ᠲᠥᠪ ᠦ᠋ᠨ ᠦᠨᠳᠦᠰᠦᠲᠡᠨ ᠦ᠌ ᠬᠡᠯᠡ ᠪᠢᠴᠢᠭ ᠦ᠋ᠨ ᠣᠷᠴᠢᠭᠤᠯᠭ᠎ᠠ ᠵᠢᠨ ᠲᠣᠪᠴᠢᠶᠠᠨ ᠤ᠋ ᠪᠠᠢᠴᠠᠭᠠᠨ ᠰᠤᠳᠤᠯᠬᠤ ᠳᠤᠭᠤᠢᠯᠠᠩ ᠮᠠᠨ ᠤ᠋ ᠣᠷᠤᠨ ᠳ᠋ᠤ᠌ ᠭᠦᠨᠵᠡᠭᠡᠢᠷᠡᠨ ᠮᠣᠩᠭᠤᠯ ᠬᠡᠯᠡ ᠪᠢᠴᠢᠭ ᠦ᠋ᠨ ᠣᠷᠴᠢᠭᠤᠯᠭ᠎ᠠ ᠵᠢᠨ ᠠᠵᠢᠯ ᠤ᠋ᠨ ᠪᠠᠢᠴᠠᠭᠠᠨ ᠰᠤᠳᠤᠯᠤᠯᠲᠠ ᠥᠷᠨᠢᠭᠦᠯᠪᠡ
ᠢᠷᠡᠯᠲᠡ᠄ ᠦᠨᠳᠦᠰᠦᠲᠡᠨ ᠦ᠌ ᠬᠡᠯᠡ ᠪᠢᠴᠢᠭ ᠦ᠋ᠨ ᠭᠠᠵᠠᠷ
2017.11.14

 

ᠰᠢᠨ᠎ᠡ ᠴᠠᠭ ᠦᠶ᠎ᠡ ᠵᠢᠨ ᠮᠣᠩᠭᠤᠯ ᠬᠡᠯᠡ ᠪᠢᠴᠢᠭ ᠦ᠋ᠨ ᠣᠷᠴᠢᠭᠤᠯᠭ᠎ᠠ ᠵᠢᠨ ᠠᠵᠢᠯ ᠢ᠋ ᠤᠯᠠᠨ ᠨᠢᠭᠡ ᠠᠯᠬᠤᠮ ᠴᠢᠩᠭᠠᠳᠭᠠᠵᠤ᠂ ᠦᠨᠳᠦᠰᠦᠲᠡᠨ ᠦ᠌ ᠭᠠᠵᠠᠷ ᠣᠷᠤᠨ ᠳ᠋ᠠᠬᠢ ᠦᠢᠯᠡᠴᠢᠯᠡᠭᠡᠨ ᠦ᠌ ᠴᠢᠳᠠᠪᠤᠷᠢ ᠪᠠᠨ ᠳᠡᠭᠡᠭᠰᠢᠯᠡᠭᠦᠯᠵᠦ᠂ ᠮᠣᠩᠭᠤᠯ ᠬᠡᠯᠡ ᠪᠢᠴᠢᠭ ᠦ᠋ᠨ ᠣᠷᠴᠢᠭᠤᠯᠭ᠎ᠠ ᠵᠢᠨ ᠠᠵᠢᠯ ᠤ᠋ᠨ ᠶᠡᠷᠦᠩᠬᠡᠢ ᠪᠠᠢᠳᠠᠯ ᠪᠣᠯᠤᠨ ᠣᠷᠤᠰᠢᠵᠤ ᠪᠠᠢᠭ᠎ᠠ ᠠᠰᠠᠭᠤᠳᠠᠯ ᠢ᠋ ᠣᠢᠯᠠᠭᠠᠨ ᠡᠵᠡᠮᠰᠢᠵᠦ᠂ ᠮᠣᠩᠭᠤᠯ ᠬᠡᠯᠡ ᠪᠢᠴᠢᠭ ᠦ᠋ᠨ ᠣᠷᠴᠢᠭᠤᠯᠭ᠎ᠠ ᠵᠢᠨ ᠠᠵᠢᠯᠲᠠᠨ ᠤ᠋ ᠰᠠᠨᠠᠯ ᠰᠠᠨᠠᠭᠤᠯᠭ᠎ᠠ ᠵᠢ ᠬᠣᠷᠢᠶᠠᠨ ᠠᠪᠬᠤ ᠶ᠋ᠢᠨ ᠲᠥᠯᠦᠭᠡ᠂ ᠲᠥᠪ ᠦ᠋ᠨ ᠦᠨᠳᠦᠰᠦᠲᠡᠨ ᠦ᠌ ᠬᠡᠯᠡ ᠪᠢᠴᠢᠭ ᠦ᠋ᠨ ᠣᠷᠴᠢᠭᠤᠯᠭ᠎ᠠ ᠶ᠋ᠢᠨ ᠲᠣᠪᠴᠢᠶᠠᠨ ᠤ᠋ ᠳᠡᠳ᠋ ᠳᠠᠷᠤᠭ᠎ᠠ ᠯᠢ ᠰᠢᠦᠢ ᠯᠢᠶᠠᠨ ᠢ᠋ᠶ᠋ᠠᠷ ᠳᠤᠭᠤᠢᠯᠠᠩ ᠤ᠋ᠨ ᠳᠠᠷᠤᠭ᠎ᠠ ᠪᠣᠯᠭᠠᠭᠰᠠᠨ ᠲᠥᠪ ᠦ᠋ᠨ ᠦᠨᠳᠦᠰᠦᠲᠡᠨ ᠦ᠌ ᠬᠡᠯᠡ ᠪᠢᠴᠢᠭ ᠦ᠋ᠨ ᠣᠷᠴᠢᠭᠤᠯᠭ᠎ᠠ ᠵᠢᠨ ᠲᠣᠪᠴᠢᠶᠠᠨ ᠤ᠋ ᠮᠣᠩᠭᠤᠯ ᠬᠡᠯᠡ ᠪᠢᠴᠢᠭ ᠦ᠋ᠨ ᠣᠷᠴᠢᠭᠤᠯᠭ᠎ᠠ ᠶ᠋ᠢᠨ ᠠᠵᠢᠯ ᠢ᠋ ᠪᠠᠢᠴᠠᠭᠠᠨ ᠰᠤᠳᠤᠯᠬᠤ ᠳᠤᠭᠤᠢᠯᠠᠩ ᠨᠢ 11 ᠰᠠᠷ᠎ᠠ ᠵᠢᠨ 1 ᠤ᠋ ᠡᠳᠦᠷ ᠡᠴᠡ 10 ᠤ᠋ ᠡᠳᠦᠷ ᠪᠣᠯᠲᠠᠯ᠎ᠠ ᠮᠠᠨ ᠤ᠋ ᠣᠷᠤᠨ ᠳ᠋ᠤ᠌ ᠭᠦᠨᠵᠡᠭᠡᠢᠷᠡᠨ ᠮᠣᠩᠭᠤᠯ ᠬᠡᠯᠡ ᠪᠢᠴᠢᠭ ᠦ᠋ᠨ ᠣᠷᠴᠢᠭᠤᠯᠭ᠎ᠠ ᠵᠢᠨ ᠠᠵᠢᠯ ᠢ᠋ ᠪᠠᠢᠴᠠᠭᠠᠨ ᠰᠤᠳᠤᠯᠪᠠ᠃ ᠥᠪᠡᠷᠲᠡᠭᠡᠨ ᠵᠠᠰᠠᠬᠤ ᠣᠷᠤᠨ ᠤ᠋ ᠦᠨᠳᠦᠰᠦᠲᠡᠨ ᠦ᠌ ᠵᠥᠪᠯᠡᠯ ᠦ᠋ᠨ ᠳᠡᠳ᠋ ᠡᠷᠬᠢᠯᠡᠭᠴᠢ ᠰᠠᠴᠤᠷᠠᠯᠲᠤ ᠨᠥᠬᠦᠷ ᠪᠣᠯᠤᠨ ᠬᠠᠮᠢᠶ᠎ᠠ ᠪᠦᠬᠦᠢ ᠭᠠᠵᠠᠷ ᠠᠯᠪᠠᠨ ᠭᠡᠷ ᠦ᠋ᠨ ᠠᠵᠢᠯᠲᠠᠳ ᠪᠠᠷ᠎ᠠ ᠪᠣᠯᠤᠯᠴᠠᠨ ᠪᠠᠢᠴᠠᠭᠠᠨ ᠰᠤᠳᠤᠯᠤᠯᠲᠠ ᠬᠢᠪᠡ᠃

ᠪᠠᠢᠴᠠᠭᠠᠨ ᠰᠤᠳᠤᠯᠤᠯᠲᠠ ᠵᠢᠨ ᠳᠤᠭᠤᠢᠯᠠᠩ ᠨᠢ ᠤᠷᠢᠳ ᠬᠣᠵᠢᠳ ᠬᠥᠬᠡᠬᠣᠲᠠ᠂ ᠬᠢᠩᠭᠠᠨ ᠠᠢᠮᠠᠭ᠂ ᠡᠷᠢᠶᠡᠨ ᠬᠤᠳᠠ ᠵᠡᠷᠭᠡ ᠭᠠᠵᠠᠷ ᠣᠷᠤᠨ ᠢ᠋ᠶ᠋ᠠᠷ ᠮᠣᠩᠭᠤᠯ ᠬᠡᠯᠡ ᠪᠢᠴᠢᠭ ᠦ᠋ᠨ ᠣᠷᠴᠢᠭᠤᠯᠭ᠎ᠠ ᠵᠢᠨ ᠠᠵᠢᠯ ᠪᠠ ᠬᠢᠯᠢ ᠠᠯᠤᠰᠯᠠᠭᠰᠠᠨ ᠮᠣᠩᠭᠤᠯ ᠬᠡᠯᠡᠨ ᠦ᠌ ᠬᠡᠷᠡᠭᠯᠡᠯᠲᠡ᠂ ᠣᠷᠴᠢᠭᠤᠯᠭ᠎ᠠ ᠵᠢᠨ ᠠᠵᠢᠯ ᠵᠢᠴᠢ ᠬᠥᠬᠡᠬᠣᠲᠠ ᠵᠢᠨ ᠨᠡᠢᠭᠡᠮ ᠦ᠋ᠨ ᠥᠩᠭᠡᠨ ᠬᠡᠷᠡᠭᠯᠡᠭᠡᠨ ᠳ᠋ᠦ᠍ ᠮᠣᠩᠭᠤᠯ ᠬᠢᠲᠠᠳ ᠬᠣᠶᠠᠷ ᠲᠥᠷᠦᠯ ᠦ᠋ᠨ ᠦᠰᠦᠭ ᠪᠢᠴᠢᠭ ᠢ᠋ ᠵᠡᠷᠭᠡ ᠪᠡᠷ ᠬᠡᠷᠡᠭᠯᠡᠵᠦ ᠪᠠᠢᠭ᠎ᠠ ᠪᠠᠢᠳᠠᠯ ᠤ᠋ᠨ ᠲᠤᠬᠠᠢ ᠭᠦᠨᠵᠡᠭᠡᠢ ᠪᠠᠢᠴᠠᠭᠠᠨ ᠰᠤᠳᠤᠯᠤᠯᠲᠠ ᠬᠢᠪᠡ᠃ ᠡᠭᠦᠨ ᠡᠴᠡ ᠭᠠᠳᠠᠨ᠎ᠠ᠂ ᠮᠣᠩᠭᠤᠯ ᠬᠡᠯᠡᠨ ᠦ᠌ ᠰᠣᠨᠢᠨ ᠮᠡᠳᠡᠭᠡ ᠵᠠᠭᠤᠴᠢᠯᠠᠭᠤᠷ ᠤ᠋ᠨ ᠭᠠᠳᠠᠭᠠᠳᠤ ᠤᠬᠠᠭᠤᠯᠭ᠎ᠠ  ᠵᠡᠷᠭᠡ ᠠᠵᠢᠯ ᠤ᠋ᠨ ᠲᠤᠬᠠᠢ ᠥᠪᠦᠷ ᠮᠣᠩᠭᠤᠯ ᠤ᠋ᠨ ᠡᠳᠦᠷ ᠦ᠋ᠨ ᠰᠣᠨᠢᠨ ᠤ᠋ ᠬᠣᠷᠢᠶᠠᠨ ᠤ᠋ ᠮᠣᠩᠭᠤᠯ ᠨᠠᠢᠷᠠᠭᠤᠯᠬᠤ ᠬᠡᠯᠲᠡᠰ᠂ ᠥᠪᠦᠷ ᠮᠣᠩᠭᠤᠯ ᠤ᠋ᠨ ᠷᠠᠳᠢᠣ᠋ ᠲᠧᠯᠸᠢᠰ ᠬᠣᠷᠢᠶᠠᠨ ᠤ᠋ ᠮᠣᠩᠭᠤᠯ ᠣᠳᠤᠨ ᠲᠧᠯᠸᠢᠰ ᠪᠣᠯᠤᠨ ᠰᠣᠯᠤᠩᠭ᠎ᠠ ᠰᠣᠨᠢᠨ ᠮᠡᠳᠡᠭᠡᠨ ᠦ᠌ ᠰᠦᠯᠵᠢᠶ᠎ᠡ ᠵᠡᠷᠭᠡ ᠭᠠᠵᠠᠷ ᠲᠤ᠌ ᠭᠦᠨᠵᠡᠭᠡᠢᠷᠡᠨ ᠪᠠᠢᠴᠠᠭᠠᠨ ᠰᠤᠳᠤᠯᠤᠯᠲᠠ ᠬᠢᠵᠦ᠂ ᠮᠣᠩᠭᠤᠯ ᠬᠡᠯᠡᠨ ᠦ᠌ ᠭᠠᠳᠠᠭᠠᠳᠤ ᠤᠬᠠᠭᠤᠯᠭ᠎ᠠ ᠶ᠋ᠢᠨ ᠪᠠᠢᠳᠠᠯ ᠵᠡᠷᠭᠡ ᠳ᠋ᠦ᠍ ᠰᠠᠭᠤᠳᠠᠯ ᠤ᠋ᠨ ᠬᠤᠷᠠᠯ ᠡᠷᠬᠢᠯᠡᠵᠦ ᠣᠢᠯᠠᠭᠠᠭᠰᠠᠨ ᠪᠠ ᠰᠠᠨᠠᠯ ᠰᠣᠨᠤᠰᠪᠠ᠃

ᠬᠥᠬᠡᠬᠣᠲᠠ ᠳ᠋ᠤ᠌ ᠪᠠᠢᠴᠠᠭᠠᠨ ᠰᠤᠳᠤᠯᠤᠯᠲᠠ ᠬᠢᠵᠦ ᠪᠠᠢᠭ᠎ᠠ ᠬᠤᠭᠤᠴᠠᠭᠠᠨ ᠳ᠋ᠠᠭᠠᠨ ᠪᠠᠢᠴᠠᠭᠠᠨ ᠰᠤᠳᠤᠯᠤᠯᠲᠠ ᠵᠢᠨ ᠳᠤᠭᠤᠢᠯᠠᠩ ᠨᠢ ᠥᠪᠡᠷᠲᠡᠭᠡᠨ ᠵᠠᠰᠠᠬᠤ ᠣᠷᠤᠨ ᠤ᠋ ᠦᠨᠳᠦᠰᠦᠲᠡᠨ ᠦ᠌ ᠬᠡᠷᠡᠭ ᠡᠷᠬᠢᠯᠡᠬᠦ ᠵᠥᠪᠯᠡᠯ ᠦ᠋ᠨ ᠪᠠᠢᠭᠤᠯᠭ᠎ᠠ ᠵᠢᠨ ᠬᠠᠮᠢᠶ᠎ᠠ ᠪᠦᠬᠦᠢ ᠭᠠᠵᠠᠷ ᠠᠯᠪᠠᠨ ᠭᠡᠷ ᠲᠠᠢ ᠰᠠᠭᠤᠳᠠᠯ ᠤ᠋ᠨ ᠬᠤᠷᠠᠯ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠤᠨ ᠤ᠋ ᠦᠨᠳᠦᠰᠦᠲᠡᠨ ᠦ᠌ ᠵᠥᠪᠯᠡᠯ ᠦ᠋ᠨ ᠳᠡᠳ᠋ ᠡᠷᠬᠢᠯᠡᠭᠴᠢ ᠰᠠᠴᠤᠷᠠᠯᠲᠤ ᠨᠥᠬᠦᠷ ᠮᠠᠨ ᠤ᠋ ᠣᠷᠤᠨ ᠤ᠋ ᠮᠣᠩᠭᠤᠯ ᠬᠡᠯᠡ ᠪᠢᠴᠢᠭ ᠦ᠋ᠨ ᠣᠷᠴᠢᠭᠤᠯᠭ᠎ᠠ ᠵᠢᠨ ᠠᠵᠢᠯ ᠤ᠋ᠨ ᠪᠠᠢᠳᠠᠯ ᠪᠣᠯᠤᠨ ᠣᠷᠤᠰᠢᠵᠤ ᠪᠠᠢᠭ᠎ᠠ ᠠᠰᠠᠭᠤᠳᠠᠯ ᠵᠢᠴᠢ ᠬᠣᠢᠰᠢᠳᠠ ᠵᠢᠨ ᠠᠵᠢᠯ ᠤ᠋ᠨ ᠲᠥᠰᠦᠪᠯᠡᠯ ᠵᠡᠷᠭᠡ ᠲᠠᠯ᠎ᠠ ᠪᠠᠷ ᠪᠠᠢᠴᠠᠭᠠᠨ ᠰᠤᠳᠤᠯᠤᠯᠲᠠ ᠵᠢᠨ ᠳᠤᠭᠤᠢᠯᠠᠩ ᠤ᠋ᠨ ᠬᠢᠨ ᠲᠠᠢ ᠰᠠᠨᠠᠯ ᠰᠣᠯᠢᠯᠴᠠᠪᠠ᠃ ᠪᠠᠢᠴᠠᠭᠠᠨ ᠰᠤᠳᠤᠯᠤᠯᠲᠠ ᠵᠢᠨ ᠳᠤᠭᠤᠢᠯᠠᠩ ᠪᠠᠰᠠ ᠮᠠᠨ ᠤ᠋ ᠵᠥᠪᠯᠡᠯ ᠦ᠋ᠨ ᠮᠣᠩᠭᠤᠯ ᠬᠡᠯᠡ ᠪᠢᠴᠢᠭ ᠦ᠋ᠨ ᠮᠡᠳᠡᠭᠡ ᠵᠠᠩᠭᠢᠵᠢᠯᠲᠠ ᠶ᠋ᠢ ᠠᠬᠢᠭᠤᠯᠬᠤ ᠲᠥᠪ ᠦ᠋ᠨ ᠣᠢᠯᠠᠭᠠᠯᠲᠠ ᠵᠢᠨ ᠲᠠᠰᠤᠭ ᠲᠤ᠌ ᠭᠦᠨᠵᠡᠭᠡᠢᠷᠡᠨ ᠮᠣᠩᠭᠤᠯ ᠬᠡᠯᠡ ᠪᠢᠴᠢᠭ ᠦ᠋ᠨ ᠮᠡᠳᠡᠭᠡ ᠵᠠᠩᠭᠢ ᠶ᠋ᠢᠨ ᠲᠠᠯ᠎ᠠ ᠪᠠᠷ ᠬᠠᠮᠢᠶ᠎ᠠ ᠪᠦᠬᠦᠢ ᠲᠤᠰᠭᠠᠢ ᠮᠡᠷᠭᠡᠵᠢᠯᠲᠡᠳ ᠦ᠋ᠨ ᠲᠠᠢᠯᠪᠤᠷᠢᠯᠠᠯᠲᠠ ᠵᠢ ᠦᠵᠡᠨ ᠰᠣᠨᠤᠰᠪᠠ᠃

 

ᠣᠷᠴᠢᠭᠤᠯᠤᠭᠴᠢ᠄  ᠴᠣᠯᠮᠤᠨ

ᠬᠢᠨᠠᠭᠴᠢ᠄ ᠠᠯᠲᠠᠨ᠌ᠣ᠋ᠳᠣ

ᠬᠠᠷᠢᠭᠤᠴᠠᠭᠰᠠᠨ ᠨᠠᠢᠷᠠᠭᠤᠯᠤᠭᠴᠢ᠄ ᠯᠢᠶᠠᠩ ᠬᠠᠢ ᠢᠦᠢ

 

ᠸᠢᠴᠠᠲ ᠲᠤ ᠪᠠᠨ ᠬᠤᠪᠢᠶᠠᠯᠴᠠᠬᠤ