ᠬᠤᠤᠯᠢᠨ ᠭᠣᠣᠯ ᠬᠣᠲᠠ ᠮᠣᠩᠭᠤᠯ ᠬᠢᠲᠠᠳ ᠦᠰᠦᠭ ᠢ᠋ ᠵᠡᠷᠭᠡ  ᠪᠡᠷ ᠬᠡᠷᠡᠭᠯᠡᠬᠦ ᠠᠵᠢᠯ  ᠢ᠋ ᠴᠢᠩᠭᠠᠳᠭᠠᠵᠤ ᠬᠣᠲᠠ ᠶ᠋ᠢᠨ ᠰᠢᠨ᠎ᠡ ᠳᠦᠷᠰᠦ ᠶ᠋ᠢ ᠢᠯᠡᠷᠡᠭᠦᠯᠵᠦ ᠪᠣᠢ
ᠢᠷᠡᠯᠲᠡ᠄ ᠲᠦᠩᠯᠢᠶᠣᠤ ᠬᠣᠲᠠ ᠵᠢᠨ ᠦᠨᠳᠦᠰᠦᠲᠡᠨ ᠦ᠌ ᠬᠡᠷᠡᠭ ᠡᠷᠬᠢᠯᠡᠬᠦ ᠵᠥᠪᠯᠡᠯ 
2017.12.09

 

ᠨᠡᠢᠭᠡᠮ ᠦ᠋ᠨ ᠥᠩᠭᠡᠨ ᠬᠡᠷᠡᠭᠯᠡᠭᠡᠨ ᠳ᠋ᠦ᠍ ᠮᠣᠩᠭᠤᠯ ᠬᠢᠲᠠᠳ ᠦᠰᠦᠭ ᠢ᠋ ᠵᠡᠷᠭᠡ ᠪᠡᠷ ᠬᠡᠷᠡᠭᠯᠡᠬᠦ ᠠᠵᠢᠯ ᠢ᠋ ᠭᠦᠨᠵᠡᠭᠡᠢ ᠲᠦᠯᠬᠢᠨ ᠠᠬᠢᠭᠤᠯᠵᠤ᠂ 《ᠥᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠤᠨ ᠤ᠋ ᠮᠣᠩᠭᠤᠯ ᠬᠡᠯᠡ ᠪᠢᠴᠢᠭ ᠦ᠋ᠨ ᠠᠵᠢᠯ ᠤᠨ ᠳᠦᠷᠢᠮ》 ᠢ᠋ ᠦᠨᠡᠨ ᠬᠦ ᠲᠦᠭᠡᠮᠡᠯᠵᠢᠭᠦᠯᠦᠨ ᠬᠡᠷᠡᠭᠵᠢᠭᠦᠯᠬᠦ ᠵᠢᠨ ᠲᠥᠯᠦᠭᠡ᠂ ᠬᠠᠤᠯᠢᠨ ᠭᠣᠣᠯ ᠬᠣᠲᠠ ᠬᠠᠮᠢᠶ᠎ᠠ ᠪᠦᠬᠦᠢ ᠠᠷᠭ᠎ᠠ ᠬᠡᠮᠵᠢᠶ᠎ᠡ ᠠᠪᠴᠤ ᠬᠣᠲᠠ ᠵᠢᠨ ᠦᠨᠳᠦᠰᠦᠲᠡᠨ ᠦ᠌ ᠰᠣᠶᠤᠯ ᠤᠨ ᠲᠠᠲᠠᠬᠤ ᠬᠦᠴᠦᠨ ᠢ᠋ ᠪᠦᠲᠦᠮᠵᠢᠲᠡᠢ ᠢᠯᠡᠷᠡᠭᠦᠯᠵᠦ᠂ ᠪᠦᠬᠦ ᠬᠣᠲᠠ ᠵᠢᠨ ᠦᠨᠳᠦᠰᠦᠲᠡᠨ ᠦ᠌ ᠬᠡᠯᠡ ᠦᠰᠦᠭ ᠪᠢᠴᠢᠭ ᠦ᠋ᠨ ᠠᠵᠢᠯ ᠤᠨ ᠭᠦᠨᠵᠡᠭᠡᠢ ᠬᠥᠭᠵᠢᠯᠲᠡ ᠵᠢ ᠲᠦᠯᠬᠢᠨ ᠠᠬᠢᠭᠤᠯᠵᠤ ᠪᠠᠢᠨ᠎ᠠ᠃

ᠡᠩᠨᠡᠭᠡᠨ ᠦ᠌ ᠪᠠᠢᠭᠤᠯᠤᠯᠲᠠ ᠵᠢᠨ ᠬᠢᠷᠢ ᠲᠦᠪᠰᠢᠨ ᠢ᠋ ᠳᠡᠭᠡᠭᠰᠢᠯᠡᠭᠦᠯᠪᠡ᠃ ᠣᠢᠷ᠎ᠠ ᠵᠢᠨ ᠵᠢᠯ ᠳ᠋ᠦ᠍ ᠤᠷᠢᠳ ᠬᠣᠵᠢᠳ ᠮᠣᠩᠭᠤᠯ ᠬᠢᠲᠠᠳ ᠬᠡᠯᠡᠨ ᠳ᠋ᠦ᠍ ᠲᠡᠭᠰᠢ ᠨᠡᠪᠲᠡᠷᠡᠭᠰᠡᠨ ᠶᠡᠬᠡ ᠳᠡᠭᠡᠳᠦ ᠰᠤᠷᠭᠠᠭᠤᠯᠢ ᠠ᠋ᠴᠠ ᠲᠡᠭᠦᠰᠦᠭᠰᠡᠨ 8 ᠰᠤᠷᠤᠭᠴᠢ ᠵᠢ ᠡᠯᠰᠡᠵᠦ᠂ ᠣᠷᠴᠢᠭᠤᠯᠭ᠎ᠠ ᠵᠢᠨ ᠠᠵᠢᠯ ᠢ᠋ ᠲᠤᠰᠭᠠᠢ ᠪᠤᠶᠤ ᠬᠠᠪᠰᠤᠷᠤᠨ ᠬᠠᠷᠢᠭᠤᠴᠠᠭᠤᠯᠵᠤ᠂ ᠪᠠᠰᠠ ᠵᠢᠯ ᠪᠦᠷᠢ ᠥᠪᠡᠷᠲᠡᠭᠡᠨ ᠵᠠᠰᠠᠬᠤ ᠣᠷᠤᠨ ᠤ᠋ ᠡᠷᠬᠢᠯᠡᠭᠰᠡᠨ ᠣᠷᠴᠢᠭᠤᠯᠤᠭᠴᠢ ᠵᠢᠨ ᠪᠣᠯᠪᠠᠰᠤᠷᠠᠯ ᠤᠨ ᠠᠩᠭᠢ ᠳ᠋ᠤ᠌ ᠣᠷᠤᠯᠴᠠᠭᠤᠯᠵᠤ᠂ ᠪᠦᠬᠦ ᠣᠷᠤᠨ ᠤ᠋ ᠡᠯ᠎ᠡ ᠭᠠᠵᠠᠷ ᠤᠨ ᠮᠣᠩᠭᠤᠯ ᠬᠢᠲᠠᠳ ᠣᠷᠴᠢᠭᠤᠯᠤᠭᠴᠢ ᠵᠢᠨ ᠮᠡᠷᠭᠡᠵᠢᠯᠲᠡᠳ ᠲᠠᠢ ᠲᠤᠷᠰᠢᠯᠭ᠎ᠠ ᠪᠠᠨ ᠰᠣᠯᠢᠯᠴᠠᠨ ᠰᠤᠷᠤᠯᠴᠠᠭᠤᠯᠵᠤ᠂ ᠪᠣᠯᠪᠠᠰᠤᠷᠠᠯ ᠰᠢᠯᠭᠠᠯᠲᠠ ᠪᠠᠷ ᠳᠠᠮᠵᠢᠨ ᠣᠷᠴᠢᠭᠤᠯᠤᠭᠴᠢ ᠵᠢᠨ ᠦᠨᠡᠮᠯᠡᠯ ᠣᠯᠭᠤᠵᠤ᠂ ᠣᠷᠴᠢᠭᠤᠯᠤᠭᠴᠢ ᠵᠢᠨ ᠠᠵᠢᠯᠲᠠᠨ ᠤ᠋ ᠲᠤᠬᠠᠢᠯᠠᠭᠰᠠᠨ ᠠᠵᠢᠯ ᠤᠨ ᠴᠢᠳᠠᠪᠤᠷᠢ ᠪᠠᠨ ᠦᠨᠡᠨ ᠬᠦ ᠳᠡᠭᠡᠭᠰᠢᠯᠡᠭᠦᠯᠵᠡᠢ᠃

ᠰᠦᠯᠵᠢᠶ᠎ᠡ ᠪᠡᠷ ᠦᠢᠯᠡᠴᠢᠯᠡᠬᠦ ᠴᠢᠳᠠᠮᠵᠢ ᠪᠠᠨ ᠳᠡᠭᠡᠭᠰᠢᠯᠡᠭᠦᠯᠪᠡ᠃ ᠣᠷᠴᠢᠭᠤᠯᠭ᠎ᠠ ᠵᠢᠨ ᠲᠤᠰᠭᠠᠢ ᠬᠢᠨᠠᠨ ᠰᠢᠭᠦᠬᠦ ᠰᠦᠯᠵᠢᠶ᠎ᠡ ᠪᠠᠢᠭᠤᠯᠵᠤ᠂ ᠪᠦᠬᠦ ᠡᠳᠦᠷ ᠢ᠋ᠶ᠋ᠡᠷ ᠨᠡᠭᠡᠭᠡᠵᠦ᠂ ᠬᠠᠷᠢᠶ᠎ᠠ ᠪᠦᠬᠦᠢ ᠲᠣᠭᠤᠷᠢᠭ ᠤᠨ ᠵᠠᠷ ᠮᠡᠳᠡᠭᠡᠨ ᠦ᠌ ᠫᠠᠢᠰᠠ ᠢᠯᠡᠷᠬᠡᠢᠯᠡᠯ ᠦᠢᠯᠡᠳᠴᠦ ᠪᠠᠢᠭ᠎ᠠ ᠠᠵᠤ ᠠᠬᠤᠢᠯᠠᠯ (ᠤᠷᠠᠨ ᠵᠢᠷᠤᠭ ᠤᠨ ᠬᠣᠷᠢᠶ᠎ᠠ) ᠳ᠋ᠦ᠍ ᠰᠦᠯᠵᠢᠶᠡᠨ ᠳᠡᠭᠡᠷ᠎ᠡ ᠦᠨ᠎ᠡ ᠲᠥᠯᠦᠪᠦᠷᠢ ᠦᠭᠡᠢ ᠦᠢᠯᠡᠴᠢᠯᠡᠭᠡ ᠬᠠᠩᠭᠠᠵᠤ᠂ ᠮᠣᠩᠭᠤᠯ ᠬᠢᠲᠠᠳ ᠣᠷᠴᠢᠭᠤᠯᠭ᠎ᠠ ᠵᠢᠨ ᠦᠢᠯᠡᠴᠢᠯᠡᠭᠡ ᠵᠢ ᠴᠠᠭ ᠲᠤᠬᠠᠢ ᠳ᠋ᠤᠨᠢ ᠬᠠᠩᠭᠠᠵᠠᠢ᠃ ᠪᠦᠬᠦ ᠵᠢᠯ ᠳ᠋ᠦ᠍ 2370 ᠫᠠᠢᠰᠠ ᠢᠯᠡᠷᠬᠡᠢᠯᠡᠯ᠂ 520 ᠬᠦᠨᠳᠡᠯᠡᠨ ᠪᠢᠴᠢᠭᠡᠰᠦ᠂ 390 ᠬᠤᠷᠠᠯ ᠤᠨ ᠡᠯᠭᠦᠭᠡᠰᠦ᠂ 840 ᠰᠠᠭᠤᠳᠠᠯ ᠤᠨ ᠪᠢᠴᠢᠭᠡᠰᠦ ᠣᠷᠴᠢᠭᠤᠯᠵᠤ᠂ 30 ᠲᠦᠮᠡᠨ ᠦᠰᠦᠭ ᠦ᠋ᠨ ᠡᠯ᠎ᠡ ᠵᠦᠢᠯ ᠦ᠋ᠨ ᠪᠢᠴᠢᠭ ᠮᠠᠲ᠋ᠧᠷᠢᠶᠠᠯ ᠢ᠋ ᠣᠷᠴᠢᠭᠤᠯᠵᠠᠢ᠃

ᠮᠣᠩᠭᠤᠯ ᠬᠢᠲᠠᠳ ᠦᠰᠦᠭ ᠢ᠋ ᠵᠡᠷᠭᠡ ᠪᠡᠷ ᠬᠡᠷᠡᠭᠯᠡᠬᠦ ᠤᠳᠤᠷᠢᠳᠤᠯᠭ᠎ᠠ ᠪᠠᠨ ᠴᠢᠩᠭᠠᠳᠭᠠᠪᠠ᠃ 3 ᠳ᠋ᠤᠭᠠᠷ ᠰᠠᠷ᠎ᠠ ᠳ᠋ᠤ᠌ ᠪᠦᠬᠦ ᠬᠣᠲᠠ ᠵᠢᠨ ᠮᠣᠩᠭᠤᠯ ᠬᠢᠲᠠᠳ ᠦᠰᠦᠭ ᠢ᠋ ᠵᠡᠷᠭᠡ ᠪᠡᠷ ᠬᠡᠷᠡᠭᠯᠡᠬᠦ ᠬᠠᠮᠢᠶᠠᠷᠤᠯᠲᠠ ᠵᠢᠨ ᠠᠵᠢᠯ ᠤᠨ ᠬᠤᠷᠠᠯ ᠬᠤᠷᠠᠯᠳᠤᠭᠤᠯᠵᠤ᠂ ᠲᠤᠬᠠᠢ ᠵᠢᠨ ᠲᠠᠯᠠᠪᠠᠢ ᠳ᠋ᠤ᠌ ᠵᠠᠷ ᠮᠡᠳᠡᠭᠡ ᠫᠠᠢᠰᠠ ᠢᠯᠡᠷᠬᠡᠢᠯᠡᠯ ᠦᠢᠯᠡᠳᠬᠦ ᠠᠵᠢᠯ ᠢ᠋ ᠡᠷᠬᠢᠯᠡᠵᠦ ᠪᠠᠢᠭ᠎ᠠ ᠠᠵᠤ ᠠᠬᠤᠢᠯᠠᠯ ᠲᠠᠢ 《ᠮᠣᠩᠭᠤᠯ ᠬᠢᠲᠠᠳ ᠦᠰᠦᠭ ᠢ᠋ ᠵᠡᠷᠭᠡ ᠪᠡᠷ ᠬᠡᠷᠡᠭᠯᠡᠬᠦ ᠬᠠᠮᠢᠶᠠᠷᠤᠯᠲᠠ ᠵᠢᠨ ᠬᠠᠷᠢᠭᠤᠴᠠᠯᠭ᠎ᠠ ᠵᠢᠨ ᠪᠢᠴᠢᠭ》 ᠢ᠋ ᠲᠣᠭᠲᠠᠵᠤ᠂ 6 ᠳ᠋ᠤᠭᠠᠷ ᠰᠠᠷ᠎ᠠ ᠳ᠋ᠤ᠌ ᠨᠡᠢᠭᠡᠮ ᠦ᠋ᠨ ᠥᠩᠭᠡᠨ ᠬᠡᠷᠡᠭᠯᠡᠭᠡᠨ ᠦ᠌ ᠫᠠᠢᠰᠠ ᠢᠯᠡᠷᠬᠡᠢᠯᠡᠯ ᠦᠢᠯᠡᠳᠴᠦ ᠪᠠᠢᠭ᠎ᠠ ᠠᠵᠤ ᠠᠬᠤᠢᠯᠠᠯ ᠤ᠋ᠨ ᠬᠠᠷᠢᠭᠤᠴᠠᠯᠭᠠᠲᠠᠳ ᠤᠨ ᠪᠣᠯᠪᠠᠰᠤᠷᠠᠯ ᠤᠨ ᠠᠩᠭᠢ ᠡᠷᠬᠢᠯᠡᠵᠦ᠂ 47 ᠵᠠᠷ ᠮᠡᠳᠡᠭᠡᠨ ᠦ᠌ ᠫᠠᠢᠰᠠ ᠢᠯᠡᠷᠬᠡᠢᠯᠡᠯ ᠦᠢᠯᠡᠳᠴᠦ ᠪᠠᠢᠭ᠎ᠠ ᠠᠵᠤ ᠠᠬᠤᠢᠯᠠᠯ ᠤᠨ ᠬᠠᠷᠢᠭᠤᠴᠠᠯᠭᠠᠲᠠᠳ ᠲᠠᠢ 《ᠠᠮᠠᠯᠠᠯᠲᠠ ᠵᠢᠨ ᠪᠢᠴᠢᠭ》 ᠲᠣᠭᠲᠠᠵᠤ᠂ ᠦᠢᠯᠡᠳᠬᠦ ᠠᠵᠤ ᠠᠬᠤᠢᠯᠠᠯ ᠪᠣᠯᠤᠨ ᠵᠠᠰᠠᠭ ᠵᠠᠬᠢᠷᠭᠠᠨ ᠤ᠋ ᠭᠣᠣᠯᠯᠠᠨ ᠬᠠᠮᠢᠶᠠᠷᠬᠤ ᠰᠠᠯᠠᠭ᠎ᠠ ᠮᠥᠴᠢᠷ ᠬᠣᠶᠠᠷ ᠡᠲᠡᠭᠡᠳ ᠦ᠋ᠨ ᠬᠠᠷᠢᠭᠤᠴᠠᠯᠭ᠎ᠠ ᠪᠠ ᠡᠭᠦᠷᠭᠡ ᠵᠢ ᠲᠣᠳᠤᠷᠬᠠᠢ ᠪᠣᠯᠭᠠᠵᠠᠢ᠃ 11 ᠳ᠋ᠤᠭᠠᠷ ᠰᠠᠷ᠎ᠠ ᠳ᠋ᠤ᠌ ᠤᠷᠠᠨ ᠵᠢᠷᠤᠭ ᠤ᠋ᠨ ᠨᠡᠢᠭᠡᠮᠯᠢᠭ᠂ ᠱᠠᠰᠢᠨ ᠰᠤᠷᠲᠠᠬᠤᠨ ᠤ᠋ ᠬᠥᠮᠦᠰ ᠢ᠋ ᠤᠷᠢᠨ ᠠᠷᠪᠠ ᠶᠢᠰᠦᠳᠦᠭᠡᠷ ᠶᠡᠬᠡ ᠬᠤᠷᠠᠯ ᠤᠨ ᠲᠤᠰᠭᠠᠢ ᠰᠡᠳᠦᠪᠲᠦ ᠰᠤᠳᠤᠯᠤᠨ ᠶᠠᠷᠢᠯᠴᠠᠬᠤ ᠬᠤᠷᠠᠯ ᠬᠤᠷᠠᠯᠳᠤᠭᠤᠯᠵᠤ᠂ ᠨᠢᠭᠡᠳᠦᠮᠡᠯ ᠹᠷᠣᠨᠲ᠋ ᠤ᠋ᠨ ᠬᠡᠯᠲᠡᠰ ᠲᠠᠢ ᠬᠠᠮᠲᠤᠷᠠᠨ 《ᠭᠠᠳᠠᠨᠠᠬᠢ ᠵᠠᠷ ᠮᠡᠳᠡᠭᠡᠨ ᠦ᠌ ᠫᠠᠢᠰᠠ ᠢᠯᠡᠷᠬᠡᠢᠯᠡᠯ ᠦ᠋ᠨ ᠲᠡᠮᠳᠡᠭ᠂ ᠬᠤᠷᠠᠯ ᠤᠨ ᠡᠯᠭᠦᠭᠡᠰᠦ ᠢᠯᠡᠷᠬᠡᠢᠯᠡᠯ᠂ ᠬᠤᠷᠠᠯ ᠤᠨ ᠰᠠᠭᠤᠳᠠᠯ ᠤᠨ ᠪᠢᠴᠢᠭᠡᠰᠦ ᠳ᠋ᠦ᠍ ᠮᠣᠩᠭᠤᠯ ᠦᠰᠦᠭ ᠦᠭᠡᠢ᠂ ᠬᠠᠷᠢᠴᠠᠯ ᠠᠯᠳᠠᠭᠳᠠᠭᠰᠠᠨ᠂ ᠪᠤᠷᠤᠭᠤ ᠣᠷᠴᠢᠭᠤᠯᠤᠭᠰᠠᠨ᠂ ᠣᠷᠤᠨ ᠪᠠᠢᠷᠢ ᠵᠢ ᠣᠨᠤᠪᠴᠢ ᠦᠭᠡᠢ ᠪᠠᠢᠷᠢᠯᠠᠭᠤᠯᠤᠭᠰᠠᠨ ᠠᠰᠠᠭᠤᠳᠠᠯ ᠢ᠋ ᠲᠤᠰᠭᠠᠢ ᠵᠠᠰᠠᠨ ᠰᠠᠢᠵᠢᠷᠠᠭᠤᠯᠬᠤ ᠲᠥᠰᠦᠪ》 ᠢ᠋ ᠲᠠᠷᠬᠠᠭᠠᠵᠤ᠂ ᠡᠯ᠎ᠡ ᠰᠠᠯᠠᠭ᠎ᠠ ᠮᠥᠴᠢᠷ ᠪᠠᠢᠭᠤᠯᠭ᠎ᠠ ᠨᠢᠭᠡᠴᠢ ᠵᠢᠨ ᠬᠤᠷᠠᠯ ᠤᠨ  ᠡᠯᠭᠦᠭᠡᠰᠦ᠂ ᠰᠠᠭᠤᠳᠠᠯ ᠤᠨ ᠪᠢᠴᠢᠭᠡᠰᠦ᠂ ᠢᠯᠡᠷᠬᠡᠢᠯᠡᠯ ᠦᠰᠦᠭ ᠲᠦ᠍ ᠮᠣᠩᠭᠤᠯ ᠬᠢᠲᠠᠳ ᠦᠰᠦᠭ ᠢ᠋ ᠵᠡᠷᠭᠡ ᠪᠡᠷ ᠬᠡᠷᠡᠭᠯᠡᠬᠦ ᠪᠠᠢᠳᠠᠯ ᠳ᠋ᠤ᠌ ᠶᠡᠬᠡ ᠬᠤᠪᠢᠷᠠᠯᠲᠠ ᠭᠠᠷᠭᠠᠪᠠ᠃

ᠬᠠᠤᠯᠢ ᠬᠡᠷᠡᠭᠵᠢᠭᠦᠯᠦᠯᠲᠡ ᠶ᠋ᠢᠨ ᠬᠢᠨᠠᠨ ᠪᠠᠢᠴᠠᠭᠠᠯᠲᠠ ᠪᠠᠨ ᠴᠢᠩᠭᠠᠳᠭᠠᠪᠠ᠃ ᠮᠣᠩᠭᠤᠯ ᠬᠢᠲᠠᠳ ᠦᠰᠦᠭ ᠢ᠋ ᠵᠡᠷᠭᠡ ᠪᠡᠷ ᠬᠡᠷᠡᠭᠯᠡᠭᠰᠡᠨ ᠵᠢᠱ᠌ᠢᠶ᠎ᠡ ᠦᠵᠡᠭᠦᠯᠬᠦ ᠵᠡᠭᠡᠯᠢ ᠵᠢᠨ ᠠᠮᠵᠢᠯᠲᠠ ᠪᠦᠲᠦᠮᠵᠢ ᠪᠡᠨ ᠪᠠᠲᠤᠳᠭᠠᠬᠤ ᠵᠢᠨ ᠲᠥᠯᠦᠭᠡ᠂ ᠨᠥᠬᠦᠷᠯᠡᠯ ᠵᠠᠮ᠂ ᠵᠢᠷᠢᠮ ᠶᠡᠬᠡ ᠵᠡᠭᠡᠯᠢ ᠵᠢ 《ᠴᠢᠩᠭ᠎ᠠ ᠬᠠᠮᠢᠶᠠᠷᠤᠯᠲᠠ ᠵᠢᠨ ᠵᠡᠭᠡᠯᠢ ᠵᠠᠮ》 ᠪᠣᠯᠭᠠᠵᠤ᠂ ᠡᠳᠦᠷ ᠳᠣᠳᠤᠮ ᠤ᠋ᠨ ᠬᠢᠨᠠᠨ ᠬᠠᠮᠢᠶᠠᠷᠤᠯᠲᠠ ᠪᠣᠯᠤᠨ ᠬᠣᠯᠪᠤᠭᠠᠯᠠᠨ ᠬᠠᠤᠯᠢ ᠬᠡᠷᠡᠭᠵᠢᠭᠦᠯᠬᠦ ᠬᠦᠴᠦᠯᠡᠴᠡ ᠪᠡᠨ ᠨᠡᠮᠡᠭᠳᠡᠭᠦᠯᠵᠦ᠂ ᠳᠦᠷᠢᠮᠵᠢᠯ ᠦᠭᠡᠢ ᠵᠠᠷ ᠮᠡᠳᠡᠭᠡᠨ ᠦ᠌ ᠫᠠᠢᠰᠠ ᠢᠯᠡᠷᠬᠡᠢᠯᠡᠯ ᠦ᠋ᠨ ᠪᠠᠢᠴᠠᠭᠠᠨ ᠴᠡᠭᠴᠡᠯᠡᠯᠲᠡ ᠵᠢ ᠲᠥᠪᠯᠡᠷᠡᠩᠭᠦᠢ ᠥᠷᠨᠢᠭᠦᠯᠵᠡᠢ᠃ ᠣᠳᠣᠬᠠᠨ ᠳ᠋ᠤ᠌ ᠡᠯ᠎ᠡ ᠲᠥᠷᠦᠯ ᠦ᠋ᠨ ᠵᠠᠷ ᠮᠡᠳᠡᠭᠡᠨ ᠦ᠌ ᠫᠠᠢᠰᠠ ᠢᠯᠡᠷᠬᠡᠢᠯᠡᠯ 300 ᠢᠯᠡᠭᠦᠦ ᠵᠢ ᠵᠠᠰᠠᠨ ᠰᠠᠢᠵᠢᠷᠠᠭᠤᠯᠵᠤ᠂ ᠨᠡᠢᠭᠡᠮ ᠦ᠋ᠨ ᠥᠩᠭᠡᠨ ᠬᠡᠷᠡᠭᠯᠡᠭᠡᠨ ᠳ᠋ᠦ᠍ ᠮᠣᠩᠭᠤᠯ ᠬᠢᠲᠠᠳ ᠦᠰᠦᠭ ᠢ᠋ ᠵᠡᠷᠭᠡ ᠪᠡᠷ ᠬᠡᠷᠡᠭᠯᠡᠬᠦ ᠨᠣᠷᠮ᠎ᠠ᠂ ᠬᠢᠷᠢ ᠲᠡᠩᠴᠡᠭᠰᠡᠨ ᠨᠣᠷᠮ᠎ᠠ᠂ ᠣᠨᠤᠪᠴᠢ ᠵᠢᠨ ᠨᠣᠷᠮ᠎ᠠ ᠵᠢ 96% ᠡᠴᠡ ᠳᠡᠭᠡᠭᠰᠢ ᠪᠠᠢᠬᠤ ᠵᠢ ᠪᠠᠲᠤᠯᠠᠵᠠᠢ᠃

               ᠮᠣᠩᠭᠤᠯ ᠬᠢᠲᠠᠳ ᠦᠰᠦᠭ ᠢ᠋ ᠵᠡᠷᠭᠡ ᠪᠡᠷ ᠬᠡᠷᠡᠭᠯᠡᠭᠰᠡᠨ ᠬᠤᠷᠠᠯ ᠤ᠋ᠨ ᠡᠯᠭᠦᠭᠡᠰᠦ ᠰᠠᠭᠤᠳᠠᠯ ᠤ᠋ᠨ ᠪᠢᠴᠢᠭᠡᠰᠦ

                          ᠮᠣᠩᠭᠤᠯ ᠦᠰᠦᠭ ᠨᠢ ᠪᠤᠷᠤᠭᠤ ᠲᠠᠢ

                                   ᠵᠠᠰᠠᠭᠰᠠᠨ ᠤ᠋ ᠳᠠᠷᠠᠭ᠎ᠠ 

 

ᠣᠷᠴᠢᠭᠤᠯᠤᠭᠴᠢ᠄ ᠴᠣᠯᠮᠤᠨ

ᠬᠢᠨᠠᠭᠴᠢ᠄ ᠠᠯᠲᠠᠨ᠌ᠣ᠋ᠳᠣ

ᠬᠠᠷᠢᠭᠤᠴᠠᠭᠰᠠᠨ ᠨᠠᠢᠷᠠᠭᠤᠯᠤᠭᠴᠢ᠄ ᠯᠢᠶᠠᠩ ᠬᠠᠢ ᠢᠦᠢ

 

ᠸᠢᠴᠠᠲ ᠲᠤ ᠪᠠᠨ ᠬᠤᠪᠢᠶᠠᠯᠴᠠᠬᠤ