ᠥᠪᠦᠷ ᠮᠣᠩᠭᠤᠯ ᠤ᠋ᠨ ᠥᠪᠡᠷᠲᠡᠭᠡᠨ ᠵᠠᠰᠠᠬᠤ ᠣᠷᠤᠨ ᠤ᠋ ᠮᠣᠩᠭᠤᠯ ᠨᠡᠷ᠎ᠡ ᠲᠣᠮᠢᠶᠠᠨ ᠤ᠋ ᠠᠵᠢᠯ ᠤ᠋ᠨ ᠺᠣᠮᠢᠰ 2018 ᠣᠨ ᠤ᠋ ᠨᠢᠭᠡᠳᠦᠭᠡᠷ ᠤᠳᠠᠭᠠᠨ ᠤ᠋ ᠰᠢᠨ᠎ᠡ ᠨᠡᠷ᠎ᠡ ᠲᠣᠮᠢᠶ᠎ᠠ ᠬᠢᠨᠠᠨ ᠲᠣᠭᠲᠠᠭᠠᠬᠤ ᠬᠤᠷᠠᠯ   ᠢ᠋ ᠬᠤᠷᠠᠯᠳᠤᠭᠤᠯᠪᠠ
ᠢᠷᠡᠯᠲᠡ᠄ ᠮᠣᠩᠭᠤᠯ ᠬᠡᠯᠡ ᠪᠢᠴᠢᠭ ᠦ᠋ᠨ ᠡᠷᠳᠡᠮ ᠰᠢᠨᠵᠢᠯᠡᠭᠡᠨ ᠦ᠌ ᠭᠠᠵᠠᠷ
2018.04.19

2018ᠣᠨ ᠤ᠋ 4 ᠰᠠᠷ᠎ᠠ ᠶ᠋ᠢᠨ 13  ᠤ᠋ ᠡᠳᠦᠷ ᠥᠪᠦᠷ ᠮᠣᠩᠭᠤᠯ ᠤ᠋ᠨ ᠥᠪᠡᠷᠲᠡᠭᠡᠨ ᠵᠠᠰᠠᠬᠤ ᠣᠷᠤᠨ ᠤ᠋ ᠮᠣᠩᠭᠤᠯ ᠨᠡᠷ᠎ᠡ ᠲᠣᠮᠢᠶᠠᠨ ᠤ᠋ ᠠᠵᠢᠯ ᠤ᠋ᠨ ᠺᠣᠮᠢᠰ 2018 ᠣᠨ ᠤ᠋ ᠨᠢᠭᠡᠳᠦᠭᠡᠷ ᠤᠳᠠᠭᠠᠨ ᠤ᠋ ᠰᠢᠨ᠎ᠡ ᠨᠡᠷ᠎ᠡ ᠲᠣᠮᠢᠶ᠎ᠠ ᠬᠦᠬᠡᠬᠣᠳᠠ ᠳ᠋ᠤ᠌ ᠬᠢᠨᠠᠨ ᠲᠣᠭᠲᠠᠭᠠᠬᠤ ᠬᠤᠷᠠᠯ ᠢ᠋ ᠬᠤᠷᠠᠯᠳᠤᠭᠤᠯᠵᠠᠢ᠃  ᠥᠪᠦᠷ ᠮᠣᠩᠭᠤᠯ ᠤᠨ ᠨᠡᠢᠭᠡᠮ ᠦ᠋ᠨ ᠰᠢᠨᠵᠢᠯᠡᠬᠦ ᠤᠬᠠᠭᠠᠨ ᠤ᠋ ᠬᠦᠷᠢᠶᠡᠯᠡᠩ᠂ ᠥᠪᠦᠷ ᠮᠣᠩᠭᠤᠯ ᠤ᠋ᠨ ᠶᠡᠬᠡ ᠰᠤᠷᠭᠠᠭᠤᠯᠢ᠂ ᠥᠪᠦᠷ ᠮᠣᠩᠭᠤᠯ ᠤ᠋ᠨ ᠪᠠᠭᠰᠢ ᠶ᠋ᠢᠨ ᠶᠡᠬᠡ ᠰᠤᠷᠭᠠᠭᠤᠯᠢ᠂ ᠬᠥᠬᠡᠬᠣᠲᠠ ᠦᠨᠳᠦᠰᠦᠲᠡᠨ ᠦ᠌ ᠳᠡᠭᠡᠳᠦ ᠰᠤᠷᠭᠠᠭᠤᠯᠢ᠂ ᠥᠪᠦᠷ ᠮᠣᠩᠭᠤᠯ ᠤ᠋ᠨ ᠲᠧᠯᠸᠢᠰ ᠬᠣᠷᠢᠶ᠎ᠠ᠂ ᠥᠪᠦᠷ ᠮᠣᠩᠭᠤᠯ ᠤ᠋ᠨ ᠠᠷᠠᠳ ᠤ᠋ᠨ ᠬᠡᠪᠯᠡᠯ ᠦ᠋ᠨ ᠬᠣᠷᠢᠶ᠎ᠠ ᠵᠡᠷᠭᠡ ᠬᠣᠯᠪᠤᠭᠳᠠᠯ ᠪᠦᠬᠦᠢ ᠰᠠᠯᠠᠭ᠎ᠠ ᠮᠥᠴᠢᠷ ᠡᠴᠡ ᠬᠦᠷᠦᠯᠴᠡᠨ ᠢᠷᠡᠭᠰᠡᠨ ᠥᠪᠡᠷᠲᠡᠭᠡᠨ ᠵᠠᠰᠠᠬᠤ ᠣᠷᠤᠨ ᠤ᠋ ᠮᠣᠩᠭᠤᠯ ᠨᠡᠷ᠎ᠡ ᠲᠣᠮᠢᠶᠠᠨ ᠤ᠋ ᠺᠣᠮᠢᠰ ᠤ᠋ᠨ ᠪᠠᠢᠩᠭᠤ ᠶ᠋ᠢᠨ ᠭᠡᠰᠢᠭᠦᠳ ᠪᠣᠯᠤᠨ ᠬᠠᠮᠢᠶ᠎ᠠ ᠪᠦᠬᠦᠢ ᠲᠤᠰᠭᠠᠢ ᠮᠡᠷᠭᠡᠵᠢᠯᠲᠡᠨ 20 ᠰᠢᠬᠠᠮ ᠬᠥᠮᠦᠨ ᠬᠤᠷᠠᠯ ᠳ᠋ᠤ᠌ ᠣᠷᠤᠯᠴᠠᠵᠠᠢ᠃

ᠡᠨᠡ ᠤᠳᠠᠭᠠᠨ ᠤ᠋ ᠬᠤᠷᠠᠯ ᠨᠢ ᠥᠪᠡᠷᠲᠡᠭᠡᠨ ᠵᠠᠰᠠᠬᠤ ᠣᠷᠤᠨ ᠤ᠋ ᠮᠣᠩᠭᠤᠯ ᠨᠡᠷ᠎ᠡ ᠲᠣᠮᠢᠶᠠᠨ ᠤ᠋ ᠠᠵᠢᠯ ᠤ᠋ᠨ ᠺᠣᠮᠢᠰ ᠤ᠋ᠨ  ᠳᠦᠷᠢᠮ ᠢ᠋ ᠴᠢᠩᠭ᠎ᠠ ᠵᠢᠷᠤᠮᠯᠠᠵᠤ᠂ ᠥᠪᠦᠷ ᠮᠣᠩᠭᠤᠯ ᠤ᠋ᠨ ᠠᠷᠠᠳ ᠤ᠋ᠨ ᠬᠡᠪᠯᠡᠯ ᠦ᠋ᠨ ᠬᠣᠷᠢᠶᠠᠨ ᠠ᠋ᠴᠠ ᠤᠳᠠᠯ ᠦᠭᠡᠢ ᠬᠡᠪᠯᠡᠭᠦᠯᠬᠦ ᠪᠡᠷ ᠪᠠᠢᠭ᠎ᠠ ᠦᠨᠳᠦᠰᠦᠲᠡᠨ ᠦ᠌ ᠬᠡᠪᠯᠡᠯ ᠦ᠋ᠨ ᠬᠣᠷᠢᠶ᠎ᠠ ᠶ᠋ᠢᠨ ᠬᠢᠨᠠᠨ ᠨᠠᠢᠷᠠᠭᠤᠯᠤᠭᠴᠢ ᠰᠦᠮᠪᠦᠷᠪᠠᠲᠤ ᠶ᠋ᠢᠨ ᠬᠠᠩᠭᠠᠭᠰᠠᠨ《 ᠬᠢᠲᠠᠳ ᠮᠣᠩᠭᠤᠯ ᠰᠢᠨ᠎ᠡ ᠦᠭᠡᠰ ᠦ᠋ᠨ ᠲᠠᠢᠯᠪᠤᠷᠢ ᠲᠣᠯᠢ》( ᠨᠡᠮᠡᠵᠦ ᠵᠠᠰᠠᠭᠰᠠᠨ ᠬᠣᠶᠠᠳᠤᠭᠠᠷ ᠬᠡᠪᠯᠡᠯ ) ᠳᠠᠬᠢ ᠬᠡᠰᠡᠭ ᠰᠢᠨ᠎ᠡ ᠦᠭᠡ ᠨᠡᠷ᠎ᠡ ᠲᠣᠮᠢᠶ᠎ᠠ ᠶ᠋ᠢ  ᠨᠢᠮᠪᠠᠢ  ᠰᠣᠩᠭᠤᠵᠤ᠂   ᠵᠠᠰᠠᠵᠤ᠂ ᠬᠢᠨᠠᠨ ᠲᠣᠭᠲᠠᠭᠠᠵᠠᠢ᠃ ᠡᠳᠡᠭᠡᠷ ᠰᠢᠨ᠎ᠡ ᠦᠭᠡ ᠨᠡᠷ᠎ᠡ ᠲᠣᠮᠢᠶ᠎ᠠ ᠨᠢ ᠮᠣᠩᠭᠤᠯ ᠬᠢᠲᠠᠳ ᠬᠠᠷᠢᠴᠠᠭᠤᠯᠤᠭᠰᠠᠨ ᠠᠯᠪᠠᠨ ᠮᠡᠳᠡᠭᠡ ᠶ᠋ᠢᠨ ᠬᠡᠯᠪᠡᠷᠢ ᠪᠡᠷ ᠮᠣᠩᠭᠤᠯ ᠬᠡᠯᠡ ᠪᠢᠴᠢᠭ ᠦ᠋ᠨ ᠠᠵᠢᠯ ᠤ᠋ᠨ ᠨᠠᠢ᠍ᠮᠠᠨ ᠮᠤᠵᠢ ᠣᠷᠤᠨ ᠳ᠋ᠤ᠌ ᠲᠠᠷᠬᠠᠭᠠᠬᠤ ᠪᠣᠯᠤᠨ᠎ᠠ᠃

 

ᠣᠷᠴᠢᠭᠤᠯᠤᠭᠴᠢ᠄ ᠬᠤᠤᠰᠪᠠᠶᠠᠡᠷ

ᠬᠢᠨᠠᠭᠴᠢ᠄ ᠪᠣᠣ ᠭᠧ᠋

ᠬᠠᠷᠢᠭᠤᠴᠠᠭᠰᠠᠨ ᠨᠠᠢᠷᠠᠭᠤᠯᠤᠭᠴᠢ᠄ ᠲᠡᠭᠦᠰᠪᠠᠶᠠᠷ

ᠸᠢᠴᠠᠲ ᠲᠤ ᠪᠠᠨ ᠬᠤᠪᠢᠶᠠᠯᠴᠠᠬᠤ