠂ 《ᠨᠢᠭᠡ ᠠᠵᠢᠯ  ᠤ᠋ᠨ ᠪᠠᠢᠷᠢᠨ ᠳ᠋ᠤ᠌ ᠬᠣᠶᠠᠷ ᠬᠠᠷᠢᠭᠤᠴᠠᠯᠭ᠎ᠠ ᠶ᠋ᠢ ᠬᠡᠷᠡᠭᠵᠢᠭᠦᠯᠬᠦ》 ᠶ᠋ᠢ ᠨᠠᠢᠳᠠᠪᠤᠷᠢᠵᠢᠭᠤᠯᠵᠤ᠂ ᠨᠠᠮ ᠤ᠋ᠨ ᠠᠵᠢᠯ ᠢ᠋ ᠴᠢᠩᠭ᠎ᠠ ᠠᠳᠭᠤᠵᠤ ᠦᠨᠳᠦᠰᠦᠲᠡᠨ ᠤ᠋ ᠠᠵᠢᠯ ᠢ᠋ ᠠᠬᠢᠭᠤᠯᠬᠤ ᠬᠡᠷᠡᠭᠲᠡᠢ ᠭᠡᠵᠤ ᠱᠠᠭᠠᠷᠳᠠᠭᠰᠠᠨ ᠪᠠᠢᠨ᠎ᠠ᠃

 

 

ᠣᠷᠴᠢᠭᠤᠯᠤᠭᠴᠢ᠄ ᠡᠷᠳᠡᠨᠢᠴᠡᠴᠡᠭ

ᠬᠢᠨᠠᠭᠴᠢ᠄ ᠪᠤᠶᠠᠨ᠌ᠥ᠌ᠯᠵᠡᠢ

ᠬᠠᠷᠢᠭᠤᠴᠠᠭᠰᠠᠨ ᠨᠠᠢᠷᠠᠭᠤᠯᠤᠭᠴᠢ᠄ ᠡᠷᠳᠡᠨᠢᠴᠡᠴᠡᠭ

 

ᠸᠢᠴᠠᠲ ᠲᠤ ᠪᠠᠨ ᠬᠤᠪᠢᠶᠠᠯᠴᠠᠬᠤ